ᠨᠢᠳᠤᠨᠤᠨ ᠮᠠᠨ᠎ᠤ ᠣᠷᠣᠨ 70 ᠳ᠋ᠦᠩᠱᠢᠭᠤᠷ ᠲᠥᠭᠥᠷᠢᠭ᠎ᠤᠨ ᠨᠠᠭᠠᠳᠤ ᠵᠠᠬ᠎ᠡ᠎ᠶᠢᠨ ᠠᠮᠢᠳᠤᠷᠠᠯ᠎ᠤᠨ ᠪᠠᠲᠤᠯᠠᠭ᠎ᠠ᠎ᠶ᠋ᠢᠨ ᠮᠥᠩᠭᠥ ᠲᠠᠷᠬᠠᠭᠠᠪᠠ
2022-01-27 10:01:03
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

1ᠰᠠᠷ᠎ᠠ᠎ᠶ᠋ᠢᠨ 25᠎ᠤ ᠡᠳᠦᠷ᠂ ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠡᠴᠡ ᠣᠢᠯᠠᠭᠠᠭ᠍ᠰᠠᠨ᠎ᠢᠶᠠᠷ᠂ 2021 ᠣᠨ᠎ᠳᠤ᠂ ᠪᠥᠬᠥ᠌ ᠣᠷᠣᠨ᠎ᠤ ᠬᠣᠲᠠ ᠬᠥᠳᠡᠭᠡ᠎ᠶ᠋ᠢᠨ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ ᠭᠥᠷᠳᠡᠭ᠌ᠰᠡᠳ ᠨᠡᠢᠲᠡ 158.9 ᠲᠦᠮᠡ ᠪᠠᠢᠵᠤ᠂ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ᠎ᠶ᠋ᠢᠨ ᠮᠥᠩᠭᠥ᠎ᠶ᠋ᠢ ᠨᠡᠢᠲᠡ 70.12 ᠳ᠋ᠦᠩᠱᠢᠭᠤᠷ ᠲᠥᠭᠥᠷᠢᠭ ᠲᠠᠷᠬᠠᠭᠠᠪᠠ᠃ ᠲᠦᠷ ᠴᠠᠭ᠎ᠤᠨ ᠴᠢᠨᠠᠷᠲᠠᠶ᠂ ᠭᠡᠨᠡᠳᠲᠡ᠎ᠶ᠋ᠢᠨ ᠴᠢᠨᠠᠷᠲᠠᠶ ᠠᠮᠢᠳᠤᠷᠠᠯ ᠨᠢ ᠬᠦᠴᠢᠷᠳᠡᠯᠲᠡᠶ ᠬᠡᠷ ᠪᠦᠯᠢ᠎ᠳᠦ 18.46 ᠲᠦᠮᠡᠨ ᠬᠥᠮᠦᠨ ᠤᠳᠠᠭ᠎ᠠ᠎ᠶ᠋ᠢᠨ ᠲᠦᠷ ᠴᠠᠭ᠎ᠤᠨ ᠠᠪᠤᠷᠠᠨ ᠲᠤᠰᠠᠯᠠᠯᠲᠠ ᠬᠢᠵᠦ᠂ 2.99 ᠳ᠋ᠦᠩᠱᠢᠭᠤᠷ ᠲᠥᠭᠥᠷᠢᠭ᠎ᠦᠨ ᠲᠦᠷ ᠴᠠᠭ᠎ᠤᠨ ᠠᠪᠤᠷᠠᠨ ᠲᠤᠰᠠᠯᠠᠬᠤ ᠪᠠᠯᠠ ᠮᠥᠩᠭᠥ᠌ ᠲᠠᠷᠬᠠᠭᠠᠪᠠ᠃

2021 ᠣᠨ᠎ᠳᠤ᠄

·ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠨᠡᠢᠭᠡᠮ᠎ᠦᠨ ᠠᠪᠤᠷᠠᠨ ᠲᠤᠰᠠᠯᠠᠬᠤ ᠠᠵᠢᠯ᠎ᠤᠨ ᠲᠣᠭ᠍ᠲᠠᠴᠠ᠎ᠶ᠋ᠢ ᠤᠯᠠᠮ ᠨᠢᠭᠡ ᠠᠯᠬᠤᠮ ᠪᠦᠷᠢᠨᠱᠢᠬᠦᠯᠵᠦ᠍᠂ ᠠᠪᠤᠷᠠᠨ ᠲᠤᠰᠠᠯᠠᠬᠤ ᠡᠲᠡᠭᠡᠳ᠎ᠢ ᠣᠨᠣᠪᠴᠢᠲᠠᠶ ᠮᠠᠭᠠᠳᠯᠠᠨ ᠲᠣᠭ᠍ᠲᠠᠭᠠᠵᠤ᠂ ᠨᠥᠬᠥᠴᠡᠯ᠎ᠳᠦ ᠨᠡᠢᠴᠡᠬᠦ᠌ ᠬᠦᠴᠢᠷᠳᠡᠯᠲᠡᠶ ᠬᠥᠮᠦᠰ᠎ᠢ ᠴᠠᠭ ᠲᠤᠬᠠᠶ᠎ᠳᠤᠨᠢ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠥᠰ᠎ᠢ ᠠᠪᠤᠷᠠᠨ ᠲᠤᠰᠠᠯᠠᠬᠤ ᠪᠠᠲᠤᠯᠠᠭ᠎ᠠ᠎ᠶ᠋ᠢᠨ ᠬᠦᠷᠢᠶ᠎ᠡ ᠬᠡᠪᠴᠢᠶ᠎ᠡ᠎ᠳᠦ ᠣᠷᠣᠭᠤᠯᠪᠠ;

·ᠲᠦᠷ ᠴᠠᠭ᠎ᠤᠨ ᠠᠪᠤᠷᠠᠨ ᠲᠤᠰᠠᠯᠠᠬᠤ ᠡᠷᠴᠢᠮ᠎ᠢᠶᠡᠨ ᠴᠢᠩᠭᠠᠷᠠᠭᠤᠯᠵᠤ᠂ ᠭᠡᠨᠡᠳᠲᠡ᠎ᠶ᠋ᠢᠨ ᠴᠢᠨᠠᠷᠲᠠᠶ᠂ ᠲᠤᠯᠭᠠᠮ ᠴᠢᠨᠠᠷᠲᠠᠶ᠂ ᠲᠦᠷ ᠴᠠᠭ ᠎ᠤᠨ ᠴᠢᠨᠠᠷᠲᠠᠶ ᠬᠦᠴᠢᠷᠳᠡᠯ᠎ᠳᠦ ᠲᠤᠯᠭᠠᠷᠠᠭ᠍ᠰᠠᠨ ᠬᠥᠮᠦᠰ᠎ᠢ ᠠᠪᠤᠷᠠᠨ ᠲᠤᠰᠠᠯᠠᠪᠠ;

·ᠢᠳᠡᠪᠬᠢᠲᠡᠶ᠎ᠪᠡᠷ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠌᠂ ᠬᠦᠴᠢᠷᠳᠡᠯᠲᠡᠶ ᠣᠯᠠᠨ ᠲᠦᠮᠡᠨ᠎ᠢ ᠠᠪᠤᠷᠠᠨ ᠲᠤᠰᠠᠯᠠᠬᠤ ᠪᠡᠯᠡ ᠮᠥᠩᠭᠥ᠌᠎ᠶᠢ ᠲᠠᠷᠬᠠᠭᠠᠬᠤ᠎ᠳᠤ ᠴᠠᠭ ᠲᠤᠬᠠᠶ᠎ᠳᠤᠨᠢ ᠬᠢᠨᠠᠯᠲᠠ ᠲᠠᠯᠪᠢᠬᠤ᠎ᠶ᠋ᠢ ᠴᠢᠩᠭᠠᠳᠭᠠᠨ᠂ ᠠᠵᠢᠯ᠎ᠤᠨ ᠲᠣᠬᠢᠷᠠᠭᠤᠯᠤᠯᠲᠠ᠎ᠶ᠋ᠢ ᠴᠢᠩᠭᠠᠷᠠᠭᠤᠯᠵᠤ᠂ ᠠᠪᠤᠷᠠᠨ ᠲᠤᠰᠠᠯᠠᠬᠤ ᠪᠡᠯᠡ ᠮᠥᠩᠭᠥ᠎ᠶ᠋ᠢ ᠴᠠᠭ ᠲᠤᠬᠠᠶ᠎ᠳᠤᠨᠢ᠂ ᠭᠦᠢᠴᠡᠳ ᠲᠣᠭ᠎ᠠ᠎ᠪᠠᠷ᠂ ᠣᠨᠣᠪᠴᠢᠲᠠᠶ ᠲᠠᠷᠬᠠᠭᠠᠬᠤ᠎ᠶ᠋ᠢ ᠦᠨᠡᠨ ᠬᠦ᠌ ᠪᠠᠲᠤᠯᠠᠪᠠ᠃

2022 ᠣᠨ᠎ᠳᠤ᠄

·ᠪᠥᠬᠥ᠌ ᠣᠷᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠠᠷᠠᠳ᠎ᠤᠨ ᠠᠮᠢᠳᠤᠷᠠᠯ᠎ᠢ ᠪᠠᠲᠤᠯᠠᠬᠤ ᠬᠣᠷᠢᠭ᠎ᠠ ᠱᠤᠭᠤᠮ᠎ᠢ ᠤᠯᠠᠮ ᠴᠢᠨᠠᠭ᠍ᠰᠢᠳᠠ ᠪᠠᠲᠤ ᠰᠠᠬᠢᠵᠤ᠂ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠱᠢᠰᠲ᠋ᠧᠮ᠎ᠢ ᠲᠡᠭᠦᠯᠳᠡᠷᠵᠢᠭᠦᠯᠦᠨ᠂ ᠬᠡᠦᠬᠡᠳ᠎ᠦᠨ ᠠᠰᠠᠷᠠᠮᠵᠢ ᠪᠣᠯᠤᠨ ᠨᠠᠰᠤᠨ᠎ᠳᠤ ᠥᠯᠥ᠍ ᠭᠦᠷᠦᠭ᠌ᠰᠡᠳ᠎ᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ᠎ᠪᠠᠨ ᠯᠠᠪᠳᠠᠭᠤᠨ ᠪᠠᠲᠤᠲᠠᠶ ᠭᠦᠶ᠋ᠴᠡᠳᠭᠡᠨ᠎ᠡ;

·ᠦᠨᠳᠦᠰᠦᠨ ᠱᠠᠲᠤᠨ᠎ᠤ ᠵᠠᠰᠠᠯᠲᠠ᠎ᠶ᠋ᠢᠨ ᠱᠢᠰᠲ᠋ᠧᠮ ᠪᠣᠯᠤᠨ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂ ᠨᠡᠢᠭᠡᠮ᠎ᠦᠨ ᠵᠣᠬᠢᠶᠠᠨ ᠪᠠᠢᠭᠤᠯᠤᠯᠲᠠ᠎ᠶ᠋ᠢᠨ ᠦᠶ᠋ᠯᠡᠴᠢᠯᠡᠭᠡ ᠬᠠᠮᠢᠶᠠᠷᠤᠯᠲᠠ᠎ᠶ᠋ᠢ ᠦᠷᠭᠦᠯᠵᠢᠯᠡᠨ ᠴᠢᠩᠭᠠᠳᠭᠠᠵᠤ᠂ ᠨᠡᠢᠭᠡᠮ᠎ᠦᠨ ᠠᠵᠢᠯ᠂ ᠨᠢᠭᠦᠯᠡᠰᠦᠩᠭᠦᠶ᠎ᠶ᠋ᠢᠨ ᠦᠶ᠋ᠯᠡᠰ᠎ᠦᠨ ᠬᠥᠭ᠌ᠵᠢᠯᠲᠡ᠎ᠶ᠋ᠢ ᠢᠳᠡᠪᠬᠢᠲᠡᠶ ᠠᠬᠢᠭᠤᠯᠵᠤ᠂ ᠲᠤᠰᠭᠠᠶ ᠨᠡᠢᠭᠡᠮ᠎ᠦᠨ ᠬᠡᠷᠡᠭ ᠶᠠᠪᠤᠳᠠᠯ᠎ᠤᠨ ᠠᠵᠢᠯ᠎ᠤᠨ ᠬᠢᠷᠢ ᠲᠦᠪᠱᠢᠨ᠎ᠢ ᠴᠢᠷᠮᠠᠢᠨ ᠳᠡᠭᠡᠭ᠌ᠰᠢᠯᠡᠭᠦᠯᠵᠦ᠍᠂ ᠠᠷᠠᠳ᠎ᠤᠨ ᠶᠠᠪᠤᠳᠠᠯ᠎ᠤᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢᠨ ᠰᠠᠭᠤᠷᠢ᠎ᠶ᠋ᠢ ᠪᠡᠬᠢᠵᠢᠭᠦᠯᠦᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号