1 ᠰᠠᠷ᠎ᠠ᠎ᠶ᠋ᠢᠨ 26᠎ᠤ ᠡᠳᠦᠷ᠂ ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠤᠷᠤᠨ᠎ᠤ ᠠᠵᠢᠯᠴᠢᠨ᠎ᠤ ᠶᠡᠷᠦᠩᠬᠡᠶ ᠡᠪᠯᠡᠯ᠎ᠡᠴᠡ ᠣᠢᠯᠠᠭᠠᠭ᠍ᠰᠠᠨ᠎ᠢᠶᠠᠷ᠂ ᠴᠠᠭᠠᠨ ᠰᠠᠷ᠎ᠠ ᠬᠦᠷᠴᠦ᠍ ᠢᠷᠡᠬᠦ᠌ ᠲᠠᠱᠢᠷᠠᠮ᠎ᠢᠶᠠᠷ᠂ ᠬᠥᠳᠡᠯᠮᠦᠷᠢ᠎ᠶ᠋ᠢᠨ ᠵᠢᠱ᠌ᠢᠶᠡᠴᠢ᠎ᠶ᠋ᠢᠨ ᠵᠣᠷᠢᠭ ᠰᠠᠨᠠᠭ᠎ᠠ᠂ ᠬᠥᠳᠡᠯᠮᠦᠷᠢ᠎ᠶ᠋ᠢᠨ ᠵᠣᠷᠢᠭ ᠰᠠᠨᠠᠭ᠎ᠠ᠂ ᠤᠷᠠᠨ ᠳᠠᠷᠬᠠᠨ᠎ᠤ ᠵᠣᠷᠢᠭ ᠰᠠᠨᠠᠭ᠎ᠠ᠎ᠶ᠋ᠢ ᠶᠡᠬᠡᠪᠡᠷ ᠪᠠᠳᠠᠷᠠᠭᠤᠯᠵᠤ᠂ ᠨᠠᠮ ᠪᠠ ᠵᠠᠰᠠᠭ᠎ᠤᠨ ᠣᠷᠳᠣᠨ ᠵᠢᠴᠢ ᠠᠵᠢᠯᠴᠢᠨ᠎ᠤ ᠡᠪᠯᠡᠯ᠎ᠦᠨ ᠵᠣᠬᠢᠶᠠᠨ ᠪᠠᠢᠭᠤᠯᠤᠯᠲᠠ᠎ᠡᠴᠡ ᠥᠷᠭᠡᠨ ᠣᠯᠠᠨ ᠬᠥᠳᠡᠯᠮᠦᠷᠢ ᠶ᠋ᠢᠨ ᠵᠢᠱ᠌ᠢᠶᠡᠴᠢ᠎ᠶ᠋ᠢ ᠬᠠᠯᠠᠮᠵᠢᠯᠠᠵᠤ ᠪᠠᠢᠬᠤ᠎ᠪᠠᠨ ᠢᠯᠡᠳᠭᠡᠬᠦ᠎ᠶ᠋ᠢᠨ ᠲᠥᠯᠥᠭᠡ᠂ ᠥᠪᠡᠷᠲᠡᠭᠡᠨ ᠵᠠᠰᠠᠬᠤ ᠤᠷᠤᠨ᠎ᠤ ᠠᠵᠢᠯᠴᠢᠨ᠎ᠤ ᠶᠡᠷᠦᠩᠬᠡᠶ ᠡᠪᠯᠡᠯ ᠮᠠᠨ᠎ᠤ ᠤᠷᠤᠨ᠎ᠳᠤ ᠪᠠᠢᠭ᠎ᠠ ᠪᠥᠬᠥ᠌ ᠤᠯᠤᠰ᠎ᠤᠨ ᠬᠥᠳᠡᠯᠮᠦᠷᠢ᠎ᠶ᠋ᠢᠨ ᠵᠢᠱ᠌ᠢᠶᠡᠴᠢ᠂ ᠥᠪᠡᠷᠲᠡᠭᠡᠨ ᠵᠠᠰᠠᠬᠤ ᠣᠷᠣᠨ᠎ᠤ ᠬᠥᠳᠡᠯᠮᠦᠷᠢ᠎ᠶ᠋ᠢᠨ ᠵᠢᠱ᠌ᠢᠶᠡᠴᠢ᠎ᠳᠦ ᠴᠠᠭᠠᠨ ᠰᠠᠷ᠎ᠠ᠎ᠶ᠋ᠢᠨ ᠲᠣᠬᠣᠨᠢᠭᠤᠯᠭ᠎ᠠ᠎ᠶᠢᠨ ᠮᠥᠩᠭᠥ᠌ ᠲᠠᠷᠬᠠᠭᠠᠪᠠ᠃ ᠬᠥᠳᠡᠯᠮᠦᠷᠢ᠎ᠶ᠋ᠢᠨ ᠵᠢᠱ᠌ᠢᠶᠡᠴᠢᠳ᠎ᠤᠨ ᠴᠠᠭᠠᠨ ᠰᠠᠷ᠎ᠠ᠎ᠶ᠋ᠢᠨ ᠲᠣᠬᠣᠨᠢᠭᠤᠯᠭ᠎ᠠ᠎ᠶᠢᠨ ᠮᠥᠩᠭᠥ᠌᠎ᠶ᠋ᠢ ᠡᠯ᠎ᠡ ᠠᠢᠮᠠᠭ ᠬᠣᠲᠠ᠎ᠶ᠋ᠢᠨ ᠠᠵᠢᠯᠴᠢᠨ ᠤ ᠡᠪᠯᠡᠯ᠂ ᠡᠯ᠎ᠡ ᠥᠪᠡᠷᠲᠡᠭᠡᠨ ᠵᠠᠰᠠᠬᠤ ᠣᠷᠣᠨ᠎ᠤ ᠠᠵᠤ ᠦᠶ᠋ᠯᠡᠰ᠎ᠦᠨ ᠠᠵᠢᠯᠴᠢᠨ᠎ᠤ ᠡᠪᠯᠡᠯ᠎ᠡᠴᠡ ᠲᠣᠰ ᠭᠠᠵᠠᠷ ᠣᠷᠣᠨ᠂ ᠲᠣᠰ ᠠᠵᠤ ᠦᠶ᠋ᠯᠡᠰ᠎ᠦᠨ ᠬᠥᠳᠡᠯᠮᠦᠷᠢ᠎ᠶ᠋ᠢᠨ ᠵᠢᠱ᠌ᠢᠶᠡᠴᠢ᠎ᠶ᠋ᠢᠨ ᠬᠥᠮᠦᠨ᠎ᠦ ᠲᠣᠭ᠎ᠠ ᠶᠣᠰᠣᠭᠠᠷ ᠴᠠᠭᠠᠨ ᠰᠠᠷ᠎ᠠ᠎ᠠᠴᠠ ᠡᠮᠦᠨ᠎ᠡ ᠲᠡᠳᠡᠨ᠎ᠤ ᠲᠠᠩᠰᠠᠨ ᠡᠷᠦᠬᠡ᠎ᠳᠦ ᠴᠠᠭ ᠲᠤᠬᠠᠶ᠎ᠳᠤᠨᠢ ᠤᠷᠤᠭᠤᠯᠳᠠᠭ᠃
ᠪᠥᠬᠥ᠌ ᠤᠯᠤᠰ᠎ᠤᠨ ᠬᠥᠳᠡᠯᠮᠦᠷᠢ᠎ᠶ᠋ᠢᠨ ᠵᠢᠱ᠌ᠢᠶᠡᠴᠢ ᠪᠠ ᠲᠡᠷᠢᠭᠦᠨ᠎ᠦ ᠠᠵᠢᠯᠲᠠᠨ ᠵᠢᠴᠢ ᠪᠥᠬᠥ᠌ ᠤᠯᠤᠰ᠎ᠤᠨ ᠠᠵᠢᠯᠴᠢᠨ᠎ᠤ ᠶᠡᠷᠦᠩᠬᠡᠶ ᠡᠪᠯᠡᠯ᠎ᠡᠴᠡ ᠮᠠᠭᠠᠳᠯᠠᠨ ᠲᠣᠭ᠍ᠲᠠᠭᠠᠭ᠍ᠰᠠᠨ ᠪᠥᠬᠥ᠌ ᠤᠯᠤᠰ᠎ᠤᠨ ᠬᠥᠳᠡᠯᠮᠦᠷᠢ᠎ᠶ᠋ᠢᠨ ᠵᠢᠱ᠌ᠢᠶᠡᠴᠢ᠎ᠶ᠋ᠢᠨ ᠬᠠᠷᠠᠭᠠᠯᠵᠠᠯ᠎ᠢ ᠭᠥᠷᠳᠡᠭ᠌ᠰᠡᠳ᠎ᠦᠨ ᠴᠠᠭᠠᠨ ᠰᠠᠷ᠎ᠠ᠎ᠶ᠋ᠢᠨ ᠲᠣᠬᠣᠨᠢᠭᠤᠯᠭ᠎ᠠ᠎ᠶᠢᠨ ᠮᠥᠩᠭᠥ᠌᠎ᠶ᠋ᠢ ᠪᠥᠬᠥ᠌ ᠤᠯᠤᠰ᠎ᠤᠨ ᠠᠵᠢᠯᠴᠢᠨ᠎ᠤ ᠶᠡᠷᠦᠩᠬᠡᠶ ᠡᠪᠯᠡᠯ᠎ᠤᠨ ᠲᠣᠭ᠍ᠲᠠᠭᠠᠭ᠍ᠰᠠᠨ ᠬᠥᠮᠦᠨ ᠪᠦᠷᠢᠳᠦ 3000 ᠲᠥᠭᠥᠷᠢᠭ᠎ᠦᠨ ᠪᠠᠷᠢᠮᠵᠢᠶ᠎ᠠ᠎ᠪᠠᠷ ᠣᠯᠭᠣᠨ᠎ᠠ᠃
ᠥᠪᠡᠷᠲᠡᠭᠡᠨ ᠵᠠᠰᠠᠬᠤ ᠣᠷᠣᠨ (ᠮᠤᠵᠢ᠂ ᠶᠠᠮᠤᠨ) ᠤ ᠲᠠᠰ᠎ᠤᠨ ᠬᠥᠳᠡᠯᠮᠦᠷᠢ᠎ᠶ᠋ᠢᠨ ᠵᠢᠱ᠌ᠢᠶᠡᠴᠢ᠎ᠶ᠋ᠢᠨ ᠴᠠᠭᠠᠨ ᠰᠠᠷ᠎ᠠ᠎ᠶ᠋ᠢᠨ ᠲᠣᠬᠣᠨᠢᠭᠤᠯᠭ᠎ᠠ ᠶᠢᠨ ᠮᠥᠩᠭᠥ᠌᠎ᠶ᠋ᠢᠨ ᠣᠯᠭᠣᠬᠤ ᠪᠠᠷᠢᠮᠵᠢᠶ᠎ᠠ᠎ᠶ᠋ᠢ 2022 ᠣᠨ᠎ᠠᠴᠠ ᠡᠬᠢᠯᠡᠨ ᠥᠩᠭᠡᠷᠡᠭ᠌ᠰᠡᠨ ᠵᠢᠯ᠎ᠦᠳ᠎ᠲᠤ ᠬᠥᠮᠦᠨ ᠪᠦᠷᠢ 1000 ᠲᠥᠭᠥᠷᠢᠭ ᠪᠠᠢᠭ᠍ᠰᠠᠨ᠎ᠠᠴᠠ1500 ᠲᠥᠭᠥᠷᠢᠭ ᠪᠣᠯᠭᠠᠨ ᠳᠡᠭᠡᠭ᠌ᠰᠢᠯᠡᠭᠦᠯᠪᠡ᠃