ᠰᠢᠨᠬᠤᠸᠠ ᠬᠤᠷᠢᠶᠠᠨ᠎ᠤ ᠪᠡᠭᠡᠵᠢᠩ᠎ᠤᠨ 1 ᠰᠠᠷ᠎ᠠ ᠵᠢᠨ 26 ᠤ᠋ ᠴᠠᠬᠢᠯᠭᠠᠨ
ᠮᠡᠳᠡᠭᠡ 1 ᠰᠠᠷ᠎ᠠ ᠵᠢᠨ 26 ᠤ᠋ ᠡᠳᠤᠷ᠂ ᠤᠯᠤᠰ᠎ᠤᠨ ᠲᠡᠷᠢᠬᠦᠯᠡᠭᠴᠢ
ᠰᠢ ᠵᠢᠨ ᠫᠢᠩ ᠠᠨᠭᠬᠠᠳᠤᠭᠠᠷ ᠬᠤᠭᠤᠴᠠᠭᠠᠨ᠎ᠤ ᠪᠦᠬᠦ ᠪᠦᠮᠪᠦᠷᠴᠡᠭ᠎ᠤᠨ ᠵᠠᠭᠤᠴᠢᠯᠠᠭᠤᠷ᠎ᠤᠨ ᠰᠢᠨ᠎ᠠ ᠵᠢ ᠡᠬᠦᠳᠬᠦ
ᠶᠠᠷᠢᠶᠠᠨ᠎ᠤ ᠲᠠᠪᠴᠠᠩ᠎ᠳᠤ ᠪᠠᠶᠠᠷ᠎ᠤᠨ ᠵᠠᠬᠢᠳᠠᠯ ᠢᠯᠡᠭᠡᠪᠡ᠃
ᠰᠢ ᠵᠢᠨ ᠫᠢᠩ᠂ 2022 ᠤᠨ᠎ᠤ ᠪᠡᠭᠡᠵᠢᠩ᠎ᠤᠨ ᠡᠪᠤᠯ᠎ᠤᠨ ᠤᠯᠠᠷᠢᠯ᠎ᠤᠨ ᠤᠯᠢᠮᠫᠢᠺ᠎ᠤᠨ
ᠲᠠᠮᠢᠷ᠎ᠤᠨ ᠴᠤᠬᠯᠠᠭᠠᠨ ᠤᠳᠠᠯ ᠦᠭᠡᠢ ᠡᠬᠢᠯᠡᠬᠦ ᠪᠤᠯᠤᠯ᠎ᠠ᠂ ᠲᠤᠮᠳᠠᠳᠤ ᠤᠯᠤᠰ ᠲᠠᠯᠠᠭᠡᠢ ᠳ᠋ᠠᠬᠢᠨ᠎ᠳᠤ ᠨᠢᠭᠡ ᠬᠤᠭᠤᠴᠠᠭᠠᠨ᠎ᠤ
ᠲᠦᠬᠦᠮ ᠲᠦᠳᠠ᠂ ᠠᠮᠤᠷ ᠲᠦᠪᠰᠢᠨ᠂ ᠭᠤᠢᠳᠠ ᠰᠠᠢᠬᠠᠨ ᠤᠯᠢᠮᠫᠢᠺ᠎ᠤᠨ ᠦᠪᠡᠳᠡᠭᠰᠢ ᠴᠤᠬᠯᠠᠭᠠᠨ᠎ᠢ ᠡᠷᠭᠦᠨ ᠪᠠᠷᠢᠬᠤ
ᠪᠤᠯᠤᠨ᠎ᠠ᠃ ᠲᠤᠰ ᠤᠳᠠᠭ᠎ᠠ ᠵᠢᠨ ᠶᠠᠷᠢᠶᠠᠨ᠎ᠤ ᠲᠠᠪᠴᠠᠩ ᠨᠢ 《ᠰᠢᠨᠵᠢᠯᠡᠬᠦ ᠤᠬᠠᠭᠠᠨ ᠲᠸᠭᠨᠢᠭ
ᠮᠡᠷᠭᠡᠵᠢᠯ᠎ᠤᠨ ᠡᠪᠤᠯ᠎ᠤᠨ ᠤᠯᠠᠷᠢᠯ᠎ᠤᠨ ᠤᠯᠢᠮᠫᠢᠺ᠎ᠤᠨ ᠲᠠᠮᠢᠷ᠎ᠤᠨ ᠴᠤᠬᠯᠠᠭᠠᠨ᠎ᠢ ᠬᠠᠮᠳᠤ ᠪᠡᠷ ᠡᠳ᠋ᠯᠡᠬᠦ》
ᠪᠡᠷ ᠭᠤᠤᠯ ᠰᠡᠳᠦᠪ ᠪᠤᠯᠭᠠᠵᠤ᠂ ᠬᠤᠷᠠᠯ᠎ᠳᠤ ᠤᠷᠤᠯᠴᠠᠬᠰᠡᠨ ᠵᠤᠴᠢᠳ᠎ᠢ ᠤᠶᠤᠨ ᠤᠬᠠᠭᠠᠨ
ᠵᠢᠡᠨ ᠲᠦᠪᠯᠡᠷᠡᠬᠦᠯᠤᠨ ᠬᠠᠮᠳᠤ ᠪᠡᠷ ᠵᠦᠪᠳᠡᠯᠴᠡᠵᠤ᠂ ᠰᠠᠨᠠᠯ ᠵᠢᠡᠨ ᠰᠤᠯᠢᠯᠴᠠᠨ ᠬᠤᠪᠢᠶᠠᠯᠴᠠᠵᠤ᠂ ᠮᠦᠰᠤ ᠴᠠᠰᠤᠨ᠎ᠤ
ᠲᠠᠮᠢᠷ᠎ᠤᠨ ᠬᠦᠳᠡᠯᠭᠡᠭᠡᠨ᠎ᠤ ᠦᠪᠡᠷᠮᠢᠴᠠ ᠲᠠᠳᠠᠬᠤ ᠬᠦᠴᠤᠨ᠎ᠢ ᠭᠤᠢᠳᠠ ᠰᠠᠢᠬᠠᠨ ᠢᠯᠡᠷᠡᠬᠦᠯᠬᠦ᠎ᠳᠤ ᠬᠦᠴᠤ ᠨᠠᠮᠠᠷᠢᠯᠠᠵᠤ᠂
ᠤᠯᠢᠮᠫᠢᠺ᠎ᠤᠨ ᠵᠤᠷᠢᠭ ᠰᠠᠨᠠᠭ᠎ᠠ ᠵᠢ ᠪᠠᠳᠠᠷᠠᠭᠤᠯᠵᠤ᠂ ᠤᠯᠢᠮᠫᠢᠺ᠎ᠤᠨ ᠡᠪᠤᠯ᠎ᠤᠨ ᠤᠯᠠᠷᠢᠯ᠎ᠤᠨ ᠲᠠᠮᠢᠷ᠎ᠤᠨ ᠬᠦᠳᠡᠯᠭᠡᠭᠡᠨ᠎ᠤ
ᠬᠦᠭᠵᠢᠯᠳᠠ ᠵᠢ ᠬᠠᠮᠳᠤ ᠪᠡᠷ ᠠᠬᠢᠭᠤᠯᠬᠤ ᠵᠢ ᠬᠦᠰᠡᠵᠤ ᠪᠠᠢᠨ᠎ᠠ ᠭᠡᠵᠤ ᠵᠢᠭᠠᠵᠤ ᠭᠠᠷᠭᠠᠪᠠ᠃
ᠠᠨᠭᠬᠠᠳᠤᠭᠠᠷ ᠬᠤᠭᠤᠴᠠᠭᠠᠨ᠎ᠤ ᠪᠦᠬᠦ ᠪᠦᠮᠪᠦᠷᠴᠡᠭ᠎ᠤᠨ ᠵᠠᠭᠤᠴᠢᠯᠠᠭᠤᠷ᠎ᠤᠨ
ᠰᠢᠨ᠎ᠠ ᠵᠢ ᠡᠬᠦᠳᠬᠦ ᠶᠠᠷᠢᠶᠠᠨ᠎ᠤ ᠲᠠᠪᠴᠠᠩ ᠲᠤᠰ ᠡᠳᠤᠷ ᠪᠡᠭᠡᠵᠢᠩ᠎ᠳᠤ ᠡᠬᠢᠯᠡᠵᠤ᠂ ᠲᠦᠪ᠎ᠤᠨ ᠷᠠᠳᠢᠣ᠋ ᠲᠸᠯᠸᠢᠰ᠎ᠤᠨ ᠶᠡᠷᠦᠡᠭᠭᠡᠢ ᠬᠤᠷᠢᠶ᠎ᠠ ᠡᠴᠡ ᠭᠤᠤᠯᠯᠡᠨ ᠡᠷᠬᠢᠯᠡᠪᠠ᠃
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635372
ᠢᠮᠧᠯ᠄tn@mgyxw.net 蒙ICP备10000005号