ᠬᠥᠬᠡᠬᠤᠲᠠ᠎ᠶ᠋ᠢᠨ ᠨᠠᠮ᠎ᠤᠨ ᠬᠣᠷᠢᠶ᠎ᠠ᠂ ᠬᠥᠬᠡᠬᠤᠲᠠ᠎ᠶ᠋ᠢᠨ ᠵᠠᠰᠠᠭ᠎ᠤᠨ ᠣᠷᠳᠣᠨ᠎ᠠᠴᠠ ᠭᠤᠤᠯᠯᠠᠨ ᠡᠷᠭᠢᠯᠡᠵᠦ᠍᠂ ᠬᠥᠬᠡᠬᠤᠲᠠ᠎ᠶ᠋ᠢᠨ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠂ ᠬᠥᠬᠡᠬᠤᠲᠠ᠎ᠶ᠋ᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠦᠨ ᠲᠣᠪᠴᠢᠶ᠎ᠠ᠂ ᠬᠣᠲᠣᠩ ᠠᠷᠠᠳ᠎ᠤᠨ ᠲᠣᠭᠣᠷᠢᠭ᠎ᠤᠨ ᠵᠠᠰᠠᠭ᠎ᠤᠨ ᠣᠷᠳᠣᠨ᠂ ᠬᠣᠲᠣᠩ ᠠᠷᠠᠳ᠎ᠤᠨ ᠲᠣᠭᠣᠷᠢᠭ᠎ᠤᠨ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠂ ᠬᠥᠬᠡᠬᠤᠲᠠ᠎ᠶ᠋ᠢᠨ ᠡᠮᠡᠭ᠌ᠲᠡᠢᠴᠦᠳ᠎ᠦᠨ ᠬᠣᠯᠪᠣᠭ᠎ᠠ᠎ᠡᠴᠡ ᠬᠠᠮᠲᠤᠷᠠᠨ ᠳᠠᠭᠠᠭᠠᠴᠢᠯᠠᠨ ᠡᠷᠭᠢᠯᠡᠭ᠌ᠰᠡᠨ ᠬᠥᠬᠡᠬᠣᠲᠠ᠎ᠶ᠋ᠢᠨ ᠳᠥᠷᠪᠡᠳᠦᠭᠡᠷ ᠬᠤᠭᠤᠴᠠᠭᠠᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠦᠨ ᠳᠤᠮᠳᠠᠳᠤ ᠤᠯᠤᠰ᠎ᠤᠨ ᠣᠨ ᠤ ᠠᠵᠢᠯᠯᠠᠭ᠎ᠠ 2022 ᠣᠨ᠎ᠤ 2 ᠰᠠᠷ᠎ᠠ᠎ᠶ᠋ᠢᠨ 1 ᠦ ᠡᠳᠦᠷ᠎ᠡᠴᠡ 3 ᠰᠠᠷ᠎ᠠ᠎ᠶ᠋ᠢᠨ 4 ᠦ ᠡᠳᠦᠷ ᠪᠣᠯᠲᠠᠯ᠎ᠠ ᠬᠥᠬᠡᠬᠣᠲᠠ᠎ᠶ᠋ᠢᠨ ᠮᠣᠨᠢ ᠠᠭᠤᠯᠠ ᠪᠣᠳᠠᠰ᠎ᠤᠨ ᠪᠤᠰᠤ ᠰᠣᠶᠣᠯ᠎ᠤᠨ ᠥᠪ᠎ᠦᠨ ᠪᠠᠯᠭᠠᠰᠤᠨ᠎ᠳᠤ ᠶᠠᠪᠤᠭᠳᠠᠬᠤ ᠪᠣᠯᠤᠨ᠎ᠠ᠃

ᠳᠦᠷᠪᠡᠳᠦᠭᠡᠷ ᠬᠤᠭᠤᠴᠠᠭᠠᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠦᠨ ᠳᠤᠮᠳᠠᠳᠤ ᠤᠯᠤᠰ᠎ᠤᠨ ᠣᠨ ᠨᠢ 《ᠣᠭ ᠰᠠᠨᠠᠭ᠎ᠠ᠎ᠪᠠᠨ ᠥᠯᠥ᠍ ᠮᠠᠷᠲᠠᠵᠤ᠂ ᠰᠣᠶᠣᠯ ᠵᠢᠡᠷ ᠬᠦᠰᠡᠯ ᠵᠡᠭᠦᠳᠦ᠍᠎ᠪᠡᠨ ᠲᠡᠷᠭᠡᠯᠱᠢᠭᠦᠯᠬᠦ᠌》᠎ᠪᠠᠷ ᠭᠤᠤᠯ ᠰᠡᠳᠦᠪ ᠪᠣᠯᠭᠠᠵᠤ᠂ ᠤᠯᠠᠮᠵᠢᠯᠠᠯᠲᠤ ᠴᠠᠭᠠᠨ ᠰᠠᠷ᠎ᠠ᠎ᠶ᠋ᠢᠨ ᠰᠤᠶᠤᠯ ᠪᠠ ᠪᠣᠳᠠᠰ᠎ᠤᠨ ᠪᠤᠰᠤ ᠰᠣᠶᠣᠯ᠎ᠤᠨ ᠥᠪ᠎ᠢ ᠣᠷᠭᠠᠨᠢᠭ᠎ᠢᠶᠠᠷ ᠤᠶᠠᠯᠳᠤᠭᠤᠯᠤᠨ᠂ ᠲᠡᠦᠬᠡᠲᠦ ᠴᠢᠨᠠᠷᠲᠠᠢ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠷᠥᠯ ᠵᠦᠶ᠋ᠯ᠂ ᠤᠯᠠᠮᠵᠢᠯᠠᠯᠲᠤ ᠭᠠᠷ ᠤᠷᠠᠯᠠᠯ᠂ ᠤᠯᠠᠮᠵᠢᠯᠠᠯᠲᠤ ᠮᠡᠷᠭᠡᠵᠢᠯ᠎ᠢ ᠣᠯᠠᠨ᠎ᠤ ᠬᠠᠷᠠᠭᠠᠨ᠎ᠳᠤ ᠬᠦᠷᠭᠡᠬᠦ ᠪᠤᠯᠤᠨ᠎ᠠ᠃ ᠪᠦᠬᠦᠢᠯᠡ ᠠᠵᠢᠯᠯᠠᠭ᠎ᠠ᠎ᠶ᠋ᠢᠨ ᠬᠤᠭᠤᠴᠠᠭᠠᠨ᠎ᠳᠤ᠂ ᠣᠷᠳᠣ᠎ᠶ᠋ᠢᠨ ᠳᠠᠭᠤᠤ᠂ ᠬᠥᠭᠡᠮᠡᠶ᠂ ᠥᠯᠢᠭᠡᠷ ᠵᠡᠷᠭᠡ ᠤᠯᠤᠰ᠎ᠤᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ᠌ ᠴᠢᠨᠠᠷᠲᠠᠶ ᠵᠦᠢᠯᠡᠰ ᠨᠢ ᠠᠷᠠᠳ ᠣᠯᠠᠨ᠎ᠳᠤ ᠢᠷᠠᠭᠤ ᠰᠠᠢᠬᠠᠨ ᠰᠣᠶᠣᠯ᠎ᠤᠨ ᠦᠪᠡᠳᠡᠭ᠌ᠰᠢ ᠨᠠᠢᠷ᠎ᠢ ᠠᠪᠴᠢᠷᠠᠵᠤ ᠥᠭ᠌ᠬᠦ᠎ᠶ᠋ᠢᠨ ᠬᠠᠮᠲᠤ ᠲᠤᠬᠠᠶ᠎ᠶ᠋ᠢᠨ ᠲᠠᠯᠠᠪᠤᠷ᠎ᠲᠤ ᠬᠤᠲᠠ᠎ᠶᠢᠨ ᠠᠷᠠᠳ ᠪᠠᠰᠠ ᠪᠣᠳᠠᠰ᠎ᠤᠨ ᠪᠤᠰᠤ ᠰᠣᠶᠣᠯ᠎ᠤᠨ ᠥᠪ ᠪᠦᠬᠦᠢ ᠠᠮᠲᠠᠲᠤ ᠢᠳᠡᠭᠡᠨ᠂ ᠤᠷ᠎ᠠ ᠮᠡᠷᠭᠡᠱᠢᠯ᠎ᠢ ᠭᠦᠢᠴᠡᠳ ᠤᠢᠯᠠᠭᠠᠵᠤ ᠪᠤᠯᠤᠨ᠎ᠠ᠃
ᠳᠤᠷᠠᠳᠤᠭᠤᠱᠢᠲᠠᠶ ᠨᠢ᠂ ᠲᠤᠰ ᠬᠤᠭᠤᠴᠠᠭᠠᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠦᠨ ᠳᠤᠮᠳᠠᠳᠤ ᠤᠯᠤᠰ᠎ᠤᠨ ᠣᠨ᠎ᠤ ᠪᠡᠯᠡᠳᠭᠡᠯ ᠠᠵᠢᠯ᠎ᠢ ᠡᠪᠦᠯ ᠤᠷᠤᠬᠤ᠎ᠡᠴᠡ ᠡᠬᠢᠯᠡᠨ ᠬᠢᠵᠦ᠍᠂ ᠡᠯᠪᠡᠭ ᠬᠤᠷᠢᠶᠠᠯᠲᠠ᠎ᠶᠢᠨ ᠦᠵᠡᠭᠳᠡᠯ᠂ ᠬᠠᠳᠭᠤᠮᠠᠯ ᠪᠠᠷᠰ᠎ᠤᠨ ᠲᠣᠯᠣᠭᠠᠶ᠂ ᠴᠣᠩᠬᠣᠨ ᠴᠡᠴᠡᠭ᠂ ᠴᠠᠭᠠᠰᠤᠨ ᠬᠠᠢᠴᠢᠯᠠᠮᠠᠯ ᠨᠢᠭᠡᠪᠦᠷᠢ᠎ᠶᠢ ᠴᠥᠮ ᠪᠣᠳᠠᠰ᠎ᠤᠨ ᠪᠤᠰᠤ ᠰᠣᠶᠣᠯ᠎ᠤᠨ ᠥᠪ᠎ᠦᠨ ᠵᠠᠯᠭᠠᠮᠵᠢᠯᠠᠭ᠍ᠴᠢ ᠨᠠᠷ᠎ᠡᠴᠡ ᠬᠢᠵᠦ᠍ ᠭᠠᠷᠭᠠᠭ᠍ᠰᠠᠨ ᠶᠤᠮ᠃ ᠡᠭᠦᠨ᠎ᠡᠴᠡ ᠭᠠᠳᠠᠨ᠎ᠠ᠂ ᠮᠤᠨᠢ ᠠᠭᠤᠯᠠ ᠪᠣᠳᠠᠰ᠎ᠤᠨ ᠪᠤᠰᠤ ᠰᠣᠶᠣᠯ᠎ᠤᠨ ᠥᠪ᠎ᠦᠨ ᠪᠠᠯᠭᠠᠰᠤ ᠨᠢ ᠠᠵᠢᠯᠯᠠᠭᠠᠨ᠎ᠤ ᠬᠤᠭᠤᠴᠠᠭᠠᠨ᠎ᠳᠤ ᠤᠯᠠᠨ ᠵᠦᠢᠯ᠎ᠦᠨ ᠲᠣᠭᠠᠴᠢᠯᠠᠭ᠍ᠰᠠᠨ ᠮᠠᠶᠢᠭ᠎ᠤᠨ ᠦᠢᠯᠡᠳᠦᠯᠴᠡᠯ᠎ᠤᠨ ᠠᠷᠭ᠎ᠠ ᠬᠡᠮᠵᠢᠶ᠎ᠡ ᠠᠪᠴᠤ᠌᠂ ᠬᠤᠶᠠᠷ ᠬᠡᠮᠵᠢᠯᠲᠦ ᠺᠣᠳ᠋ ᠱᠢᠷᠪᠢᠵᠦ᠍ ᠲᠠᠢᠯᠪᠤᠷᠢ᠎ᠶ᠋ᠢ ᠰᠣᠨᠣᠰᠭᠤ᠂ ᠬᠤᠶᠠᠷ ᠬᠡᠮᠵᠢᠯᠲᠦ ᠺᠣᠳ᠋ ᠱᠢᠷᠪᠢᠵᠦ᠍ ᠤᠯᠠᠭᠠᠨ ᠪᠠᠭ᠍ᠯᠠᠭ᠎ᠠ ᠠᠪᠬᠤ ᠵᠡᠷᠭᠡ ᠠᠵᠢᠯᠯᠠᠭ᠎ᠠ᠎ᠪᠠᠷ ᠳᠠᠮᠵᠢᠨ ᠵᠠᠯᠠᠭᠤᠴᠤᠳ᠎ᠲᠤ ᠪᠣᠳᠠᠰ᠎ᠤᠨ ᠪᠤᠰᠤ ᠰᠣᠶᠣᠯ᠎ᠤᠨ ᠥᠪ᠎ᠢ ᠤᠢ᠍ᠢᠯᠠᠭᠠᠭᠤᠯᠬᠤ ᠪᠥᠭᠡᠳ ᠬᠤᠳᠠ᠎ᠶ᠋ᠢᠨ ᠠᠷᠠᠳ᠎ᠤᠨ ᠪᠡᠶᠡᠴᠢᠯᠡᠨ ᠣᠷᠣᠯᠴᠠᠬᠤ ᠰᠡᠳᠭᠢᠯᠭᠡ᠎ᠶ᠋ᠢ ᠨᠡᠮᠡᠭ᠌ᠳᠡᠭᠦᠯᠬᠦ᠎ᠶᠢ ᠵᠤᠷᠢᠪᠠ᠃
ᠴᠠᠭᠠᠨ ᠰᠠᠷ᠎ᠠ᠎ᠶᠢᠨ ᠱᠢᠨ᠎ᠡ᠎ᠶ᠋ᠢᠨ ᠨᠢᠭᠡᠨ᠎ᠡᠴᠡ ᠴᠠᠭᠠᠨ ᠰᠠᠷ᠎ᠠ᠎ᠶᠢᠨ ᠠᠷᠪᠠᠨ ᠬᠦᠷᠲᠡᠯ᠎ᠡ᠂ ᠮᠤᠨᠢ ᠠᠭᠤᠯᠠ ᠪᠣᠳᠠᠰ᠎ᠤᠨ ᠪᠤᠰᠤ ᠰᠣᠶᠣᠯ᠎ᠤᠨ ᠥᠪ᠎ᠦᠨ ᠪᠠᠯᠭᠠᠰᠤᠨ᠎ᠳᠤ ᠡᠳᠦᠷ ᠪᠦᠷᠢ ᠠᠳᠠᠯᠢ ᠪᠤᠰᠤ ᠴᠠᠭᠠᠨ ᠰᠠᠷ᠎ᠠ᠎ᠶᠢᠨ ᠵᠠᠩ ᠵᠠᠩᠰᠢᠯ᠎ᠢ ᠳᠡᠯᠭᠡᠨ ᠦᠵᠡᠭᠦᠯᠵᠦ᠂ ᠤᠯᠠᠮᠵᠢᠯᠠᠯᠲᠤ ᠵᠠᠩ ᠦᠢᠯᠡ᠎ᠶ᠋ᠢ ᠳᠠᠬᠢᠨ ᠢᠯᠡᠷᠡᠭᠦᠯᠬᠦ ᠪᠤᠯᠤᠨ᠎ᠠ᠃