ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠤᠳᠤᠷᠢᠳᠭᠤ ᠳᠤᠭᠤᠢᠯᠠᠩ ᠬᠤᠷᠠᠯ ᠬᠤᠷᠠᠯᠳᠤᠭᠤᠯᠪᠠ
2022-01-27 09:51:49
ᠵᠣᠬᠢᠶᠠᠭ᠍ᠴᠢ᠄
ᠯᠢᠦ ᠱᠢᠶᠤᠤ ᠳ᠋ᠦᠩ
ᠣᠩᠱᠢᠭ᠍ᠰᠠᠨ ᠣᠳᠠᠭ᠎ᠠ᠄
★★★☆☆

1 ᠰᠠᠷ᠎ᠠ᠎ᠶ᠋ᠢᠨ 26 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠤᠳᠤᠷᠢᠳᠭᠤ ᠳᠤᠭᠤᠢᠯᠠᠩ ᠬᠤᠷᠠᠯ ᠬᠤᠷᠠᠯᠳᠤᠭᠤᠯᠵᠤ᠂ ᠤᠳᠤᠷᠢᠳᠭᠤ ᠳᠤᠭᠤᠢᠯᠠᠩ᠎ᠤᠨ 2021 ᠣᠨ᠎ᠤ ᠠᠵᠢᠯ᠎ᠤᠨ ᠳ᠋ᠦᠩᠨᠡᠯᠲᠡ ᠪᠣᠯᠤᠨ 2022 ᠣᠨ᠎ᠤ ᠠᠵᠢᠯ᠎ᠤᠨ ᠭᠣᠣᠯᠳᠠᠯᠭ᠎ᠠ᠎ᠶ᠋ᠢ ᠰᠤᠳᠤᠯᠵᠤ ᠬᠢᠨᠠᠨ ᠵᠥᠪᠯᠡᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠦᠵᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠤᠳᠤᠷᠢᠳᠭᠤ ᠳᠤᠭᠤᠢᠯᠠᠩ᠎ᠤᠨ ᠳᠠᠷᠤᠭ᠎ᠠ ᠱ᠌ᠢ ᠲᠠᠢ ᠹᠸᠩ ᠬᠤᠷᠠᠯ᠎ᠢ ᠡᠷᠬᠢᠯᠡᠪᠡ᠃

ᠤᠳᠤᠷᠢᠳᠭᠤ ᠳᠤᠭᠤᠢᠯᠠᠩ᠎ᠤᠨ ᠳᠡᠳ᠋ ᠳᠠᠷᠤᠭ᠎ᠠ ᠶᠠᠩ ᠸᠧᠢ ᠳ᠋ᠦᠩ᠂ ᠢᠦᠢ ᠯᠢ ᠱᠢᠨ ᠬᠤᠷᠠᠯ᠎ᠳᠤ ᠣᠷᠣᠯᠴᠠᠵᠠᠢ᠃

ᠬᠤᠷᠠᠯ ᠡᠴᠡ᠂ ᠥᠩᠭᠡᠷᠡᠭ᠌ᠰᠡᠨ ᠨᠢᠭᠡ ᠵᠢᠯ᠎ᠳᠦ ᠪᠥᠬᠥ᠌ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠶ ᠥᠷᠨᠢᠭᠦᠯᠵᠦ᠍᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠠᠯᠢ ᠣᠯᠠᠨ ᠲᠤᠰᠭᠠᠶ ᠴᠡᠭ᠌ᠴᠡᠯᠡᠨ ᠵᠠᠰᠠᠯᠲᠠ᠎ᠶ᠋ᠢ ᠦᠷᠭᠦᠯᠵᠢᠯᠡᠨ ᠠᠬᠢᠭᠤᠯᠵᠤ᠂ ᠶᠡᠬᠡ ᠬᠡᠮᠵᠢᠶᠡᠨ᠎ᠦ ᠪᠡᠷᠬᠡ ᠬᠠᠲᠠᠭᠤᠵᠢᠯᠲᠠᠶ ᠬᠦᠨᠳᠦ ᠨᠦᠰᠡᠷ ᠡᠭᠦᠷᠭᠡ᠎ᠶ᠋ᠢ ᠪᠡᠶᠡᠯᠡᠭᠦᠯᠵᠦ᠍᠂ ᠡᠯ᠎ᠡ ᠲᠠᠯ᠎ᠠ᠎ᠶ᠋ᠢᠨ ᠪᠠᠢᠭᠤᠯᠤᠯᠲᠠ᠎ᠶ᠋ᠢ ᠤᠯᠠᠮ ᠴᠢᠨᠠᠭ᠍ᠰᠢᠳᠠ ᠴᠢᠩᠭᠠᠳᠭᠠᠵᠤ᠂ ᠢᠯᠠᠩᠭᠤᠶ᠎ᠠ ᠤᠯᠤᠰ ᠲᠥᠷᠥ᠎ᠶ᠋ᠢᠨ ᠴᠢᠳᠠᠮᠵᠢ ᠪᠠ ᠵᠣᠬᠢᠶᠠᠨ ᠪᠠᠢᠭᠤᠯᠬᠤ ᠬᠦᠴᠦᠨ᠎ᠢ ᠱᠢᠨ᠎ᠡ ᠳᠡᠭᠡᠭ᠌ᠰᠢᠯᠡᠯᠲᠡ᠎ᠲᠡᠶ ᠪᠣᠯᠭᠠᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠰᠠᠢᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠬᠦ᠌᠎ᠶ᠋ᠢ ᠠᠬᠢᠭᠤᠯᠪᠠ ᠬᠡᠵᠥ ᠵᠢᠭᠠᠵᠥ ᠭᠠᠷᠭᠠᠪᠠ᠃

ᠬᠤᠷᠠᠯ᠎ᠡᠴᠡ᠂ ᠡᠨᠡ ᠵᠢᠯ ᠮᠠᠨ᠎ᠤ ᠨᠠᠮ ᠬᠣᠷᠢᠳᠤᠭᠠᠷ ᠶᠡᠬᠡ ᠬᠤᠷᠠᠯ᠎ᠢ ᠬᠤᠷᠠᠯᠳᠤᠭᠤᠯᠬᠤ ᠪᠥᠭᠡᠳ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠣᠷᠣᠨ ᠳᠠᠶᠠᠭᠠᠷ ᠵᠢᠡᠨ ᠪᠦᠬᠦ᠌ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠬᠤ ᠡᠬᠢᠯᠡᠯᠲᠡ᠎ᠶ᠋ᠢᠨ ᠵᠢᠯ ᠪᠣᠯᠤᠨ᠎ᠠ᠂ ᠡᠨᠡ ᠵᠢᠯ᠎ᠦᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠢ ᠰᠠᠢᠲᠤᠷ ᠬᠢᠬᠦ᠌ ᠨᠢ ᠶᠡᠷᠦ᠍ ᠪᠤᠰᠤ᠎ᠶ᠋ᠢᠨ ᠠᠴᠢ ᠬᠣᠯᠪᠣᠭ᠍ᠳᠠᠯ᠎ᠲᠠᠶ ᠶᠤᠮ᠃ ᠪᠥᠬᠥ᠌ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠤᠯᠤᠰ᠎ᠲᠥᠷᠥ᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠵᠦ᠍᠂ ᠤᠯᠤᠰ ᠲᠥᠷᠥ᠎ᠶ᠋ᠢᠨ ᠬᠠᠷᠢᠭᠤᠴᠠᠯᠭᠠᠲᠤ ᠰᠡᠳᠭᠢᠯᠭᠡ᠎ᠪᠡᠨ ᠴᠢᠩᠭᠠᠳᠭᠠᠵᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠵᠢᠨ ᠫᠢᠩ᠎ᠦᠨ ᠠᠷᠪᠠ ᠶᠢᠰᠦᠳᠦᠭᠡᠷ ᠬᠤᠭᠤᠴᠠᠭᠠᠨ᠎ᠤ ᠲᠥᠪ᠎ᠤ᠋ᠨ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠡᠯ᠎ᠡ ᠲᠠᠯ᠎ᠠ ᠡᠯ᠎ᠡ ᠬᠦᠷᠢᠶᠡᠨ᠎ᠦ ᠨᠠᠮ᠎ᠤᠨ ᠪᠠᠢᠭᠤᠯᠤᠯᠲᠠ᠎ᠶ᠋ᠢᠨ ᠠᠵᠢᠯ᠎ᠢ ᠯᠠᠪᠳᠠᠭᠤᠨ ᠪᠠᠲᠤᠲᠠᠶ ᠰᠠᠢᠲᠤᠷ ᠠᠳᠭᠤᠵᠤ᠂ ᠪᠥᠬᠥ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢᠨ ᠬᠥᠲᠥᠯᠥᠨ ᠳᠠᠭᠠᠭᠤᠯᠵᠤ ᠪᠠᠲᠤᠯᠠᠬᠤ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠨᠠᠮ᠎ᠤᠨ ᠪᠠᠢᠭᠤᠯᠤᠯᠲᠠ᠎ᠪᠠᠷ ᠬᠥᠭ᠌ᠵᠢᠯᠲᠡ᠎ᠶ᠋ᠢ ᠠᠬᠢᠭᠤᠯᠵᠤ᠂ ᠥᠭᠡᠷᠡᠴᠢᠯᠡᠯᠲᠡ᠎ᠶ᠋ᠢ ᠠᠬᠢᠭᠤᠯᠵᠤ᠂ ᠲᠣᠭ᠍ᠲᠠᠭᠤᠨ᠎ᠢ ᠠᠬᠢᠭᠤᠯᠬᠤ᠎ᠶᠢ ᠨᠡᠩ ᠰᠠᠢᠳᠤᠷ ᠠᠳᠬᠤᠵᠤ᠂ ᠥᠪᠥᠷ ᠮᠣᠩᠭᠣᠯ᠎ᠤᠨ ᠣᠳᠣᠬᠢᠴᠢᠯᠠᠯᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠬᠦ᠌᠎ᠳᠦ ᠪᠠᠲᠤ ᠴᠢᠩᠭ᠎ᠠ ᠪᠠᠲᠤᠯᠠᠭ᠎ᠠ ᠬᠠᠩᠭᠠᠵᠤ᠂ ᠱᠢᠯᠢᠳᠡᠭ ᠠᠮᠵᠢᠯᠲᠠ᠎ᠪᠠᠷ᠎ᠢᠶᠠᠨ ᠨᠠᠮ᠎ᠤᠨ ᠬᠣᠷᠢᠳᠤᠭᠠᠷ ᠶᠡᠬᠡ᠎ᠬᠤᠷᠠᠯ᠎ᠤᠨ᠎ᠠᠮᠵᠢᠯᠲᠠ᠎ᠲᠠᠶ᠎ᠬᠤᠷᠠᠯᠳᠤᠬᠤ᠎ᠶ᠋ᠢ᠎ᠤᠭ᠍ᠲᠤᠬᠤ᠎ᠬᠡᠷᠡᠭ᠌ᠲᠡᠶ᠎ᠭᠡᠵᠦ᠍᠎ᠵᠢᠭᠠᠵᠤ ᠭᠠᠷᠭᠠᠪᠠ᠃

ᠬᠤᠷᠠᠯ ᠡᠴᠡ᠂ ᠨᠠᠮ᠎ᠤᠨ ᠤᠯᠤᠰ ᠲᠥᠷᠥ᠎ᠶ᠋ᠢᠨ ᠪᠠᠢᠭᠤᠯᠤᠯᠲᠠ᠎ᠶ᠋ᠢ ᠢᠮᠠᠭ᠍ᠲᠠ ᠲᠡᠷᠢᠭᠦᠨ ᠪᠠᠢᠷᠢᠨ᠎ᠳᠤ ᠲᠠᠯᠪᠢᠵᠤ᠂ ᠤᠯᠤᠰ ᠲᠥᠷᠥ᠎ᠶ᠋ᠢᠨ ᠬᠥᠮᠦᠵᠢᠯ ᠪᠣᠯᠤᠨ ᠤᠯᠤᠰ ᠲᠥᠷᠥ᠎ᠶ᠋ᠢᠨ ᠤᠳᠤᠷᠢᠳᠤᠮᠵᠢ᠎ᠶ᠋ᠢ᠎ᠴᠢᠩᠭᠠᠳᠭᠠᠵᠤ᠂᠎ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠢ ᠶᠡᠷᠦᠮᠳᠡᠭᠴᠢᠯᠡᠬᠦ᠂ ᠲᠤᠷ᠎ᠠ ᠪᠠᠷ ᠲᠠᠯᠪᠢᠬᠤ᠂ ᠪᠣᠯᠬᠢᠴᠢᠯᠠᠬᠤ᠂ ᠠᠷᠠᠯᠵᠢᠶᠠᠯᠠᠬᠤ ᠵᠡᠷᠭᠡ ᠲᠣᠪᠣᠢᠮ᠎ᠠ ᠠᠰᠠᠭᠤᠳᠠᠯ᠎ᠢ ᠡᠷᠡᠰ ᠴᠡᠭ᠌ᠴᠡᠯᠡᠨ ᠵᠠᠰᠠᠵᠤ᠂ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ᠎ᠢ ᠬᠥᠮᠦᠵᠢᠭᠦᠯᠦᠨ ᠵᠢᠯᠣᠭᠣᠳᠴᠤ᠌ ᠪᠠᠢᠭᠠᠳ 《ᠬᠣᠶᠠᠷ᠎ᠢ ᠲᠣᠭ᠍ᠲᠠᠭᠠᠬᠤ》 ᠎ᠶ᠋ᠢ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》 ᠎ᠶ᠋ᠢ ᠡᠷᠡᠰ ᠪᠡᠶᠡᠯᠡᠭᠦᠯᠵᠦ᠍᠂ ᠡᠯ᠎ᠡ ᠵᠦᠶ᠋ᠯ᠎ᠦᠨ ᠠᠵᠢᠯ᠎ᠤᠨ ᠢᠮᠠᠭ᠍ᠲᠠ ᠵᠥᠪ ᠣᠨᠣᠪᠴᠢᠲᠠᠶ ᠤᠯᠤᠰ ᠲᠥᠷᠥ᠎ᠶ᠋ᠢᠨ ᠴᠢᠭ᠌ᠯᠡᠯ᠎ᠢᠶᠡᠷ ᠤᠷᠤᠭ᠍ᠰᠢᠯᠠᠬᠤ᠎ᠶ᠋ᠢ ᠪᠠᠲᠤᠯᠠᠬᠤ ᠬᠡᠷᠡᠭ᠌ᠲᠡᠶ᠃ ᠣᠨᠣᠯ᠎ᠢᠶᠠᠷ ᠵᠡᠪᠰᠡᠭ᠌ᠯᠡᠬᠦ᠌᠎ᠶ᠋ᠢ ᠴᠢᠩᠭᠠᠳᠭᠠᠵᠤ᠂ ᠣᠨᠣᠯ᠎ᠤᠨ ᠤᠬᠠᠮᠰᠠᠷ᠎ᠢᠶᠠᠨ ᠴᠢᠩᠭᠠᠳᠭᠠᠨ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ᠎ᠦᠵᠡᠯ ᠰᠠᠨᠠᠭ᠎ᠠ᠎ᠶ᠋ᠢ ᠰᠤᠷᠤᠯᠴᠠᠬᠤ᠎ᠶ᠋ᠢ ᠢᠮᠠᠭ᠍ᠲᠠ ᠴᠢᠬᠤᠯᠠ ᠶᠡᠬᠡ ᠤᠯᠤᠰ ᠲᠥᠷᠥ᠎ᠶ᠋ᠢᠨ ᠡᠭᠦᠷᠭᠡ ᠪᠣᠯᠭᠠᠨ ᠠᠳᠭᠤᠵᠤ᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ᠎ᠴᠢᠬᠤᠯᠠ᠎ᠶᠠᠷᠢᠶ᠎ᠠ᠎ᠴᠢᠬᠤᠯᠠ᠎ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠠᠵᠢᠯ᠎ᠢ ᠲᠠᠰᠤᠷᠠᠯᠲᠠ ᠥᠬᠡᠶ ᠭᠦᠨᠵᠡᠭᠡᠢᠷᠡᠭᠦᠯᠵᠦ᠍᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠪᠠᠢᠩᠭᠤᠵᠢᠭᠤᠯᠤᠨ ᠣᠷᠳᠣ ᠬᠤᠭᠤᠴᠠᠭ᠎ᠠ᠎ᠪᠠᠷ ᠪᠦᠲᠦᠮᠵᠢᠲᠡᠶ ᠰᠠᠢᠳᠤᠷ ᠠᠳᠭᠤᠵᠤ᠂ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ᠎ᠤᠨ ᠨᠠᠮ᠎ᠤᠨ ᠱᠢᠨ᠎ᠡ᠎ᠶ᠋ᠢ ᠡᠭᠦᠳᠬᠥ ᠣᠨᠣᠯ᠎ᠤᠨ ᠬᠠᠮᠤᠭ᠎ᠤᠨ ᠱᠢᠨ᠎ᠡ ᠦᠷ᠎ᠡ ᠪᠦᠲᠦᠭᠡᠯ᠎ᠢᠶᠡᠷ ᠲᠠᠷᠢᠬᠢ ᠲᠣᠯᠣᠭᠠᠶ᠎ᠪᠠᠨ ᠵᠡᠪᠰᠡᠭ᠌ᠯᠡᠵᠤ ᠦᠶ᠋ᠯᠡᠳᠦᠯᠭᠡ᠎ᠪᠡᠨ ᠵᠢᠯᠣᠭᠣᠳᠣᠭᠤᠯᠵᠤ ᠠᠵᠢᠯ᠎ᠢᠶᠠᠨ ᠠᠬᠢᠭᠤᠯᠬᠤ᠎ᠶ᠋ᠢ ᠠᠬᠢᠭᠤᠯᠬᠤ ᠬᠡᠷᠡᠭ᠌ᠲᠡᠶ᠃ ᠡᠯ᠎ᠡ ᠱᠠᠳᠤ ᠳᠠᠪᠬᠤᠷᠭ᠎ᠠ ᠡᠯ᠎ᠡ ᠬᠦᠷᠢᠶᠡᠨ᠎ᠦ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠪᠠᠢᠭᠤᠯᠤᠯᠳᠠ᠎ᠶ᠋ᠢ ᠴᠢᠩᠭᠠᠳᠬᠠᠬᠤ᠎ᠶᠢ ᠴᠢᠩᠭ᠎ᠠ ᠪᠣᠳᠠᠲᠠᠢ ᠠᠳᠬᠤᠵᠤ᠂ ᠢᠯᠠᠩᠭᠤᠶ᠎ᠠ ᠦᠨᠳᠦᠰᠦᠨ ᠱᠠᠳᠤ᠎ᠶ᠋ᠢ ᠶᠡᠬᠡ᠎ᠪᠡᠷ ᠠᠳᠭᠤᠬᠤ ᠢᠯᠡ ᠲᠣᠳᠣ ᠵᠢᠯᠤᠭᠤᠳᠤᠮᠵᠢ᠎ᠶ᠋ᠢ ᠪᠠᠲᠤ ᠪᠤᠢ ᠪᠣᠯᠭᠠᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠨᠢᠭᠡ ᠪᠦᠷᠢ᠎ᠶ᠋ᠢ ᠦᠨᠡᠨ ᠬᠦ᠌ ᠪᠠᠲᠤ ᠴᠢᠩᠭ᠎ᠠ ᠲᠠᠢ᠌ᠴᠢᠨ ᠪᠡᠬᠢᠯᠡᠯᠲᠡ ᠪᠣᠯᠭᠠᠨ ᠪᠠᠢᠭᠤᠯᠵᠤ᠂ ᠺᠠᠳ᠋ᠷ᠎ᠤᠨ ᠡᠩᠨᠡᠭᠡᠨ᠎ᠦ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠵᠤ᠂ ᠵᠠᠩᠭᠢᠯᠠᠭ᠎ᠠ᠎ᠶ᠋ᠢᠨ ᠴᠥᠭᠡᠨ ᠲᠣᠭᠠᠲᠠᠨ ᠪᠣᠯᠤᠨ ᠵᠠᠯᠠᠭᠤ ᠺᠠᠳ᠋ᠷ᠎ᠤᠨ ᠬᠠᠮᠢᠶᠠᠷᠤᠯᠲᠠ ᠬᠢᠨᠠᠯᠲᠠ᠎ᠶ᠋ᠢ ᠴᠢᠬᠤᠯᠠᠴᠢᠯᠠᠨ ᠰᠠᠢᠲᠤᠷ ᠠᠳᠭᠤᠵᠤ᠂ ᠴᠢᠳᠠᠪᠤᠷᠢᠲᠠᠨ᠎ᠢᠶᠠᠷ ᠣᠷᠣᠨ᠎ᠢᠶᠠᠨ ᠬᠦᠴᠦᠷᠬᠡᠭ᠌ᠵᠢᠭᠦᠯᠬᠦ᠌ ᠪᠠᠢᠯᠳᠤᠬᠤ ᠪᠤᠳᠤᠯᠭ᠎ᠠ᠎ᠶ᠋ᠢ ᠶᠡᠬᠡ᠎ᠪᠡᠷ ᠬᠡᠷᠡᠭ᠌ᠵᠢᠭᠦᠯᠵᠦ᠍᠂ ᠡᠯ᠎ᠡ ᠵᠦᠢᠯ᠎ᠦᠨ ᠠᠵᠢᠯ ᠦᠢᠯᠡᠰ᠎ᠦᠨ ᠬᠥᠭ᠌ᠵᠢᠯᠲᠡ᠎ᠳᠦ ᠪᠠᠲᠤ ᠴᠢᠩᠭ᠎ᠠ ᠬᠦᠴᠦᠳᠤ ᠲᠤᠯᠭᠠᠭᠤᠷᠢᠯᠠᠯ ᠪᠠ ᠪᠠᠲᠤᠯᠠᠭ᠎ᠠ ᠬᠠᠩᠭᠠᠬᠤ ᠬᠡᠷᠡᠭ᠌ᠲᠡᠢ᠃ 《ᠳᠥᠷᠪᠡᠨ ᠰᠤᠷᠲᠠᠯ》 ᠢ᠋ ᠴᠥᠬᠥᠷᠡᠰᠢ ᠥᠬᠡᠶ ᠵᠠᠯᠠᠷᠠᠭᠤᠯᠵᠤ ᠱᠢᠨ᠎ᠡ ᠰᠤᠷᠲᠠᠯ᠎ᠢ ᠪᠣᠶ ᠪᠣᠯᠭᠠᠵᠤ᠂ ᠡᠯ᠎ᠡ ᠲᠥᠷᠥᠯ᠎ᠦᠨ ᠴᠤᠬᠤᠢᠯᠲᠠ᠎ᠶ᠋ᠢᠨ ᠴᠢᠨᠠᠷᠲᠠᠶ᠂ ᠬᠡᠯᠪᠡᠷᠢᠯ᠎ᠦᠨ ᠴᠢᠨᠠᠷᠲᠠᠶ᠂ ᠳᠠᠯᠳᠠ ᠴᠢᠨᠠᠷᠲᠠᠶ ᠠᠰᠠᠭᠤᠳᠠᠯ᠎ᠢ ᠨᠢᠭ᠍ᠲᠠ ᠠᠩᠬᠠᠷᠤᠨ ᠳᠡᠭᠡᠳᠦ ᠬᠡᠮᠵᠢᠶᠡᠨ᠎ᠦ ᠰᠣᠨᠣᠷ ᠰᠡᠷᠡᠮᠵᠢ᠎ᠲᠡᠶ ᠪᠠᠢᠵᠤ᠂ ᠴᠤᠬᠤᠢᠭ᠍ᠰᠠᠨ ᠳᠠᠷᠤᠢ ᠳ᠋ᠤᠨᠢ ᠴᠣᠬᠢᠯᠳᠠ ᠦᠭᠴᠤ᠂ ᠭᠦᠨᠵᠡᠭᠡᠶ ᠪᠠᠢᠴᠠᠭᠠᠵᠤ ᠴᠢᠩᠭ᠎ᠠ ᠴᠣᠬᠢᠯᠲᠠ ᠥᠭ᠌ᠴᠦ᠂ ᠭᠤᠤᠯᠳᠠᠯᠭ᠎ᠠ᠎ᠲᠠᠶ ᠬᠦᠷᠢᠶ᠎ᠡ᠎ᠶ᠋ᠢ ᠴᠢᠩᠭ᠎ᠠ ᠠᠩᠬᠠᠷᠴᠤ᠌ ᠵᠠᠰᠠᠯᠳᠠ ᠵᠢ ᠬᠦᠨᠵᠡᠬᠡᠢᠷᠡᠬᠦᠯᠵᠥ᠂ ᠰᠤᠷᠲᠠᠯ᠎ᠤᠨ ᠪᠠᠢᠭᠤᠯᠤᠯᠲᠠ᠎ᠶ᠋ᠢᠨ ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠲᠠᠰᠤᠷᠠᠯᠲᠠ ᠥᠬᠡᠶ ᠪᠦᠷᠢᠨᠱᠢᠭᠦᠯᠦᠨ ᠲᠡᠭᠦᠯᠳᠡᠷᠵᠢᠭᠦᠯᠵᠦ᠍᠂᠎ᠰᠤᠷᠲᠠᠯ᠎ᠤᠨ᠎ᠪᠠᠢᠭᠤᠯᠤᠯᠲᠠ᠎ᠶ᠋ᠢᠨ᠎ᠰᠠᠢᠵᠢᠷᠠᠯᠲᠠ᠎ᠶ᠋ᠢ᠎ᠪᠥᠬᠥ᠌ ᠬᠦᠴᠦᠨ᠎ᠢᠶᠡᠷ᠎ᠢᠶᠡᠨ ᠠᠬᠢᠭᠤᠯᠬᠤ ᠬᠡᠷᠡᠭ᠌ᠲᠡᠶ᠃ ᠢᠯᠵᠠᠷᠠᠯ᠎ᠢ ᠡᠰᠡᠷᠭᠦᠴᠡᠬᠦ᠌ ᠲᠡᠮᠡᠴᠡᠯ᠎ᠢ ᠭᠤᠢᠪᠢᠰᠢ ᠦᠭᠡᠢ ᠭᠦᠨᠵᠡᠭᠡᠢᠷᠡᠭᠦᠯᠦᠨ᠂ ᠣᠳᠣᠬᠠᠨ᠎ᠤ ᠢᠯᠵᠠᠷᠠᠯ᠎ᠤᠨ ᠠᠶᠤᠯ ᠲᠦᠭ᠌ᠰᠢᠭᠦᠷᠢ᠎ᠶ᠋ᠢᠨ ᠴᠡᠭ᠎ᠢ ᠨᠠᠷᠢᠯᠢᠭ ᠣᠨᠣᠴᠠᠲᠠᠢ ᠰᠤᠳᠤᠯᠤᠨ ᠮᠠᠭᠠᠳᠯᠠᠵᠤ᠂ ᠨᠣᠶᠠᠨ ᠪᠠ ᠬᠤᠳᠠᠯᠳᠤᠭᠠᠴᠢᠨ ᠰᠥᠯᠪᠡᠭᠡᠯᠳᠦᠬᠦ᠌᠂ ᠠᠱᠢᠭ ᠲᠤᠰᠠ ᠳᠠᠮᠵᠢᠭᠤᠯᠤᠨ ᠬᠦᠷᠭᠡᠬᠦ᠌ ᠵᠡᠷᠭᠡ ᠰᠠᠬᠢᠯᠭ᠎ᠠ ᠪᠠᠲᠤ᠎ᠪᠠ ᠬᠠᠤᠯᠢ᠎ᠶ᠋ᠢ ᠵᠥᠷᠢᠴᠡᠭ᠌ᠰᠡᠨ ᠦᠢᠯᠡ ᠠᠵᠢᠯᠯᠠᠭ᠎ᠠ᠎ᠶ᠋ᠢ ᠴᠢᠩᠭ᠎ᠠ ᠪᠠᠢᠴᠠᠭᠠᠨ ᠱᠢᠢᠳᠪᠦᠷᠢᠯᠡᠵᠦ᠍᠂ ᠱᠢᠰᠲ᠋ᠧᠮᠲᠦ ᠴᠢᠨᠠᠷᠲᠠᠢ᠂ ᠣᠷᠣᠨ ᠪᠦᠰᠡ᠎ᠶ᠋ᠢᠨ ᠴᠢᠨᠠᠷᠲᠠᠢ ᠢᠯᠵᠠᠷᠠᠯ᠎ᠢ ᠲᠤᠢᠯᠪᠤᠷᠢᠲᠠᠢ ᠢᠯᠡᠴᠢᠯᠡᠨ᠂ ᠬᠡᠷᠡᠭ᠎ᠢᠶᠡᠷ ᠴᠡᠭᠴᠡᠯᠡᠨ ᠰᠠᠢᠵᠢᠷᠠᠭᠤᠯᠤᠯᠳᠠ᠎ᠶ᠋ᠢ ᠠᠬᠢᠭᠤᠯᠬᠤ᠂ ᠬᠡᠷᠡᠭ᠎ᠢᠶᠡᠷ ᠪᠠᠢᠭᠤᠯᠤᠯᠲᠠ᠎ᠶ᠋ᠢ ᠠᠬᠢᠭᠤᠯᠬᠤ᠂ ᠬᠡᠷᠡᠭ᠎ᠢᠶᠡᠷ ᠵᠠᠰᠠᠯᠲᠠ᠎ᠶ᠋ᠢ᠎ᠠᠬᠢᠭᠤᠯᠬᠤ᠎ᠶ᠋ᠢ ᠪᠠᠢᠩᠭᠤᠵᠢᠭᠤᠯᠵᠤ ᠳᠦᠷᠢᠮᠵᠢᠭᠦᠯᠬᠦ᠌᠎ᠶ᠋ᠢ ᠠᠬᠢᠭᠤᠯᠵᠤ᠂ 《ᠢᠯᠵᠠᠷᠠᠬᠤ ᠡᠴᠡ ᠵᠢᠷᠦᠬᠡᠱᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ᠎ᠶ᠋ᠢ ᠪᠤᠳᠤᠬᠤ ᠦᠭᠡᠢ》 ᠎ᠶ᠋ᠢ ᠨᠢᠭᠡ ᠴᠤᠬ᠍ᠴᠠᠵᠢᠭᠤᠯᠤᠨ ᠠᠬᠢᠭᠤᠯᠬᠤ ᠲᠥᠪᠯᠡᠷᠡᠩᠭᠦᠢ ᠦᠢᠯᠡᠳᠦᠯ᠎ᠢ ᠲᠠᠰᠤᠷᠠᠯᠳᠠ ᠦᠭᠡᠢ ᠪᠡᠬᠢᠵᠢᠭᠦᠯᠦᠨ ᠎ᠶᠡᠬᠡᠰᠭᠡᠬᠦ᠌ ᠎ᠬᠡᠷᠡᠭ᠌ᠲᠡᠢ᠃ ᠎ᠨᠠᠮ ᠎ᠤᠨ ᠎ᠲᠦᠷᠢᠮ ᠎ᠦᠨ ᠎ᠪᠠᠢᠭᠤᠯᠤᠯᠲᠠ ᠎ᠶ᠋ᠢ ᠭᠦᠨᠵᠡᠭᠡᠢᠷᠡᠭᠦᠯᠵᠦ᠍᠂ ᠲᠦᠷᠢᠮ᠎ᠦᠨ ᠬᠠᠩᠭᠠᠯᠭ᠎ᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠵᠦ᠍᠂ ᠲᠦᠷᠢᠮ᠎ᠦᠨ᠎ᠬᠡᠷᠡᠭ᠌ᠵᠢᠭᠦᠯᠦᠯᠲᠡ᠎ᠨᠠᠢᠳᠠᠪᠤᠷᠢᠵᠢᠭᠤᠯᠤᠯᠲᠠ᠎ᠶ᠋ᠢ ᠴᠢᠩᠭᠠᠳᠭᠠᠬᠤ᠎ᠶ᠋ᠢ ᠨᠡᠩ ᠲᠤᠪᠤᠢ᠌ᠮ᠎ᠠ ᠪᠠᠢᠷᠢᠨ᠎ᠳᠤ ᠲᠠᠯᠪᠢᠵᠤ᠂ ᠡᠯ᠎ᠡ ᠵᠦᠢᠯ᠎ᠦᠨ ᠲᠦᠷᠢᠮ᠎ᠢ ᠦᠨᠡᠨ ᠬᠦ᠌ ᠴᠢᠩᠭ᠎ᠠ ᠬᠡᠷᠡᠭᠵᠢᠭᠦᠯᠬᠦ ᠬᠡᠷᠡᠭ᠌ᠲᠡᠢ᠃᠎ᠡᠯ᠎ᠡ᠎ᠱᠠᠲᠤ᠎ᠡᠯ᠎ᠡ᠎ᠲᠠᠯ᠎ᠠ᠎ᠶ᠋ᠢᠨ᠎ᠬᠢᠨ᠎ᠤᠬᠠᠮᠰᠠᠷ᠎ᠡᠴᠡ᠎ᠪᠠᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠰᠠᠢᠲᠤᠷ ᠭᠦᠢᠴᠡᠳᠭᠡᠵᠦ᠍᠂ ᠨᠠᠮ᠎ᠢ ᠬᠠᠮᠢᠶᠠᠷᠴᠤ᠌ ᠨᠠᠮ᠎ᠢ᠎ᠵᠠᠰᠠᠬᠤ᠎ᠱᠢᠨ᠎ᠡ ᠦᠷ᠎ᠡ ᠪᠦᠲᠦᠮᠵᠢ᠎ᠪᠡᠷ ᠡᠯ᠎ᠡ ᠵᠦᠢᠯ᠎ᠦᠨ ᠦᠢᠯᠡᠰ᠎ᠦᠨ ᠱᠢᠨ᠎ᠡ ᠬᠥᠭ᠌ᠵᠢᠯᠲᠡ ᠵᠢ ᠪᠡᠶᠡᠯᠡᠬᠦᠯᠬᠦ ᠵᠢ ᠳᠠᠢᠴᠢᠯᠠᠬᠤ ᠬᠡᠷᠡᠭ᠌ᠲᠡᠢ ᠬᠡᠵᠥ ᠴᠢᠬᠤᠯᠠᠴᠢᠯᠠᠪᠠ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ᠎ᠤᠳᠤᠷᠢᠳᠭᠤ᠎ᠳᠤᠭᠤᠢᠯᠠᠩ᠎ᠤᠨ ᠪᠦᠷᠢᠯᠳᠦᠬᠦᠨ ᠬᠤᠷᠠᠯ᠎ᠳᠤ ᠣᠷᠣᠯᠴᠠᠵᠤ᠂ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠨᠥᠬᠥᠳ ᠬᠤᠷᠠᠯ᠎ᠳᠤ ᠰᠤᠯᠠ ᠣᠷᠣᠯᠴᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号