ᠪᠥᠬᠥ᠌ ᠣᠷᠣᠨ᠎ᠤ ᠢᠨᠲ᠋ᠧᠷ ᠰᠦᠯᠵᠢᠶᠡᠨ᠎ᠦ ᠮᠡᠳᠡᠭᠡ ᠵᠠᠩᠭᠢ᠎ᠶ᠋ᠢᠨ ᠠᠯᠪᠠᠨ ᠬᠡᠷ᠎ᠦᠨ ᠡᠷᠬᠢᠯᠡᠭ᠌ᠴᠢᠳ᠎ᠦᠨ ᠬᠤᠷᠠᠯ ᠬᠤᠷᠠᠯᠳᠤᠪᠠ
2022-01-27 09:56:40
ᠵᠣᠬᠢᠶᠠᠭ᠍ᠴᠢ᠄
ᠰᠦᠩ ᠱᠤᠸᠠᠩ ᠳᠠᠳᠤᠯᠭ᠎ᠠ᠎ᠶ᠋ᠢᠨ ᠰᠤᠷᠪᠤᠯᠵᠢᠯᠠᠭ᠍ᠴᠢ ᠯᠢ ᠴᠤᠤ ᠷᠠᠨ
ᠣᠩᠱᠢᠭ᠍ᠰᠠᠨ ᠣᠳᠠᠭ᠎ᠠ᠄
★★★☆☆

1 ᠰᠠᠷ᠎ᠠ᠎ᠶ᠋ᠢᠨ 26 ᠤ᠋ ᠡᠲᠦᠷ᠂ ᠪᠦᠬᠦ ᠣᠷᠣᠨ᠎ᠤ ᠢᠨᠲ᠋ᠸᠷ ᠰᠦᠯᠵᠢᠶᠡᠨ᠎ᠦ ᠮᠡᠳᠡᠭᠡ ᠵᠠᠩᠭᠢ᠎ᠶ᠋ᠢᠨ ᠠᠯᠪᠠᠨ ᠭᠡᠷ᠎ᠦᠨ ᠡᠷᠬᠢᠯᠡᠭ᠌ᠴᠢᠳ᠎ᠦᠨ ᠬᠤᠷᠠᠯ ᠬᠥᠬᠡᠬᠣᠲᠠ᠎ᠳᠤ ᠬᠤᠷᠠᠯᠳᠤᠪᠠ᠃ ᠬᠤᠷᠠᠯ᠎ᠲᠡᠭᠡᠷ᠎ᠠ ᠪᠥᠬᠥ᠌ ᠤᠯᠤᠰ᠎ᠤᠨ ᠢᠨᠲ᠋ᠧᠷ ᠰᠦᠯᠵᠢᠶᠡᠨ᠎ᠦ ᠮᠡᠳᠡᠭᠡ ᠵᠠᠩᠭᠢ᠎ᠶ᠋ᠢᠨ ᠠᠯᠪᠠᠨ ᠬᠡᠷ᠎ᠦᠨ ᠡᠷᠬᠢᠯᠡᠭ᠌ᠴᠢᠳ᠎ᠦᠨ ᠬᠤᠷᠠᠯ᠎ᠤᠨ ᠵᠣᠷᠢᠭ ᠰᠠᠨᠠᠭ᠎ᠠ ᠪᠣᠯᠤᠨ ᠪᠥᠬᠥ᠌ ᠣᠷᠣᠨ᠎ᠤ ᠤᠬᠠᠭᠤᠯᠬᠤ ᠬᠡᠯᠲᠡᠰ᠎ᠦᠨ ᠳᠠᠷᠤᠭ᠎ᠠ᠎ᠨᠠᠷ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ 2021 ᠣᠨ᠎ᠤ ᠪᠥᠬᠥ᠌ ᠣᠷᠣᠨ᠎ᠤ ᠢᠨᠲ᠋ᠧᠷ ᠰᠦᠯᠵᠢᠶᠡᠨ᠎ᠦ ᠮᠡᠳᠡᠭᠡ ᠵᠠᠩᠭᠢ᠎ᠶ᠋ᠢᠨ ᠠᠵᠢᠯ᠎ᠢ ᠡᠷᠭᠢᠴᠡᠭᠦᠯᠦᠨ ᠳ᠋ᠦᠩᠨᠡᠵᠦ᠍ 2022 ᠣᠨ᠎ᠤ ᠠᠵᠢᠯ᠎ᠢ ᠰᠤᠳᠤᠯᠤᠨ ᠪᠠᠢᠷᠢᠯᠠᠭᠤᠯᠪᠠ᠃

ᠬᠤᠷᠠᠯ᠎ᠡᠴᠡ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ ᠡᠷᠬᠢᠯᠡᠭ᠌ᠴᠢ ᠱ᠌ᠢ᠎ᠲᠡᠶ ᠹᠸᠩ ᠪᠦᠬᠦ᠌ ᠣᠷᠣᠨ᠎ᠤ ᠢᠨᠲ᠋ᠸᠷ ᠰᠦᠯᠵᠢᠶᠡᠨ᠎ᠦ ᠮᠡᠳᠡᠭᠡ ᠵᠠᠩᠭᠢ᠎ᠶ᠋ᠢᠨ ᠠᠵᠢᠯ᠎ᠳᠤ ᠴᠣᠬᠣᠯᠠᠪᠤᠷᠢ ᠥᠭ᠌ᠴᠡᠢ᠃

ᠱ᠌ᠢ ᠲᠠᠢ ᠹᠸᠩ ᠴᠣᠬᠣᠯᠠᠪᠤᠷᠢ᠎ᠳᠠᠭᠠᠨ ᠥᠩᠭᠡᠷᠡᠭ᠌ᠰᠡᠨ ᠨᠢᠭᠡ ᠵᠢᠯ᠎ᠳᠦ ᠪᠥᠬᠥ᠌ ᠣᠷᠣᠨ᠎ᠤ ᠢᠨᠲ᠋ᠧᠷ ᠰᠦᠯᠵᠢᠶᠡᠨ᠎ᠦ ᠮᠡᠳᠡᠭᠡ ᠵᠠᠩᠭᠢ᠎ᠶ᠋ᠢᠨ ᠱᠢᠰᠲ᠋ᠧᠮ᠎ᠤᠨ ᠬᠢᠨ ᠥᠪᠡᠷᠲᠡᠭᠡᠨ ᠵᠠᠰᠠᠬᠤ ᠣᠷᠣᠨ᠎ᠤ᠎ᠨᠠᠮ᠎ᠤᠨ᠎ᠬᠣᠷᠢᠶᠠᠨ᠎ᠤ ᠪᠠᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠭᠤᠤᠯᠳᠠᠯᠭ᠎ᠠ᠎ᠶ᠋ᠢᠨ ᠲᠣᠭᠣᠷᠢᠨ᠎ᠳᠤ᠂ ᠶᠡᠬᠡ ᠲᠠᠯ᠎ᠠ᠎ᠳᠤ ᠰᠠᠨᠠᠭᠠᠴᠢᠯᠠᠭ᠎ᠠ᠎ᠠᠴᠠ᠎ᠪᠠᠨ ᠦᠶ᠋ᠯᠡᠴᠢᠯᠡᠵᠦ᠍᠂ ᠰᠦᠯᠵᠢᠶᠡᠨ ᠳᠡᠭᠡᠷ᠎ᠡ ᠤᠬᠠᠭᠤᠯᠬᠤ᠂ ᠶᠠᠷᠢᠶ᠎ᠠ ᠬᠡᠯᠡᠯᠴᠡᠭᠡ᠎ᠶ᠋ᠢ ᠬᠥᠲᠥᠯᠥᠨ ᠵᠢᠯᠣᠭᠣᠳᠭᠤ᠂ ᠰᠦᠯᠵᠢᠶᠡᠨ᠎ᠦ ᠠᠮᠤᠷ ᠲᠦᠪᠱᠢᠨ ᠪᠠ ᠮᠡᠳᠡᠭᠡ ᠵᠠᠩᠬᠢᠵᠢᠯᠳᠠ᠎ᠶ᠋ᠢᠨ ᠪᠠᠢᠭᠤᠯᠤᠯᠲᠠ ᠵᠡᠷᠭᠡ ᠡᠯ᠎ᠡ ᠵᠦᠶ᠋ᠯ᠎ᠦᠨ ᠠᠵᠢᠯ ᠴᠥᠮ ᠱᠢᠨ᠎ᠡ ᠦᠷ᠎ᠡ ᠪᠦᠲᠦᠮᠵᠢ ᠤᠯᠵᠠᠢ᠃ ᠡᠨᠡ ᠵᠢᠯ ᠮᠠᠨ᠎ᠤ ᠨᠠᠮ ᠬᠣᠷᠢᠳᠤᠭᠠᠷ ᠶᠡᠬᠡ ᠬᠤᠷᠠᠯ᠎ᠢ ᠬᠤᠷᠠᠯᠳᠤᠭᠤᠯᠬᠤ ᠪᠣᠯᠤᠨ᠎ᠠ᠂ ᠢᠨᠲ᠋ᠸᠷ ᠰᠦᠯᠵᠢᠶᠡᠨ᠎ᠦ ᠮᠡᠳᠡᠭᠡ ᠵᠠᠩᠭᠢ᠎ᠶ᠋ᠢᠨ ᠠᠵᠢᠯ᠎ᠢ ᠰᠠᠢᠲᠤᠷ ᠬᠢᠬᠦ᠌ ᠨᠢ ᠴᠢᠬᠤᠯᠠ ᠶᠡᠬᠡ ᠠᠴᠢ ᠬᠣᠯᠪᠣᠭ᠍ᠳᠠᠯ᠎ᠲᠠᠶ᠂ ᠬᠠᠷᠢᠭᠤᠴᠠᠯᠭ᠎ᠠ ᠶᠡᠬᠡ ᠪᠠᠢᠨ᠎ᠠ᠃ ᠪᠥᠬᠥ᠌ ᠣᠷᠣᠨ᠎ᠤ ᠢᠨᠲ᠋ᠧᠷ ᠰᠦᠯᠵᠢᠶᠡᠨ᠎ᠦ ᠮᠡᠳᠡᠭᠡ ᠵᠠᠩᠭᠢ᠎ᠶ᠋ᠢᠨ ᠱᠢᠰᠲ᠋ᠧᠮ᠎ᠦᠨ᠎ᠬᠢᠨ ᠶᠡᠷᠦᠩᠬᠡᠶ ᠱᠦᠵᠢ ᠰᠢ ᠵᠢᠨ ᠫᠢᠩ᠎ᠦᠨ ᠰᠦᠯᠵᠢᠶᠡᠨ᠎ᠦ ᠬᠦᠴᠦᠷᠬᠡᠭ ᠤᠯᠤᠰ᠎ᠤᠨ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠤᠭᠲᠤᠬᠤ ᠦᠶ᠋ᠯᠡᠴᠢᠯᠡᠬᠦ ᠪᠠᠲᠤᠯᠠᠬᠤ ᠪᠠ ᠨᠠᠮ᠎ᠤᠨ ᠬᠣᠷᠢᠳᠤᠭᠠᠷ ᠶᠡᠬᠡ ᠬᠤᠷᠠᠯ᠎ᠢ ᠰᠤᠷᠤᠯᠴᠠᠬᠤ ᠤᠬᠠᠭᠤᠯᠬᠤ ᠲᠤᠭᠤᠱᠢᠯᠠᠭᠤᠯᠬᠤ ᠡᠨᠡ ᠬᠦ᠌ ᠭᠤᠤᠯ ᠱᠤᠭᠤᠮ ᠲᠠᠶ ᠨᠢᠭ᠍ᠲᠠ ᠤᠶᠠᠯᠳᠤᠭᠤᠯᠤᠨ᠂ ᠤᠯᠤᠰ ᠲᠥᠷᠥ᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠵᠦ᠍᠂ ᠦᠵᠡᠯ ᠰᠠᠨᠠᠭᠠᠨ᠎ᠤ ᠲᠣᠭ᠎ᠢ ᠥᠨᠳᠥᠷ ᠮᠠᠨᠳᠤᠭᠤᠯᠤᠨ᠂ ᠲᠡᠮᠡᠴᠡᠯ᠎ᠦᠨ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠡᠭᠦᠷᠭᠡ ᠬᠠᠷᠢᠭᠤᠴᠠᠯᠭ᠎ᠠ᠎ᠪᠠᠨ ᠦᠨᠡᠨᠴᠢ ᠱᠢᠳᠤᠷᠭᠤ᠎ᠪᠠᠷ ᠭᠦᠶ᠋ᠴᠡᠳᠭᠡᠵᠦ᠍᠂ ᠢᠨᠲ᠋ᠧᠷ ᠰᠦᠯᠵᠢᠶᠡᠨ᠎ᠦ ᠮᠡᠳᠡᠭᠡ ᠵᠠᠩᠭᠢ᠎ᠶ᠋ᠢᠨ ᠠᠵᠢᠯ᠎ᠤᠨ ᠴᠢᠨᠠᠷ ᠪᠠ ᠲᠦᠪᠱᠢᠨ᠎ᠢ ᠬᠦᠴᠦᠯᠡᠨ ᠳᠡᠭᠡᠭ᠌ᠰᠢᠯᠡᠭᠦᠯᠬᠦ᠌ ᠬᠡᠷᠡᠭ᠌ᠲᠡᠶ᠃ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠬᠦ᠌᠎ᠶ᠋ᠢ ᠪᠠᠷᠢᠮᠲᠠᠯᠠᠵᠤ᠂ ᠰᠦᠯᠵᠢᠶᠡᠨ ᠳᠡᠭᠡᠷᠡᠬᠢ ᠭᠣᠣᠯ ᠦᠵᠡᠯ ᠰᠠᠨᠠᠭ᠎ᠠ ᠶᠠᠷᠢᠶ᠎ᠠ ᠬᠡᠯᠡᠯᠴᠡᠭᠡ᠎ᠶ᠋ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠵᠦ᠍᠂ ᠰᠦᠯᠵᠢᠶᠡᠨ᠎ᠦ ᠶᠡᠷᠦᠩᠬᠡᠢᠯᠡᠭ᠌ᠰᠡᠨ ᠵᠠᠰᠠᠯᠲᠠ᠎ᠶ᠋ᠢ᠎ᠴᠢᠩᠭᠠᠳᠭᠠᠵᠤ᠂ ᠪᠠᠲᠤᠯᠠᠭ᠎ᠠ᠎ᠶ᠋ᠢᠨ ᠱᠢᠰᠲ᠋ᠧᠮ ᠪᠣᠯᠤᠨ ᠠᠷᠭᠠᠴᠠᠭᠠᠬᠤ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠰᠤᠷᠲᠠᠯ ᠴᠢᠬᠡᠴᠢ ᠣᠪᠣᠷ ᠲᠥᠪ ᠰᠦᠯᠵᠢᠶᠡᠨ᠎ᠦ ᠠᠮᠢ ᠠᠬᠤᠢ᠎ᠶ᠋ᠢ ᠪᠤᠢ ᠪᠣᠯᠭᠠᠵᠤ᠂ ᠰᠦᠯᠵᠢᠶᠡᠨ᠎ᠦ ᠠᠮᠤᠷ ᠲᠦᠪᠱᠢᠨ᠎ᠦ ᠬᠠᠯᠬᠠᠪᠴᠢ᠎ᠶ᠋ᠢ ᠪᠡᠬᠢᠵᠢᠭᠦᠯᠬᠦ᠌ ᠬᠡᠷᠡᠭ᠌ᠲᠡᠢ᠃ ᠮᠡᠳᠡᠭᠡ ᠵᠠᠩᠭᠢᠵᠢᠯᠲᠠ᠎ᠶ᠋ᠢᠨ ᠬᠥᠳᠡᠯᠭᠡᠭᠦᠷ᠎ᠦᠨ ᠬᠥᠲᠥᠯᠥᠨ ᠳᠠᠭᠠᠭᠤᠯᠬᠤ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠠᠵᠤ ᠠᠬᠤᠶ ᠨᠡᠢᠭᠡᠮ᠎ᠦᠨ ᠲᠣᠭᠠᠴᠢᠯᠠᠯᠳᠠ ᠲᠡᠢᠰᠢ ᠬᠡᠯᠪᠡᠷᠢ᠎ᠪᠡᠨ ᠬᠤᠪᠢᠷᠠᠭᠤᠯᠬᠤ ᠠᠯᠬᠤᠴᠠ᠎ᠶ᠋ᠢ ᠲᠦᠷᠭᠡᠨ ᠵᠢᠨᠷ ᠠᠬᠢᠭᠤᠯᠵᠤ᠂ ᠴᠢᠨᠠᠷ ᠰᠠᠢᠲᠠᠶ ᠬᠥᠭ᠌ᠵᠢᠯᠲᠡ᠎ᠳᠦ ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭ᠌ᠲᠡᠶ ᠭᠡᠵᠦ ᠵᠢᠭᠠᠵᠦ ᠭᠠᠷᠭᠠᠵᠠᠢ᠃

ᠬᠤᠷᠠᠯ᠎ᠠᠴᠠ᠂ 2022 ᠣᠨ᠎ᠤ ᠠᠵᠢᠯ᠎ᠢ ᠰᠠᠢᠲᠤᠷ ᠬᠢᠬᠦ ᠳ᠋ᠤ 《ᠬᠤᠶᠠᠷ᠎ᠢ ᠲᠤᠭᠳᠠᠭᠠᠬᠤ》ᠵᠢᠨ ᠰᠢᠢᠳᠪᠦᠷᠢᠯᠡᠭᠴᠢ ᠠᠴᠢ ᠬᠤᠯᠪᠤᠭᠳᠠᠯ᠎ᠢ ᠡᠷᠭᠡᠪᠰᠢ ᠬᠦᠨᠵᠡᠭᠡᠢ ᠤᠢᠯᠠᠭᠠᠵᠤ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ᠎ᠦᠵᠡᠯ ᠰᠠᠨᠠᠭ᠎ᠠ ᠢᠯᠠᠩᠭᠤᠶ᠎ᠠ ᠶᠡᠷᠦᠩᠬᠡᠢ ᠱᠦᠵᠢ ᠰᠢ ᠵᠢᠨ ᠫᠢᠩ᠎ᠦᠨ ᠰᠦᠯᠵᠢᠶᠡᠨ᠎ᠦ ᠬᠦᠴᠦᠷᠬᠡᠭ ᠤᠯᠤᠰ᠎ᠤᠨ ᠲᠤᠬᠠᠢ ᠴᠢᠬᠤᠯᠠ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠬᠤ ᠬᠡᠷᠡᠭ᠌ᠲᠡᠢ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶ᠎ᠠ ᠵᠢᠨ ᠤᠳᠠᠭ᠎ᠠ ᠪᠦᠷᠢ᠎ᠶ᠋ᠢᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠦ᠂ ᠨᠠᠮ ᠪᠠᠢᠭᠤᠯᠬᠤ ᠠᠭᠤᠤ ᠶᠡᠬᠡ ᠵᠣᠷᠢᠭ ᠰᠠᠨᠠᠭ᠎ᠠ᠎ᠶ᠋ᠢ ᠪᠠᠳᠠᠷᠠᠭᠤᠯᠤᠠ᠂ 《ᠳᠥᠷᠪᠡᠨ ᠤᠬᠠᠮᠰᠠᠷ》 ᠎ᠢ᠋ ᠴᠢᠩᠭᠠᠳᠬᠠᠠ᠂ 《ᠳᠥᠷᠪᠡᠨ ᠢᠲᠡᠭᠡᠯ》᠎ᠵᠢᠨᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》ᠶ᠋ᠢ ᠪᠡᠶᠡᠯᠡᠭᠦᠯᠵᠦ᠂ ᠡᠭᠦᠷᠭᠡ᠎ᠬᠠᠷᠠᠯᠲᠠ ᠪᠠ᠎ᠭᠤᠤᠯᠳᠠᠯᠭ᠎ᠠ᠎ᠲᠠᠶ ᠠᠵᠢᠯ ᠵᠢᠡᠨ ᠲᠣᠭ᠍ᠲᠠᠭᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠎ᠴᠡᠭᠡᠵᠢᠯᠡᠵᠦ᠂ ᠎ᠬᠠᠷᠢᠭᠤᠴᠠᠯᠭ᠎ᠠ ᠎ᠡᠭᠦᠷᠭᠡᠯᠡᠯ ᠎ᠢᠶᠡᠨ ᠎ᠴᠢᠩᠭᠠᠳᠭᠠᠠ᠂ ᠎ᠠᠵᠢᠯ᠎ᠤᠨ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠭᠤᠵᠦ᠂ ᠰᠦᠯᠵᠢᠶᠡᠨ᠎ᠦ ᠠᠮᠤᠷ ᠲᠦᠪᠱᠢᠨ ᠪᠠ ᠮᠡᠳᠡᠭᠡ ᠵᠠᠩᠭᠢᠵᠢᠯᠲᠠ᠎ᠶ᠋ᠢᠨ ᠡᠯ᠎ᠡ ᠵᠦᠢᠯ᠎ᠦᠨ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠂ ᠪᠥᠬᠥ᠌ ᠣᠷᠣᠨ᠎ᠤ 《ᠢᠨᠲ᠋ᠧᠷ ᠰᠦᠯᠵᠢᠶ᠎ᠡ᠎ᠶ᠋ᠢᠨ ᠮᠡᠳᠡᠭᠡ ᠵᠠᠩᠭᠢ᠎ᠶ᠋ᠢᠨ ᠠᠵᠢᠯ᠎ᠤᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠤᠨ》᠎ᠢ᠋ ᠨᠠᠢᠳᠠᠪᠤᠷᠢᠵᠢᠭᠤᠯᠬᠤ᠎ᠶ᠋ᠢ ᠠᠬᠢᠭᠤᠯᠵᠦ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠦ ᠬᠦᠴᠦᠲᠡᠢ ᠦᠢᠯᠡᠴᠢᠯᠡᠭᠡ ᠬᠠᠩᠭᠠᠵᠦ᠂ ᠲᠤᠯᠭᠠᠭᠤᠷᠢᠯᠠᠨ ᠪᠠᠲᠤᠯᠠᠵᠤ᠂ ᠱᠢᠯᠢᠳᠡᠭ ᠬᠢᠷᠢ ᠪᠦᠲᠦᠮᠵᠢ᠎ᠪᠡᠷ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠶ᠋ᠢ ᠤᠭ᠍ᠲᠤᠰᠤᠭᠠᠢ ! ᠭᠡᠵᠦ ᠴᠢᠬᠤᠯᠠᠴᠢᠯᠠᠪᠠ᠃

ᠬᠤᠷᠠᠯ᠎ᠢ ᠸᠢᠳᠢᠣ᠋ ᠬᠡᠯᠪᠡᠷᠢ᠎ᠪᠡᠷ ᠡᠯ᠎ᠡ ᠠᠢᠮᠠᠭ ᠬᠣᠲᠠ ᠬᠦᠷᠲᠡᠯ᠎ᠡ ᠬᠤᠷᠠᠯᠳᠤᠭᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号