​ᠰᠦᠯᠵᠢᠶᠡᠨ᠎ᠦ ᠬᠦᠴᠦᠷᠬᠡᠭ᠌ᠯᠡᠯ ᠴᠤᠤᠷᠬᠠᠯ ᠲᠠᠷᠬᠠᠭᠠᠬᠤ ᠵᠡᠷᠭᠡ ᠠᠰᠠᠭᠤᠳᠠᠯ᠎ᠢ ᠲᠥᠪᠯᠡᠷᠡᠭᠦᠯᠦᠨ ᠴᠡᠭ᠌ᠴᠡᠯᠡᠨ ᠵᠠᠰᠠᠨ᠎ᠠ
2022-01-27 10:19:31
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠪᠣᠯᠪᠠᠰᠤᠨ᠎ᠡᠷᠡᠭᠦᠯ᠂᠎ᠪᠠᠶᠠᠷ᠎ᠪᠠᠶᠠᠰᠭᠤᠯᠠᠩᠲᠤ ᠴᠠᠭᠠᠨ ᠰᠠᠷ᠎ᠠ᠎ᠶ᠋ᠢᠨ ᠰᠦᠯᠵᠢᠶᠡᠨ ᠳᠡᠭᠡᠷᠡᠬᠢ ᠶᠠᠷᠢᠶ᠎ᠠ ᠬᠡᠯᠡᠯᠴᠡᠭᠡᠨ᠎ᠦ ᠠᠭᠤᠷ ᠠᠮᠢᠰᠭᠤᠯ᠎ᠢ ᠪᠤᠢ ᠪᠣᠯᠭᠠᠬᠤ᠎ᠶ᠋ᠢᠨ ᠲᠥᠯᠥᠭᠡ᠂ ᠲᠥᠪ᠎ᠦᠨ ᠰᠦᠯᠵᠢᠶᠡᠨ᠎ᠦ ᠠᠮᠤᠷ ᠲᠦᠪᠰᠢᠨ ᠪᠠ ᠮᠡᠳᠡᠭᠡ ᠵᠠᠩᠬᠢᠵᠢᠯᠲᠠ ᠵᠢᠨ ᠵᠦᠪᠯᠡᠯ᠎ᠤᠨ ᠠᠯᠪᠠᠨ ᠭᠡᠷ ᠡᠴᠡ 1 ᠰᠠᠷ᠎ᠠ᠎ᠶ᠋ᠢᠨ ᠬᠤᠭᠤᠴᠠᠭ᠎ᠠ᠎ᠲᠠᠶ 《ᠠᠷᠢᠭᠤᠨ ᠴᠡᠪᠡᠷ·2022 ᠣᠨ᠎ᠤ ᠴᠠᠭᠠᠨ ᠰᠠᠷ᠎ᠠ᠎ᠶ᠋ᠢᠨ ᠰᠦᠯᠵᠢᠶᠡᠨ᠎ᠦ ᠣᠷᠴᠢᠨ ᠲᠣᠭᠣᠷᠢᠨ᠎ᠢ ᠴᠡᠭ᠌ᠴᠡᠯᠡᠨ ᠵᠠᠰᠠᠬᠤ》 ᠲᠤᠰᠭᠠᠢ ᠠᠵᠢᠯᠯᠠᠭ᠎ᠠ ᠥᠷᠨᠢᠭᠦᠯᠬᠦ᠌ ᠎ᠪᠡᠷ ᠲᠣᠭ᠍ᠲᠠᠪᠠ᠃

ᠲᠤᠰᠭᠠᠢ ᠠᠵᠢᠯᠯᠠᠭ᠎ᠠ ᠥᠷᠨᠢᠭᠦᠯᠬᠦ᠌᠎ᠲᠤᠬᠠᠢ ᠮᠡᠳᠡᠭᠳᠡᠯ ᠳ᠋ᠤ ᠭᠤᠤᠯᠳᠠᠭᠤ ᠳᠤᠤᠷᠠᠬᠢ ᠲᠠᠪᠤᠨ ᠲᠠᠯ᠎ᠠ᠎ᠶ᠋ᠢᠨ ᠴᠡᠭ᠌ᠴᠡᠯᠡᠨ ᠵᠠᠰᠠᠬᠤ ᠡᠭᠦᠷᠭᠡ᠎ᠶ᠋ᠢ ᠪᠠᠭ᠍ᠲᠠᠭᠠᠨ᠎ᠠ ᠭᠡᠪᠡ᠃

1. ᠰᠦᠯᠵᠢᠶᠡᠨ ᠎ᠦ ᠬᠦᠴᠦᠷᠬᠡᠭ᠌ᠯᠡᠯ᠂ ᠴᠤᠤᠷᠬᠠᠯ ᠲᠠᠷᠬᠠᠭᠠᠬᠤ ᠵᠡᠷᠭᠡ ᠠᠰᠠᠭᠤᠳᠠᠯ᠎ᠢ ᠲᠥᠪᠯᠡᠷᠡᠭᠦᠯᠦᠨ ᠴᠡᠭ᠌ᠴᠡᠯᠡᠨ ᠵᠠᠰᠠᠵᠤ᠂ ᠰᠦᠯᠵᠢᠶᠡᠨ ᠢᠷᠭᠡᠳ᠎ᠦᠨ ᠠᠱᠢᠭ ᠲᠤᠰᠠ᠎ᠶ᠋ᠢ ᠦᠨᠡᠨ ᠬᠦ᠌ ᠬᠠᠮᠠᠭᠠᠯᠠᠨ᠎ᠠ᠃ ᠨᠢᠭᠡ᠎ᠳᠦ᠂ ᠬᠢᠵᠢᠭ᠎ᠦᠨ ᠪᠠᠢᠳᠠᠯ᠂ ᠨᠡᠢᠭᠡᠮ᠎ᠦᠨ ᠬᠠᠯᠠᠮᠰᠢᠯ ᠶᠠᠪᠤᠳᠠᠯ ᠵᠡᠷᠭᠡ ᠎ᠶ᠋ᠢ ᠠᠱᠢᠭ᠍ᠯᠠᠨ ᠰᠦᠯᠵᠢᠶᠡᠨ ᠢᠷᠭᠡᠳ᠎ᠢ ᠥᠳᠥᠭᠡᠨ ᠡᠰᠡᠷᠭᠦᠴᠡᠯᠳᠦᠭᠦᠯᠬᠦ᠌᠂ ᠬᠤᠪᠢ ᠬᠦᠮᠦᠨ᠎ᠤ ᠮᠡᠳᠡᠭᠡ ᠵᠠᠩᠬᠢ᠎ᠵᠢ ᠬᠠᠢᠵᠤ ᠨᠡᠢᠲᠡᠯᠡᠬᠦ᠂ ᠳᠣᠷᠣᠮᠵᠢᠯᠠᠨ ᠬᠠᠷᠢᠶᠠᠬᠤ ᠵᠡᠷᠭᠡ ᠰᠦᠯᠵᠢᠶᠡᠨ᠎ᠦ ᠬᠦᠴᠦᠷᠬᠡᠭ᠌ᠯᠡᠯ᠎ᠦᠨ᠎ᠦᠶ᠋ᠯᠡ᠎ᠠᠵᠢᠯᠯᠠᠭ᠎ᠠ᠎ᠶ᠋ᠢ᠎ᠭᠤᠤᠯᠳᠠᠯᠭ᠎ᠠ᠎ᠲᠠᠶ ᠴᠡᠭ᠌ᠴᠡᠯᠡᠨ ᠵᠠᠰᠠᠨ᠎ᠠ᠃ ᠬᠣᠶᠠᠷ᠎ᠲᠤ᠂ ᠣᠯᠠᠨ ᠨᠡᠢᠲᠡ᠎ᠶ᠋ᠢᠨ ᠳ᠋ᠤᠭᠠᠷ᠎ᠤᠨ ᠬᠦᠮᠦᠰ᠎ᠤᠨ ᠬᠠᠷᠠᠭ᠎ᠠ ᠵᠢ ᠪᠤᠯᠢᠶᠠᠬᠤ ᠵᠢᠨ ᠲᠤᠯᠠ ᠴᠤᠤᠷᠬᠠᠯ ᠲᠠᠷᠬᠠᠭᠠᠬᠤ᠂ ᠤᠴᠢᠷ ᠶᠠᠪᠤᠳᠠᠯ᠎ᠢ ᠣᠯᠠᠨ ᠨᠡᠢᠲᠡ᠎ᠳᠦ ᠪᠤᠷᠤᠭᠤ᠎ᠪᠠᠷ ᠲᠠᠨᠢᠭᠤᠯᠬᠤ᠂ ᠨᠠᠰᠤᠲᠠᠢᠴᠤᠳ᠎ᠢ ᠪᠤᠷᠤᠭᠤ᠎ᠪᠠᠷ ᠬᠥᠲᠥᠯᠬᠦ᠌ ᠵᠡᠷᠭᠡ ᠠᠰᠠᠭᠤᠳᠠᠯ᠎ᠢ ᠲᠥᠪᠯᠡᠷᠡᠭᠦᠯᠦᠨ ᠱᠢᠶ᠋ᠳᠪᠦᠷᠢᠯᠡᠨ᠎ᠡ᠃ ᠭᠤᠷᠪᠠ᠎ᠳᠤ᠂ ᠴᠠᠭᠠᠨ ᠰᠠᠷ᠎ᠠ ᠎ᠶ᠋ᠢᠨ ᠬᠤᠭᠤᠴᠠᠭᠠᠨ᠎ᠳᠤ 《ᠤᠯᠠᠭᠠᠨ ᠪᠠᠭ᠍ᠯᠠᠭ᠎ᠠ ᠪᠤᠯᠢᠶᠠᠬᠤ》᠂ 《ᠰᠦᠶ᠋ᠳᠭᠡᠯ ᠬᠤᠷᠢᠶᠠᠬᠤ ᠥᠬᠡᠶ᠎ᠪᠡᠷ ᠬᠦᠷᠭᠡᠬᠦ᠌》 ᠵᠡᠷᠭᠡ ᠠᠷᠭ᠎ᠠ ᠬᠡᠯᠪᠡᠷᠢ ᠎ᠪᠡᠷ ᠰᠦᠯᠵᠢᠶᠡᠨ ᠢᠷᠭᠡᠳ᠎ᠢ ᠬᠠᠮᠢᠶ᠎ᠠ ᠪᠦᠬᠦᠢ ᠬᠤᠯᠪᠤᠭᠠᠰᠤ ᠵᠢ ᠲᠤᠪᠴᠢᠳᠠᠭᠤᠯᠵᠤ ᠰᠦᠯᠵᠢᠶᠡᠨ ᠮᠡᠬᠡᠯᠡᠯ ᠬᠢᠬᠦ ᠵᠡᠷᠭᠡ ᠠᠰᠠᠭᠤᠳᠠᠯ᠎ᠢ ᠴᠢᠩᠭ᠎ᠠ ᠪᠠᠢᠴᠠᠭᠠᠨ ᠱᠢᠶ᠋ᠳᠪᠦᠷᠢᠯᠡᠨ᠎ᠡ᠃ ᠳᠥᠷᠪᠡ᠎ᠳᠦ᠂ ᠪᠣᠯᠬᠢ ᠪᠦᠳᠦᠭᠦᠯᠢᠭ ᠵᠠᠷ ᠮᠡᠳᠡᠭᠡ ᠎ᠶ᠋ᠢ ᠲᠥᠪᠯᠡᠷᠡᠭᠦᠯᠦᠨ ᠪᠠᠢᠴᠠᠭᠠᠨ ᠱᠢᠶ᠋ᠳᠪᠦᠷᠢᠯᠡᠵᠦ᠍᠂ ᠦᠨᠡᠯᠡᠬᠦ᠌ ᠭᠣᠭ᠍ᠴᠣᠭ᠎ᠠ᠎ᠶ᠋ᠢᠨ ᠡᠷᠡᠭᠦᠯ ᠪᠤᠰᠤ ᠬᠤᠯᠪᠤᠭᠠᠰᠤ᠎ᠶ᠋ᠢ ᠠᠷᠢᠯᠭᠠᠨ᠂ ᠱᠠᠯᠢᠭ ᠵᠠᠪᠬᠠᠶ᠂ ᠵᠣᠭᠣᠰ ᠨᠠᠭᠠᠳᠭᠤ ᠠᠷᠠᠯᠵᠢᠶ᠎ᠠ ᠬᠢᠳᠡᠭ ᠨᠢᠭᠡ ᠪᠦᠯᠦᠭ ᠰᠦᠯᠵᠢᠶᠡᠨ᠎ᠦ ᠲᠠᠪᠴᠠᠩ᠎ᠢ ᠴᠢᠩᠭ᠎ᠠ ᠱᠢᠶ᠋ᠳᠪᠦᠷᠢᠯᠡᠨ᠎ᠡ᠃

2. ᠴᠡᠭ᠌ᠴᠡᠯᠡᠨ ᠵᠠᠰᠠᠬᠤ᠎ᠶ᠋ᠢ ᠦᠷᠭᠦᠯᠵᠢᠯᠡᠨ ᠥᠷᠨᠢᠭᠦᠯᠵᠦ᠍᠂《ᠬᠦᠷᠢᠶᠡᠯᠡᠨ ᠳᠠᠭᠠᠬᠰᠠᠳ》᠎ᠤᠨ ᠰᠠᠮᠠᠭᠤᠨ ᠪᠠᠢᠳᠠᠯ ᠎ᠤᠨ ᠳᠠᠬᠢᠨ ᠡᠭᠦᠰᠭᠦ᠎ᠶ᠋ᠢ ᠴᠢᠩᠭ᠎ᠠ ᠰᠡᠷᠭᠡᠢᠯᠡᠬᠦ᠌ ᠬᠡᠷᠡᠭ᠌ᠲᠡᠶ᠃ ᠨᠢᠭᠡ᠎ᠳᠦ᠂ ᠴᠠᠭᠠᠨ ᠰᠠᠷ᠎ᠠ᠎ᠶ᠋ᠢᠨ ᠬᠣᠯᠪᠣᠭ᠍ᠳᠠᠯ ᠪᠥᠬᠥᠶ ᠰᠡᠳᠦᠪ ᠎ᠢ ᠠᠱᠢᠭ᠍ᠯᠠᠨ ᠣᠳᠣᠳ᠎ᠦᠨ ᠪᠣᠯᠬᠢ ᠪᠦᠳᠦᠭᠦᠯᠢᠭ ᠱᠢᠪᠱᠢᠭ᠌ᠲᠦ ᠰᠣᠨᠣᠰᠭᠠᠯ ᠵᠡᠷᠭᠡ ᠮᠡᠳᠡᠭᠡ ᠵᠠᠩᠭᠢ ᠎ᠶ᠋ᠢ ᠴᠤᠤᠬᠢᠭᠤᠯᠬᠤ ᠵᠢ ᠴᠠᠭ ᠲᠤᠬᠠᠶ᠎ᠳᠤᠨᠢ ᠠᠷᠢᠯᠭᠠᠨ ᠴᠡᠪᠡᠷᠯᠡᠵᠦ᠍᠂ ᠬᠠᠤᠯᠢ ᠴᠠᠭᠠᠵᠠ ᠡᠴᠠ ᠵᠥᠷᠢᠴᠡᠭ᠌ᠰᠡᠨ ᠶᠣᠰᠣ ᠮᠣᠷᠠᠯ᠎ᠡᠴᠠ ᠵᠥᠷᠢᠴᠡᠭ᠌ᠰᠡᠨ ᠣᠳᠣᠳ ᠲᠣᠭ᠍ᠯᠠᠭ᠍ᠴᠢᠳ᠎ᠤᠨ ᠦᠳᠡᠱᠢᠯᠡᠭᠡ᠂ ᠱᠢᠭᠤᠳ ᠨᠡᠪᠲᠡᠷᠡᠭᠦᠯᠭᠡ ᠵᠡᠷᠭᠡ ᠵᠢ ᠠᠰᠢᠬᠯᠠᠨ ᠤᠯᠠᠨ ᠨᠡᠢᠲᠡ ᠵᠢᠨ ᠡᠮᠦᠨ᠎ᠡ ᠳᠠᠬᠢᠨ ᠢᠯᠡᠷᠡᠬᠦ ᠵᠢ ᠴᠢᠩᠭ᠎ᠠ ᠰᠡᠷᠭᠡᠢᠯᠡᠬᠦ᠌ ᠬᠡᠷᠡᠭ᠌ᠲᠡᠶ᠃ ᠬᠣᠶᠠᠷ᠎ᠲᠤ᠂ ᠴᠠᠭᠠᠨ ᠰᠠᠷ᠎ᠠ᠎ᠶ᠋ᠢᠨ ᠬᠤᠭᠤᠴᠠᠭᠠᠨ᠎ᠳᠤ ᠤᠳᠤᠳ᠎ᠤᠨ ᠲᠤᠬᠠᠢ ᠰᠦᠯᠵᠢᠶᠡᠨ ᠳᠡᠭᠡᠷ᠎ᠡ ᠨᠡᠢᠲᠡᠯᠡᠬᠦ ᠮᠡᠳᠡᠭᠡ ᠵᠠᠩᠭᠢ ᠎ᠶ᠋ᠢ ᠵᠢᠷᠤᠮᠵᠢᠭᠤᠯᠤᠨ ᠬᠠᠮᠢᠶᠠᠷᠬᠤ᠎ᠶ᠋ᠢ ᠴᠢᠩᠭᠠᠳᠭᠠᠵᠤ᠂ ᠬᠠᠮᠢᠶ᠎ᠠ ᠪᠥᠬᠥᠶ ᠮᠡᠳᠡᠭᠡ ᠵᠠᠩᠭᠢ ᠵᠢ ᠢᠯᠡᠷᠡᠬᠦᠯᠭᠦ᠌ ᠪᠠᠷᠢᠮᠵᠢᠶ᠎ᠠ᠎ᠪᠠᠷ ᠴᠢᠩᠭ᠎ᠠ ᠪᠠᠷᠢᠮᠵᠢᠶᠠᠯᠠᠨ᠎ᠡ᠃ ᠭᠤᠷᠪᠠ᠎ᠳᠤ᠂ ᠨᠠᠷᠠᠲᠤ ᠣᠳᠣᠨ᠂ ᠵᠠᠭᠤᠴᠢᠯᠠᠬᠤ ᠺᠣᠮᠫᠠᠨᠢ ( ᠠᠵᠢᠯᠯᠠᠬᠤ ᠲᠠᠰᠤᠭ )᠂ ᠬᠦᠷᠢᠶᠡᠯᠡᠨ ᠳᠠᠭᠠᠬᠰᠠᠳ᠎ᠤᠨ ᠪᠦᠯᠬᠦᠮ᠂ ᠵᠤᠭ᠎ᠠ ᠴᠡᠩᠭᠡᠯ᠎ᠦᠨ ᠲᠥᠷᠥᠯ᠎ᠦᠨ ᠲᠠᠩᠰᠠᠨ ᠨᠣᠮᠧᠷ᠎ᠢ ᠭᠤᠤᠯᠳᠠᠯᠭ᠎ᠠ᠎ᠲᠠᠶ ᠠᠩᠬᠠᠷᠴᠤ᠌᠂ ᠵᠥᠪ ᠴᠢᠭ᠌ᠯᠡᠯ᠎ᠢᠶᠡᠷ ᠨᠡᠪᠲᠡᠷᠡᠯᠴᠡᠬᠦ᠎ᠵᠢ ᠬᠥᠲᠥᠯᠥᠨ ᠵᠢᠯᠣᠭᠣᠳᠴᠤ᠂ ᠬᠦᠷᠢᠶᠡᠯᠡᠨ ᠳᠠᠭᠠᠬᠰᠠᠳ᠎ᠢ ᠥᠳᠥᠭᠡᠵᠦ᠍ ᠪᠠᠢᠭᠠᠳ ᠬᠠᠷᠢᠯᠴᠠᠨ ᠬᠠᠷᠢᠶᠠᠨ ᠵᠦᠭᠡᠬᠦ᠌ ᠵᠡᠷᠭᠡ᠎ᠶ᠋ᠢ ᠲᠥᠪᠯᠡᠷᠡᠭᠦᠯᠦᠨ ᠪᠠᠢᠴᠠᠭᠠᠨ ᠱᠢᠶ᠋ᠳᠪᠦᠷᠢᠯᠡᠨ᠎ᠡ᠃

3. ᠪᠠᠶᠠᠨ ᠡᠷᠬᠢᠮ ᠭᠡᠳᠡᠭ᠎ᠢᠶᠠᠨ ᠭᠠᠢᠬᠠᠭᠤᠯᠵᠤ ᠵᠣᠭᠣᠰ ᠮᠥᠩᠭᠥ᠌ ᠵᠢ ᠱᠢᠲᠦᠬᠦ᠌᠂ ᠹᠧᠣᠳᠠᠯ᠎ᠤᠨ ᠮᠤᠬᠤᠷ ᠪᠢᠱᠢᠷᠡᠯ᠎ᠢ ᠰᠢᠲᠦᠬᠦ ᠵᠡᠷᠭᠡ ᠠᠰᠠᠭᠤᠳᠠᠯ ᠎ᠢ ᠴᠡᠭᠴᠡᠯᠡᠨ ᠵᠠᠰᠠᠬᠤ ᠡᠷᠴᠢᠮ᠎ᠢᠶᠡᠨ ᠴᠢᠩᠭᠠᠷᠠᠭᠤᠯᠵᠤ᠂ ᠰᠦᠯᠵᠢᠶᠡᠨ ᠎ᠦ ᠡᠷᠡᠭᠦᠯ ᠪᠤᠰᠤ ᠰᠣᠶᠣᠯ᠎ᠤᠨ ᠤᠯᠠᠮᠵᠢᠯᠠᠨ ᠳᠡᠯᠭᠡᠷᠡᠬᠦ᠌ ᠎ᠶ᠋ᠢ ᠬᠣᠷᠢᠭ᠍ᠯᠠᠨ᠎ᠠ᠃ ᠨᠢᠭᠡ᠎ᠳᠦ᠂ ᠵᠤᠭᠤᠰ ᠮᠥᠩᠭᠥ᠌ ᠵᠢ ᠱᠢᠲᠦᠬᠦ᠌ ᠦᠵᠡᠯ ᠎ᠢ ᠤᠬᠠᠭᠤᠯᠤᠬᠰᠠᠨ ᠪᠠ ᠠᠲᠠᠭᠠᠷᠬᠠᠨ ᠮᠥᠴᠡᠭᠡᠷᠬᠡᠭᠰᠡᠨ ᠮᠡᠳᠡᠭᠡ ᠵᠠᠩᠭᠢ᠎ᠶ᠋ᠢ ᠲᠥᠪᠯᠡᠷᠡᠭᠦᠯᠦᠨ ᠴᠡᠪᠡᠷᠯᠡᠵᠦ᠍᠂ ᠬᠠᠷᠠᠰᠠᠯᠲᠤ ᠥᠩᠭᠡᠷᠡᠯᠲᠡ ᠵᠣᠬᠢᠶᠠᠬᠤ᠂ ᠭᠤᠲᠤᠷᠠᠩᠭᠤᠶ ᠰᠡᠳᠭᠢᠯᠭᠡ᠎ᠶ᠋ᠢ ᠤᠬᠠᠭᠤᠯᠬᠤ᠂ ᠮᠠᠭᠤ ᠮᠠᠭᠤᠬᠠᠶ ᠲᠣᠭ᠍ᠯᠠᠯᠲᠠ ᠭᠠᠷᠭᠠᠬᠤ ᠵᠡᠷᠭᠡ ᠠᠵᠢᠯᠯᠠᠭ᠎ᠠ᠎ᠳᠤ ᠴᠣᠬᠢᠯᠲᠠ ᠥᠭ᠌ᠭᠦᠨ᠎ᠡ᠃ ᠬᠣᠶᠠᠷ᠎ᠲᠤ᠂ ᠬᠡᠲᠦ ᠢᠳᠡᠵᠦ᠍ ᠤᠤᠭᠤᠬᠤ᠂ ᠡᠷᠡᠭᠦᠯ ᠪᠤᠰᠤ ᠪᠡᠷ ᠮᠦᠷᠦᠢᠴᠡᠬᠦ ᠠᠭᠤᠯᠭ᠎ᠠ ᠎ᠶ᠋ᠢ ᠪᠠᠭ᠍ᠲᠠᠭᠠᠭ᠍ᠰᠠᠨ ᠱᠢᠭᠤᠳ ᠨᠡᠪᠲᠡᠷᠡᠭᠦᠯᠭᠡ ᠎ᠶ᠋ᠢ ᠬᠠᠭᠠᠵᠤ ᠵᠣᠭ᠍ᠰᠣᠭᠠᠨ᠎ᠠ᠃ ᠭᠤᠷᠪᠠ᠎ᠳᠤ᠂ ᠹᠸᠤᠳᠠᠯ᠎ᠤᠨ ᠮᠤᠬᠤᠷ ᠪᠢᠱᠢᠷᠡᠯ᠎ᠢ ᠤᠬᠠᠭᠤᠯᠤᠨ ᠰᠤᠷᠲᠠᠯᠴᠢᠯᠠᠬᠤ ᠵᠡᠷᠭᠡ ᠠᠰᠠᠭᠤᠳᠠᠯ ᠎ᠢ ᠴᠢᠩᠭ᠎ᠠ ᠪᠠᠢᠴᠠᠭᠠᠨ ᠱᠢᠢᠳᠪᠦᠷᠢᠯᠡᠵᠦ᠍᠂ ᠳᠡᠭᠡᠳᠦ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ᠎ᠨᠡᠷ᠎ᠡ᠎ᠪᠡᠷ᠎ᠮᠤᠬᠤᠷ᠎ᠪᠢᠱᠢᠷᠡᠯ᠎ᠦᠨ ᠦᠵᠡᠯ ᠰᠠᠨᠠᠭ᠎ᠠ ᠎ᠶ᠋ᠢ ᠤᠬᠠᠭᠤᠯᠤᠨ ᠰᠤᠷᠲᠠᠯᠴᠢᠯᠠᠵᠤ ᠪᠠᠢᠭ᠎ᠠ ᠡᠷᠡᠭᠦᠯ ᠪᠤᠰᠤ ᠮᠡᠳᠡᠭᠡ ᠵᠠᠩᠭᠢ᠎ᠶ᠋ᠢ ᠪᠠᠢᠴᠠᠭᠠᠨ ᠠᠷᠢᠯᠭᠠᠵᠤ᠂ ᠥᠪᠡᠷ᠎ᠢᠶᠡᠨ ᠵᠠᠶᠠᠭ᠎ᠠ ᠪᠤᠳᠤᠬᠤ᠂ ᠰᠦᠯᠵᠢᠶ᠎ᠡ᠎ᠪᠡᠷ ᠲᠥᠯᠭᠡ ᠦᠵᠡᠬᠦ ᠵᠡᠷᠭᠡ ᠠᠷᠭ᠎ᠠ ᠬᠡᠯᠪᠡᠷᠢ᠎ᠪᠡᠷ ᠬᠤᠪᠢ ᠬᠥᠮᠦᠨ᠎ᠦ ᠮᠡᠳᠡᠭᠡ ᠵᠠᠩᠭᠢ᠎ᠶ᠋ᠢ ᠲᠣᠭ᠍ᠲᠠᠭᠠᠯ᠎ᠡᠴᠠ ᠵᠥᠷᠢᠴᠡᠨ ᠤᠯᠬᠤ ᠪᠤᠶᠤ ᠮᠡᠬᠡᠯᠡᠬᠦ᠌ ᠵᠡᠷᠭᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭ᠌ᠭᠦᠨ᠎ᠡ᠃

4.《ᠰᠦᠯᠵᠢᠶᠡᠨ᠎ᠦ ᠨᠡᠷᠡᠲᠦ ᠬᠡᠦᠬᠡᠳ》᠂《ᠱᠠᠯᠢᠭ ᠲᠤ᠌ ᠬᠠᠪᠢᠳᠠᠭᠤᠯᠤᠬᠰᠠᠨ ᠠᠭᠤᠯᠭ᠎ᠠ》ᠵᠡᠷᠭᠡ ᠠᠰᠠᠭᠤᠳᠠᠯ᠎ᠢ ᠴᠢᠩᠭ᠎ᠠ ᠴᠡᠭ᠌ᠴᠡᠯᠡᠨ ᠵᠠᠰᠠᠵᠤ᠂ ᠨᠠᠰᠤᠨ᠎ᠳᠤ ᠥᠯᠥ᠍ ᠬᠦᠷᠦᠭ᠌ᠰᠡᠳ᠎ᠦᠨ ᠬᠠᠤᠯᠢ ᠶᠣᠰᠣᠨ᠎ᠤ ᠡᠷᠬᠡ ᠠᠱᠢᠭ᠎ᠢ ᠪᠠᠲᠤᠯᠠᠨ᠎ᠠ᠃ ᠨᠢᠭᠡ᠎ᠳᠦ᠂ ᠴᠠᠭᠠᠨ ᠰᠠᠷ᠎ᠠ᠎ᠶ᠋ᠢᠨ ᠬᠤᠭᠤᠴᠠᠭᠠᠨ ᠎ᠳᠤ 《ᠰᠦᠯᠵᠢᠶᠡᠨ᠎ᠦ ᠨᠡᠷᠡᠲᠦ ᠬᠡᠦᠬᠡᠳ》᠎ᠢ ᠠᠱᠢᠭ᠍ᠯᠠᠨ ᠠᠱᠢᠭ ᠤᠯᠬᠤ ᠦᠶ᠋ᠯᠡ ᠠᠵᠢᠯᠯᠠᠭ᠎ᠠ᠎ᠶ᠋ᠢ ᠴᠢᠩᠭ᠎ᠠ ᠬᠢᠵᠠᠭᠠᠷᠯᠠᠵᠤ᠂ ᠨᠠᠰᠤᠨ᠎ᠳᠤ ᠥᠯᠥ᠍ ᠭᠦᠷᠦᠭ᠌ᠰᠡᠳ᠎ᠢ ᠠᠱᠢᠭ᠍ᠯᠠᠨ ᠪᠣᠯᠬᠢ ᠪᠦᠳᠦᠭᠦᠯᠢᠭ ᠡᠷᠡᠭᠦᠯ ᠪᠤᠰᠤ ᠣᠬᠣᠷ ᠸᠢᠳᠢᠣ᠋ ᠵᠡᠷᠭᠡ ᠮᠡᠳᠡᠭᠡ ᠵᠠᠩᠭᠢ ᠵᠢ ᠨᠡᠢᠲᠡᠯᠡᠵᠦ᠍ ᠪᠣᠯᠬᠤ ᠥᠬᠡᠶ᠂ ᠨᠠᠰᠤᠨ᠎ᠳᠤ ᠥᠯᠥ᠍ ᠭᠦᠷᠦᠭ᠌ᠰᠡᠳ᠎ᠤᠨ ᠱᠢᠭᠤᠳ ᠨᠡᠪᠲᠡᠷᠡᠭᠦᠯᠭᠡ ᠬᠢᠬᠦ᠌ ᠎ᠶ᠋ᠢ ᠴᠠᠭᠠᠵᠠᠯᠠᠨ᠎ᠡ᠃ ᠬᠣᠶᠠᠷ᠎ᠲᠤ᠂ ᠴᠠᠭᠠᠨ ᠰᠠᠷ᠎ᠠ᠎ᠶ᠋ᠢᠨ ᠬᠤᠭᠤᠴᠠᠭᠠᠨ᠎ᠳᠤ ᠨᠠᠰᠤᠨ᠎ᠳᠤ ᠥᠯᠥ᠍ ᠭᠦᠷᠦᠭ᠌ᠰᠡᠳ᠎ᠦᠨ ᠬᠡᠷᠡᠭ᠌ᠯᠡᠬᠦ᠌ ᠳᠠᠪᠲᠠᠮᠵᠢ ᠎ᠪᠠᠷ ᠨᠡᠯᠢᠶᠡᠳ ᠥᠨᠳᠥᠷ ᠦᠶ᠋ᠯᠡᠴᠢᠯᠡᠭᠡᠨ ᠎ᠦ ᠬᠡᠷᠡᠭ᠌ᠯᠡᠭᠡ ᠳ᠋ᠤ ᠠᠩᠬᠠᠷᠤᠯ᠎ᠢᠶᠠᠨ ᠲᠥᠪᠯᠡᠷᠡᠭᠦᠯᠵᠦ᠍᠂ ᠨᠠᠰᠤᠨ᠎ᠳᠤ ᠥᠯᠥ᠍ ᠭᠦᠷᠦᠭ᠌ᠰᠡᠳ᠎ᠦᠨ《ᠱᠠᠯᠢᠭ ᠲᠤ᠌ ᠬᠠᠪᠢᠳᠠᠭᠤᠯᠤᠬᠰᠠᠨ ᠠᠭᠤᠯᠭ᠎ᠠ》᠂ ᠭᠠᠵᠢᠭᠤ ᠨᠣᠮᠯᠠᠯ᠎ᠤᠨ ᠸᠢᠳᠢᠣ᠋᠂ ᠪᠡᠶ᠎ᠡ᠎ᠪᠡᠨ ᠬᠤᠤᠷᠯᠠᠵᠤ ᠥᠭᠦᠬᠦ᠌᠎ᠶ᠋ᠢ ᠪᠣᠯᠵᠣᠬᠤ ᠵᠡᠷᠭᠡ ᠲᠣᠪᠣᠢᠮ᠎ᠠ ᠠᠰᠠᠭᠤᠳᠠᠯ᠎ᠢ ᠶᠡᠬᠡ᠎ᠪᠡᠷ ᠴᠡᠭ᠌ᠴᠡᠯᠡᠨ ᠵᠠᠰᠠᠨ᠎ᠠ᠃ ᠭᠤᠷᠪᠠ᠎ᠳᠤ᠂ ᠵᠠᠯᠠᠭᠤᠴᠤᠳ ᠪᠠᠭᠠᠴᠤᠳ᠎ᠤᠨ ᠬᠡᠪ ᠵᠠᠭ᠍ᠪᠤᠷ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠍᠂ ᠴᠠᠭ᠎ᠤᠨ ᠬᠢᠵᠠᠭᠠᠷᠯᠠᠯ ᠪᠠ ᠴᠢᠳᠠᠮᠵᠢ᠎ᠶ᠋ᠢᠨ ᠬᠢᠵᠠᠭᠠᠷᠯᠠᠯ᠎ᠢ ᠴᠢᠩᠳᠠᠯᠠᠨ᠂ ᠨᠠᠰᠤᠨ᠎ᠳᠤ ᠥᠯᠥ᠍ ᠭᠦᠷᠦᠭ᠌ᠰᠡᠳ᠎ᠦᠨ ᠰᠦᠯᠵᠢᠶᠡᠨ ᠎ᠳᠦ ᠱᠢᠨᠤᠬᠤ᠎ᠶ᠋ᠢ ᠰᠡᠷᠭᠡᠢᠯᠡᠬᠦ᠌ ᠬᠡᠷᠡᠭ᠌ᠲᠡᠶ᠃

5. ᠭᠤᠤᠯᠳᠠᠯᠭ᠎ᠠ᠎ᠲᠠᠶ ᠰᠦᠯᠵᠢᠶᠡᠨ ᠨᠢᠭᠤᠷ ᠎ᠤᠨ ᠠᠮᠢ ᠠᠬᠤᠶ᠎ᠶ᠋ᠢᠨ ᠠᠰᠠᠭᠤᠳᠠᠯ᠎ᠤᠨ ᠵᠠᠰᠠᠯᠲᠠ᠎ᠶ᠋ᠢ ᠴᠢᠩᠭᠠᠳᠭᠠᠵᠤ᠂ ᠴᠠᠭᠠᠨ ᠰᠠᠷ᠎ᠠ᠎ᠶ᠋ᠢᠨ ᠰᠠᠢᠨ ᠰᠠᠢᠬᠠᠨ ᠠᠭᠤᠷ ᠠᠮᠢᠰᠭᠤᠯ᠎ᠢ ᠪᠣᠶ ᠪᠣᠯᠭᠠᠨ᠎ᠠ᠃ ᠰᠦᠯᠵᠢᠶᠡᠨ᠎ᠦ ᠲᠠᠪᠴᠠᠩ᠎ᠤᠨ ᠲᠦᠷᠦᠭᠦᠦ ᠨᠢᠭᠤᠷ᠎ᠤᠨ ᠲᠦᠷᠦᠭᠦᠦ ᠳᠡᠯᠭᠡᠴᠡ᠂ ᠬᠠᠯᠠᠮᠱᠢᠯ ᠬᠠᠢᠯᠲᠠ᠎ᠶ᠋ᠢᠨ ᠭᠠᠷᠴᠠᠭ᠎ᠦᠨ ᠵᠢᠭ᠍ᠰᠠᠭᠠᠯᠲᠠ᠂ ᠬᠠᠯᠠᠮᠱᠢᠯ ᠰᠡᠳᠦᠪ ᠪᠠ ᠴᠢᠬᠤᠯᠠ ᠰᠣᠨᠢᠨ ᠮᠡᠳᠡᠭᠡᠨ᠎ᠦ ᠮᠡᠳᠡᠭᠡ ᠵᠠᠩᠭᠢ᠎ᠶ᠋ᠢᠨ ᠠᠭᠤᠯᠭ᠎ᠠ ᠵᠡᠷᠭᠡ ᠭᠤᠤᠯᠳᠠᠯᠭ᠎ᠠ᠎ᠲᠠᠶ ᠣᠷᠣᠨ ᠪᠠᠢᠷᠢ᠎ᠶ᠋ᠢᠨ ᠪᠤᠯᠤᠩ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠢᠳᠡᠪᠬᠢ ᠬᠦᠴᠦᠨ ᠎ᠦ ᠮᠡᠳᠡᠭᠡ ᠵᠠᠩᠭᠢ᠎ᠶ᠋ᠢ ᠢᠯᠡᠷᠡᠭᠦᠯᠵᠦ᠍᠂ ᠱᠠᠯᠢᠭ ᠵᠠᠪᠬᠠᠶ᠂ ᠪᠣᠯᠬᠢ ᠪᠦᠳᠦᠭᠦᠯᠢᠭ᠂ ᠴᠢᠰᠤᠲᠤ ᠬᠦᠴᠦᠷᠬᠡᠭ᠌ᠯᠡᠯ᠂ ᠭᠡᠯᠮᠡᠭ᠌ᠳᠡᠯ ᠵᠡᠷᠭᠡ ᠬᠠᠤᠯᠢ᠎ᠠᠴᠠ ᠵᠥᠷᠢᠴᠡᠭ᠌ᠰᠡᠨ ᠪᠠ ᠡᠷᠡᠭᠦᠯ ᠪᠤᠰᠤ ᠮᠡᠳᠡᠭᠡ ᠵᠠᠩᠭᠢ᠎ᠶ᠋ᠢ ᠴᠠᠭ ᠲᠤᠬᠠᠶ᠎ᠳᠤᠨᠢ ᠴᠡᠪᠡᠷᠯᠡᠵᠦ᠍᠂ ᠰᠦᠯᠵᠢᠶᠡᠨ ᠨᠢᠭᠤᠷ ᠎ᠤᠨ ᠰᠠᠢᠨ ᠰᠠᠢᠬᠠᠨ ᠠᠮᠢ ᠠᠬᠤᠶ ᠎ᠶ᠋ᠢ ᠬᠠᠮᠠᠭᠠᠯᠠᠵᠤ᠂ ᠢᠳᠡᠪᠬᠢᠲᠡᠶ ᠥᠭᠡᠳᠡᠯᠡᠨ ᠳᠠᠪᠱᠢᠬᠤ ᠴᠠᠭᠠᠨ ᠰᠠᠷ᠎ᠠ᠎ᠶ᠋ᠢᠨ ᠰᠦᠯᠵᠢᠶᠡᠨ᠎ᠦ ᠠᠭᠤᠷ ᠠᠮᠢᠰᠭᠤᠯ᠎ᠢ ᠪᠣᠶ ᠪᠣᠯᠭᠠᠨ᠎ᠠ᠃


ᠢᠷᠡᠯᠲᠡ ᠄ ᠲᠥᠪ᠎ᠦᠨ ᠰᠦᠯᠵᠢᠶᠡᠨ᠎ᠦ ᠠᠮᠤᠷ ᠲᠦᠪᠰᠢᠨ ᠪᠠ ᠮᠡᠳᠡᠭᠡ ᠵᠠᠩᠬᠢᠵᠢᠯᠲᠠ ᠵᠢᠨ ᠵᠦᠪᠯᠡᠯ᠎ᠤᠨ ᠠᠯᠪᠠᠨ ᠭᠡᠷ᠎ᠤᠨ ᠠᠯᠪᠠᠨ ᠰᠦᠯᠵᠢᠶ᠎ᠡ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号