ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠢ᠎ᠠ ᠵᠢᠨ ᠨᠢᠭᠡᠳᠦᠯᠲᠡᠢ ᠪᠠᠢᠷᠢᠯᠠᠭᠤᠯᠤᠯᠲᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠢ᠎ᠠ ᠵᠢᠨ ᠠᠮᠤ ᠪᠤᠳᠠᠭᠠᠨ ᠤ᠋ ᠠᠰᠠᠭᠤᠳᠠᠯ ᠳ᠋ᠦ᠍ ᠬᠣᠯᠪᠣᠭᠳᠠᠭᠰᠠᠨ ᠲᠤᠰᠭᠠᠢ ᠲᠣᠭᠣᠷᠢᠨ ᠪᠠᠢᠴᠠᠭᠠᠯᠳᠠ ᠵᠢᠨ ᠬᠠᠷᠢᠭᠤ ᠲᠤᠰᠭᠠᠬᠤ ᠠᠵᠢᠯᠢ ᠪᠦᠬᠦᠨᠢ ᠳᠠᠭᠤᠰᠬᠠᠪᠠ ᠃
2021 ᠣᠨ ᠤ᠋ 11 ᠰᠠᠷ᠎ᠠ ᠵᠢᠨ 16 ᠡᠴᠡ 12 ᠰᠠᠷ᠎ᠠ ᠵᠢᠨ 25 ᠤ᠋ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠢ᠎ᠠ ᠡᠴᠡ ᠲᠣᠭᠣᠷᠢᠨ ᠪᠠᠢᠴᠠᠭᠠᠬᠤ ᠳᠤᠭᠤᠢᠯᠠᠩ ᠲᠣᠮᠢᠯᠠᠵᠤ᠂ ᠥᠪᠡᠷᠲᠡᠭᠡᠨ ᠵᠠᠰᠠᠬᠤ ᠣᠷᠣᠨ ᠤ᠋ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠢ᠎ᠠ᠂ ᠥᠪᠥᠷ ᠮᠣᠩᠭᠣᠯ ᠤ᠋ᠨ ᠴᠠᠭᠠᠨ ᠰᠤᠪᠤᠷᠭ᠎ᠠ ᠤᠯᠤᠰ ᠤ᠋ᠨ ᠠᠮᠤ ᠪᠤᠳᠠᠭ᠎ᠠ ᠨᠥᠭᠡᠴᠡᠯᠡᠨ ᠱᠢᠯᠵᠢᠭᠦᠯᠬᠦ ᠬᠥᠮᠥᠷᠭᠡ ᠵᠢᠨ ᠬᠢᠵᠠᠭᠠᠷᠲᠤ ᠺᠣᠮᠫᠠᠨᠢ ᠳ᠋ᠦ᠍ ᠠᠮᠤ ᠪᠤᠳᠠᠭᠠᠨ ᠤ᠋ ᠠᠰᠠᠭᠤᠳᠠᠯ ᠳ᠋ᠦ᠍ ᠬᠣᠯᠪᠣᠭᠳᠠᠬᠤ ᠲᠤᠰᠭᠠᠢ ᠲᠣᠭᠣᠷᠢᠨ ᠪᠠᠢᠴᠠᠭᠠᠯᠲᠠ ᠥᠷᠨᠢᠭᠦᠯᠪᠡ; ᠥᠪᠥᠷ ᠮᠣᠩᠭᠣᠯ ᠤ᠋ᠨ ᠨᠥᠭᠡᠴᠡ ᠠᠮᠤ ᠪᠤᠳᠠᠭᠠᠨ ᠤ᠋ ᠬᠠᠮᠢᠶᠠᠷᠤᠯᠲᠠ ᠵᠢᠨ ᠬᠢᠵᠠᠭᠠᠷᠲᠤ ᠺᠣᠮᠫᠠᠨᠢ ᠵᠢᠴᠢ ᠲᠡᠭᠦᠨ ᠳ᠋ᠦ᠍ ᠬᠠᠷᠢᠶᠠᠯᠠᠭᠳᠠᠬᠤ ᠵᠢᠨ ᠯᠢᠶᠠᠩ ᠱᠢᠭᠤᠳ ᠬᠠᠷᠢᠶ᠎ᠠ ᠬᠥᠮᠥᠷᠭᠡ ᠳ᠋ᠦ᠍ ᠳᠡᠰ ᠳᠡᠪᠱᠢᠭᠦᠯᠬᠦ ᠪᠠ ᠴᠢᠨᠠᠭᠰᠢᠳᠠ ᠬᠦᠨᠵᠡᠬᠡᠢᠷᠡᠬᠦᠯᠬᠦ ᠲᠣᠭᠣᠷᠢᠨ ᠪᠠᠢᠴᠠᠭᠠᠯᠲᠠ ᠥᠷᠨᠢᠭᠦᠯᠪᠡ ᠃
2022 ᠣᠨ ᠤ᠋ 1 ᠰᠠᠷ᠎ᠠ ᠵᠢᠨ 24 ᠦ᠌ ᠡᠳᠦᠷ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠢ᠎ᠠ ᠵᠢᠨ ᠲᠣᠭᠣᠷᠢᠨ ᠪᠠᠢᠴᠠᠭᠠᠬᠤ ᠳᠤᠭᠤᠢᠯᠠᠩ ᠡᠴᠡ ᠲᠣᠭᠣᠷᠢᠨ ᠪᠠᠢᠴᠠᠭᠠᠯᠲᠠ ᠵᠢ ᠬᠦᠯᠢᠶᠡᠭᠰᠡᠨ ᠨᠢᠭᠡᠴᠢ ᠳ᠋ᠦ᠍ ᠠᠬᠤᠢ ᠲᠠᠯᠠᠪᠠᠢ ᠵᠢᠨ ᠬᠠᠷᠢᠭᠤ ᠲᠤᠰᠭᠠᠯ ᠬᠢᠵᠡᠢ᠃ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠵᠢᠨ ᠲᠣᠭᠣᠷᠢᠨ ᠪᠠᠢᠴᠠᠭᠠᠬᠤ ᠠᠵᠢᠯ ᠤ᠋ᠨ ᠤᠳᠤᠷᠢᠳᠬᠤ ᠳᠤᠭᠤᠢᠯᠠᠩ ᠤ᠋ᠨ ᠲᠣᠬᠢᠷᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠢ᠎ᠠ ᠵᠢᠨ ᠲᠣᠭᠣᠷᠢᠨ ᠪᠠᠢᠴᠠᠭᠠᠬᠤ ᠠᠵᠢᠯ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ᠋ ᠰᠠᠬᠢᠯᠭ᠎ᠠ ᠪᠠᠲᠤ ᠪᠠᠢᠴᠠᠭᠠᠬᠤ ᠬᠣᠷᠢᠢ᠎ᠠ ᠬᠢᠨᠠᠨ ᠪᠠᠢᠴᠠᠭᠠᠬᠤ ᠵᠥᠪᠯᠡᠯ ᠪᠣᠯᠤᠨ ᠨᠠᠮ ᠤ᠋ᠨ ᠬᠣᠷᠢᠢ᠎ᠠ ᠵᠢᠨ ᠲᠣᠭᠣᠷᠢᠨ ᠪᠠᠢᠴᠠᠭᠠᠬᠤ ᠠᠯᠪᠠᠨ ᠭᠡᠷ ᠤ᠋ᠨ ᠬᠣᠯᠪᠣᠭᠳᠠᠯ ᠪᠦᠬᠦᠢ ᠬᠠᠷᠢᠭᠤᠴᠠᠯᠭᠠᠲᠠᠨ ᠬᠠᠷᠢᠭᠤ ᠲᠤᠰᠭᠠᠬᠤ ᠬᠤᠷᠠᠯ ᠳ᠋ᠦ᠍ ᠣᠷᠣᠯᠴᠠᠵᠤ᠂ ᠠᠮᠤ ᠪᠤᠳᠠᠭᠠᠨ ᠤ᠋ ᠠᠰᠠᠭᠤᠳᠠᠯ ᠳ᠋ᠦ᠍ ᠬᠣᠯᠪᠣᠭᠳᠠᠭᠰᠠᠨ ᠲᠤᠰᠭᠠᠢ ᠲᠣᠭᠣᠷᠢᠨ ᠪᠠᠢᠴᠠᠭᠠᠯᠳᠠ ᠵᠢᠨ ᠬᠠᠷᠢᠭᠤ ᠮᠡᠳᠡᠭᠦᠯᠦᠯᠲᠡ ᠵᠢ ᠰᠣᠨᠣᠰᠬᠤ ᠦᠶ᠎ᠡ ᠵᠢᠨ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠢ᠎ᠠ ᠵᠢᠨ ᠱᠦᠵᠢ ᠱᠢᠲᠡᠢ ᠹᠧᠩ ᠨᠥᠬᠥᠷ ᠤ᠋ᠨ ᠶᠠᠷᠢᠶᠠᠨ ᠤ᠋ ᠵᠣᠷᠢᠭ ᠰᠠᠨᠠᠭ᠎ᠠ ᠵᠢ ᠤᠯᠠᠮᠵᠢᠯᠠᠵᠤ᠂ ᠲᠣᠭᠣᠷᠢᠨ ᠪᠠᠢᠴᠠᠭᠠᠯᠳᠠ ᠵᠢᠨ ᠴᠡᠭᠴᠡᠯᠡᠨ ᠰᠠᠢᠵᠢᠷᠠᠭᠤᠯᠬᠤ ᠠᠵᠢᠯ ᠢ᠋ ᠰᠠᠢᠲᠤᠷ ᠠᠳᠭᠤᠬᠤ ᠲᠤᠬᠠᠢ ᠱᠠᠭᠠᠷᠳᠠᠯᠭ᠎ᠠ ᠳᠤᠷᠠᠳᠪᠠ; ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠢ᠎ᠠ ᠵᠢᠨ ᠲᠣᠭᠣᠷᠢᠨ ᠪᠠᠢᠴᠠᠭᠠᠬᠤ ᠳᠤᠭᠤᠢᠯᠠᠩ ᠤ᠋ᠨ ᠳᠠᠷᠤᠭ᠎ᠠ ᠲᠣᠭᠣᠷᠢᠨ ᠪᠠᠢᠴᠠᠭᠠᠯᠲᠠ ᠵᠢ ᠬᠦᠯᠢᠶᠡᠭᠰᠡᠨ ᠨᠢᠭᠡᠴᠢ ᠵᠢᠨ ᠭᠣᠣᠯ ᠬᠠᠷᠢᠭᠤᠴᠠᠯᠭᠠᠲᠠᠨ ᠳ᠋ᠦ᠍ ᠲᠣᠭᠣᠷᠢᠨ ᠪᠠᠢᠴᠠᠭᠠᠭᠠᠳ ᠢᠯᠡᠷᠡᠭᠦᠯᠦᠭᠰᠡᠨ ᠭᠣᠣᠯ ᠠᠰᠠᠭᠤᠳᠠᠯ ᠢ᠋ ᠮᠡᠳᠡᠭᠳᠡᠭᠰᠡᠨ ᠪᠥᠭᠡᠳ ᠤᠳᠤᠷᠢᠳᠬᠤ ᠪᠠᠭ ᠲᠦ᠍ ᠲᠣᠭᠣᠷᠢᠨ ᠪᠠᠢᠴᠠᠭᠠᠭᠰᠠᠨ ᠪᠠᠢᠳᠠᠯ ᠵᠢᠨᠨ ᠬᠠᠷᠢᠭᠤ ᠲᠤᠰᠭᠠᠵᠠᠢ; ᠥᠪᠡᠷᠲᠡᠭᠡᠨ ᠵᠠᠰᠠᠬᠤ ᠣᠷᠣᠨ ᠤ᠋ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠤᠯᠤᠰ ᠤ᠋ᠨ ᠥᠮᠴᠢᠯᠡᠯᠤᠨ ᠡᠳ᠋ ᠬᠥᠷᠥᠩᠭᠡ ᠵᠢᠨ ᠬᠢᠨᠠᠯᠳᠠ ᠬᠠᠮᠢᠶᠠᠷᠤᠯᠲᠠ ᠵᠢᠨ ᠵᠥᠪᠯᠡᠯ ᠤ᠋ᠨ ᠬᠣᠯᠪᠣᠭᠳᠠᠯ ᠪᠦᠬᠦᠢ ᠬᠠᠷᠢᠭᠤᠴᠠᠯᠭᠠᠲᠠᠨ ᠨᠥᠬᠥᠳ ᠬᠤᠷᠠᠯ ᠡᠷᠬᠢᠯᠡᠨ ᠬᠤᠷᠠᠯᠳᠤᠭᠤᠯᠵᠤ ᠤᠳᠤᠷᠢᠳᠬᠤ ᠪᠠᠭ ᠲᠦ᠍ ᠬᠠᠷᠢᠭᠤ ᠲᠤᠰᠭᠠᠪᠠ;ᠲᠣᠭᠣᠷᠢᠨ ᠪᠠᠢᠴᠠᠭᠠᠯᠲᠠ ᠵᠢ ᠬᠦᠯᠢᠶᠡᠭᠰᠡᠨ ᠨᠢᠭᠡᠴᠢ ᠵᠢᠨ ᠭᠣᠣᠯ ᠬᠠᠷᠢᠭᠤᠴᠠᠯᠭᠠᠲᠠᠨ ᠲᠣᠭᠣᠷᠢᠨ ᠪᠠᠢᠴᠠᠭᠠᠵᠤ ᠴᠡᠭᠴᠡᠯᠡᠨ ᠰᠠᠢᠵᠢᠷᠠᠭᠤᠯᠬᠤ ᠠᠵᠢᠯ ᠢ᠋ ᠰᠠᠢᠲᠤᠷ ᠬᠢᠬᠦ ᠲᠤᠬᠠᠢ ᠣᠪᠣᠷ ᠵᠢᠨᠨ ᠢᠯᠡᠳᠭᠡᠭᠰᠡᠨ ᠪᠠᠢᠨ᠎ᠠ ᠃
ᠲᠣᠭᠣᠷᠢᠨ ᠪᠠᠢᠴᠠᠭᠠᠬᠤ ᠶᠠᠪᠤᠴᠠ ᠳ᠋ᠦ᠍᠂ ᠲᠣᠭᠣᠷᠢᠨ ᠪᠠᠢᠴᠠᠭᠠᠬᠤ ᠳᠤᠭᠤᠢᠯᠠᠩ ᠤ᠋ᠨ ᠢᠯᠡᠷᠡᠭᠦᠯᠦᠭᠰᠡᠨ ᠪᠠ ᠺᠠᠳ᠋ᠷ ᠣᠯᠠᠨ ᠲᠦᠮᠡᠨᠦ᠌ ᠲᠤᠰᠭᠠᠭᠰᠠᠨ ᠠᠰᠠᠭᠤᠳᠠᠯ ᠨᠢ ᠭᠣᠣᠯᠳᠠᠭᠤ᠄
ᠥᠪᠡᠷᠲᠡᠭᠡᠨ ᠵᠠᠰᠠᠬᠤ ᠣᠷᠣᠨ ᠤ᠋ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ ᠵᠢᠨ ᠨᠠᠮ ᠤ᠋ᠨ ᠤᠳᠤᠷᠢᠳᠬᠤ ᠳᠤᠭᠤᠢᠯᠠᠩ ᠠᠮᠤ ᠪᠤᠳᠠᠭᠠᠨ ᠤ᠋ ᠠᠮᠤᠷ ᠲᠦᠪᠱᠢᠨᠦ᠌ ᠴᠢᠬᠤᠯᠠ ᠶᠡᠬᠡ ᠱᠢᠢᠳᠪᠦᠷᠢᠲᠦ ᠪᠣᠳᠣᠯᠭ᠎ᠠ ᠵᠢᠨ ᠪᠠᠢᠷᠢᠯᠠᠭᠤᠯᠤᠯᠲᠠ ᠵᠢ ᠯᠠᠪᠳᠠᠭᠤᠨ ᠪᠠᠲᠤᠲᠠᠢ ᠲᠤᠭᠤᠰᠢᠯᠠᠭᠤᠯᠤᠭᠰᠠᠨ ᠥᠬᠡᠢ᠂ ᠶᠡᠷᠦᠩᠬᠡᠢ ᠱᠦᠵᠢ ᠱ᠋ᠢ ᠵᠢᠨ ᠫᠢᠩ ᠤ᠋ᠨ ᠠᠮᠤ ᠪᠤᠳᠠᠭᠠᠨ ᠤ᠋ ᠠᠮᠤᠷ ᠲᠦᠪᠱᠢᠨᠦ᠌ ᠲᠤᠬᠠᠢ ᠴᠢᠬᠤᠯᠠ ᠵᠢᠭᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠨᠠᠢᠳᠠᠪᠤᠷᠢᠵᠢᠭᠤᠯᠬᠤ ᠠᠵᠢᠯᠯᠠᠭ᠎ᠠ ᠤᠳᠠᠭᠠᠨ ᠪᠠᠢᠵᠤ᠂ ᠠᠮᠤ ᠪᠤᠳᠠᠭᠠᠨ ᠤ᠋ ᠨᠥᠭᠡᠴᠡᠯᠡᠯᠲᠡ ᠵᠢᠨ ᠪᠠᠢᠷᠢᠱᠢᠯ ᠵᠣᠬᠢᠰ ᠦᠭᠡᠢ᠂ ᠤᠯᠤᠰ ᠤ᠋ᠨ ᠥᠮᠴᠢᠯᠡᠯ ᠤ᠋ᠨ ᠠᠮᠤ ᠪᠤᠳᠠᠭᠠᠨ ᠤ᠋ ᠠᠵᠤ ᠠᠬᠤᠢᠯᠠᠯ ᠤ᠋ᠨ ᠭᠣᠣᠯ ᠪᠤᠯᠬᠤ ᠠᠷᠭ᠎ᠠ ᠵᠠᠮ ᠤ᠋ᠨ ᠦᠢᠯᠡᠳᠦᠯ ᠰᠤᠯᠠᠷᠠᠵᠤ᠂ ᠪᠠᠴᠢᠮ ᠪᠠᠢᠳᠠᠯ ᠢ᠋ ᠠᠷᠭᠠᠴᠠᠭᠠᠬᠤ ᠪᠣᠯᠪᠠᠰᠤᠷᠠᠭᠤᠯᠤᠭᠰᠠᠨ ᠠᠮᠤ ᠪᠤᠳᠠᠭᠠᠨ ᠤ᠋ ᠨᠥᠭᠡᠴᠡᠯᠡᠯᠲᠡ ᠵᠢᠨ ᠳᠤᠲᠠᠭᠳᠠᠯ ᠨᠡᠯᠢᠶᠡᠳ ᠶᠡᠬᠡ ᠪᠠᠢᠵᠤ᠂ ᠠᠮᠤ ᠪᠤᠳᠠᠭᠠᠨ ᠤ᠋ ᠠᠮᠤᠷ ᠲᠦᠪᠱᠢᠨ ᠢ᠋ ᠪᠠᠲᠤᠯᠠᠬᠤ ᠦᠢᠯᠡᠴᠢᠯᠡᠭᠡ ᠵᠢᠨ ᠦᠢᠯᠡᠳᠦᠯ ᠢ᠋ ᠭᠦᠢᠴᠡᠳ ᠪᠠᠳᠠᠷᠠᠭᠤᠯᠤᠭᠰᠠᠨ ᠦᠭᠡᠢ; ᠠᠮᠤ ᠪᠤᠳᠠᠭᠠᠨ ᠤ᠋ ᠱᠢᠰᠲ᠋ᠧᠮ ᠤ᠋ᠨ ᠪᠠᠢᠭᠤᠯᠤᠮᠵᠢ ᠵᠢᠨ ᠥᠭᠡᠷᠡᠴᠢᠯᠡᠯᠲᠡ ᠵᠢ ᠰᠠᠨᠠᠭᠠᠴᠢᠯᠠᠭ᠎ᠠ ᠡᠴᠡ ᠪᠠᠨ ᠨᠠᠢᠳᠠᠪᠤᠷᠢᠵᠢᠭᠤᠯᠬᠤ ᠠᠵᠢᠯᠯᠠᠭ᠎ᠠ ᠵᠥᠷᠢᠶ᠎ᠡ ᠲᠡᠢ ᠪᠠᠢᠬᠤ᠂ ᠲᠥᠷᠥ ᠵᠢᠨ ᠪᠣᠳᠣᠯᠭ᠎ᠠ ᠵᠢ ᠬᠡᠷᠡᠭᠵᠢᠭᠦᠯᠦᠭᠰᠡᠨ ᠨᠢ ᠵᠥᠷᠢᠶ᠎ᠡ ᠲᠡᠢ ᠪᠠᠢᠬᠤ᠂ ᠤᠯᠤᠰ ᠤ᠋ᠨ ᠥᠮᠴᠢᠯᠡᠯ ᠤ᠋ᠨ ᠡᠳ᠋ ᠬᠥᠷᠥᠩᠭᠡ ᠠᠯᠳᠠᠭᠳᠠᠬᠤ᠂ 《ᠤᠯᠤᠰ ᠤ᠋ᠨ ᠮᠠᠯᠠᠭᠠᠢ ᠵᠢ ᠵᠡᠭᠦᠭᠰᠡᠨ ᠠᠷᠠᠳᠤᠨ ᠡᠵᠡᠩᠨᠡᠯᠳᠡ ᠵᠢᠨ ᠠᠵᠤ ᠠᠬᠤᠢᠯᠠᠯ》ᠤ᠋ᠨ ᠠᠰᠠᠭᠤᠳᠠᠯ ᠳᠤᠪᠤᠢᠮ᠎ᠠ ᠪᠠᠢᠨ᠎ᠠ ; ᠠᠮᠤ ᠪᠤᠳᠠᠭᠠᠨ ᠤ᠋ ᠭᠣᠣᠯ ᠬᠠᠮᠢᠶᠠᠷᠤᠯᠲᠠ ᠵᠢᠨ ᠬᠢᠨᠠᠨ ᠬᠠᠮᠢᠶᠠᠷᠬᠤ ᠬᠠᠷᠢᠭᠤᠴᠠᠯᠭ᠎ᠠ ᠵᠢ ᠨᠠᠢᠳᠠᠪᠤᠷᠢᠵᠢᠭᠤᠯᠤᠭᠰᠠᠨ ᠵᠢᠨᠷ ᠬᠦᠷᠦᠯᠴᠡᠬᠦ ᠥᠬᠡᠢ᠂ ᠨᠥᠭᠡᠴᠡ ᠠᠮᠤ ᠪᠤᠳᠠᠭᠠᠨ ᠤ᠋ ᠬᠠᠮᠢᠶᠠᠷᠤᠯᠲᠠ ᠵᠢᠨ ᠡᠭᠦᠷᠭᠡ ᠴᠢᠳᠠᠪᠤᠷᠢ ᠵᠢ ᠭᠦᠢᠴᠡᠳᠭᠡᠭᠰᠡᠨ ᠲᠠᠯ᠎ᠠ ᠪᠠᠷ ᠵᠥᠷᠢᠶ᠎ᠡ ᠲᠡᠢ ᠪᠠᠢᠬᠤ᠂ ᠨᠥᠭᠡᠴᠡᠯᠡᠬᠦ ᠭᠦᠢᠴᠡᠳᠭᠡᠯ ᠲᠣᠭ᠎ᠠ ᠵᠢ ᠳᠤᠷ᠎ᠠ ᠪᠠᠷ ᠵᠢᠨᠨ ᠬᠤᠪᠢᠶᠠᠷᠢᠯᠠᠬᠤ᠂ ᠡᠭᠡᠯᠵᠢᠯᠡᠨ ᠰᠣᠯᠢᠬᠤ ᠲᠥᠯᠥᠪᠯᠡᠭᠡ ᠵᠢ ᠳᠤᠷ᠎ᠠ ᠪᠠᠷ ᠵᠢᠨᠨ ᠬᠡᠷᠡᠭᠵᠢᠭᠦᠯᠬᠦ᠂ ᠲᠣᠭᠲᠠᠭᠠᠯ ᠡᠴᠡ ᠵᠥᠷᠢᠴᠡᠨ ᠡᠭᠡᠯᠵᠢᠯᠡᠨ ᠰᠣᠯᠢᠬᠤ᠂ ᠬᠠᠮᠢᠶᠠᠷᠤᠯᠲᠠ ᠡᠵᠡᠮᠳᠡᠯ ᠴᠢᠩᠭ᠎ᠠ ᠪᠢᠰᠢ᠂ ᠬᠢᠨᠠᠨ ᠬᠠᠮᠢᠶᠠᠷᠬᠤ ᠳ᠋ᠦ᠍ ᠬᠦᠴᠦᠨ ᠮᠡᠬᠦᠰᠳᠡᠵᠤ ᠪᠠᠢᠭ᠎ᠠ ᠵᠡᠷᠭᠡ ᠠᠰᠠᠭᠤᠳᠠᠯ ᠳᠣᠪᠣᠢᠮ᠎ᠠ ᠣᠷᠣᠱᠢᠵᠤ ᠪᠠᠢᠨ᠎ᠠ; ᠠᠮᠤ ᠪᠤᠳᠠᠭᠠᠨ ᠤ᠋ ᠶᠠᠰᠤ ᠴᠢᠨᠠᠷ ᠤ᠋ᠨ ᠬᠠᠮᠢᠶᠠᠷᠤᠯᠲᠠ ᠡᠵᠡᠮᠳᠡᠯ ᠬᠦᠷᠦᠯᠴᠡᠬᠦ ᠥᠬᠡᠢ᠂ ᠬᠢᠨᠠᠨ ᠪᠠᠢᠴᠠᠭᠠᠯᠲᠠ ᠪᠠ ᠠᠮᠤᠷ ᠲᠦᠪᠱᠢᠨᠦ᠌ ᠬᠢᠨᠠᠨ ᠬᠠᠮᠢᠶᠠᠷᠤᠯᠲᠠ ᠴᠢᠩᠭ᠎ᠠ ᠪᠣᠳᠠᠲᠠᠢ ᠪᠢᠱᠢ ᠂ ᠶᠠᠰᠤ ᠴᠢᠨᠠᠷ ᠤ᠋ᠨ ᠪᠣᠭᠣᠮᠲᠠ ᠵᠢ ᠰᠠᠬᠢᠭᠰᠠᠨ ᠨᠢ ᠰᠤᠯᠠ ᠂ ᠪᠡᠯᠡ ᠮᠥᠩᠭᠥᠨᠦ᠌ ᠲᠦᠭᠱᠢᠭᠦᠷᠢ ᠶᠡᠬᠡ᠂ ᠬᠥᠮᠥᠷᠭᠡᠯᠡᠨ ᠬᠠᠳᠠᠭᠠᠯᠠᠬᠤ ᠬᠠᠮᠢᠶᠠᠷᠤᠯᠲᠠ ᠠᠨᠠᠢ ᠵᠡᠷᠭᠡ ᠠᠰᠠᠭᠤᠳᠠᠯ ᠳᠣᠪᠣᠢᠮ᠎ᠠ ᠪᠠᠢᠨ᠎ᠠ; ᠠᠮᠤ ᠪᠤᠳᠠᠭᠠᠨ ᠤ᠋ ᠲᠥᠷᠥ ᠵᠢᠨ ᠪᠣᠳᠣᠯᠭ᠎ᠠ ᠵᠢ ᠨᠠᠢᠳᠠᠪᠤᠷᠢᠵᠢᠭᠤᠯᠬᠤ ᠬᠠᠷᠢᠭᠤᠴᠠᠯᠭ᠎ᠠ ᠵᠢ ᠬᠡᠷᠡᠭᠵᠢᠭᠦᠯᠬᠦ ᠲᠠᠯ᠎ᠠ ᠪᠠᠷ ᠲᠡᠢᠮᠦ ᠬᠦᠴᠦᠲᠡᠢ ᠪᠢᠱᠢ᠂ ᠬᠤᠳᠠᠯᠳᠤᠨ ᠠᠪᠬᠤ ᠪᠠ ᠡᠭᠡᠯᠵᠢᠯᠡᠨ ᠰᠣᠯᠢᠬᠤ ᠲᠠᠯ᠎ᠠ ᠪᠠᠷ ᠵᠢᠷᠤᠮᠵᠢᠯ ᠦᠬᠡᠢ᠂ ᠨᠥᠬᠥᠪᠥᠷᠢ ᠵᠢᠨ ᠪᠡᠯᠡ ᠮᠥᠩᠭᠥ ᠵᠢ ᠬᠠᠤᠯᠢ ᠪᠤᠰᠤ ᠪᠡᠷ ᠠᠪᠬᠤ᠂ ᠲᠣᠭᠲᠠᠭᠠᠯ ᠡᠴᠡ ᠵᠥᠷᠢᠴᠡᠨ ᠡᠵᠡᠩᠨᠡᠯᠲᠡ ᠬᠢᠵᠦ ᠪᠡᠯᠡ ᠣᠷᠣᠭᠤᠯᠬᠤ ᠵᠡᠷᠭᠡ ᠠᠰᠠᠭᠤᠳᠠᠯ ᠣᠷᠣᠱᠢᠵᠤ ᠪᠠᠢᠨ᠎ᠠ ᠃
ᠥᠪᠥᠷ ᠮᠣᠩᠭᠣᠯ ᠤ᠋ᠨ ᠴᠠᠭᠠᠨ ᠰᠤᠪᠤᠷᠭ᠎ᠠ ᠤᠯᠤᠰ ᠤ᠋ᠨ ᠠᠮᠤ ᠪᠤᠳᠠᠭ᠎ᠠ ᠨᠥᠭᠡᠴᠡᠯᠡᠨ ᠱᠢᠯᠵᠢᠭᠦᠯᠬᠦ ᠬᠥᠮᠥᠷᠭᠡ ᠵᠢᠨ ᠬᠢᠵᠠᠭᠠᠷᠲᠤ ᠺᠣᠮᠫᠠᠨᠢ ᠵᠢᠨ ᠨᠠᠮ ᠤ᠋ᠨ ᠤᠳᠤᠷᠢᠳᠤᠯᠭ᠎ᠠ ᠰᠤᠯᠠᠷᠠᠵᠤ ᠂ ᠨᠠᠮ ᠤ᠋ᠨ ᠪᠠᠢᠭᠤᠯᠤᠯᠲᠠ ᠳᠤᠲᠠᠭᠳᠠᠨ᠂ 《ᠬᠣᠶᠠᠷ ᠢ᠋ ᠬᠠᠮᠠᠭᠠᠯᠠᠬᠤ》ᠵᠢ ᠦᠢᠯᠡᠳᠦᠯᠭᠡᠵᠢᠭᠦᠯᠬᠦ ᠲᠠᠯ᠎ᠠ ᠪᠡᠷ ᠵᠥᠷᠢᠢᠡ ᠲᠡᠢ ᠪᠠᠢᠵᠤ᠂ ᠤᠯᠤᠰ ᠲᠥᠷᠥ ᠵᠢᠨ ᠤᠬᠠᠮᠰᠠᠷ ᠪᠠᠭᠤᠷᠠᠢ ᠂ ᠶᠣᠰᠣ ᠳᠦᠷᠢᠮ ᠤ᠋ᠨ ᠤᠬᠠᠮᠰᠠᠷ ᠴᠢᠩᠭ᠎ᠠ ᠪᠢᠱᠢ; ᠠᠮᠤ ᠪᠤᠳᠠᠭ᠎ᠠ ᠬᠤᠳᠠᠯᠳᠤᠨ ᠠᠪᠬᠤ ᠭᠤᠭᠴᠤᠭ᠎ᠠ ᠵᠢᠨ ᠠᠰᠠᠭᠤᠳᠠᠯ ᠳᠣᠪᠣᠢᠮ᠎ᠠ ᠪᠠᠢᠵᠤ᠂ 《ᠡᠷᠬᠢᠯᠳᠡ ᠵᠢᠨ ᠠᠮᠤ ᠪᠤᠳᠠᠭ᠎ᠠ》 ᠵᠢᠨ ᠠᠰᠠᠭᠤᠳᠠᠯ ᠪᠠᠢᠨ ᠳᠠᠬᠢᠨ ᠡᠭᠦᠰᠴᠦ᠂ ᠠᠮᠤ ᠪᠤᠳᠠᠭ᠎ᠠ ᠵᠢᠨ ᠵᠣᠭᠣᠰ ᠮᠥᠩᠭᠥ ᠵᠢ ᠬᠤᠪᠢ ᠪᠠᠷ ᠵᠢᠨᠨ ᠬᠠᠳᠠᠭᠠᠯᠠᠬᠤ᠂ ᠲᠥᠷᠥ ᠵᠢᠨ ᠪᠣᠳᠣᠯᠭ᠎ᠠ ᠵᠢᠨ ᠴᠢᠨᠠᠷᠲᠠᠢ ᠠᠮᠤ ᠪᠤᠳᠠᠭᠠᠨ ᠤ᠋ ᠳᠠᠩᠰᠠ ᠬᠠᠷ᠎ᠠ ᠵᠢᠨ ᠬᠠᠮᠢᠶᠠᠷᠤᠯᠲᠠ ᠵᠢᠷᠤᠮᠵᠢᠯ ᠥᠬᠡᠢ ᠪᠠᠢᠬᠤ ᠵᠡᠷᠭᠡ ᠠᠰᠠᠭᠤᠳᠠᠯ ᠣᠷᠣᠱᠢᠵᠤ ᠪᠠᠢᠨ᠎ᠠ; ᠠᠮᠤ ᠪᠤᠳᠠᠭ᠎ᠠ ᠵᠢ ᠪᠤᠷᠤᠯᠠᠭᠤᠯᠵᠤ ᠬᠥᠮᠥᠷᠭᠡ ᠡᠴᠡ ᠭᠠᠷᠭᠠᠬᠤ ᠲᠠᠯ᠎ᠠ ᠪᠡᠷ ᠳᠤᠷ᠎ᠠ ᠵᠢᠨ ᠴᠢᠨᠠᠷ ᠵᠢᠨᠷ ᠶᠡᠬᠡ᠂ ᠬᠥᠮᠥᠷᠭᠡ ᠡᠴᠡ ᠭᠠᠷᠭᠠᠬᠤ ᠰᠦᠢᠳᠭᠡᠯ ᠢ᠋ ᠬᠤᠷᠢᠶᠠᠬᠤ ᠨᠢ ᠡᠮᠬᠢ ᠵᠠᠮᠪᠠᠷᠠᠭ᠎ᠠ ᠦᠭᠡᠢ ᠪᠠᠢᠵᠤ᠂ ᠠᠮᠤ ᠪᠤᠳᠠᠭᠠᠨ ᠤ᠋ ᠤᠰᠤᠨ ᠤ᠋ ᠠᠭᠤᠯᠤᠭᠳᠠᠴᠠ ᠵᠢ ᠳᠤᠷ᠎ᠠ ᠪᠠᠷ ᠵᠢᠨᠨ ᠲᠣᠭᠲᠠᠭᠠᠨ᠂《ᠪᠦᠷᠢᠳᠬᠡᠯ ᠤ᠋ᠨ ᠤᠯᠵᠠᠪᠤᠷᠢ ᠠᠮᠤ ᠪᠤᠳᠠᠭ᠎ᠠ》ᠵᠢᠨ ᠠᠰᠠᠭᠤᠳᠠᠯ ᠳᠣᠪᠣᠢᠮ᠎ᠠ ᠣᠷᠣᠱᠢᠵᠤ ᠪᠠᠢᠨ᠎ᠠ; ᠠᠮᠤ ᠪᠤᠳᠠᠭ᠎ᠠ ᠬᠠᠳᠠᠭᠠᠯᠠᠬᠤ ᠭᠤᠭᠴᠤᠭ᠎ᠠ ᠵᠢᠨ ᠠᠰᠠᠭᠤᠳᠠᠯ ᠣᠯᠠᠨ ᠭᠠᠷᠴᠤ᠂ ᠤᠷᠲᠤ ᠬᠤᠭᠤᠴᠠᠭ᠎ᠠ ᠪᠠᠷ ᠬᠡᠮᠵᠢᠶ᠎ᠡ ᠡᠴᠡ ᠬᠡᠲᠦᠷᠡᠭᠦᠯᠦᠨ ᠠᠮᠤ ᠪᠤᠳᠠᠭ᠎ᠠ ᠬᠦᠮᠦᠷᠬᠡᠯᠡᠵᠤ᠂ ᠬᠥᠮᠥᠷᠭᠡᠯᠡᠨ ᠬᠠᠳᠠᠭᠠᠯᠠᠬᠤ ᠬᠠᠮᠢᠶᠠᠷᠤᠯᠲᠠ ᠮᠠᠭᠤᠳᠠᠨ᠂ ᠠᠮᠤ ᠪᠤᠳᠠᠭᠠᠨ ᠤ᠋ ᠠᠮᠤᠷ ᠲᠦᠪᠱᠢᠨ ᠳ᠋ᠤ ᠳᠠᠯᠳᠠ ᠭᠡᠮ ᠣᠷᠣᠱᠢᠵᠤ ᠪᠠᠢᠨ᠎ᠠ; ᠤᠯᠤᠰ ᠤ᠋ᠨ ᠵᠢᠭᠡᠯᠡᠯᠭᠡ ᠵᠢᠨ ᠳᠡᠮᠳᠡᠭᠳᠦ ᠵᠢᠨ ᠲᠦᠷᠦᠯ ᠵᠦᠢᠯ ᠤ᠋ᠨ ᠡᠳ᠋ ᠬᠥᠷᠥᠩᠭᠡ ᠵᠢ ᠦᠨ᠎ᠡ ᠲᠥᠯᠥᠪᠦᠷᠢ ᠦᠭᠡᠢ ᠪᠠᠷ ᠬᠡᠷᠡᠭᠯᠡᠵᠦ᠂ ᠤᠯᠤᠰ ᠤ᠋ᠨ ᠵᠢᠭᠡᠯᠡᠯᠭᠡ ᠵᠢᠨ ᠳᠡᠮᠳᠡᠭᠳᠦ ᠵᠢᠨ ᠡᠳ᠋ ᠬᠥᠷᠥᠩᠭᠡ ᠵᠢ ᠲᠣᠭᠲᠠᠭᠠᠯ ᠡᠴᠡ ᠵᠥᠷᠢᠴᠡᠨ ᠱᠢᠢᠳᠪᠦᠷᠢᠯᠡᠵᠦ᠂ ᠤᠯᠤᠰ ᠤ᠋ᠨ ᠵᠢᠭᠡᠯᠡᠯᠭᠡ ᠵᠢᠨ ᠳᠡᠮᠳᠡᠭᠳᠦ ᠵᠢᠨ ᠪᠡᠯᠡ ᠣᠷᠣᠭᠤᠯᠤᠯᠲᠠ ᠵᠢᠨ ᠲᠦᠷᠦᠯ ᠵᠦᠢᠯ ᠳ᠋ᠤ ᠤᠷᠳᠤ ᠬᠤᠭᠤᠴᠠᠭ᠎ᠠ ᠬᠠᠮᠢᠶᠠᠷᠤᠯᠳᠠ ᠳᠤᠳᠠᠮᠠᠭ ᠪᠠᠢᠨ᠎ᠠ ; ᠠᠵᠤ ᠠᠬᠤᠢᠯᠠᠯ ᠤ᠋ᠨ ᠬᠠᠮᠢᠶᠠᠷᠤᠯᠲᠠ ᠨᠢ ᠴᠢᠩᠭ᠎ᠠ ᠪᠢᠱᠢ ᠪᠣᠳᠠᠲᠠᠢ ᠪᠢᠱᠢ᠂ ᠲᠥᠷᠥᠯ ᠵᠦᠢᠯ ᠤ᠋ᠨ ᠪᠦᠲᠦᠭᠡᠨ ᠪᠠᠢᠭᠤᠯᠤᠯᠲᠠ ᠵᠢᠨ ᠵᠢᠭᠠᠪᠤᠷᠢ ᠠᠪᠬᠤ ᠪᠠ ᠮᠡᠳᠡᠭᠦᠯᠬᠦ ᠳᠦᠷᠢᠮ ᠢ᠋ ᠬᠡᠷᠡᠭᠵᠢᠭᠦᠯᠬᠦ ᠨᠢ ᠵᠢᠷᠤᠮᠵᠢᠯ ᠥᠬᠡᠢ᠂ ᠲᠣᠭᠲᠠᠭᠠᠯ ᠡᠴᠡ ᠵᠥᠷᠢᠴᠡᠨ ᠳᠠᠩᠰᠠᠨ ᠡᠴᠡ ᠲᠠᠢᠯᠬᠤ ᠂ ᠪᠡᠯᠡ ᠮᠥᠩᠭᠥ ᠪᠠᠨ ᠲᠤᠱᠢᠶᠠᠭᠠᠳᠤᠢ ᠪᠠᠢᠬᠤ ᠂ 《ᠱᠢᠭᠱᠢᠭᠳᠡᠨ ᠦᠯᠡᠳᠡᠭᠰᠡᠨ ᠠᠮᠤ ᠪᠤᠳᠠᠭ᠎ᠠ》ᠵᠢᠨ ᠪᠣᠷᠣᠯᠠᠭᠤᠯᠭ᠎ᠠ ᠵᠢ ᠳᠠᠩᠰᠠᠨ ᠳ᠋ᠦ᠍ ᠣᠷᠣᠭᠤᠯᠬᠤ ᠥᠬᠡᠢ ᠪᠠᠢᠬᠤ ᠵᠡᠷᠭᠡ ᠠᠰᠠᠭᠤᠳᠠᠯ ᠮᠥᠨ ᠬᠦ᠌ ᠣᠷᠣᠱᠢᠵᠤ ᠪᠠᠢᠨ᠎ᠠ ᠃
ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠨᠥᠭᠡᠴᠡ ᠠᠮᠤ ᠪᠤᠳᠠᠭᠠᠨ ᠤ᠋ ᠬᠠᠮᠢᠶᠠᠷᠤᠯᠲᠠ ᠵᠢᠨ ᠬᠢᠵᠠᠭᠠᠷᠲᠤ ᠺᠣᠮᠫᠠᠨᠢ ᠨᠠᠮ ᠤ᠋ᠨ ᠣᠨᠣᠯ ᠱᠤᠭᠤᠮ ᠴᠢᠭᠯᠡᠯᠲᠡ ᠲᠥᠷᠥ ᠵᠢᠨ ᠪᠣᠳᠣᠯᠭ᠎ᠠ ᠪᠤᠯᠤᠨ ᠨᠠᠮ ᠤ᠋ᠨ ᠲᠥᠪ ᠬᠣᠷᠢᠶ᠎ᠠ ᠵᠢᠨ ᠴᠢᠬᠤᠯᠠ ᠶᠡᠬᠡ ᠱᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠵᠢ ᠲᠤᠭᠤᠰᠢᠯᠠᠭᠤᠯᠬᠤ ᠲᠠᠯ᠎ᠠ ᠪᠡᠷ ᠬᠦᠷᠦᠯᠴᠡᠬᠦ ᠦᠬᠡᠢ᠂ ᠤᠯᠤᠰ ᠤ᠋ᠨ ᠥᠮᠴᠢᠯᠡᠯ ᠤ᠋ᠨ ᠠᠵᠤ ᠠᠬᠤᠢᠯᠠᠯ ᠤ᠋ᠨ ᠥᠭᠡᠷᠡᠴᠢᠯᠡᠯᠲᠡ ᠵᠢ ᠠᠬᠢᠭᠤᠯᠤᠭᠰᠠᠨ ᠨᠢ ᠤᠳᠠᠭᠠᠨ᠂ ᠬᠠᠮᠢᠶᠠᠷᠤᠯᠲᠠ ᠵᠢᠨ ᠠᠵᠢᠯᠯᠠᠭᠠᠨ ᠨᠢ ᠵᠢᠷᠤᠮᠵᠢᠯ ᠥᠬᠡᠢ ᠂ ᠤᠯᠤᠰ ᠤ᠋ᠨ ᠥᠮᠴᠢᠯᠡᠯ ᠤ᠋ᠨ ᠡᠳ᠋ ᠬᠥᠷᠥᠩᠭᠡᠵᠢᠨ ᠡᠵᠡᠩᠨᠡᠯᠲᠡ ᠬᠠᠮᠢᠶᠠᠷᠤᠯᠲᠠ ᠨᠢ ᠰᠠᠢᠨ ᠪᠢᠱᠢ ᠪᠠᠢᠵᠤ᠂ ᠭᠣᠣᠯ ᠬᠠᠷᠢᠭᠤᠴᠠᠯᠭ᠎ᠠ ᠭᠣᠣᠯ ᠠᠵᠢᠯ ᠳ᠋ᠦ᠍ ᠠᠩᠬᠠᠷᠤᠯ ᠵᠢᠨᠨ ᠲᠥᠪᠯᠡᠷᠡᠭᠦᠯᠦᠭᠰᠡᠨ ᠵᠢᠨᠷ ᠬᠦᠷᠦᠯᠴᠡᠬᠦ ᠥᠬᠡᠢ ᠂ ᠠᠱᠢᠭ ᠣᠷᠣᠯᠭ᠎ᠠ ᠵᠢᠨ ᠪᠡᠯᠡ ᠮᠥᠩᠭᠥ ᠵᠢ ᠳᠤᠷ᠎ᠠ ᠪᠠᠷ ᠵᠢᠡᠨ ᠵᠠᠷᠤᠬᠤ ᠵᠡᠷᠭᠡ ᠠᠰᠠᠭᠤᠳᠠᠯ ᠤᠷᠤᠰᠢᠵᠤ ᠪᠠᠢᠨ᠎ᠠ; ᠪᠦᠬᠦ ᠲᠠᠯ᠎ᠠ ᠪᠠᠷ ᠨᠠᠮ ᠢ᠋ ᠴᠢᠩᠭ᠎ᠠ ᠵᠠᠰᠠᠬᠤ ᠪᠠᠢᠯᠳᠤᠬᠤ ᠪᠣᠳᠣᠯᠭ᠎ᠠ ᠵᠢᠨ ᠪᠠᠢᠷᠢᠯᠠᠭᠤᠯᠤᠯᠲᠠ ᠵᠢ ᠨᠠᠢᠳᠠᠪᠤᠷᠢᠵᠢᠭᠤᠯᠤᠭᠰᠠᠨ ᠵᠢᠨᠷ ᠬᠦᠷᠦᠯᠴᠡᠬᠦ ᠦᠭᠡᠢ ᠂ ᠭᠣᠣᠯ ᠴᠣᠭᠴᠠ ᠵᠢᠨ ᠬᠠᠷᠢᠭᠤᠴᠠᠯᠭ᠎ᠠ ᠪᠠᠨ ᠭᠦᠢᠴᠡᠳᠭᠡᠭᠰᠡᠨ ᠨᠢ ᠵᠥᠷᠢᠢᠡ ᠲᠡᠢ ᠪᠠᠢᠵᠤ ᠂ 《ᠭᠤᠷᠪᠠᠨ ᠴᠢᠬᠤᠯᠠ ᠨᠢᠭᠡ ᠶᠡᠬᠡ》ᠵᠢᠨ ᠬᠡᠷᠡᠭ ᠵᠥᠪᠯᠡᠬᠦ ᠱᠢᠢᠳᠪᠦᠷᠢᠲᠦ ᠪᠣᠳᠣᠯᠭ᠎ᠠ ᠲᠣᠭᠲᠠᠭᠠᠬᠤ ᠳᠦᠷᠢᠮ ᠢ᠋ ᠬᠡᠷᠡᠭᠵᠢᠭᠦᠯᠦᠭᠰᠡᠨ ᠵᠢᠨᠷ ᠴᠢᠩᠭ᠎ᠠ ᠪᠢᠱᠢ᠂ ᠪᠠᠢᠴᠠᠭᠠᠵᠤ ᠬᠢᠨᠠᠨ ᠱᠢᠯᠭᠠᠬᠤ᠂ ᠠᠮᠤᠷ ᠲᠦᠪᠱᠢᠨᠦ᠌ ᠬᠠᠮᠢᠶᠠᠷᠤᠯᠲᠠ ᠵᠡᠷᠭᠡ ᠳᠣᠲᠣᠭᠠᠳᠤ ᠡᠵᠡᠮᠳᠡᠯ ᠤ᠋ᠨ ᠳᠦᠷᠢᠮ ᠢ᠋ ᠲᠡᠭᠦᠯᠳᠡᠷᠵᠢᠭᠦᠯᠦᠭᠰᠡᠨ ᠦᠭᠡᠢ; ᠬᠤᠪᠢ ᠤᠷᠤᠭᠤᠯᠤᠭᠰᠠᠨ ᠬᠣᠯᠪᠣᠭᠳᠠᠯ ᠪᠦᠬᠦᠢ ᠠᠵᠤ ᠠᠬᠤᠢᠯᠠᠯ ᠳ᠋ᠦ᠍ ᠳᠤᠷ᠎ᠠ ᠪᠠᠷ ᠵᠢᠨᠨ ᠪᠡᠯᠡ ᠣᠷᠣᠭᠤᠯᠬᠤ᠂ ᠲᠣᠭᠲᠠᠭᠠᠯ ᠡᠴᠡ ᠵᠥᠷᠢᠴᠡᠨ ᠰᠲ᠋ᠤᠺ ᠤ᠋ᠨ ᠡᠷᠭᠡ ᠵᠢ ᠬᠤᠳᠠᠯᠳᠤᠨ ᠠᠪᠴᠤ ᠱᠢᠯᠵᠢᠭᠦᠯᠬᠦ ᠂ ᠡᠷᠬᠡ ᠪᠠᠨ ᠳᠤᠷ᠎ᠠ ᠪᠠᠷ ᠵᠢᠨᠨ ᠬᠡᠷᠡᠭᠯᠡᠬᠦ ᠠᠰᠠᠭᠤᠳᠠᠯ ᠪᠠᠢᠨ ᠳᠠᠬᠢᠨ ᠭᠠᠷᠴᠤ ᠪᠠᠢᠨ᠎ᠠ; ᠲᠣᠭᠲᠠᠭᠠᠯ ᠡᠴᠡ ᠵᠥᠷᠢᠴᠡᠨ ᠨᠥᠭᠡᠴᠡ ᠠᠮᠤ ᠪᠤᠳᠠᠭ᠎ᠠ ᠵᠢ ᠡᠭᠡᠯᠵᠢᠯᠡᠨ ᠰᠣᠯᠢᠵᠤ᠂ ᠠᠮᠤ ᠪᠤᠳᠠᠭ᠎ᠠ ᠬᠠᠳᠠᠭᠠᠯᠠᠬᠤ ᠵᠠᠷᠤᠳᠠᠯ ᠤ᠋ᠨ ᠦᠨ᠎ᠡ ᠵᠢᠨ ᠵᠥᠷᠢᠶ᠎ᠡ ᠵᠢ ᠬᠣᠨᠵᠢᠭᠰᠠᠨ ᠵᠢᠴᠢ ᠪᠦᠲᠦᠭᠡᠨ ᠪᠠᠢᠭᠤᠯᠤᠯᠲᠠ ᠵᠢᠨ ᠲᠦᠷᠦᠯ ᠵᠦᠢᠯ ᠤ᠋ᠨ ᠵᠥᠪᠱᠢᠶᠡᠷᠡᠯ ᠢ᠋ ᠤᠯᠤᠭᠠᠳᠤᠢ ᠪᠠᠷ ᠤᠷᠢᠳ ᠵᠢᠡᠷ ᠪᠦᠳᠦᠬᠡᠨ ᠪᠠᠢᠭᠤᠯᠬᠤ᠂ ᠲᠣᠭᠲᠠᠭᠠᠯ ᠡᠴᠡ ᠵᠥᠷᠢᠴᠡᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠠᠰᠠᠭᠤᠳᠠᠯ ᠳᠣᠪᠣᠢᠮ᠎ᠠ ᠣᠷᠣᠱᠢᠵᠤ᠂ ᠬᠠᠷᠢᠶ᠎ᠠ ᠠᠵᠤ ᠠᠬᠤᠢᠯᠠᠯ ᠤ᠋ᠨ ᠲᠡᠷᠭᠡ ᠬᠥᠰᠭᠡ ᠵᠢ ᠤᠷᠲᠤ ᠬᠤᠭᠤᠴᠠᠭ᠎ᠠ ᠪᠠᠷ ᠵᠢᠭᠡᠯᠡᠨ ᠬᠡᠷᠡᠭᠯᠡᠬᠦ ᠂ ᠲᠣᠭᠲᠠᠭᠠᠯ ᠡᠴᠡ ᠵᠥᠷᠢᠴᠡᠨ ᠵᠠᠷᠤᠳᠠᠯ ᠢ᠋ ᠳᠠᠩᠰᠠᠨ ᠡᠴᠡ ᠲᠠᠢᠯᠬᠤ ᠵᠡᠷᠭᠡ《ᠳᠥᠷᠪᠡᠨ ᠰᠤᠷᠲᠠᠯ》 ᠤ᠋ᠨ ᠠᠰᠠᠭᠤᠳᠠᠯ ᠮᠥᠨ ᠬᠦ᠌ ᠣᠷᠣᠱᠢᠵᠤ ᠪᠠᠢᠨ᠎ᠠ; ᠱᠢᠨ᠎ᠡ ᠴᠠᠭ ᠦᠶ᠎ᠡ ᠵᠢᠨ ᠨᠠᠮ ᠤ᠋ᠨ ᠵᠣᠬᠢᠶᠠᠨ ᠪᠠᠢᠭᠤᠯᠤᠯᠲᠠ ᠵᠢᠨ ᠱᠤᠭᠤᠮ ᠢ᠋ ᠨᠠᠢᠳᠠᠪᠤᠷᠢᠵᠢᠭᠤᠯᠬᠤ ᠲᠠᠯ᠎ᠠ ᠪᠠᠷ ᠵᠥᠷᠢᠢᠡ ᠲᠡᠢ ᠪᠠᠢᠵᠤ᠂ ᠵᠣᠬᠢᠶᠠᠨ ᠪᠠᠢᠭᠤᠯᠤᠯᠲᠠ ᠵᠢᠨ ᠳᠦᠷᠢᠮ ᠢ᠋ ᠬᠡᠷᠡᠭᠵᠢᠭᠦᠯᠬᠦ ᠲᠠᠯ᠎ᠠ ᠪᠠᠷ ᠴᠢᠩᠭ᠎ᠠ ᠪᠢᠱᠢ ᠂ ᠨᠠᠮ ᠤ᠋ᠨ ᠵᠣᠬᠢᠶᠠᠨ ᠪᠠᠢᠭᠤᠯᠤᠯᠲᠠ ᠵᠢᠨ ᠴᠤᠬᠴᠠᠯᠠᠯᠲᠠ ᠳᠤᠲᠠᠭᠳᠠᠵᠤ᠂ ᠬᠡᠷᠡᠭ ᠮᠡᠳᠡᠭᠴᠢᠳ ᠤ᠋ᠨ ᠬᠤᠷᠠᠯ ᠨᠢ ᠨᠡᠷ᠎ᠡ ᠵᠢᠨ ᠲᠡᠳᠦᠢ ᠪᠣᠯᠵᠤ᠂ ᠡᠷᠬᠡ ᠵᠢᠨ ᠬᠢᠨᠠᠯᠲᠠ ᠬᠦᠯᠢᠶᠡᠰᠦᠯᠡᠯ ᠵᠢᠡᠷ ᠳᠤᠲᠠᠭᠳᠠᠵᠤ ᠪᠠᠢᠨ᠎ᠠ ᠃
ᠥᠪᠥᠷ ᠮᠣᠩᠭᠣᠯ ᠤ᠋ᠨ ᠨᠥᠭᠡᠴᠡ ᠠᠮᠤ ᠪᠤᠳᠠᠭᠠᠨ ᠤ᠋ ᠵᠢᠨ ᠯᠢᠶᠠᠩ ᠱᠢᠭᠤᠳ ᠬᠠᠷᠢᠶ᠎ᠠ ᠬᠥᠮᠥᠷᠭᠡ ᠵᠢᠨ ᠬᠢᠵᠠᠭᠠᠷᠲᠤ ᠺᠣᠮᠫᠠᠨᠢ ᠠᠮᠤ ᠪᠤᠳᠠᠭᠠᠨ ᠤ᠋ ᠨᠥᠭᠡᠴᠡᠯᠡᠯᠲᠡ ᠵᠢᠨ ᠠᠮᠤᠷ ᠲᠦᠪᠱᠢᠨᠦ᠌ ᠬᠠᠮᠢᠶᠠᠷᠤᠯᠲᠠ ᠵᠢᠨ ᠱᠠᠭᠠᠷᠳᠠᠯᠭ᠎ᠠ ᠵᠢ ᠨᠠᠢᠳᠠᠪᠤᠷᠢᠵᠢᠭᠤᠯᠤᠭᠰᠠᠨ ᠵᠢᠨᠷ ᠲᠡᠢᠮᠦ ᠡᠷᠡᠰ ᠴᠢᠩᠭ᠎ᠠ ᠪᠢᠱᠢ᠂ ᠴᠢᠬᠤᠯᠠ ᠶᠡᠬᠡ ᠲᠦᠷᠦᠯ ᠵᠦᠢᠯ ᠳ᠋ᠤ ᠵᠢᠭᠠᠪᠤᠷᠢ ᠠᠪᠬᠤ ᠥᠬᠡᠢ ᠮᠡᠳᠡᠭᠦᠯᠬᠦ ᠥᠬᠡᠢ᠂ ᠰᠣᠬᠣᠷ ᠪᠠᠯᠠᠢ ᠪᠠᠷ ᠭᠠᠳᠠᠭᠰᠢ ᠪᠡᠯᠡ ᠣᠷᠣᠭᠤᠯᠵᠦ᠂ ᠤᠯᠤᠰ ᠤ᠋ᠨ ᠥᠮᠴᠢᠯᠡᠯ ᠤ᠋ᠨ ᠡᠳ᠋ ᠬᠥᠷᠥᠩᠭᠡ ᠪᠠ ᠰᠲ᠋ᠣᠺ ᠤ᠋ᠨ ᠡᠷᠬᠡ ᠵᠢᠨ ᠡᠷᠬᠡ ᠠᠱᠢᠭ ᠲᠦ᠍ ᠬᠣᠬᠢᠷᠠᠯ ᠤᠴᠠᠷᠠᠭᠤᠯᠪᠠ; ᠪᠦᠬᠦ ᠲᠠᠯ᠎ᠠ ᠪᠠᠷ ᠨᠠᠮ ᠢ᠋ ᠴᠢᠩᠭ᠎ᠠ ᠵᠠᠰᠠᠬᠤ ᠪᠠᠢᠯᠳᠤᠬᠤ ᠪᠣᠳᠣᠯᠭ᠎ᠠ ᠵᠢᠨ ᠪᠠᠢᠷᠢᠯᠠᠭᠤᠯᠤᠯᠲᠠ ᠵᠢ ᠨᠠᠢᠳᠠᠪᠤᠷᠢᠵᠢᠭᠤᠯᠬᠤ ᠲᠠᠯ᠎ᠠ ᠪᠠᠷ ᠵᠥᠷᠢᠢᠡ ᠲᠡᠢ ᠪᠠᠢᠵᠤ᠂ ᠭᠣᠣᠯ ᠴᠣᠭᠴᠠ ᠵᠢᠨ ᠬᠠᠷᠢᠭᠤᠴᠠᠯᠭ᠎ᠠ ᠵᠢ ᠬᠦᠢᠴᠡᠳ ᠨᠠᠢᠳᠠᠪᠤᠷᠢᠵᠢᠭᠤᠯᠤᠭᠰᠠᠨ ᠦᠭᠡᠢ᠂ ᠳᠣᠲᠣᠭᠠᠳᠤ ᠵᠢᠨ ᠬᠢᠨᠠᠯᠳᠠ ᠬᠠᠮᠢᠶᠠᠷᠤᠯᠲᠠ ᠳᠤᠲᠠᠭᠳᠠᠵᠤ᠂ ᠰᠠᠬᠢᠯᠭ᠎ᠠ ᠪᠠᠲᠤ ᠶᠣᠰᠣ ᠳᠦᠷᠢᠮ ᠢ᠋ ᠴᠢᠩᠭ᠎ᠠ ᠬᠡᠷᠡᠭᠵᠢᠭᠦᠯᠦᠭᠰᠡᠨ ᠦᠭᠡᠢ᠂ ᠠᠮᠤ ᠪᠤᠳᠠᠭ᠎ᠠ ᠬᠤᠳᠠᠯᠳᠤᠨ ᠠᠪᠬᠤ ᠲᠤᠰᠭᠠᠢ ᠵᠢᠭᠡᠯᠡᠯᠭᠡ ᠵᠢ ᠰᠢᠯᠵᠢᠬᠦᠯᠦᠨ ᠬᠡᠷᠡᠭᠯᠡᠭᠰᠡᠨ᠂ ᠲᠣᠭᠲᠠᠭᠠᠯ ᠡᠴᠡ ᠵᠥᠷᠢᠴᠡᠨ ᠲᠤᠱᠢᠶᠠᠯ ᠬᠠᠪᠰᠤᠷᠭᠠᠨ ᠬᠥᠯᠥᠰᠥ ᠣᠯᠭᠣᠮᠵᠢ ᠠᠪᠤᠭᠰᠠᠨ᠂ ᠲᠣᠭᠲᠠᠭᠠᠯ ᠡᠴᠡ ᠵᠥᠷᠢᠴᠡᠨ ᠵᠠᠷᠤᠳᠠᠯ ᠢ᠋ ᠳᠠᠩᠰᠠᠨ ᠡᠴᠡ ᠲᠠᠢᠯᠬᠤ ᠵᠡᠷᠭᠡ ᠠᠰᠠᠭᠤᠳᠠᠯ ᠣᠷᠣᠱᠢᠵᠤ ᠪᠠᠢᠨ᠎ᠠ; ᠱᠢᠨ᠎ᠡ ᠴᠠᠭ ᠦᠶ᠎ᠡ ᠵᠢᠨ ᠨᠠᠮ ᠤ᠋ᠨ ᠵᠣᠬᠢᠶᠠᠨ ᠪᠠᠢᠭᠤᠯᠤᠯᠲᠠ ᠵᠢᠨ ᠱᠤᠭᠤᠮ ᠢ᠋ ᠨᠠᠢᠳᠠᠪᠤᠷᠢᠵᠢᠭᠤᠯᠬᠤ ᠲᠠᠯ᠎ᠠ ᠪᠠᠷ ᠵᠥᠷᠢᠢᠡ ᠲᠡᠢ ᠪᠠᠢᠵᠤ᠂ ᠬᠥᠮᠦᠨ ᠰᠣᠩᠭᠣᠵᠤ ᠬᠥᠮᠦᠨ ᠬᠡᠷᠡᠭᠯᠡᠬᠦ ᠳᠦᠷᠢᠮ ᠢ᠋ ᠬᠡᠷᠡᠭᠵᠢᠭᠦᠯᠬᠦ ᠲᠠᠯ᠎ᠠ ᠪᠠᠷ ᠵᠢᠷᠤᠮᠵᠢᠯ ᠦᠭᠡᠢ ᠪᠠᠢᠵᠤ᠂ ᠠᠵᠢᠯᠲᠠᠨ ᠡᠯᠰᠡᠬᠦ ᠳᠡᠰ ᠳᠠᠷᠠᠭᠠᠯᠠᠯ ᠢ᠋ ᠵᠥᠷᠢᠴᠡᠨ ᠠᠵᠢᠯᠳᠠᠨ ᠡᠯᠰᠡᠨ ᠬᠡᠷᠡᠭᠯᠡᠬᠦ᠂ ᠬᠢᠨᠠᠨ ᠵᠥᠪᠱᠢᠶᠡᠷᠡᠭᠦᠯᠬᠦ ᠭᠠᠷᠳᠠᠮ ᠬᠢᠭᠰᠡᠨ ᠦᠭᠡᠢ ᠪᠠᠷ ᠤᠷᠲᠤ ᠬᠤᠭᠤᠴᠠᠭ᠎ᠠ ᠪᠠᠷ ᠺᠠᠳ᠋ᠷ ᠢ᠋ ᠵᠢᠭᠡᠯᠡᠵᠤ ᠠᠵᠢᠯᠯᠠᠭᠤᠯᠬᠤ ᠵᠡᠷᠭᠡ ᠠᠰᠠᠭᠤᠳᠠᠯ ᠣᠷᠣᠱᠢᠵᠤ ᠪᠠᠢᠨ᠎ᠠ; ᠠᠮᠤ ᠪᠤᠳᠠᠭ᠎ᠠ ᠬᠤᠳᠠᠯᠳᠤᠨ ᠠᠪᠬᠤ ᠳ᠋ᠦ᠍ ᠲᠠᠨᠢᠯ ᠬᠥᠮᠦᠨ ᠵᠢᠨᠷ ᠭᠣᠣᠯ ᠪᠣᠯᠭᠠᠨ《ᠵᠥᠷᠢᠶᠡᠲᠦ ᠦᠨ᠎ᠡ ᠵᠢᠨ ᠠᠮᠤ ᠪᠤᠳᠠᠭ᠎ᠠ》ᠵᠢ ᠪᠣᠢ ᠪᠣᠯᠭᠠᠵᠤ᠂ ᠬᠥᠮᠥᠷᠭᠡ ᠳ᠋ᠦ᠍ ᠣᠷᠣᠭᠤᠯᠬᠤ ᠥᠪᠡᠷ ᠤ᠋ᠨ ᠥᠷᠲᠡᠭ ᠢ᠋ ᠨᠡᠮᠡᠭᠳᠡᠭᠦᠯᠦᠭᠰᠡᠨ ᠠᠰᠠᠭᠤᠳᠠᠯ ᠳᠣᠪᠣᠢᠮ᠎ᠠ ᠤᠷᠤᠰᠢᠵᠤ᠂ ᠠᠮᠤ ᠪᠤᠳᠠᠭ᠎ᠠ ᠬᠠᠳᠠᠭᠠᠯᠠᠬᠤ ᠬᠥᠮᠥᠷᠭᠡ ᠵᠢᠨ ᠪᠠᠭᠲᠠᠭᠠᠮᠵᠢ ᠵᠢᠨ ᠠᠱᠢᠭᠯᠠᠯᠲᠠ ᠵᠢᠨ ᠨᠣᠷᠮ᠎ᠠ ᠳᠣᠣᠷ᠎ᠠ ᠵᠢᠴᠢ ᠠᠮᠤᠷ ᠲᠦᠪᠱᠢᠨ ᠦ᠌ ᠭᠡᠮ ᠰᠤᠭᠤᠭ ᠤ᠋ᠨ ᠠᠰᠠᠭᠤᠳᠠᠯ ᠨᠢ ᠣᠮᠲᠣᠭᠠᠢᠯᠠᠵᠤ ᠪᠣᠯᠣᠱᠢ ᠦᠭᠡᠢ ᠪᠠᠢᠵᠤ᠂ ᠠᠮᠤ ᠪᠤᠳᠠᠭᠠᠨ ᠤ᠋ ᠪᠣᠷᠣᠯᠠᠭᠤᠯᠭ᠎ᠠ ᠵᠢ ᠵᠠᠬ᠎ᠠ ᠳᠡᠯᠭᠡᠭᠦᠷ ᠤ᠋ᠨ ᠲᠠᠪᠴᠠᠩ ᠵᠢᠡᠷ ᠠᠷᠠᠯᠵᠢᠶᠠᠯᠠᠭᠰᠠᠨ ᠦᠭᠡᠢ᠂ ᠳᠡᠰ ᠳᠠᠷᠠᠭᠠᠯᠠᠯ ᠤ᠋ᠨ ᠲᠣᠭᠲᠠᠭᠠᠯ ᠡᠴᠡ ᠵᠥᠷᠢᠴᠡᠭᠰᠡᠨ ᠠᠰᠠᠭᠤᠳᠠᠯ ᠮᠥᠨ ᠬᠦ᠌ ᠣᠷᠣᠱᠢᠵᠤ ᠪᠠᠢᠨ᠎ᠠ ᠃