ᠸᠠᠩ ᠯᠢ ᠱᠢᠶᠠ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠪᠠᠢᠩᠭᠤ᠎ᠶ᠋ᠢᠨ ᠬᠤᠷᠠᠯ᠎ᠢ ᠡᠷᠬᠢᠯᠡᠨ ᠬᠤᠷᠠᠯᠳᠤᠭᠤᠯᠵᠥ ᠵᠠᠬᠢᠳᠠᠯ ᠰᠤᠷᠪᠤᠯᠵᠢᠯᠠᠯ ᠎ᠤᠨ ᠠᠵᠢᠯ ᠎ᠤᠨ ᠲᠤᠬᠠᠶ ᠲᠥᠪ᠎ᠤᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠶ᠋ᠢ ᠤᠯᠠᠮᠵᠢᠯᠠᠨ ᠨᠠᠢᠳᠠᠪᠤᠷᠢᠵᠢᠭᠤᠯᠵᠥ 《ᠵᠠᠰᠠᠭ᠎ᠤᠨ ᠣᠷᠳᠣᠨ᠎ᠤ ᠠᠵᠢᠯ ᠎ᠦᠨ ᠢᠯᠡᠳᠭᠡᠯ》 ᠤ᠋ᠨ ᠭᠣᠣᠯᠳᠠᠯᠭ᠎ᠠ᠎ᠲᠠᠶ ᠡᠭᠦᠷᠭᠡ᠎ᠶ᠋ᠢᠨ ᠠᠵᠢᠯ᠎ᠤᠨ ᠬᠤᠪᠢᠶᠠᠷᠢᠯᠠᠯ ᠵᠡᠷᠭᠡ ᠠᠵᠢᠯ᠎ᠢ ᠰᠤᠳᠤᠯᠪᠠ
2022-01-27 10:12:54
ᠵᠣᠬᠢᠶᠠᠭ᠍ᠴᠢ᠄
ᠵᠠᠩ ᠺᠦᠢ
ᠣᠩᠱᠢᠭ᠍ᠰᠠᠨ ᠣᠳᠠᠭ᠎ᠠ᠄
★★★☆☆

1 ᠰᠠᠷ᠎ᠠ ᠶ᠋ᠢᠨ 26 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠸᠠᠩ ᠯᠢ ᠱᠢᠶᠠ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠪᠠᠢᠩᠭᠤ ᠶ᠋ᠢᠨ ᠬᠤᠷᠠᠯ ᠎ᠢ ᠡᠷᠬᠢᠯᠡᠨ ᠬᠤᠷᠠᠯᠳᠤᠭᠤᠯᠵᠤ᠂ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠲᠤᠬᠠᠢ ᠲᠥᠪ᠎ᠦᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠶ᠋ᠢ ᠤᠯᠠᠮᠵᠢᠯᠠᠨ ᠨᠠᠢᠳᠠᠪᠤᠷᠢᠵᠢᠭᠤᠯᠵᠤ᠂ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ》 ᠤ᠋ᠨ ᠭᠣᠣᠯᠳᠠᠯᠭ᠎ᠠ ᠲᠠᠶ ᠡᠭᠦᠷᠭᠡ ᠶ᠋ᠢᠨ ᠠᠵᠢᠯ᠎ᠤᠨ ᠬᠤᠪᠢᠶᠠᠷᠢᠯᠠᠯ᠂ ᠬᠤᠳᠠᠯᠳᠤᠭ᠎ᠠ ᠡᠷᠬᠢᠯᠡᠬᠦ᠌ ᠣᠷᠴᠢᠨ ᠨᠦᠬᠦᠴᠡᠯ᠎ᠤᠨ ᠵᠠᠬ᠎ᠠ ᠳᠡᠯᠭᠡᠭᠦᠷ᠎ᠦᠨ ᠭᠣᠣᠯ ᠴᠣᠭ᠍ᠴᠠ᠎ᠳᠤ ᠦᠢᠯᠡᠴᠢᠯᠡᠬᠦ᠌ ᠠᠵᠢᠯᠯᠠᠭᠠᠨ᠎ᠤ ᠲᠥᠰᠦᠯ ᠵᠡᠷᠭᠡ ᠠᠵᠢᠯ᠎ᠢ ᠰᠤᠳᠤᠯᠪᠠ᠃

ᠬᠤᠷᠠᠯ ᠡᠴᠡ᠂ ᠥᠪᠥᠷ ᠮᠣᠩᠭᠣᠯ ᠪᠣᠯ ᠡᠬᠡ ᠤᠯᠤᠰ᠎ᠤᠨ 《ᠤᠮᠠᠷᠠᠳᠤ ᠶᠡᠬᠡ ᠬᠠᠭᠠᠯᠭ᠎ᠠ》᠂ ᠨᠡᠢᠰᠯᠡᠯ᠎ᠦᠨ《ᠬᠠᠮᠠᠭᠠᠯᠠᠯᠳᠠ ᠵᠢᠨ ᠭᠣᠣᠯ》ᠮᠥᠨ᠂ ᠵᠠᠬᠢᠳᠠᠯ ᠰᠤᠷᠪᠤᠯᠵᠢᠯᠠᠯ᠎ᠦᠨ ᠠᠵᠢᠯ᠎ᠢ ᠰᠠᠢᠲᠤᠷ ᠬᠢᠬᠦ᠌ ᠨᠢ ᠴᠢᠬᠤᠯᠠ ᠶᠡᠬᠡ ᠠᠴᠢ ᠬᠣᠯᠪᠣᠭ᠍ᠳᠠᠯ ᠲᠠᠶ ᠶᠤᠮ᠃ ᠡᠯ᠎ᠡ ᠱᠠᠲᠤ ᠡᠯ᠎ᠡ ᠰᠠᠯᠠᠭ᠎ᠠ ᠮᠥᠴᠢᠷ᠎ᠤᠨ ᠬᠢᠨ ᠡᠷᠬᠡᠪᠰᠢ ᠨᠠᠮ᠎ᠤᠨ ᠲᠥᠪ ᠬᠣᠷᠢᠶᠠᠨ᠎ᠤ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠ᠎ᠤ ᠠᠵᠢᠯ᠎ᠤᠨ ᠱᠠᠭᠠᠷᠳᠠᠯᠭ᠎ᠠ ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠠᠷᠠᠳ ᠲᠦᠮᠡᠨ᠎ᠢ ᠳᠡᠭᠡᠳᠦᠯᠡᠬᠦ᠌᠎ᠶ᠋ᠢ ᠪᠠᠷᠢᠮᠲᠠᠯᠠᠵᠤ᠂ ᠲᠣᠭ᠍ᠲᠠᠭᠤᠨ ᠪᠠᠢᠯᠭᠠᠬᠤ ᠵᠢ ᠲᠡᠷᠢᠭᠦᠨ᠎ᠳᠦ ᠲᠠᠯᠪᠢᠬᠤ᠎ᠶ᠋ᠢ ᠪᠠᠷᠢᠮᠲᠠᠯᠠᠵᠤ᠂ ᠡᠯ᠎ᠡ ᠲᠥᠷᠥᠯ᠎ᠦᠨ ᠵᠠᠬᠢᠳᠠᠯ ᠰᠤᠷᠪᠤᠯᠵᠢᠯᠠᠯ᠎ᠤᠨ ᠲᠣᠪᠣᠢᠮ᠎ᠠ ᠠᠰᠠᠭᠤᠳᠠᠯ᠎ᠢ ᠰᠡᠳᠬᠢᠯ ᠡᠴᠡ ᠪᠠᠨ ᠬᠦᠴᠦᠯᠡᠨ ᠰᠠᠢᠲᠤᠷ ᠱᠢᠶ᠋ᠳᠪᠦᠷᠢᠯᠡᠬᠦ᠌ ᠬᠡᠷᠡᠭᠲᠡᠶ᠃ ᠠᠵᠢᠯ᠎ᠢᠶᠠᠨ ᠤᠷᠤᠭ᠍ᠰᠢ ᠠᠬᠢᠭᠤᠯᠵᠤ᠂ ᠡᠷᠲᠡ᠎ᠡᠴᠡ ᠠᠳᠭᠤᠨ ᠪᠠᠭ᠎ᠠ᠎ᠳᠤᠨᠢ ᠠᠳᠭᠤᠵᠤ ᠡᠯ᠎ᠡ ᠵᠦᠢᠯ᠎ᠤᠨ ᠵᠥᠷᠢᠴᠡᠯ ᠎ᠤᠨ ᠬᠡᠮ ᠰᠣᠭᠣᠭ ᠎ᠢ ᠦᠨᠳᠦᠰᠦᠨ ᠱᠠᠲᠤᠨ ᠎ᠳᠦ ᠨᠠᠮᠳᠠᠭᠠᠵᠥ᠂ ᠴᠤᠬᠤᠢᠬᠤ ᠦᠶ᠎ᠡ᠎ᠳᠦᠨᠢ ᠠᠷᠢᠯᠭᠠᠬᠤ ᠪᠠᠷ ᠴᠢᠷᠮᠠᠢᠬᠤ ᠬᠡᠷᠡᠭᠲᠡᠢ᠃ ᠤᠳᠤᠷᠢᠳᠭᠤ ᠺᠠᠳ᠋ᠷ᠎ᠤᠨ ᠵᠠᠬᠢᠳᠠᠯ ᠰᠤᠷᠪᠤᠯᠵᠢᠯᠠᠯ᠎ᠢ ᠬᠦᠯᠢᠶᠡᠨ ᠠᠪᠬᠤ᠎ᠪᠠ᠎ᠳᠣᠷᠣᠭ᠍ᠰᠢ᠎ᠪᠠᠭᠤᠵᠤ᠎ᠪᠠᠢᠴᠠᠭᠠᠬᠤ᠎ᠳᠦᠷᠢᠮ᠎ᠢ᠎ᠤᠯᠠᠮ᠎ᠴᠢᠨᠠᠬᠰᠢᠳᠠ ᠲᠡᠭᠦᠯᠳᠡᠷᠵᠢᠭᠦᠯᠵᠦ᠍᠂ ᠣᠯᠠᠨ ᠲᠦᠮᠡᠨ᠎ᠦ ᠠᠱᠢᠭ ᠲᠤᠰᠠ᠎ᠶ᠋ᠢᠨ ᠭᠣᠮᠣᠳᠠᠯ ᠱᠠᠭᠠᠷᠳᠠᠯᠭ᠎ᠠ᠎ᠪᠠᠨ ᠢᠯᠡᠳᠭᠡᠬᠦ᠌ ᠠᠷᠭ᠎ᠠ ᠵᠠᠮ᠎ᠢ ᠰᠠᠭᠠᠳ ᠦᠭᠡᠢ ᠨᠡᠪᠲᠡᠷᠡᠭᠦᠯᠵᠦ᠍᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠠᠮᠵᠢᠯᠲᠠ᠎ᠲᠠᠶ ᠲᠤᠷᠱᠢᠯᠭ᠎ᠠ ᠢᠯᠠᠩᠭᠤᠶ᠎ᠠ 《ᠪᠢ ᠣᠯᠠᠨ ᠲᠦᠮᠡᠨ᠎ᠳᠦ ᠪᠣᠳᠠᠲᠤ ᠶᠠᠪᠤᠳᠠᠯ ᠬᠢᠵᠦ᠍ ᠥᠭ᠌ᠬᠦ》 ᠦᠢᠯᠡᠳᠦᠯᠭᠡ᠎ᠶ᠋ᠢᠨ ᠠᠵᠢᠯᠯᠠᠭ᠎ᠠ᠎ᠶ᠋ᠢᠨ ᠲᠣᠭ᠍ᠲᠠᠴᠠ᠎ᠶ᠋ᠢ ᠳ᠋ᠦᠩᠨᠡᠨ ᠬᠡᠷᠡᠭ᠌ᠯᠡᠵᠦ᠍᠂ ᠣᠯᠠᠨ ᠲᠦᠮᠡᠨ᠎ᠦ ᠪᠠᠴᠢᠮᠳᠠᠵᠥ ᠳᠦᠪᠡᠭᠳᠡᠵᠥ ᠵᠤᠪᠠᠨᠢᠵᠥ ᠬᠦᠰᠡᠵᠥ ᠪᠠᠢᠭ᠎ᠠ ᠠᠰᠠᠭᠤᠳᠠᠯ᠎ᠢ ᠬᠦᠴᠦᠯᠡᠨ ᠱᠢᠢᠳᠪᠦᠷᠢᠯᠡᠵᠦ᠍᠂ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠶᠠᠰᠤ ᠴᠢᠨᠠᠷ ᠪᠠ ᠦᠷ᠎ᠡ ᠪᠦᠲᠦᠮᠵᠢ᠎ᠶ᠋ᠢ ᠲᠠᠰᠤᠷᠠᠯᠲᠠ ᠦᠭᠡᠢ ᠳᠡᠭᠡᠭ᠌ᠰᠢᠯᠡᠭᠦᠯᠬᠦ᠌ ᠬᠡᠷᠡᠭ᠌ᠲᠡᠢ ᠬᠡᠵᠥ ᠵᠢᠭᠠᠵᠥ ᠭᠠᠷᠭᠠᠪᠠ᠃

ᠬᠤᠷᠠᠯ ᠡᠴᠡ᠂ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ》 ᠎ᠢ᠋ ᠥᠪᠡᠷᠲᠡᠭᠡᠨ ᠵᠠᠰᠠᠬᠤ᠎ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠡᠴᠡ ᠬᠠᠤᠯᠢ ᠎ᠳᠤ ᠲᠣᠭ᠍ᠲᠠᠭᠠᠭ᠍ᠰᠠᠨ ᠲᠠᠰ ᠳᠠᠷᠠᠭᠠᠯᠠᠯ᠎ᠢᠶᠠᠷ ᠬᠢᠨᠠᠨ ᠵᠥᠪᠯᠡᠵᠦ᠍ ᠪᠠᠲᠤᠯᠠᠪᠠ᠂ ᠬᠠᠤᠯᠢ ᠴᠠᠭᠠᠵᠠ᠎ᠶ᠋ᠢᠨ ᠬᠦᠴᠦᠨ᠎ᠲᠡᠶ ᠶᠤᠮ᠂ ᠵᠠᠰᠠᠭ᠎ᠤᠨ ᠣᠷᠳᠣᠨ᠎ᠤ ᠪᠥᠬᠥ᠌ ᠵᠢᠯ᠎ᠦᠨ ᠠᠵᠢᠯ᠎ᠤᠨ ᠬᠠᠷᠢᠭᠤᠴᠠᠯᠭ᠎ᠠ᠎ᠶ᠋ᠢᠨ ᠪᠢᠴᠢᠭ ᠮᠥᠨ᠂ ᠡᠷᠬᠡᠪᠰᠢ ᠵᠦᠶ᠋ᠯ ᠳᠠᠷᠠᠭᠠᠯᠠᠨ ᠨᠠᠢᠳᠠᠪᠤᠷᠢᠵᠢᠭᠤᠯᠵᠤ᠂ ᠨᠢᠭᠡᠳ ᠨᠢᠭᠡ᠎ᠪᠡᠷ ᠪᠡᠶᠡᠯᠡᠭᠦᠯᠵᠦ᠍᠂ ᠬᠡᠯᠡᠭ᠌ᠰᠡᠨ᠎ᠳᠡᠭᠡᠨ ᠬᠥᠷᠬᠥ᠌ ᠬᠡᠷᠡᠭ᠌ᠲᠡᠶ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ᠎ᠬᠢᠨ ᠡᠷᠬᠡᠪᠰᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠳᠡᠭᠡᠳᠦ ᠬᠡᠮᠵᠢᠶ᠎ᠡ᠎ᠪᠡᠷ ᠠᠬᠢᠭᠤᠯᠵᠤ᠂ ᠥᠨᠳᠥᠷ ᠪᠦᠲᠦᠮᠵᠢᠲᠡᠶ᠎ᠪᠡᠷ ᠨᠠᠢᠳᠠᠪᠤᠷᠢᠵᠢᠭᠤᠯᠵᠤ᠂ ᠡᠭᠦᠷᠭᠡ᠎ᠶ᠋ᠢᠨ ᠠᠵᠢᠯ᠎ᠤᠨ ᠬᠤᠪᠢᠶᠠᠷᠢᠯᠠᠯ᠎ᠲᠠᠶ ᠬᠠᠷᠭᠤᠭᠤᠯᠤᠨ ᠡᠭᠦᠷᠭᠡ᠎ᠬᠠᠷᠠᠯᠲᠠ ᠪᠡᠨ ᠤᠯᠠᠮ ᠴᠢᠨᠠᠬᠰᠢᠳᠠ ᠨᠠᠷᠢᠯᠢᠭ᠍ᠵᠢᠭᠤᠯᠵᠤ᠂ ᠪᠣᠳᠠᠲᠠᠶ ᠠᠷᠭ᠎ᠠ ᠬᠡᠮᠵᠢᠶ᠎ᠡ ᠲᠣᠭ᠍ᠲᠠᠭᠠᠵᠤ᠂ ᠥᠭᠡᠷᠡᠴᠢᠯᠡᠯᠲᠡ᠎ᠶ᠋ᠢᠨ ᠠᠷᠭ᠎ᠠ ᠬᠡᠮᠵᠢᠶ᠎ᠡ᠂ ᠱᠢᠨ᠎ᠡ᠎ᠶ᠋ᠢ ᠡᠭᠦᠳᠬᠦ᠌ ᠠᠷᠭ᠎ᠠ ᠠᠪᠴᠠᠯ ᠵᠢᠡᠷ ᠬᠦᠴᠢᠷ ᠠᠰᠠᠭᠤᠳᠠᠯ᠎ᠢ ᠱᠢᠶ᠋ᠳᠪᠦᠷᠢᠯᠡᠨ᠂ ᠠᠵᠢᠯ᠎ᠢᠶᠠᠨ ᠨᠠᠢᠳᠠᠪᠤᠷᠢᠵᠢᠭᠤᠯᠵᠤ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠲᠣᠭ᠍ᠲᠠᠭᠠᠭ᠍ᠰᠠᠨ᠎ᠡᠯ᠎ᠡ᠎ᠵᠦᠶ᠋ᠯ᠎ᠦᠨ᠎ᠡᠭᠦᠷᠭᠡ᠎ᠬᠠᠷᠠᠯᠲᠠ ᠪᠡᠨ ᠲᠡᠭᠦᠰ ᠠᠮᠵᠢᠯᠲᠠ᠎ᠲᠠᠶ ᠪᠡᠶᠡᠯᠡᠭᠦᠯᠬᠦ᠌᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ ᠬᠡᠵᠥ ᠴᠢᠬᠤᠯᠠᠴᠢᠯᠠᠪᠠ᠃

ᠬᠤᠷᠠᠯ ᠡᠴᠡ᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠪᠣᠯ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠦᠨ ᠳᠡᠰ ᠳᠡᠪᠱᠢᠭᠦᠯᠬᠦ᠌ ᠬᠠᠷᠠᠯᠲᠠ᠎ᠶ᠋ᠢ ᠪᠠᠷᠢᠮᠲᠠᠯᠠᠵᠤ᠂ ᠠᠵᠢᠯ᠎ᠤᠨ ᠲᠥᠰᠦᠯ᠎ᠢᠶᠡᠨ ᠤᠯᠠᠮ ᠴᠢᠨᠠᠭ᠍ᠰᠢᠳᠠ ᠨᠠᠷᠢᠯᠢᠭ᠍ᠵᠢᠭᠤᠯᠵᠤ᠂ ᠣᠷᠣᠱᠢᠵᠤ ᠪᠠᠢᠭ᠎ᠠ ᠠᠰᠠᠭᠤᠳᠠᠯ᠎ᠢ ᠱᠠᠯᠠᠪᠳᠠᠨ ᠱᠢᠢᠳᠪᠦᠷᠢᠯᠡᠵᠦ᠍᠂ ᠨᠡᠢᠭᠡᠮ᠎ᠦᠨ ᠬᠢᠨᠠᠯᠲᠠ᠎ᠶ᠋ᠢ ᠢᠯᠡ᠎ᠪᠡᠷ ᠬᠦᠯᠢᠶᠡᠵᠦ᠍᠂ ᠡᠯ᠎ᠡ ᠵᠦᠢᠯ᠎ᠦᠨ ᠠᠵᠢᠯ᠎ᠳ᠋ᠤ ᠠᠯᠢ ᠲᠦᠷᠭᠡᠨ᠎ᠢᠶᠡᠷ ᠦᠷ᠎ᠡ ᠪᠦᠲᠦᠮᠵᠢ ᠭᠠᠷᠭᠠᠵᠤ᠂ ᠦᠷ᠎ᠡ ᠪᠦᠲᠦᠬᠡᠯ ᠭᠠᠷᠭᠠᠬᠤ᠎ᠶ᠋ᠢ ᠠᠬᠢᠭᠤᠯᠵᠤ᠂᠎ᠲᠦᠷᠦᠬᠦᠦ᠎ᠤᠯᠠᠷᠢᠯ᠎ᠳᠤ᠎ᠡᠬᠢᠯᠡᠮᠡᠭᠴᠡ᠎ᠪᠠᠨ ᠲᠣᠭ᠍ᠲᠠᠭᠤᠨ ᠪᠠᠢᠯᠭᠠᠬᠤ᠂ ᠡᠬᠢᠯᠡᠮᠡᠭᠴᠡ ᠪᠠᠨ᠎ᠠᠮᠵᠢᠯᠲᠠ᠎ᠤᠯᠬᠤ ᠪᠠ ᠪᠦᠬᠦ᠌ ᠵᠢᠯ᠎ᠦᠨ᠎ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠡᠭᠦᠷᠭᠡ ᠬᠠᠷᠠᠯᠲᠠ᠎ᠶ᠋ᠢ᠎ᠪᠡᠶᠡᠯᠡᠭᠦᠯᠬᠦ᠌᠎ᠳᠦ᠎ᠬᠦᠴᠦᠲᠡᠢ ᠪᠠᠲᠤᠯᠠᠭ᠎ᠠ ᠬᠠᠩᠭᠠᠬᠤ ᠬᠡᠷᠡᠭ᠌ᠲᠡᠢ ᠬᠡᠵᠥ ᠴᠢᠬᠤᠯᠠᠴᠢᠯᠠᠪᠠ᠃

ᠬᠤᠷᠠᠯ ᠡᠴᠡ ᠪᠠᠰᠠ ᠶᠡᠷᠦᠩᠬᠡᠢᠯᠡᠭ᠌ᠰᠡᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠥᠭᠡᠷᠡᠴᠢᠯᠡᠯᠲᠡ ᠵᠡᠷᠭᠡ ᠵᠦᠢᠯ᠎ᠢ ᠰᠤᠳᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号