ᠯᠢ ᠺᠸ ᠴᠢᠶᠠᠩ ᠡᠯ᠎ᠡ ᠠᠷᠠᠳᠴᠢᠯᠠᠭ᠍ᠰᠠᠨ ᠨᠠᠮ ᠪᠦᠯᠦᠭ᠎ᠦᠨ ᠲᠥᠪ ᠬᠣᠷᠢᠢ᠎ᠠ ᠪᠦᠬᠦ᠌ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢᠨ ᠬᠠᠷᠢᠭᠤᠴᠠᠯᠭᠠᠲᠠᠨ ᠪᠣᠯᠤᠨ ᠨᠠᠮ ᠪᠦᠯᠦᠭ᠎ᠦᠨ ᠪᠤᠰᠤ ᠬᠥᠮᠦᠰ᠎ᠦᠨ ᠲᠥᠯᠥᠭᠡᠯᠡᠭ᠌ᠴᠢᠳ᠎ᠦᠨ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠵᠠᠢ
2022-01-27 09:27:43
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠦᠨ ᠲᠤᠬᠠᠶ ᠰᠠᠨᠠᠯ ᠰᠠᠨᠠᠭᠤᠯᠭ᠎ᠠ᠎ᠶ᠋ᠢ ᠰᠣᠨᠣᠰᠪᠠ

ᠬᠠᠨ ᠵᠧᠩ ᠣᠷᠣᠯᠴᠠᠪᠠ

1 ᠰᠠᠷ᠎ᠠ᠎ᠶ᠋ᠢᠨ 25 ᠤ᠋ ᠡᠳᠦᠷ᠂ ᠨᠠᠮ᠎ᠤᠨ ᠲᠥᠪ ᠬᠣᠷᠢᠶᠠᠨ᠎ᠤ ᠤᠯᠤᠰ ᠲᠦᠷᠦ᠍᠎ᠶ᠋ᠢᠨ ᠲᠣᠪᠴᠢᠶᠠᠨ᠎ᠤ ᠪᠠᠢᠩᠭᠤ᠎ᠶ᠋ᠢᠨ ᠭᠡᠱᠢᠭᠦᠨ᠂ ᠲᠦᠷᠦ᠍᠎ᠶ᠋ᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢᠳ ᠯᠢ ᠺᠸ ᠴᠢᠶᠠᠩ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠵᠤ᠂ ᠡᠯ᠎ᠡ ᠠᠷᠠᠳᠴᠢᠯᠠᠭ᠍ᠰᠠᠨ ᠨᠠᠮ ᠪᠦᠯᠦᠭ᠎ᠦᠨ ᠲᠥᠪ ᠬᠣᠷᠢᠢ᠎ᠠ᠂ ᠪᠦᠬᠦ᠌ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢᠨ ᠬᠠᠷᠢᠭᠤᠴᠠᠯᠭᠠᠲᠠᠨ ᠪᠣᠯᠤᠨ ᠨᠠᠮ ᠪᠦᠯᠦᠭ᠎ᠦᠨ ᠪᠤᠰᠤ ᠬᠥᠮᠦᠰ ᠎ᠦᠨ ᠲᠥᠯᠥᠭᠡᠯᠡᠭ᠌ᠴᠢ᠎ᠶ᠋ᠢᠨ《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ (ᠰᠠᠨᠠᠯ ᠬᠤᠷᠢᠶᠠᠬᠤ ᠨᠤᠤᠷᠠᠭ)》 ᠤ᠋ᠨ ᠲᠤᠬᠠᠢ ᠰᠠᠨᠠᠯ ᠰᠠᠨᠠᠭᠤᠯᠭ᠎ᠠ᠎ᠶ᠋ᠢ ᠰᠣᠨᠣᠰᠪᠠ᠃

ᠨᠠᠮ᠎ᠤᠨ ᠲᠥᠪ ᠬᠣᠷᠢᠶᠠᠨ᠎ᠤ ᠤᠯᠤᠰ ᠲᠦᠷᠦ᠍᠎ᠶ᠋ᠢᠨ ᠲᠣᠪᠴᠢᠶᠠᠨ᠎ᠤ ᠪᠠᠢᠩᠭᠤ᠎ᠶ᠋ᠢᠨ ᠭᠡᠱᠢᠭᠦᠨ᠂ ᠲᠦᠷᠦ᠍᠎ᠶ᠋ᠢᠨ ᠶᠠᠪᠤᠳᠠᠯ᠎ᠤᠨ ᠬᠣᠷᠢᠶᠠᠨ᠎ᠤ ᠳᠡᠳ᠋ ᠶᠡᠷᠦᠩᠬᠡᠢ ᠰᠠᠢᠳ ᠬᠠᠨ ᠵᠧᠩ ᠣᠷᠣᠯᠴᠠᠪᠠ᠃

ᠯᠢ ᠺᠸ ᠴᠢᠶᠠᠩ᠂ ᠡᠯ᠎ᠡ ᠠᠷᠠᠳᠴᠢᠯᠠᠭ᠍ᠰᠠᠨ ᠨᠠᠮ ᠪᠦᠯᠦᠭ᠂ ᠪᠦᠬᠦ᠌ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ ᠪᠣᠯᠤᠨ ᠨᠠᠮ ᠪᠦᠯᠦᠭ᠎ᠦᠨ ᠪᠤᠰᠤ ᠬᠥᠮᠦᠰ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠰᠠᠨᠠᠯ ᠰᠠᠨᠠᠭᠤᠯᠭ᠎ᠠ ᠳᠤᠷᠠᠳᠭᠤ ᠪᠣᠯ ᠳᠤᠮᠳᠠᠳᠤ ᠤᠯᠤᠰ ᠎ᠤᠨ ᠡᠪ ᠬᠠᠮᠲᠤ ᠨᠠᠮ᠎ᠤᠨ ᠤᠳᠤᠷᠢᠳᠤᠭ᠍ᠰᠠᠨ ᠤᠯᠠᠨ ᠨᠠᠮ᠎ᠤᠨ ᠬᠠᠮᠲᠤᠷᠠᠨ ᠠᠵᠢᠯᠯᠠᠬᠤ ᠪᠠ ᠤᠯᠤᠰ ᠲᠦᠷᠦ᠍᠎ᠶ᠋ᠢᠨ ᠵᠥᠪᠯᠡᠯᠭᠡ ᠬᠢᠬᠦ᠌ ᠪᠠᠢᠭᠤᠯᠤᠯ᠎ᠦᠨ ᠴᠢᠬᠤᠯᠠ ᠢᠯᠡᠷᠡᠯ ᠮᠥᠨ᠂ ᠲᠦᠷᠦ᠍᠎ᠶ᠋ᠢᠨ ᠶᠠᠪᠤᠳᠠᠯ᠎ᠤᠨ ᠬᠣᠷᠢᠶᠠᠨ᠎ᠤ ᠠᠷᠠᠳᠴᠢᠯᠠᠯ᠎ᠢᠶᠠᠷ ᠬᠢᠨᠠᠯᠲᠠ ᠲᠠᠯᠪᠢᠬᠤ᠎ᠶ᠋ᠢ ᠬᠦᠯᠢᠶᠡᠬᠦ᠌ ᠴᠢᠬᠤᠯᠠ ᠲᠡᠰ ᠳᠠᠷᠠᠭᠠᠯᠠᠯ ᠮᠥᠨ᠂ ᠵᠠᠰᠠᠭ᠎ᠤᠨ ᠣᠷᠳᠣᠨ᠎ᠤ ᠱᠢᠨᠵᠢᠯᠡᠬᠦ᠌ ᠤᠬᠠᠭᠠᠨᠴᠢ᠎ᠪᠠᠷ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠂ ᠨᠡᠢᠭᠡᠮ᠎ᠦᠨ ᠬᠠᠮᠲᠤ᠎ᠶ᠋ᠢᠨ ᠲᠠᠨᠢᠯᠲᠠ ᠪᠣᠯᠤᠨ ᠠᠷᠠᠳ ᠲᠦᠮᠡᠨ᠎ᠦ ᠬᠦᠰᠡᠯ ᠰᠠᠨᠠᠭ᠎ᠠ᠎ᠶ᠋ᠢ ᠨᠡᠩ ᠰᠠᠢᠲᠤᠷ ᠢᠯᠡᠷᠡᠭᠦᠯᠬᠦ᠌᠎ᠳᠦ ᠠᠱᠢᠭ᠍ᠲᠠᠢ ᠶᠤᠮ ᠭᠡᠪᠡ᠃

ᠤᠯᠠᠨ᠎ᠢᠶᠠᠷ᠎ᠢᠶᠠᠨ᠂ ᠨᠢᠳᠤᠨᠤᠨ᠎ᠤ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠪᠠᠢᠳᠠᠯ ᠪᠣᠯᠤᠨ ᠠᠯᠢ ᠤᠯᠠᠨ ᠠᠶᠤᠯ ᠲᠦᠭ᠌ᠰᠢᠭᠦᠷᠢ ᠥᠷᠢᠰᠥᠯᠳᠦᠭᠡᠨ᠎ᠦ ᠡᠮᠦᠨ᠎ᠡ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠤᠯᠤᠰ ᠳᠠᠶᠠᠭᠠᠷ ᠪᠦᠯᠬᠦᠮᠳᠡᠨ ᠰᠡᠳᠭᠢᠯ ᠨᠢᠭᠡᠳᠴᠦ᠍᠂ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠵᠤ᠂ ᠠᠵᠤ ᠠᠬᠤᠢ ᠨᠡᠢᠭᠡᠮ᠎ᠦᠨ ᠬᠥᠭ᠌ᠵᠢᠯᠲᠡ ᠱᠢᠨ᠎ᠡ ᠴᠢᠬᠤᠯᠠ ᠶᠡᠬᠡ ᠠᠮᠵᠢᠯᠲᠠ ᠣᠯᠵᠤ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠦᠯᠦᠪᠵᠢᠭᠦᠯᠭᠡ ᠵᠢᠨ ᠰᠠᠢ᠌ᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠵᠦ᠂ ᠤᠯᠤᠭᠰᠠᠨ ᠦᠷ᠎ᠡ ᠪᠦᠲᠦᠮᠵᠢ ᠬᠢᠯᠪᠠᠷ ᠪᠤᠰᠤ ᠶᠤᠮ ᠭᠡᠵᠦ᠍ ᠦᠵᠡᠵᠡᠭᠡᠪᠡ᠃

ᠭᠣᠮᠢᠨᠳᠠᠩ᠎ᠤᠨ ᠬᠤᠪᠢᠰᠭᠠᠯᠲᠤ ᠬᠣᠷᠢᠶᠠᠨ᠎ᠤ ᠲᠥᠪ ᠬᠣᠷᠢᠶᠠᠨ᠎ᠤ ᠲᠡᠷᠢᠭᠦᠯᠡᠭ᠌ᠴᠢ ᠸᠠᠨ ᠧ ᠱᠢᠶᠠᠩ RCEP ᠵᠢ ᠬᠡᠷᠡᠭᠵᠢᠭᠦᠯᠵᠦ ᠥᠨᠳᠥᠷ ᠲᠦᠪᠱᠢᠨ ᠪᠦᠬᠦᠢ ᠭᠠᠳᠠᠭᠠᠳᠤ ᠨᠡᠭᠡᠭᠡᠯᠳᠠ᠎ᠳᠦ ᠬᠦᠴᠦᠨ ᠨᠡᠮᠡᠷᠢᠯᠡᠬᠦ᠌᠂ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠬᠤ ᠴᠢᠳᠠᠪᠤᠷᠢ᠎ᠪᠠᠨ ᠳᠡᠭᠡᠭ᠌ᠰᠢᠯᠡᠭᠦᠯᠬᠦ᠌ ᠵᠡᠷᠭᠡ᠎ᠶ᠋ᠢᠨ ᠲᠣᠭᠣᠷᠢᠨ᠎ᠳᠤ ᠦᠵᠡᠯᠲᠡ᠎ᠪᠡᠨ ᠶᠠᠷᠢᠪᠠ᠃ ᠳᠤᠮᠳᠠᠳᠤ ᠤᠯᠤᠰ᠎ᠤᠨ ᠠᠷᠠᠳᠴᠢᠯᠠᠭ᠍ᠰᠠᠨ ᠬᠣᠯᠪᠣᠭ᠎ᠠ᠎ᠶ᠋ᠢᠨ ᠲᠥᠪ ᠬᠣᠷᠢᠶᠠᠨ᠎ᠤ ᠲᠡᠷᠢᠭᠦᠯᠡᠭ᠌ᠴᠢ ᠳ᠋ᠢᠩ ᠵᠦᠩ ᠯᠢ ᠡᠨᠧᠷᠭᠢ᠎ᠶ᠋ᠢᠨ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢ ᠲᠡᠭᠦᠯᠳᠡᠷᠵᠢᠭᠦᠯᠬᠦ᠌᠂ ᠬᠤᠳᠠ ᠬᠥᠳᠡᠭᠡ᠎ᠶ᠋ᠢᠨ ᠲᠡᠦᠬᠡ ᠰᠣᠶᠣᠯ᠎ᠤᠨ ᠥᠪ᠎ᠦᠨ ᠬᠠᠮᠠᠭᠠᠯᠠᠯᠲᠠ᠎ᠶ᠋ᠢ ᠴᠢᠩᠭᠠᠳᠭᠠᠬᠤ ᠵᠡᠷᠭᠡ ᠲᠠᠯ᠎ᠠ ᠵᠢᠨ ᠲᠤᠬᠠᠢ ᠰᠠᠨᠠᠭᠤᠯᠭ᠎ᠠ ᠳᠤᠷᠠᠳᠪᠠ᠃ ᠠᠷᠠᠳᠴᠢᠯᠠᠯ᠎ᠢᠶᠠᠷ ᠤᠯᠤᠰ᠎ᠢᠶᠠᠨ ᠪᠠᠢᠭᠤᠯᠬᠤ ᠬᠤᠷᠠᠯ᠎ᠤᠨ ᠲᠥᠪ ᠬᠣᠷᠢᠶᠠᠨ᠎ᠤ ᠲᠡᠷᠢᠭᠦᠯᠡᠭ᠌ᠴᠢ ᠬᠤᠤ ᠮᠢᠩ ᠵᠢᠨ ᠡᠳ᠋᠎ᠦᠨ ᠬᠦᠴᠦᠨ᠎ᠤ ᠪᠠᠲᠤᠯᠠᠭ᠎ᠠ ᠵᠢ ᠨᠢᠭᠡᠳᠦᠯᠲᠡᠢ ᠲᠥᠯᠥᠪᠵᠢᠭᠦᠯᠵᠦ᠍ ᠠᠵᠤ ᠠᠬᠤᠢ᠎ᠶ᠋ᠢᠨ ᠲᠣᠭ᠍ᠲᠠᠭᠤᠨ ᠨᠡᠮᠡᠭ᠌ᠳᠡᠯ᠎ᠢ ᠪᠠᠲᠤᠯᠠᠬᠤ᠂ ᠠᠵᠤ᠎ᠠᠬᠤᠢᠯᠠᠯ᠎ᠢ᠎ᠬᠠᠪᠰᠤᠷᠤᠨ᠎ᠬᠦᠴᠢᠷᠳᠡᠯ᠎ᠢ ᠨᠢ ᠱᠢᠢᠳᠪᠦᠷᠢᠯᠡᠬᠦ᠌ ᠡᠷᠴᠢᠮ᠎ᠢᠶᠡᠨ ᠴᠢᠩᠭᠠᠷᠠᠭᠤᠯᠬᠤ ᠲᠤᠬᠠᠢ ᠪᠤᠳᠤᠯ᠎ᠢᠶᠠᠨ ᠶᠠᠷᠢᠪᠠ᠃ ᠠᠷᠠᠳᠴᠢᠯᠠᠯ᠎ᠢᠶᠠᠷ ᠠᠬᠢᠭᠤᠯᠬᠤ ᠬᠤᠷᠠᠯ᠎ᠤᠨ ᠲᠥᠪ ᠬᠣᠷᠢᠶᠠᠨ᠎ᠤ ᠲᠡᠷᠢᠭᠦᠯᠡᠭ᠌ᠴᠢ ᠼᠠᠢ ᠳ᠋ᠠ ᠹᠸᠩ ᠠᠷᠠᠳ᠎ᠤᠨ ᠠᠮᠢᠳᠤᠷᠠᠯ᠎ᠤᠨ ᠠᠵᠢᠯ᠎ᠢ ᠤᠯᠠᠨ ᠲᠠᠯ᠎ᠠ᠎ᠪᠠᠷ ᠨᠠᠷᠢᠯᠢᠭ ᠬᠢᠵᠦ᠍᠂ ᠭᠦᠢᠴᠡᠳ ᠠᠵᠢᠯ ᠣᠯᠭᠣᠯᠲᠠ᠎ᠶ᠋ᠢ ᠤᠯᠠᠨ ᠠᠷᠭ᠎ᠠ ᠵᠠᠮ᠎ᠢᠶᠠᠷ ᠠᠬᠢᠭᠤᠯᠬᠤ ᠰᠠᠨᠠᠭᠤᠯᠭ᠎ᠠ ᠲᠤᠷᠠᠳᠪᠠ᠃ ᠲᠠᠷᠢᠶᠠᠴᠢᠨ ᠠᠵᠢᠯᠴᠢᠨ᠎ᠤ ᠠᠷᠠᠳᠴᠢᠯᠠᠭ᠍ᠰᠠᠨ ᠨᠠᠮ᠎ᠤᠨ ᠲᠥᠪ ᠬᠣᠷᠢᠶᠠᠨ᠎ᠤ ᠲᠡᠷᠢᠭᠦᠯᠡᠭ᠌ᠴᠢ ᠴᠧᠨ ᠵᠦ᠍ ᠪᠦᠲᠦᠮᠵᠢᠲᠡᠢ ᠬᠡᠷᠡᠭ᠌ᠴᠡᠭᠡ᠎ᠶ᠋ᠢ ᠥᠷᠭᠡᠳᠭᠡᠬᠦ᠌᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠶ᠋ᠢ ᠪᠠᠢᠩᠭᠤᠵᠢᠭᠤᠯᠬᠤ᠎ᠶ᠋ᠢ ᠦᠷᠭᠦᠯᠵᠢᠯᠡᠨ ᠱᠢᠨᠵᠢᠯᠡᠬᠦ᠌ ᠤᠬᠠᠭᠠᠨᠴᠢ᠎ᠪᠠᠷ ᠤᠨᠤᠪᠴᠢᠲᠠᠢ ᠰᠠᠢᠲᠤᠷ ᠬᠢᠬᠦ᠌ ᠵᠡᠷᠭᠡ᠎ᠶ᠋ᠢᠨ ᠲᠣᠭᠣᠷᠢᠨ᠎ᠳᠤ ᠰᠠᠨᠠᠭᠤᠯᠭ᠎ᠠ ᠳᠤᠷᠠᠳᠪᠠ᠃ ᡁᠢᠭᠦ᠋ᠩᠳᠠᠩ ᠨᠠᠮ᠎ᠤᠨ ᠲᠥᠪ ᠬᠣᠷᠢᠶᠠᠨ᠎ᠤ ᠲᠡᠷᠢᠭᠦᠯᠡᠭ᠌ᠴᠢ ᠸᠠᠨ ᠭᠠᠩ ᠠᠵᠤ ᠠᠬᠤᠢᠯᠠᠯ᠎ᠤᠨ ᠢᠲᠡᠭᠡᠯ ᠪᠣᠯᠤᠨ ᠵᠠᠬ᠎ᠠ ᠳᠡᠯᠭᠡᠭᠦᠷ᠎ᠦᠨ ᠵᠢᠱ᠌ᠢᠯᠲᠡ᠎ᠶ᠋ᠢ ᠤᠯᠠᠮ ᠴᠢᠨᠠᠭ᠍ᠰᠢᠳᠠ ᠴᠢᠩᠭᠠᠳᠭᠠᠬᠤ᠂ ᠲᠣᠭᠠᠴᠢᠯᠠᠭ᠍ᠰᠠᠨ ᠠᠵᠤ ᠠᠬᠤᠢ᠎ᠶ᠋ᠢ ᠬᠥᠭ᠌ᠵᠢᠭᠦᠯᠬᠦ᠌ ᠵᠡᠷᠭᠡ ᠲᠠᠯ᠎ᠠ ᠵᠢᠨ ᠲᠤᠬᠠᠢ ᠰᠠᠨᠠᠭᠤᠯᠭ᠎ᠠ ᠳᠤᠷᠠᠳᠴᠠᠢ᠃ 《9·3》᠎ᠤ᠋ ᠡᠷᠳᠡᠮ ᠱᠢᠨᠵᠢᠯᠡᠭᠡᠨ᠎ᠦ ᠨᠡᠢᠭᠡᠮᠯᠢᠭ ᠎ᠦᠨ ᠲᠥᠪ ᠬᠣᠷᠢᠶᠠᠨ᠎ᠤ ᠲᠡᠷᠢᠭᠦᠯᠡᠭ᠌ᠴᠢ ᠦ᠋ ᠸᠧᠢ ᠬᠤᠸᠠ ᠡᠳ᠋᠎ᠦᠨ ᠵᠠᠰᠠᠭ᠎ᠤᠨ ᠪᠡᠯᠡ ᠮᠥᠩᠭᠥ᠎ᠶ᠋ᠢ ᠬᠡᠷᠡᠭ᠌ᠯᠡᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠂ ᠱᠢᠨ᠎ᠡ ᠪᠣᠬᠢᠷᠲᠤᠯ ᠪᠣᠳᠠᠰ᠎ᠢ ᠰᠡᠷᠭᠡᠢᠯᠡᠨ ᠡᠵᠡᠮᠳᠡᠬᠦ᠌ ᠬᠠᠮᠢᠶᠠᠷᠤᠯᠲᠠ᠎ᠶ᠋ᠢ ᠴᠢᠩᠭᠠᠳᠭᠠᠬᠤ ᠵᠡᠷᠭᠡ ᠲᠤᠬᠠᠢ ᠦᠵᠡᠯᠲᠡ᠎ᠪᠡᠨ ᠶᠠᠷᠢᠪᠠ᠃ ᠲᠠᠢᠸᠠᠨ᠎ᠤ ᠠᠷᠠᠳᠴᠢᠯᠠᠭᠰᠠᠨ ᠥᠪᠡᠷᠲᠡᠭᠡᠨ ᠵᠠᠰᠠᠬᠤ ᠬᠣᠯᠪᠣᠭ᠎ᠠ᠎ᠶ᠋ᠢᠨ ᠲᠥᠪ ᠬᠣᠷᠢᠶᠠᠨ᠎ᠤ ᠲᠡᠷᠢᠭᠦᠯᠡᠭ᠌ᠴᠢ ᠰᠤ᠌ ᠬᠤᠢ᠎ᠱᠢᠨᠵᠢᠯᠡᠬᠦ᠌᠎ᠤᠬᠠᠭᠠᠨ᠎ᠲᠸᠭᠨᠢᠭ᠎ᠮᠡᠷᠭᠡᠵᠢᠯ᠎ᠦᠨ ᠵᠠᠭᠤᠴᠢ ᠦᠢᠯᠡᠴᠢᠯᠡᠭᠡᠨ᠎ᠦ ᠲᠤᠰᠭᠠᠢᠵᠢᠭ᠍ᠰᠠᠨ ᠲᠦᠪᠱᠢᠨ᠎ᠢ ᠳᠡᠭᠡᠭ᠌ᠰᠢᠯᠡᠭᠦᠯᠵᠦ᠍᠂ ᠲᠠᠢᠸᠠᠨ ᠬᠤᠭᠤᠯᠠᠢ ᠵᠢᠨ ᠬᠣᠶᠠᠷ ᠬᠥᠪᠡᠭᠡᠨ᠎ᠦ ᠠᠵᠤ ᠠᠬᠤᠢ᠎ᠶ᠋ᠢᠨ ᠠᠭᠤᠰᠤᠯᠴᠠᠯ᠎ᠢ ᠤᠯᠠᠮ ᠴᠢᠨᠠᠭ᠍ᠰᠢᠳᠠ ᠲᠦᠷᠭᠡᠳᠭᠡᠬᠦ᠌ ᠶ᠋ᠢ ᠰᠠᠨᠠᠭᠤᠯᠪᠠ᠃ ᠪᠦᠬᠦ᠌ ᠤᠯᠤᠰ᠎ᠤᠨ ᠦᠢᠯᠡᠳᠪᠦᠷᠢ ᠬᠤᠳᠠᠯᠳᠤᠭᠠᠨ ᠤ᠋ ᠬᠤᠯᠪᠤᠭ᠎ᠠ ᠵᠢᠨ ᠲᠡᠷᠢᠭᠦᠯᠡᠭ᠌ᠴᠢ ᠭᠤᠤ ᠶᠦᠨ ᠯᠦᠩ ᠬᠣᠷᠸ᠎ᠠ᠎ᠡᠵᠡᠮᠰᠢᠯ᠎ᠲᠤᠬᠢᠷᠠᠭᠤᠯᠭ᠎ᠠ᠎ᠵᠢ᠎ᠲᠡᠭᠦᠯᠳᠡᠷᠵᠢᠭᠦᠯᠬᠦ᠌᠂᠎ᠠᠷᠠᠳ᠎ᠤᠨ ᠪᠡᠯᠡ ᠣᠷᠣᠭᠤᠯᠤᠯᠲᠠ᠎ᠶ᠋ᠢᠨ ᠦᠢᠯᠡᠳᠦᠯ᠎ᠢ ᠪᠠᠳᠠᠷᠠᠭᠤᠯᠬᠤ ᠵᠡᠷᠭᠡ ᠲᠠᠯ᠎ᠠ᠎ᠪᠠᠷ ᠦᠵᠡᠯᠲᠡ᠎ᠪᠡᠨ ᠶᠠᠷᠢᠪᠠ᠃ ᠨᠠᠮ ᠪᠦᠯᠦᠭ᠎ᠦᠨ ᠪᠤᠰᠤ ᠬᠥᠮᠦᠰ᠎ᠦᠨ ᠲᠥᠯᠥᠭᠡᠯᠡᠭ᠌ᠴᠢ ᠱᠤᠤ ᠹᠸᠩ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠠᠮᠢᠶᠠᠷᠤᠯᠲᠠ᠎ᠶ᠋ᠢᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠂ ᠬᠥᠳᠡᠭᠡ ᠲᠣᠰᠭᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ ᠵᠡᠷᠭᠡ ᠲᠠᠯ᠎ᠠ᠎ᠪᠠᠷ ᠰᠠᠨᠠᠭᠤᠯᠭ᠎ᠠ ᠳᠤᠷᠠᠳᠪᠠ᠃

ᠯᠢ ᠺᠸ ᠴᠢᠶᠠᠩ ᠡᠯ᠎ᠡ ᠠᠷᠠᠳᠴᠢᠯᠠᠭ᠍ᠰᠠᠨ ᠨᠠᠮ ᠪᠦᠯᠦᠭ᠂ ᠪᠦᠬᠦ᠌ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠂ ᠨᠠᠮ ᠪᠦᠯᠦᠭ᠎ᠦᠨ ᠪᠤᠰᠤ ᠬᠥᠮᠦᠰ᠎ᠦᠨ ᠤᠷᠳᠤ ᠬᠤᠭᠤᠴᠠᠭᠠᠨ᠎ᠤ ᠲᠤᠷᠰᠢ ᠵᠠᠰᠠᠭ᠎ᠤᠨ ᠣᠷᠳᠣᠨ᠎ᠤ ᠠᠵᠢᠯ᠎ᠢ ᠬᠠᠯᠠᠮᠵᠢᠯᠠᠨ ᠳᠡᠮᠵᠢᠭ᠌ᠰᠡᠨ᠎ᠳᠦ ᠲᠠᠯᠠᠷᠬᠠᠪᠠ᠃ ᠲᠡᠷᠡ᠂ ᠤᠯᠠᠨ᠎ᠤ ᠰᠠᠨᠠᠯ ᠰᠠᠨᠠᠭᠤᠯᠭ᠎ᠠ ᠬᠠᠨᠳᠤᠯᠭᠠᠲᠤ ᠴᠢᠨᠠᠷ᠎ᠢᠶᠠᠷ ᠴᠢᠩᠭ᠎ᠠ᠂ ᠮᠠᠰᠢ ᠦᠨ᠎ᠡ ᠦᠷᠳᠡᠭ᠎ᠲᠡᠶ ᠶᠤᠮ᠂ ᠢᠯᠡᠳᠭᠡᠯ᠎ᠳᠦ ᠰᠠᠢᠲᠤᠷ ᠵᠠᠰᠠᠪᠤᠷᠢ ᠣᠷᠣᠭᠤᠯᠬᠤ᠂ ᠡᠨᠡ ᠵᠢᠯ᠎ᠦᠨ ᠵᠠᠰᠠᠭ᠎ᠤᠨ ᠣᠷᠳᠣᠨ᠎ᠤ ᠠᠵᠢᠯ᠎ᠢ ᠰᠠᠢᠲᠤᠷ ᠬᠢᠬᠦ᠌᠎ᠳᠦ ᠮᠠᠰᠢ ᠶᠡᠬᠡ ᠬᠠᠪᠰᠤᠷᠤᠯᠭ᠎ᠠ ᠪᠤᠯᠬᠤ ᠪᠣᠯᠤᠨ᠎ᠠ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠨᠠᠷᠢᠨ ᠬᠢᠨᠠᠮᠠᠭᠠᠢ ᠰᠤᠳᠤᠯᠤᠨ ᠬᠡᠷᠡᠭ᠌ᠯᠡᠨ᠎ᠡ᠃ ᠡᠨᠡ ᠵᠢᠯ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠳᠣᠲᠣᠭᠠᠳᠤ ᠭᠠᠳᠠᠭᠠᠳᠤ᠎ᠶ᠋ᠢᠨ ᠣᠷᠴᠢᠨ ᠨᠥᠬᠥᠴᠡᠯ ᠲᠤᠢᠯ᠎ᠤᠨ ᠪᠤᠳᠤᠯᠢᠶᠠᠨᠲᠠᠢ ᠪᠠᠢᠨ᠎ᠠ᠂ ᠠᠵᠤ ᠠᠬᠤᠶ ᠱᠢᠨ᠎ᠡ ᠤᠷᠤᠭᠤᠳᠠᠬᠤ ᠳᠠᠷᠤᠯᠲᠠ᠎ᠳᠤ ᠲᠤᠯᠭᠠᠷᠠᠵᠤ ᠪᠠᠢᠨ᠎ᠠ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠬᠤ ᠵᠢ ᠪᠠᠷᠢᠮᠳᠠᠯᠠᠵᠤ᠂ ᠲᠣᠭ᠍ᠲᠠᠭᠤᠨ ᠤ᠋ ᠳᠤᠮᠳᠠ ᠤᠷᠤᠭᠰᠢᠯᠠᠨ ᠳᠠᠪᠰᠢᠬᠤ ᠵᠢ ᠪᠠᠷᠢᠮᠳᠠᠯᠠᠵᠤ᠂ ᠱᠢᠨ᠎ᠡ ᠬᠥᠭ᠌ᠵᠢᠯᠲᠡ᠎ᠶ᠋ᠢᠨ᠎ᠣᠢᠯᠠᠭᠠᠭ᠍ᠳᠠᠬᠤᠨ᠎ᠢ᠎ᠲᠤᠭᠤᠱᠢᠯᠠᠭᠤᠯᠵᠤ᠂᠎ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ᠂ 《ᠵᠢᠷᠭᠤᠭ᠎ᠠ ᠵᠢ ᠲᠤᠭᠳᠠᠪᠤᠷᠢᠵᠢᠭᠤᠯᠬᠤ》᠂ 《ᠵᠢᠷᠭᠤᠭ᠎ᠠ᠎ᠶ᠋ᠢ ᠪᠠᠲᠤᠯᠠᠬᠤ》 ᠵᠢᠨ ᠲᠤᠭᠤᠷᠢᠨ ᠳ᠋ᠤ ᠬᠣᠷᠸ᠎ᠠ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠬᠦ᠌ ᠡᠷᠴᠢᠮ᠎ᠢ ᠴᠢᠩᠭᠠᠷᠠᠭᠤᠯᠵᠤ᠂ ᠲᠣᠭ᠍ᠲᠠᠭᠤᠨ ᠨᠡᠮᠡᠭ᠌ᠳᠡᠯ᠎ᠢ ᠨᠠᠩ ᠲᠣᠪᠣᠢᠮ᠎ᠠ ᠪᠠᠢᠷᠢᠨ᠎ᠳᠤ ᠲᠠᠯᠪᠢᠵᠤ᠂ 《ᠶᠡᠬᠡ ᠤᠰᠤ᠎ᠪᠠᠷ ᠨᠡᠯᠦᠢᠯᠭᠡᠨ ᠤᠰᠤᠯᠠᠬᠤ》ᠡᠴᠡ ᠵᠠᠢᠯᠠᠰᠬᠢᠬᠦ ᠵᠢ ᠪᠠᠷᠢᠮᠳᠠᠯᠠᠵᠤ᠂ ᠣᠷᠣᠨ ᠵᠠᠶ᠎ᠶ᠋ᠢᠨ ᠡᠵᠡᠮᠰᠢᠯ ᠲᠤᠬᠢᠷᠠᠭᠤᠯᠭ᠎ᠠ᠂ ᠬᠠᠨᠳᠤᠯᠭ᠎ᠠ ᠲᠤᠭᠳᠠᠭᠠᠭᠰᠠᠨ ᠡᠵᠡᠮᠰᠢᠯ ᠲᠤᠬᠢᠷᠠᠭᠤᠯᠭ᠎ᠠ ᠵᠢ ᠴᠢᠬᠤᠯᠠᠴᠢᠯᠠᠵᠤ᠂ ᠬᠡᠪᠴᠢᠶᠡᠲᠦ ᠴᠢᠨᠠᠷᠲᠠᠶ ᠬᠠᠮ ᠬᠡᠯᠪᠡᠷᠢ᠎ᠶ᠋ᠢᠨ ᠭᠠᠢᠯᠢ ᠵᠢ ᠪᠠᠭᠠᠰᠬᠠᠵᠤ ᠰᠦᠶ᠋ᠳᠭᠡᠯ ᠢ᠋ ᠪᠠᠭᠤᠷᠠᠭᠤᠯᠬᠤ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠵᠤ᠂ ᠳᠤᠮᠳᠠ ᠪᠠᠭ᠎ᠠ ᠵᠢᠵᠢᠭ ᠠᠵᠤ ᠠᠬᠤᠢᠯᠠᠯ᠂ ᠬᠤᠪᠢ᠎ᠶ᠋ᠢᠨ ᠦᠢᠯᠡᠳᠪᠦᠷᠢ ᠬᠤᠳᠠᠯᠳᠤᠭᠠᠨ᠎ᠤ ᠡᠷᠦᠬᠡ ᠪᠠ ᠣᠨᠴᠠᠭᠠᠢ ᠬᠦᠴᠢᠷᠳᠡᠯ ᠲᠡᠶ ᠠᠵᠢᠯ ᠲᠥᠷᠥᠯ᠎ᠦᠨ ᠬᠦᠴᠢᠷᠳᠡᠯ᠎ᠢ ᠱᠢᠢᠳᠪᠦᠷᠢᠯᠡᠨ ᠬᠥᠭ᠌ᠵᠢᠬᠦᠯᠬᠦ ᠳ᠋ᠤ ᠤᠨᠢᠨ ᠳᠡᠭᠡᠷ᠎ᠠ ᠨᠢ ᠳᠡᠮᠵᠢᠯᠭᠡ ᠦᠭᠴᠤ᠂ ᠦᠢᠯᠡᠳᠬᠦ᠌ ᠦᠢᠯᠡᠰ᠎ᠦᠨ ᠰᠤᠳᠤᠯᠤᠨ ᠨᠡᠭᠡᠭᠡᠵᠦ᠍ ᠱᠢᠨ᠎ᠡ᠎ᠶ᠋ᠢ ᠡᠭᠦᠳᠬᠦ᠌᠎ᠶ᠋ᠢ ᠲᠡᠮᠵᠢᠵᠤ᠂ ᠵᠠᠬ᠎ᠠ ᠳᠡᠯᠭᠡᠭᠦᠷ᠎ᠦᠨ ᠢᠲᠡᠭᠡᠯ᠎ᠢ ᠬᠥᠪᠴᠢᠯᠡᠵᠤ᠂ ᠵᠠᠬ᠎ᠠ ᠳᠡᠯᠭᠡᠭᠦᠷ᠎ᠦᠨ ᠵᠢᠱ᠌ᠢᠯᠲᠡ᠎ᠶ᠋ᠢ ᠲᠣᠭ᠍ᠲᠠᠪᠤᠷᠢᠵᠢᠭᠤᠯᠵᠤ᠂ ᠥᠭᠡᠷᠡᠴᠢᠯᠡᠯᠲᠡ ᠨᠡᠭᠡᠭᠡᠯᠲᠡ᠎ᠶ᠋ᠢ ᠭᠦᠨᠵᠡᠭᠡᠢᠷᠡᠭᠦᠯᠵᠤ᠂ ᠵᠠᠬ᠎ᠠ ᠳᠡᠯᠭᠡᠭᠦᠷ ᠎ᠦᠨ ᠠᠮᠢᠵᠢᠷᠠᠯ ᠤ᠋ᠨ ᠬᠦᠴᠦᠨ᠎ᠪᠠ ᠬᠥᠭ᠌ᠵᠢᠯᠲᠡ᠎ᠶ᠋ᠢᠨ ᠳᠣᠲᠣᠭᠠᠳᠤ ᠬᠥᠳᠡᠯᠭᠡᠬᠦ᠌ ᠬᠦᠴᠦᠨ᠎ᠢ ᠦᠷᠭᠦᠯᠵᠢᠯᠡᠨ ᠴᠢᠩᠭᠠᠷᠠᠭᠤᠯᠵᠤ᠂ ᠬᠥᠭ᠌ᠵᠢᠯᠲᠡ᠎ᠶ᠋ᠢᠨ ᠳᠤᠮᠳᠠ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠵᠤ᠂ ᠬᠣᠷᠸ᠎ᠠ ᠠᠵᠤ ᠠᠬᠤᠶ᠎ᠶ᠋ᠢᠨ ᠶᠡᠬᠡ ᠲᠠᠯ᠎ᠠ᠎ᠶ᠋ᠢ ᠲᠣᠭ᠍ᠲᠠᠪᠤᠷᠢᠵᠢᠭᠤᠯᠵᠤ ᠂ ᠠᠵᠤ ᠠᠬᠤᠢ᠎ᠶ᠋ᠢᠨ ᠡᠷᠭᠢᠯᠳᠡ ᠵᠢ ᠢᠮᠠᠭ᠍ᠲᠠ ᠵᠦᠢ ᠵᠣᠬᠢᠰᠲᠠᠢ ᠬᠡᠪᠴᠢᠶᠠᠨ᠎ᠳᠤ ᠪᠠᠢᠯᠭᠠᠨ᠎ᠠ ᠭᠡᠵᠤ ᠬᠡᠯᠡᠵᠠᠢ᠃

ᠲᠦᠷᠦ᠍᠎ᠶ᠋ᠢᠨ ᠶᠠᠪᠤᠳᠠᠯ᠎ᠤᠨ ᠬᠣᠷᠢᠶᠠᠨ᠎ᠤ ᠳᠡᠳ᠋ ᠶᠡᠷᠦᠩᠬᠡᠢ ᠰᠠᠢᠳ ᠰᠦᠨ ᠴᠦᠨ ᠯᠠᠨ᠂ ᠬᠤ᠌ ᠴᠦᠨ ᠬᠤᠸᠠ᠂ ᠯᠢᠦ ᠾᠧ᠂ ᠲᠥᠪ᠎ᠦᠨ ᠨᠢᠭᠡᠳᠦᠮᠡᠯ ᠹᠷᠣᠨᠲ ᠤ᠋ᠨ ᠬᠡᠯᠲᠡᠰ᠎ᠦᠨ ᠳᠠᠷᠤᠭ᠎ᠠ ᠶᠢᠦ ᠴᠢᠤᠸᠠᠨ᠂ ᠲᠦᠷᠦ᠍᠎ᠶ᠋ᠢᠨ ᠶᠠᠪᠤᠳᠠᠯ᠎ᠤᠨ ᠭᠡᠱᠢᠭᠦᠨ ᠸᠧᠢ ᠹᠸᠩ ᠾᠧ᠂ ᠸᠠᠩ ᠶᠦᠩ᠂ ᠱᠢᠶᠤᠤ ᠵᠢᠶ᠍ᠸ᠂ ᠵᠤᠤ ᠺᠸ ᡁᠢ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠴᠧᠨ ᠱᠢᠶᠤᠤ ᠭᠤᠸᠠᠩ᠂ ᠵᠧᠩ ᠵᠢᠶᠠᠨ ᠪᠠᠩ᠂ ᠭᠦ᠋ ᠱᠧᠩ ᠽᠦ᠍᠂ ᠯᠢᠦ ᠱᠢᠨ ᠴᠧᠩ᠂ ᠾᠧ ᠸᠧᠢ᠂ ᠱᠤᠤ ᠬᠣᠩ ᠶᠠᠷᠢᠯᠴᠠᠬᠤ ᠬᠤᠷᠠᠯ᠎ᠳᠤ ᠣᠷᠣᠯᠴᠠᠪᠠ᠃ (ᠱᠢᠨᠬᠤᠸᠠ ᠬᠣᠷᠢᠶᠠᠨ᠎ᠤ ᠪᠡᠭᠡᠵᠢᠩ᠎ᠦᠨ 1ᠰᠠᠷ᠎ᠠ᠎ᠶ᠋ᠢᠨ 25 ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号