70 ᠳ᠋ᠦᠩᠱᠢᠭᠤᠷ ᠲᠥᠭᠥᠷᠢᠭ ᠲᠠᠷᠬᠠᠭᠠᠵᠤ 158.9 ᠲᠦᠮᠡᠨ ᠬᠥᠮᠦᠨ᠎ᠦ ᠦᠨᠳᠦᠰᠦᠨ ᠠᠮᠢᠳᠤᠷᠠᠯ᠎ᠢ ᠪᠠᠲᠤᠯᠠᠪᠠ
2022-01-27 10:18:04
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

1 ᠰᠠᠷ᠎ᠠ᠎ᠶ᠋ᠢᠨ 25᠎ᠤ ᠡᠳᠦᠷ ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠡᠴᠡ ᠣᠢᠯᠠᠭᠠᠭ᠍ᠰᠠᠨ ᠵᠢᠡᠷ᠂ 2021 ᠣᠨ᠎ᠳᠤ ᠪᠥᠬᠥ᠌ ᠣᠷᠣᠨ᠎ᠳᠤ 158.9 ᠲᠦᠮᠡᠡ ᠬᠦᠮᠦᠨ ᠬᠣᠲᠠ ᠬᠥᠳᠡᠭᠡ᠎ᠶ᠋ᠢᠨ ᠠᠮᠢᠳᠤᠷᠠᠯ᠎ᠤᠨ ᠨᠠᠭᠠᠳᠤ ᠵᠠᠬ᠎ᠠ᠎ᠶ᠋ᠢᠨ ᠪᠠᠲᠤᠯᠠᠭ᠎ᠠ ᠭᠥᠷᠳᠡᠵᠤ᠂ ᠨᠡᠢᠲᠡ 70.12 ᠳ᠋ᠦᠩᠱᠢᠭᠤᠷ ᠲᠥᠭᠥᠷᠢᠭ ᠲᠠᠷᠬᠠᠭᠠᠵᠠᠢ; ᠲᠦᠷ ᠴᠠᠭ᠂ ᠭᠡᠨᠡᠳᠲᠡ᠎ᠶ᠋ᠢᠨ ᠴᠢᠨᠠᠷᠲᠠᠶ ᠠᠮᠢᠳᠤᠷᠠᠯ᠎ᠨᠢ ᠬᠦᠴᠢᠷᠳᠡᠯ ᠳ᠋ᠦ ᠲᠤᠯᠭᠠᠷᠠᠬᠰᠠᠨ ᠬᠡᠷ ᠪᠦᠯᠢ᠎ᠳᠦ 18.46 ᠲᠦᠮᠡᠨ ᠬᠥᠮᠦᠨ ᠤᠳᠠᠭ᠎ᠠ᠎ᠶ᠋ᠢᠨ ᠲᠦᠷ ᠴᠠᠭ᠎ᠤᠨ ᠠᠪᠤᠷᠠᠨ ᠲᠤᠰᠠᠯᠠᠯᠲᠠ ᠥᠷᠨᠢᠭᠦᠯᠵᠦ᠍᠂ 2.99 ᠳ᠋ᠦᠩᠱᠢᠭᠤᠷ ᠲᠥᠭᠥᠷᠢᠭ᠎ᠦᠨ ᠲᠦᠷ ᠴᠠᠭ᠎ᠤᠨ ᠠᠪᠤᠷᠠᠨ ᠲᠤᠰᠠᠯᠠᠬᠤ ᠪᠠᠯᠠ ᠮᠥᠩᠭᠥ᠌ ᠲᠠᠷᠬᠠᠭᠠᠵᠠᠢ᠃

2021 ᠣᠨ᠎ᠳᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠨᠡᠢᠭᠡᠮ᠎ᠦᠨ ᠠᠪᠤᠷᠠᠨ ᠲᠤᠰᠠᠯᠠᠬᠤ ᠠᠵᠢᠯ᠎ᠤᠨ ᠲᠣᠭ᠍ᠲᠠᠴᠠ᠎ᠶ᠋ᠢ ᠤᠯᠠᠮ ᠨᠢᠭᠡ ᠠᠯᠬᠤᠮ ᠪᠦᠷᠢᠨᠱᠢᠬᠦᠯᠵᠦ᠍᠂ ᠠᠪᠤᠷᠠᠨ ᠲᠤᠰᠠᠯᠠᠬᠤ ᠡᠲᠡᠭᠡᠳ᠎ᠢ ᠣᠨᠣᠪᠴᠢᠲᠠᠶ᠎ᠪᠠᠷ ᠮᠠᠭᠠᠳᠯᠠᠨ ᠲᠣᠭ᠍ᠲᠠᠭᠠᠵᠤ᠂ ᠨᠥᠬᠥᠴᠡᠯ᠎ᠳᠦ ᠨᠡᠢᠴᠡᠬᠦ᠌ ᠬᠦᠴᠢᠷᠳᠡᠯᠲᠡᠶ ᠬᠥᠮᠦᠰ᠎ᠢ ᠴᠠᠭ ᠲᠤᠬᠠᠶ᠎ᠳᠤᠨᠢ ᠠᠮᠢᠳᠤᠷᠠᠯ᠎ᠤᠨ ᠨᠠᠭᠠᠳᠤ ᠵᠠᠬ᠎ᠠ᠎ᠶ᠋ᠢᠨ ᠪᠠᠲᠤᠯᠠᠭ᠎ᠠ᠂ ᠣᠨᠴᠠ ᠬᠦᠴᠢᠷᠳᠡᠯᠲᠡᠶ ᠠᠪᠤᠷᠠᠨ ᠲᠤᠰᠠᠯᠠᠬᠤ ᠪᠠᠲᠤᠯᠠᠭ᠎ᠠ᠎ᠶ᠋ᠢᠨ ᠬᠦᠷᠢᠶ᠎ᠡ ᠬᠡᠪᠴᠢᠶ᠎ᠡ᠎ᠳᠦ᠎ᠣᠷᠣᠭᠤᠯᠵᠠᠢ᠃᠎ᠲᠦ᠋ᠷ᠎ᠴᠠᠭ ᠠᠪᠤᠷᠠᠨ ᠲᠤᠰᠠᠯᠠᠬᠤ ᠡᠷᠴᠢᠮ᠎ᠢᠶᠡᠨ ᠴᠢᠩᠭᠠᠷᠠᠭᠤᠯᠵᠤ᠂ ᠭᠡᠨᠡᠳᠲᠡ᠎ᠶ᠋ᠢᠨ ᠴᠢᠨᠠᠷᠲᠠᠶ᠂ ᠲᠤᠯᠭᠠᠮ᠎ᠠ ᠴᠢᠨᠠᠷᠲᠠᠶ᠂ ᠲᠦᠷ ᠴᠠᠭ᠎ᠤᠨ ᠴᠢᠨᠠᠷᠲᠠᠶ ᠬᠦᠴᠢᠷᠳᠡᠯ᠎ᠳᠦ ᠲᠤᠯᠭᠠᠷᠠᠭ᠍ᠰᠠᠨ ᠬᠥᠮᠦᠰ᠎ᠲᠦ ᠲᠦᠷ ᠴᠠᠭ᠎ᠤᠨ ᠠᠪᠤᠷᠠᠨ ᠲᠤᠰᠠᠯᠠᠯᠳᠡ ᠬᠢᠵᠠᠢ᠃ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠌᠂ ᠠᠵᠢᠯ᠎ᠤᠨ ᠲᠣᠬᠢᠷᠠᠭᠤᠯᠤᠯᠲᠠ᠎ᠶ᠋ᠢ ᠴᠢᠩᠭᠠᠷᠠᠭᠤᠯᠵᠤ᠂ ᠠᠪᠤᠷᠠᠨ ᠲᠤᠰᠠᠯᠠᠬᠤ ᠪᠡᠯᠡ ᠮᠥᠩᠭᠥ᠎ᠶ᠋ᠢ ᠴᠠᠭ ᠲᠤᠬᠠᠶ᠎ᠳᠤᠨᠢ᠂ ᠭᠦᠢᠴᠡᠳ ᠲᠣᠭ᠎ᠠ᠎ᠪᠠᠷ᠂ ᠣᠨᠣᠪᠴᠢᠲᠠᠶ ᠣᠯᠭᠣᠬᠤ᠎ᠶ᠋ᠢ ᠦᠨᠡᠨ ᠬᠦ᠌ ᠪᠠᠲᠤᠯᠠᠵᠠᠢ᠃

2022 ᠣᠨ᠎ᠳᠤ ᠪᠥᠬᠥ᠌ ᠣᠷᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠠᠷᠠᠳ᠎ᠤᠨ ᠠᠮᠢᠳᠤᠷᠠᠯ᠎ᠢ ᠪᠠᠲᠤᠯᠠᠬᠤ ᠠᠵᠢᠯ᠎ᠢ ᠦᠷᠭᠦᠯᠵᠢᠯᠡᠨ ᠰᠠᠢᠳᠤᠷ ᠬᠢᠵᠦ᠂ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠱᠢᠰᠲ᠋ᠧᠮ᠎ᠢ ᠲᠡᠭᠦᠯᠳᠡᠷᠵᠢᠭᠦᠯᠵᠦ᠍᠂ ᠬᠡᠦᠬᠡᠳ᠎ᠦᠨ ᠠᠰᠠᠷᠠᠮᠵᠢ ᠪᠣᠯᠤᠨ᠎ᠨᠠᠰᠤᠨ᠎ᠳᠤ᠎ᠥᠯᠥ᠍᠎ᠭᠦᠷᠦᠭ᠌ᠰᠡᠳ᠎ᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ᠎ᠪᠠᠨ ᠯᠠᠪᠳᠠᠭᠤᠨ ᠪᠠᠲᠤᠲᠠᠶ᠎ᠭᠦᠶ᠋ᠴᠡᠳᠭᠡᠵᠦ᠍᠂᠎ᠦᠨᠳᠦᠰᠦᠨ᠎ᠱᠠᠲᠤᠨ᠎ᠤ᠎ᠵᠠᠰᠠᠯᠲᠠ᠎ᠶ᠋ᠢᠨ᠎ᠱᠢᠰᠲ᠋ᠧᠮ᠎ᠪᠣᠯᠤᠨ ᠵᠠᠰᠠᠯᠲᠠ᠎ᠶ᠋ᠢᠨ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠠᠬᠢᠭᠤᠯᠵᠤ᠂ ᠨᠡᠢᠭᠡᠮ᠎ᠦᠨ ᠵᠣᠬᠢᠶᠠᠨ ᠪᠠᠢᠭᠤᠯᠤᠯᠲᠠ᠎ᠶ᠋ᠢᠨ ᠦᠶ᠋ᠯᠡᠴᠢᠯᠡᠭᠡ ᠬᠠᠮᠢᠶᠠᠷᠤᠯᠲᠠ᠎ᠶ᠋ᠢ ᠦᠷᠭᠦᠯᠵᠢᠯᠡᠨ ᠴᠢᠩᠭᠠᠳᠭᠠᠵᠤ᠂ ᠨᠡᠢᠭᠡᠮ᠎ᠦᠨ ᠠᠵᠢᠯ᠂ ᠨᠢᠭᠦᠯᠡᠰᠦᠩᠭᠦᠶ᠎ᠶ᠋ᠢᠨ ᠦᠶ᠋ᠯᠡᠰ᠎ᠦᠨ ᠬᠥᠭ᠌ᠵᠢᠯᠲᠡ᠎ᠶ᠋ᠢ ᠢᠳᠡᠪᠬᠢᠲᠡᠶ ᠠᠬᠢᠭᠤᠯᠵᠤ᠂ ᠲᠤᠰᠭᠠᠶ ᠨᠡᠢᠭᠡᠮ᠎ᠦᠨ ᠶᠠᠪᠤᠳᠠᠯ᠎ᠤᠨ ᠠᠵᠢᠯ᠎ᠤᠨ ᠲᠦᠪᠱᠢᠨ᠎ᠢ ᠴᠢᠷᠮᠠᠢᠨ ᠳᠡᠭᠡᠭ᠌ᠰᠢᠯᠡᠭᠦᠯᠵᠦ᠍᠂ ᠠᠷᠠᠳ᠎ᠤᠨ ᠶᠠᠪᠤᠳᠠᠯ᠎ᠤᠨ᠎ᠦᠶ᠋ᠯᠡᠰ᠎ᠦᠨ᠎ᠴᠢᠨᠠᠷ᠎ᠰᠠᠢᠲᠠᠶ ᠬᠥᠭ᠌ᠵᠢᠯᠲᠡ᠎ᠶ᠋ᠢᠨ ᠰᠠᠭᠤᠷᠢ᠎ᠶ᠋ᠢ ᠪᠡᠬᠢᠵᠢᠭᠦᠯᠬᠦ ᠪᠤᠯᠦᠨ᠎ᠠ᠃

 

ᠢᠷᠡᠯᠳᠡ᠌᠄ ᠤᠮᠠᠷᠠᠳᠦ ᠵᠢᠨ ᠰᠦᠯᠵᠢᠶ᠎ᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号