ᠰᠤᠷᠪᠤᠯᠵᠢᠯᠠᠭ᠍ᠴᠢ 25 ᠤ᠋ ᠡᠳᠦᠷ ᠶᠠᠪᠤᠭ᠍ᠳᠠᠭ᠍ᠰᠠᠨ ᠠᠷᠠᠳ᠎ᠤᠨ ᠶᠠᠪᠤᠳᠠᠯ᠎ᠤᠨ ᠶᠠᠮᠤᠨ᠎ᠤ 2022 ᠣᠨ᠎ᠤ ᠨᠢᠭᠡᠳᠦᠭᠡᠷ ᠤᠯᠠᠷᠢᠯ᠎ᠤᠨ ᠵᠤᠷᠰᠢᠯᠲᠤ ᠰᠣᠨᠢᠨ ᠮᠡᠳᠡᠭᠡ ᠨᠡᠢᠲᠡᠯᠡᠬᠦ᠌ ᠬᠤᠷᠠᠯ ᠡᠴᠡ ᠣᠢᠯᠠᠭᠠᠭ᠍ᠰᠠᠨ᠎ᠢᠶᠠᠷ᠂ ᠴᠠᠭᠠᠨ ᠰᠠᠷ᠎ᠠ᠎ᠶ᠋ᠢᠨ ᠬᠤᠭᠤᠴᠠᠭᠠᠨ᠎ᠳᠡᠬᠢ ᠬᠢᠵᠢᠭ᠎ᠦᠨ ᠪᠠᠢᠳᠠᠯ ᠪᠠ ᠭᠠᠮᠱᠢᠭ᠎ᠤᠨ ᠨᠥᠯᠥᠭᠡ᠎ᠵᠢ ᠬᠦᠷᠲᠡᠭᠰᠡᠨ ᠬᠦᠴᠢᠷᠳᠡᠯᠲᠡᠶ ᠣᠯᠠᠨ ᠲᠦᠮᠡᠨ᠎ᠦ ᠦᠨᠳᠦᠰᠦᠨ ᠠᠮᠢᠳᠤᠷᠠᠯ᠎ᠢ ᠪᠠᠲᠤᠯᠠᠬᠤ᠎ᠶ᠋ᠢᠨ ᠲᠥᠯᠥᠭᠡ᠂ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠦᠨ᠎ᠬᠢᠨ ᠲᠦᠷ ᠴᠠᠭ᠎ᠤᠨ ᠠᠪᠤᠷᠠᠨ ᠲᠤᠰᠠᠯᠠᠬᠤ ᠡᠷᠴᠢᠮ᠎ᠢᠶᠡᠨ ᠴᠢᠩᠭᠠᠷᠠᠭᠤᠯᠵᠤ᠂ ᠬᠢᠵᠢᠭ᠎ᠦᠨ ᠪᠠᠢᠳᠠᠯ ᠠᠴᠠ ᠪᠣᠯᠵᠣ ᠨᠤᠲᠤᠭ᠎ᠲᠠᠭᠠᠨ ᠪᠤᠴᠠᠵᠤ ᠳᠡᠢᠯᠬᠦ᠌ ᠥᠬᠡᠶ᠂ ᠲᠤᠬᠠᠶ᠎ᠶ᠋ᠢᠨ ᠭᠠᠵᠠᠷ᠎ᠲᠠᠭᠠᠨ ᠱᠢᠨᠡᠯᠡᠬᠦ ᠪᠡᠷ ᠪᠠᠢᠭ᠎ᠠ ᠠᠮᠢᠳᠤᠷᠠᠯ᠎ᠨᠢ ᠬᠦᠴᠢᠷᠳᠡᠯᠲᠡᠶ ᠣᠯᠠᠨ ᠲᠦᠮᠡᠨ᠎ᠳᠦ ᠲᠤᠬᠠᠶ᠎ᠶ᠋ᠢᠨ ᠭᠠᠵᠠᠷ᠎ᠠᠴᠠ ᠱᠢᠭᠤᠳ ᠲᠦᠷ ᠴᠠᠭ᠎ᠤᠨ ᠠᠪᠤᠷᠠᠨ ᠲᠤᠰᠠᠯᠠᠯᠲᠠ ᠬᠦᠷᠲᠡᠭᠡᠵᠦ᠂ ᠨᠥᠬᠥᠴᠡᠯ᠎ᠲᠡᠶ ᠭᠠᠵᠠᠷ ᠣᠷᠣᠨ᠎ᠤ᠎ᠬᠢᠨ ᠲᠤᠬᠠᠶ᠎ᠶ᠋ᠢᠨ ᠭᠠᠵᠠᠷ᠎ᠲᠠᠭᠠᠨ ᠱᠢᠨᠡᠯᠡᠬᠦ ᠪᠡᠷ ᠪᠠᠢᠭ᠎ᠠ ᠬᠦᠴᠢᠷᠳᠡᠯᠲᠡᠶ ᠣᠯᠠᠨ ᠲᠦᠮᠡᠨ᠎ᠳᠦ ᠲᠦᠷ ᠴᠠᠭ᠎ᠤᠨ ᠠᠮᠢᠳᠤᠷᠠᠯ᠎ᠤᠨ ᠨᠥᠬᠥᠪᠥᠷᠢ ᠪᠤᠶᠤ ᠡᠳ᠋ ᠪᠣᠳᠠᠰ ᠣᠯᠭᠣᠬᠤ ᠶ᠋ᠢ ᠵᠣᠷᠢᠭ᠍ᠵᠢᠭᠤᠯᠵᠤ᠂ ᠲᠡᠳᠡᠨ᠎ᠦ ᠰᠠᠨᠠᠭ᠎ᠠ ᠠᠮᠤᠷ ᠱᠢᠨᠡᠯᠡᠬᠦ᠌᠎ᠶ᠋ᠢ ᠪᠠᠲᠤᠯᠠᠨ᠎ᠠ᠃
ᠠᠷᠠᠳ᠎ᠤᠨ ᠶᠠᠪᠤᠳᠠᠯ᠎ᠤᠨ ᠶᠠᠮᠤᠨ ᠪᠠᠰᠠ ᠪᠠᠶᠠᠷ᠎ᠤᠨ ᠡᠳᠦᠷ᠎ᠦᠨ ᠬᠤᠭᠤᠴᠠᠭᠠᠨ᠎ᠳᠠᠬᠢ ᠬᠦᠴᠢᠷᠳᠡᠯᠲᠡᠶ ᠣᠯᠠᠨ ᠲᠦᠮᠡᠨ᠎ᠦ ᠦᠨᠳᠦᠰᠦᠨ ᠠᠮᠢᠳᠤᠷᠠᠯ᠎ᠢ ᠪᠠᠲᠤᠯᠠᠬᠤ ᠲᠤᠬᠠᠶ ᠪᠤᠰᠤᠳ ᠬᠠᠮᠢᠶ᠎ᠠ ᠪᠥᠬᠥᠶ ᠪᠠᠢᠷᠢᠯᠠᠭᠤᠯᠤᠯᠲᠠ ᠬᠢᠪᠠ᠃ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ ᠭᠥᠷᠳᠡᠭ᠌ᠰᠡᠳ᠂ ᠣᠨᠴᠠ ᠬᠦᠴᠢᠷᠳᠡᠯᠲᠡᠶ ᠬᠥᠮᠦᠰ ᠵᠡᠷᠭᠡ ᠬᠦᠴᠢᠷᠳᠡᠯᠲᠡᠶ ᠣᠯᠠᠨ ᠲᠦᠮᠡᠨ᠎ᠳᠦ ᠴᠢᠭ᠌ᠯᠡᠭᠦᠯᠦᠨ᠂ ᠠᠷᠠᠳ᠎ᠤᠨ ᠶᠠᠪᠤᠳᠠᠯ᠎ᠤᠨ ᠶᠠᠮᠤᠨ᠎ᠡᠴᠡ ᠡᠯ᠎ᠡ ᠭᠠᠵᠠᠷ᠎ᠤᠨ ᠠᠷᠠᠳ᠎ᠤᠨ ᠶᠠᠪᠤᠳᠠᠯ ᠤᠨ ᠰᠠᠯᠠᠭ᠎ᠠ ᠮᠥᠴᠢᠷ᠎ᠢ ᠵᠢᠯᠣᠭᠣᠳᠴᠤ᠌ ᠪᠠᠢᠭᠠᠳ ᠦᠨᠳᠦᠰᠦᠨ ᠵᠦᠶ᠋ᠯ᠎ᠢ ᠪᠠᠲᠤᠯᠠᠬᠤ ᠡᠷᠴᠢᠮ᠎ᠢ ᠴᠢᠩᠭᠠᠷᠠᠭᠤᠯᠵᠤ᠂ ᠡᠯ᠎ᠡ ᠲᠥᠷᠥᠯ᠎ᠦᠨ ᠠᠪᠤᠷᠠᠨ ᠲᠤᠰᠠᠯᠠᠬᠤ ᠮᠥᠩᠭᠥ᠎ᠶ᠋ᠢ ᠴᠠᠭ ᠲᠤᠬᠠᠶ᠎ᠳᠤᠨᠢ᠂ ᠲᠣᠭ᠎ᠠ ᠶᠣᠰᠣᠭᠠᠷ᠎ᠨᠢ ᠣᠯᠭᠣᠵᠤ᠂ ᠨᠥᠬᠥᠴᠡᠯ᠎ᠲᠡᠶ ᠭᠠᠵᠠᠷ ᠣᠷᠣᠨᠤᠬᠢᠨᠦ ᠠᠪᠤᠷᠠᠨ ᠲᠤᠰᠠᠯᠠᠬᠤ ᠮᠥᠩᠭᠥ᠎ᠶ᠋ᠢ ᠤᠷᠢᠳᠴᠢᠯᠠᠨ ᠣᠯᠭᠣᠬᠤ᠎ᠶ᠋ᠢ ᠵᠣᠷᠢᠭ᠍ᠵᠢᠭᠤᠯᠤᠨ᠎ᠠ᠃ ᠡᠳ᠋᠎ᠦᠨ ᠵᠠᠰᠠᠭ᠎ᠤᠨ ᠶᠠᠮᠤᠨ᠂ ᠠᠷᠠᠳ᠎ᠤᠨ ᠶᠠᠪᠤᠳᠠᠯ᠎ᠤᠨ ᠶᠠᠮᠤᠨ ᠨᠢᠭᠡᠨᠲᠡ 2022 ᠣᠨ᠎ᠤ ᠲᠥᠪ᠎ᠦᠨ ᠡᠳ᠋᠎ᠦᠨ ᠵᠠᠰᠠᠭ᠎ᠤᠨ ᠬᠦᠴᠢᠷᠳᠡᠯᠲᠡᠶ ᠣᠯᠠᠨ ᠲᠦᠮᠡᠨ᠎ᠢ ᠠᠪᠤᠷᠠᠨ ᠲᠤᠰᠠᠯᠠᠬᠤ ᠨᠥᠬᠥᠪᠥᠷᠢ ᠪᠠᠯᠠ ᠮᠥᠩᠭᠥ᠎ᠶ᠋ᠢ 1329 ᠳ᠋ᠦᠩᠱᠢᠭᠤᠷ ᠲᠥᠭᠥᠷᠢᠭ ᠤᠷᠢᠳᠴᠢᠯᠠᠨ ᠪᠠᠭᠤᠯᠭᠠᠵᠤ᠂ ᠡᠯ᠎ᠡ ᠭᠠᠵᠠᠷ᠎ᠤᠨ ᠬᠦᠴᠢᠷᠳᠡᠯᠲᠡᠶ ᠣᠯᠠᠨ ᠲᠦᠮᠡᠨ᠎ᠦ ᠦᠨᠳᠦᠰᠦᠨ ᠠᠮᠢᠳᠤᠷᠠᠯ᠎ᠤᠨ ᠪᠠᠲᠤᠯᠠᠭ᠎ᠠ᠎ᠶ᠋ᠢ ᠴᠢᠩᠭᠠᠳᠭᠠᠬᠤ ᠶ᠋ᠢ ᠳᠡᠮᠵᠢᠪᠡ᠃
ᠡᠭᠦᠨ᠎ᠡᠴᠡ ᠭᠠᠳᠠᠨ᠎ᠠ᠂ ᠦᠨ᠎ᠡ ᠬᠠᠩᠰᠢ᠎ᠶ᠋ᠢᠨ ᠲᠦᠷ ᠴᠠᠭ᠎ᠤᠨ ᠨᠥᠬᠥᠪᠥᠷᠢ ᠣᠯᠭᠣᠬᠤ ᠠᠵᠢᠯᠤᠨᠲᠠᠯᠠᠪᠠᠷ᠂ᠠᠷᠠᠳᠤᠨᠶᠠᠪᠤᠳᠠᠯᠤᠨᠶᠠᠮᠤᠨ ᠡᠯ᠎ᠡ ᠭᠠᠵᠠᠷ᠎ᠢ ᠵᠢᠯᠣᠭᠣᠳᠤᠨ ᠪᠠᠷᠠᠭᠠᠨ᠎ᠤ ᠦᠨ᠎ᠡ᠎ᠶ᠋ᠢᠨ ᠬᠤᠪᠢᠷᠠᠯᠲᠠ᠎ᠶ᠋ᠢᠨ ᠪᠠᠢᠳᠠᠯ᠎ᠢ ᠨᠢᠭ᠍ᠲᠠ ᠠᠩᠬᠠᠷᠴᠤ᠌᠂ ᠮᠥᠷᠳᠡᠨ ᠰᠤᠳᠤᠯᠵᠤ ᠮᠠᠭᠠᠳᠯᠠᠨ᠂ ᠲᠣᠭ᠍ᠲᠠᠭᠠᠯ ᠶᠣᠰᠣᠭᠠᠷ ᠨᠡᠢᠭᠡᠮ᠎ᠦᠨ ᠠᠪᠤᠷᠠᠨ ᠲᠤᠰᠠᠯᠠᠯᠲᠠ ᠪᠠ ᠪᠠᠲᠤᠯᠠᠭ᠎ᠠ᠎ᠶ᠋ᠢᠨ ᠪᠠᠷᠢᠮᠵᠢᠶᠠᠶ᠋ᠢᠪᠠᠷᠠᠭᠠᠨᠤ ᠦᠨᠠᠶ᠋ᠢᠨᠥᠰᠥᠯᠲᠡᠲᠡᠶᠬᠣᠯᠪᠣᠬᠤᠬᠣᠯᠪᠣᠭᠠᠯᠠᠬᠤ ᠲᠣᠭ᠍ᠲᠠᠴᠠ᠎ᠶ᠋ᠢ ᠡᠬᠢᠯᠡᠭᠦᠯᠵᠦ᠍᠂ ᠪᠠᠷᠠᠭᠠᠨ᠎ᠤ ᠦᠨ᠎ᠡ᠎ᠶ᠋ᠢᠨ ᠥᠰᠥᠯᠲᠡ᠎ᠶ᠋ᠢᠨ ᠬᠦᠴᠢᠷᠳᠡᠯᠲᠡᠶ ᠣᠯᠠᠨ ᠲᠦᠮᠡᠨ᠎ᠦ ᠠᠮᠢᠳᠤᠷᠠᠯ᠎ᠳᠤ ᠦᠵᠡᠭᠦᠯᠬᠦ᠌ ᠨᠥᠯᠥᠭᠡ᠎ᠶ᠋ᠢ ᠨᠠᠮᠳᠠᠭᠤᠯᠤᠨ᠎ᠠ᠃
ᠳᠤᠯᠠᠭᠠᠯᠠᠭ᠎ᠠ᠎ᠪᠠᠷ ᠠᠪᠤᠷᠠᠨ ᠲᠤᠰᠠᠯᠠᠬᠤ ᠠᠵᠢᠯ᠎ᠤᠨ ᠲᠠᠯ᠎ᠠ᠎ᠪᠠᠷ᠂ ᠠᠷᠠᠳ᠎ᠤᠨ ᠶᠠᠪᠤᠳᠠᠯ᠎ᠤᠨ ᠶᠠᠮᠤᠨ ᠤᠮᠠᠷᠠᠲᠤ ᠣᠷᠣᠨ᠎ᠤ ᠭᠠᠵᠠᠷ ᠣᠷᠣᠨ᠎ᠢ ᠵᠢᠯᠣᠭᠣᠳᠤᠨ ᠳᠤᠯᠠᠭᠠᠯᠠᠭ᠎ᠠ᠎ᠪᠠᠷ ᠠᠪᠤᠷᠠᠨ ᠲᠤᠰᠠᠯᠠᠬᠤ᠎ᠶ᠋ᠢ ᠤᠯᠠᠮ ᠴᠢᠨᠠᠭᠰᠢᠳᠠ ᠴᠢᠩᠭᠠᠳᠭᠠᠵᠤ᠂ ᠳᠤᠯᠠᠭᠠᠯᠠᠭ᠎ᠠ᠎ᠶ᠋ᠢᠨ ᠨᠥᠬᠥᠪᠥᠷᠢ ᠶ᠋ᠢ ᠴᠠᠭ ᠲᠤᠬᠠᠶ᠎ᠳᠤᠨᠢ ᠲᠠᠷᠬᠠᠭᠠᠵᠤ᠂ ᠬᠥᠪᠥᠩ ᠬᠤᠪᠴᠠᠰᠤ ᠬᠥᠪᠥᠩ ᠬᠥᠨᠵᠢᠯᠡ᠂ ᠲᠦᠯᠡᠰᠢ ᠵᠡᠷᠭᠡ ᠬᠦᠶ᠋ᠲᠡᠨ᠎ᠢ ᠰᠡᠷᠭᠡᠢᠯᠡᠬᠦ᠌ ᠡᠳ᠋ ᠪᠣᠳᠠᠰ ᠬᠠᠩᠭᠠᠵᠤ᠂ ᠬᠦᠴᠢᠷᠳᠡᠯᠲᠡᠶ ᠣᠯᠠᠨ ᠲᠦᠮᠡᠨ᠎ᠢ ᠬᠠᠪᠰᠤᠷᠤᠨ ᠡᠪᠦᠯ᠎ᠢ ᠥᠩᠭᠡᠷᠡᠭᠡᠬᠦ᠌ ᠪᠣᠳᠠᠲᠠᠶ ᠬᠦᠴᠢᠷᠳᠡᠯ᠎ᠢ ᠨᠢ ᠱᠢᠶ᠋ᠳᠪᠦᠷᠢᠯᠡᠵᠦ᠍ ᠥᠭ᠌ᠭᠦᠨ᠎ᠡ᠃ ᠪᠦᠷᠢᠨ ᠪᠤᠰᠤ ᠪᠦᠷᠢᠳᠭᠡᠯ᠎ᠢ ᠦᠨᠳᠦᠰᠦᠯᠡᠪᠡᠯ᠂ ᠡᠪᠦᠯ᠎ᠤᠨ ᠤᠯᠠᠷᠢᠯ ᠡᠬᠢᠯᠡᠭᠰᠡᠨ ᠡᠴᠡ ᠨᠠᠭᠠᠰᠢ᠂ ᠪᠡᠭᠡᠵᠢᠩ᠂ ᠯᠢᠶᠣᠤᠨᠢᠩ ᠵᠡᠷᠭᠡ 14 ᠮᠤᠵᠢ ᠣᠷᠣᠨ ᠨᠡᠢᠲᠡ 25.5 ᠳ᠋ᠦᠩᠱᠢᠭᠤᠷ ᠲᠥᠭᠥᠷᠢᠭ᠎ᠦᠨ ᠳᠤᠯᠠᠭᠠᠯᠠᠭ᠎ᠠ᠎ᠶ᠋ᠢᠨ ᠨᠥᠬᠥᠪᠥᠷᠢ ᠲᠠᠷᠬᠠᠭᠠᠵᠤ᠂ 425 ᠲᠦᠮᠡᠨ ᠡᠷᠦᠬᠡ ᠵᠢᠨ ᠬᠦᠴᠢᠷᠳᠡᠯᠲᠡᠶ ᠣᠯᠠᠨ ᠲᠦᠮᠡᠨ᠎ᠳᠦ ᠠᠱᠢᠭ ᠬᠦᠷᠲᠡᠭᠡᠪᠡ᠃
《ᠪᠢᠳᠡ ᠡᠯ᠎ᠡ ᠭᠠᠵᠠᠷ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠢ ᠵᠢᠯᠣᠭᠣᠳᠤᠨ ᠱᠠᠯᠠᠪᠳᠠᠭᠤᠯᠵᠤ᠂ ᠨᠡᠢᠭᠡᠮ᠎ᠦᠨ ᠠᠪᠤᠷᠠᠨ ᠲᠤᠰᠠᠯᠠᠬᠤ ᠦᠨᠳᠦᠰᠦᠨ ᠵᠦᠢᠯ᠎ᠢ ᠪᠠᠲᠤᠯᠠᠬᠤ ᠡᠷᠴᠢᠮ᠎ᠢᠶᠡᠨ ᠤᠯᠠᠮ ᠴᠢᠨᠠᠭ᠍ᠰᠢᠳᠠ ᠴᠢᠩᠭᠠᠷᠠᠭᠤᠯᠵᠤ᠂ ᠡᠯ᠎ᠡ ᠵᠦᠢᠯ᠎ᠦᠨ ᠠᠪᠤᠷᠠᠨ ᠲᠤᠰᠠᠯᠠᠬᠤ ᠲᠦᠷᠦ᠍᠎ᠶ᠋ᠢᠨ ᠪᠤᠳᠤᠯᠭ᠎ᠠ ᠠᠷᠭ᠎ᠠ ᠬᠡᠮᠵᠢᠶ᠎ᠡ᠎ᠶ᠋ᠢ ᠪᠣᠳᠠᠲᠠᠢ ᠨᠠᠷᠢᠯᠢᠭ ᠨᠠᠢᠳᠠᠪᠤᠷᠢᠵᠢᠭᠤᠯᠵᠤ᠂ ᠬᠦᠴᠢᠷᠳᠡᠯᠲᠡᠢ ᠤᠯᠠᠨ ᠲᠦᠮᠡᠨ᠎ᠦ ᠬᠠᠯᠠᠭᠤᠨ ᠳᠤᠯᠠᠭᠠᠨ᠂ ᠠᠮᠤᠷ ᠠᠮᠤᠭᠤᠯᠠᠩ᠂ ᠦᠯᠵᠡᠢ ᠪᠡᠯᠭᠡ᠎ᠲᠡᠶ ᠴᠠᠭᠠᠨ ᠰᠠᠷᠠᠶ᠋ᠢ ᠥᠩᠭᠡᠷᠡᠭᠦᠯᠬᠦ᠌᠎ᠶ᠋ᠢ ᠦᠨᠡᠨ ᠬᠦ᠌ ᠪᠠᠲᠤᠯᠠᠨ᠎ᠠ》ᠭᠡᠵᠦ᠍ ᠠᠷᠠᠳ᠎ᠤᠨ ᠶᠠᠪᠤᠳᠠᠯ᠎ᠤᠨ ᠶᠠᠮᠤᠨ᠎ᠤ ᠨᠡᠢᠭᠡᠮ᠎ᠦᠨ ᠠᠪᠤᠷᠠᠨ ᠲᠤᠰᠠᠯᠠᠬᠤ ᠵᠤᠷᠭᠠᠨ᠎ᠤ ᠳᠡᠳ᠋ ᠳᠠᠷᠤᠭ᠎ᠠ ᠵᠠᠩ ᠸᠧᠶ ᠬᠡᠯᠡᠪᠡ᠃ (ᠱᠢᠨᠬᠤᠸᠠ ᠬᠣᠷᠢᠶᠠᠨ᠎ᠤ ᠪᠡᠭᠡᠵᠢᠩ᠎ᠦᠨ 1 ᠰᠠᠷ᠎ᠠ᠎ᠶ᠋ᠢᠨ 25 ᠤ᠋ ᠴᠠᠬᠢᠯᠭᠠᠨ ᠮᠡᠳᠡᠭᠡ)