ᠥᠪᠥᠷ ᠮᠤᠩᠭᠤᠯ᠎ᠤᠨ ᠠᠩᠬᠠᠳᠤᠭᠠᠷ ᠬᠤᠭᠤᠴᠠᠭᠠᠨ᠎ᠤ ᠴᠠᠨᠠᠯᠠᠬᠤ ᠤᠷᠤᠯᠳᠤᠭᠠᠨ ᠶᠠᠪᠤᠭᠳᠠᠪᠠ
2022-01-27 09:57:32
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠤᠢᠷ᠎ᠠ᠎ᠳᠤ᠂ ᠥᠪᠥᠷ ᠮᠤᠩᠭᠤᠯ᠎ᠤᠨ ᠮᠦᠰᠦ ᠴᠠᠰᠤᠨ᠎ᠤ ᠪᠡᠶ᠎ᠡ᠎ᠶᠢᠨ ᠲᠠᠮᠢᠷ᠎ᠤᠨ ᠨᠡᠢᠬᠡᠮᠯᠢᠭ᠂ ᠥᠪᠡᠷᠲᠡᠭᠡᠨ ᠵᠠᠰᠠᠬᠤ ᠤᠷᠤᠨ᠎ᠤ ᠡᠪᠦᠯ᠎ᠤᠨ ᠤᠯᠠᠷᠢᠯ᠎ᠤᠨ ᠲᠥᠷᠥᠯ ᠵᠦᠢᠯ᠎ᠤᠨ ᠪᠡᠶ᠎ᠡ᠎ᠶᠢᠨ ᠲᠠᠮᠢᠷ᠎ᠤᠨ ᠲᠥᠪ᠎ᠡᠴᠡ ᠭᠤᠤᠯᠯᠠᠨ ᠡᠷᠬᠢᠯᠡᠭᠰᠡᠨ 《〈ᠳᠤᠮᠳᠠᠳᠤ ᠤᠯᠤᠰ᠎ᠤᠨ ᠪᠠᠩᠭᠢ〉2022 ᠤᠨ᠎ᠤ ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠤᠷᠤᠨ᠎ᠤ ᠠᠩᠬᠠᠳᠤᠭᠠᠷ ᠬᠤᠭᠤᠴᠠᠭᠠᠨ᠎ᠤ ᠴᠠᠨᠠᠯᠠᠬᠤ ᠤᠷᠤᠯᠳᠤᠭᠠᠨ》ᠬᠥᠬᠡᠬᠤᠲᠠ᠎ᠳᠤ ᠶᠠᠪᠤᠭᠳᠠᠪᠠ᠃ ᠤᠳᠠᠯ ᠦᠭᠡᠢ ᠪᠡᠭᠡᠵᠢᠩ᠎ᠤᠨ ᠡᠪᠦᠯ᠎ᠤᠨ ᠤᠯᠠᠷᠢᠯ᠎ᠤᠨ ᠤᠯᠢᠮᠫᠢᠺ᠎ᠤᠨ ᠲᠠᠮᠢᠷ᠎ᠤᠨ ᠴᠤᠭᠯᠠᠭᠠᠨ᠎ᠳᠤ ᠤᠷᠤᠯᠴᠠᠬᠤ᠎ᠪᠠᠷ ᠪᠠᠢᠭ᠎ᠠ ᠤᠯᠤᠰ᠎ᠤᠨ ᠠᠩᠭᠢ᠎ᠶᠢᠨ ᠥᠪᠥᠷ ᠮᠤᠩᠭᠤᠯ ᠨᠤᠲᠤᠭ ᠲᠠᠢ ᠲᠠᠮᠢᠷᠴᠢᠨ ᠭᠸᠩ ᠸᠸᠨ ᠴᠢᠶᠠᠩ᠂ ᠬᠠᠨ ᠮᠸᠢ᠂ ᠹᠠᠨ ᠳ᠋ᠦᠸᠸ ᠶᠤᠤ᠂ ᠫᠸᠩ ᠴᠸᠩ ᠨᠠᠷ ᠸᠢᠳᠢᠦ᠌᠎ᠪᠠᠷ ᠳᠠᠮᠵᠢᠨ ᠤᠷᠤᠯᠳᠤᠭᠠᠨ᠎ᠳᠤ ᠬᠦᠴᠦᠨ ᠨᠡᠮᠡᠷᠢᠯᠡᠵᠡᠢ᠃


QQ截图20220127095805.jpg


QQ截图20220127095814.jpg


QQ截图20220127095824.jpg


ᠲᠤᠰ ᠤᠳᠠᠭᠠᠨ᠎ᠤ ᠤᠷᠤᠯᠳᠤᠭᠠᠨ᠎ᠳᠤ ᠡᠷᠡᠭ᠌ᠲᠡᠢ᠎ᠶᠢᠨ ᠳᠠᠩ ᠬᠠᠪᠲᠠᠰᠤᠲᠤ ᠶᠡᠬᠡ ᠡᠷᠭᠢᠯᠲᠡ᠂ ᠡᠮᠡᠭ᠌ᠲᠡᠢ᠎ᠶᠢᠨ ᠳᠠᠩ ᠬᠠᠪᠲᠠᠰᠤᠲᠤ ᠶᠡᠬᠡ ᠡᠷᠭᠢᠯᠲᠡ᠂ ᠡᠷᠡᠭ᠌ᠲᠡᠢ᠎ᠶᠢᠨ ᠬᠤᠤᠰ ᠬᠠᠪᠲᠠᠰᠤᠲᠤ ᠶᠡᠭᠡ ᠡᠷᠭᠢᠯᠲᠡ᠂ ᠡᠮᠡᠭ᠌ᠲᠡᠢ᠎ᠶᠢᠨ ᠬᠤᠤᠰ ᠬᠠᠪᠲᠠᠰᠤᠲᠤ ᠶᠡᠭᠡ ᠡᠷᠭᠢᠯᠲᠡ᠂ ᠬᠤᠪᠢ ᠬᠥᠮᠥᠨ᠎ᠤ ᠴᠠᠭ ᠲᠠᠭᠠᠬᠤ ᠤᠷᠤᠯᠳᠤᠭᠠᠨ᠂ ᠡᠪᠦᠯ᠎ᠤᠨ ᠤᠯᠠᠷᠢᠯ᠎ᠤᠨ ᠳᠤᠷ᠎ᠠ ᠰᠤᠨᠢᠷᠬᠠᠯᠲᠤ ᠤᠷᠤᠯᠳᠤᠭᠠᠨ ᠵᠡᠷᠭᠡ 6 ᠤᠷᠤᠯᠳᠤᠭᠠᠨ᠎ᠤ ᠳᠤᠭᠤᠢᠯᠠᠩ ᠳᠤᠬᠢᠷᠠᠭᠤᠯᠵᠤ᠂ ᠪᠦᠬᠦ᠌ ᠤᠷᠤᠨ᠎ᠤ ᠡᠯ᠎ᠡ ᠭᠠᠵᠠᠷ᠎ᠡᠴᠡ ᠢᠷᠡᠭ᠌ᠰᠡᠨ ᠵᠠᠭᠤ ᠭᠠᠷᠤᠢ ᠮᠦᠰᠦ ᠴᠠᠰᠤᠨ᠎ᠤ ᠲᠠᠮᠢᠷ᠎ᠤᠨ ᠬᠥᠳᠡᠯᠭᠡᠭᠡᠨ᠎ᠤ ᠳᠤᠷ᠎ᠠ ᠪᠠᠬᠠᠲᠠᠨ ᠢᠳᠡᠪᠬᠢᠲᠡᠢ ᠤᠷᠤᠯᠴᠠᠪᠠ᠃ ᠤᠷᠤᠯᠳᠤᠭᠠᠨ᠎ᠡᠴᠡ ᠡᠮᠦᠨ᠎ᠡ᠂ ᠥᠪᠥᠷ ᠮᠤᠩᠭᠤᠯ᠎ᠤᠨ ᠤᠷᠤᠯᠳᠤᠭᠠᠨ᠎ᠤ ᠠᠩᠭᠢ᠎ᠶᠢᠨ ᠳᠤᠰᠭᠠᠢ ᠮᠡᠷᠭᠡᠵᠢᠯ᠎ᠤᠨ ᠴᠠᠨᠠᠯᠠᠯᠲᠠ᠎ᠶᠢᠨ ᠲᠠᠮᠢᠷᠴᠢᠨ᠎ᠡᠴᠡ ᠤᠷᠤᠯᠳᠤᠭᠠᠨ᠎ᠳᠤ ᠤᠷᠤᠯᠴᠠᠭ᠍ᠰᠠᠳ᠎ᠲᠤ ᠳᠤᠰᠭᠠᠢ ᠮᠡᠷᠭᠡᠵᠢᠯ᠎ᠤᠨ ᠵᠢᠯᠤᠭᠤᠳᠤᠯᠭ᠎ᠠ ᠬᠢᠭ᠌ᠰᠡᠨ ᠪᠦᠭᠡᠳ ᠭᠤᠢᠳᠠ ᠰᠠᠢᠬᠠᠨ ᠴᠠᠰᠤᠨ ᠳᠡᠭᠡᠷᠡᠬᠢ ᠲᠥᠷᠥᠯ ᠵᠦᠢᠯ᠎ᠤᠨ ᠲᠤᠭ᠍ᠯᠠᠯᠲᠠ ᠭᠠᠷᠭᠠᠵᠠᠢ᠃


QQ截图20220127095833.jpg


QQ截图20220127095844.jpg


QQ截图20220127095853.jpg


ᠥᠪᠡᠷᠲᠡᠭᠡᠨ ᠵᠠᠰᠠᠬᠤ ᠤᠷᠤᠨ᠎ᠤ ᠡᠪᠦᠯ᠎ᠤᠨ ᠤᠯᠠᠷᠢᠯ᠎ᠤᠨ ᠲᠥᠷᠥᠯ ᠵᠦᠢᠯ᠎ᠤᠨ ᠪᠡᠶ᠎ᠡ᠎ᠶᠢᠨ ᠲᠠᠮᠢᠷ᠎ᠤᠨ ᠲᠥᠪ᠎ᠤᠨ ᠡᠷᠬᠢᠯᠡᠭᠴᠢ ᠶᠠᠩ ᠬᠤᠩ ᠵᠢᠶᠦ᠋ᠨ᠎ᠡᠴᠡ᠂ ᠲᠤᠰ ᠤᠳᠠᠭᠠᠨ᠎ᠤ ᠤᠷᠤᠯᠳᠤᠭᠠᠨ᠎ᠶ᠋ᠢᠠᠷ ᠳᠠᠮᠵᠢᠨ ᠠᠷᠠᠳ ᠤᠯᠠᠨ᠎ᠤ ᠮᠦᠰᠦ ᠴᠠᠰᠤᠨ᠎ᠤ ᠪᠡᠶ᠎ᠡ᠎ᠶᠢᠨ ᠲᠠᠮᠢᠷ᠎ᠤᠨ ᠠᠮᠢᠳᠤᠷᠠᠯ᠎ᠢ ᠪᠠᠶᠠᠯᠢᠭ᠍ᠵᠢᠭᠤᠯᠵᠤ᠂ 2022 ᠤᠨ᠎ᠤ ᠪᠡᠭᠡᠵᠢᠩ᠎ᠤᠨ ᠡᠪᠦᠯ᠎ᠤᠨ ᠤᠯᠠᠷᠢᠯ᠎ᠤᠨ ᠤᠯᠢᠮᠫᠢᠺ᠎ᠤᠨ ᠲᠠᠮᠢᠷ᠎ᠤᠨ ᠴᠤᠭ᠍ᠯᠠᠭᠠᠨ ᠬᠦᠷᠴᠦ᠍ ᠢᠷᠡᠬᠦ᠌ ᠳᠠᠱᠢᠷᠠᠮ᠎ᠳᠤ᠂ ᠪᠦᠬᠦ᠌ ᠠᠷᠠᠳ᠎ᠤᠨ ᠮᠦᠰᠦ ᠴᠠᠰᠤᠨ᠎ᠤ ᠲᠠᠮᠢᠷ᠎ᠤᠨ ᠬᠥᠳᠡᠯᠭᠡᠭᠡᠨ᠎ᠳᠤ ᠤᠷᠤᠯᠴᠠᠬᠤ ᠬᠠᠯᠠᠭᠤᠨ ᠰᠡᠳᠭᠢᠯᠭᠡ᠎ᠢ ᠬᠥᠭ᠌ᠵᠢᠭᠡᠵᠦ᠍᠂ ᠡᠪᠦᠯ᠎ᠤᠨ ᠤᠯᠠᠷᠢᠯ᠎ᠤᠨ ᠤᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠥᠳᠭᠡᠨ ᠵᠤᠵᠠᠭᠠᠨ ᠠᠭᠤᠷ ᠠᠮᠢᠰᠭᠤᠯ᠎ᠢ ᠪᠤᠢ ᠪᠤᠯᠭᠠᠬᠤ᠎ᠢ ᠬᠦᠰᠡᠵᠦ᠍ ᠪᠠᠢᠨ᠎ᠠ ᠭᠡᠵᠦ᠍ ᠢᠯᠡᠷᠬᠡᠢᠯᠡᠪᠡ᠃


QQ截图20220127095901.jpg


ᠤᠷᠤᠯᠳᠤᠭᠠᠨ᠎ᠳᠤ ᠤᠷᠤᠯᠴᠠᠭ᠍ᠰᠠᠳ ᠤᠷᠤᠯᠳᠤᠭᠠᠨ᠎ᠤ ᠶᠠᠪᠤᠴᠠ᠎ᠳᠤ ᠴᠠᠨᠠᠯᠠᠯᠲᠠ᠎ᠶᠢᠨ ᠲᠠᠮᠢᠷᠴᠢᠨ᠎ᠤ ᠴᠤᠭ ᠵᠢᠪᠬᠤᠭ᠎ᠠ᠎ᠢ ᠭᠦᠢᠴᠡᠳ ᠢᠯᠡᠷᠡᠭᠦᠯᠵᠦ᠍᠂ ᠮᠦᠰᠦ ᠴᠠᠰᠤᠨ᠎ᠤ ᠲᠠᠮᠢᠷ᠎ᠤᠨ ᠬᠥᠳᠡᠯᠭᠡᠭᠡᠨ᠎ᠤ ᠬᠤᠷᠳᠤᠴᠠ ᠪᠠ ᠳᠤᠭ᠍ᠳᠤᠯᠤᠮ᠎ᠠ ᠰᠡᠳᠭᠢᠯᠭᠡ ᠬᠤᠤᠰᠯᠠᠭ᠍ᠰᠠᠨ ᠤᠨᠴᠠ ᠤᠢᠯᠠᠭᠠᠯᠲᠠ᠎ᠶᠢ ᠡᠳ᠋ᠯᠡᠵᠡᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号