— 2022 ᠣᠨᠤ ᠥᠪᠡᠷᠲᠡᠭᠡᠨ ᠵᠠᠰᠠᠬᠤ ᠣᠷᠣᠨᠤ ᠬᠣᠶᠠᠷ ᠬᠤᠷᠠᠯ ᠪᠥᠬᠥ᠌ ᠣᠷᠣᠨᠤ ᠡᠯ᠎ᠡ ᠭᠠᠵᠠᠷ᠎ᠲᠤ ᠬᠠᠯᠠᠭᠤᠨ ᠲᠤᠰᠭᠠᠯ ᠭᠠᠷᠪᠠ
ᠬᠦᠬᠡᠬᠤᠳᠠ᠄ ᠣᠷᠣᠨ ᠤ᠋ ᠲᠥᠪ ᠢ᠋ ᠬᠦᠴᠦᠷᠬᠡᠭ᠌ᠵᠢᠭᠦᠯᠬᠦ᠌ ᠢᠨᠵᠧᠨᠧᠷᠢᠩ ᠢ᠋ 《ᠪᠠᠷᠢᠯᠭ᠎ᠠ ᠵᠢᠨ ᠵᠢᠷᠤᠭ》 ᠪᠤᠯᠭᠠᠨ ᠬᠤᠪᠢᠷᠠᠭᠤᠯᠤᠨ᠎ᠠ
ᠥᠪᠡᠷᠲᠡᠭᠡᠨ ᠵᠠᠰᠠᠬᠤ ᠣᠷᠣᠨ ᠤ᠋ ᠬᠣᠶᠠᠷ ᠬᠤᠷᠠᠯ ᠡᠴᠡ ᠬᠥᠬᠡᠬᠣᠲᠠ ᠳ᠋ᠤ ᠣᠷᠣᠨ ᠤ᠋ ᠲᠥᠪ ᠢ᠋ ᠬᠦᠴᠦᠷᠬᠡᠭ᠌ᠵᠢᠭᠦᠯᠬᠦ᠌ ᠢᠨᠵᠧᠨᠧᠷᠢᠩ ᠢ᠋ ᠬᠡᠷᠡᠭ᠌ᠵᠢᠭᠦᠯᠵᠤ᠂ ᠴᠢᠨᠠᠷ ᠰᠠᠢᠲᠠᠶ ᠬᠥᠭ᠌ᠵᠢᠯᠲᠡ ᠶ᠋ᠢ ᠡᠩ ᠲᠡᠷᠢᠭᠦᠨ ᠳ᠋ᠤ ᠪᠡᠶᠡᠯᠡᠭᠦᠯᠬᠦ ᠶ᠋ᠢ ᠳᠡᠮᠵᠢᠨ᠎ᠠ ᠭᠡᠵᠦ᠍ ᠳᠤᠷᠠᠳᠴᠠᠶ᠂ ᠡᠨᠡ ᠨᠢ ᠣᠷᠣᠨ ᠤ᠋ ᠲᠥᠪ ᠬᠦᠬᠡᠬᠤᠳᠠ ᠵᠢᠨ ᠺᠠᠳ᠋ᠷ ᠣᠯᠠᠨ ᠲᠦᠮᠡᠨ ᠢ᠋ ᠶᠡᠬᠡ ᠪᠡᠷ ᠵᠣᠷᠢᠭ᠍ᠵᠢᠭᠤᠯᠵᠤ᠂ ᠡᠷᠴᠢ ᠵᠣᠷᠢᠭ ᠢ᠋ ᠨᠢ ᠬᠥᠪᠴᠢᠯᠡᠭᠰᠡᠨ ᠪᠠᠢᠨ᠎ᠠ᠃
《ᠥᠪᠡᠷᠲᠡᠭᠡᠨ ᠵᠠᠰᠠᠬᠤ ᠣᠷᠣᠨ ᠤ᠋ ᠬᠣᠶᠠᠷ ᠬᠤᠷᠠᠯ ᠡᠴᠡ〈ᠠᠷᠪᠠᠨ ᠳᠥᠷᠪᠡᠳᠦᠭᠡᠷ ᠲᠠᠪᠤᠨ ᠵᠢᠯ〉 ᠤ᠋ᠨ ᠡᠬᠢᠯᠡᠯᠲᠡ ᠶ᠋ᠢᠨ ᠵᠢᠯ ᠤ᠋ᠨ ᠡᠯ᠎ᠡ ᠵᠦᠶ᠋ᠯ ᠤ᠋ᠨ ᠠᠵᠢᠯ ᠢ᠋ ᠪᠤᠰᠤᠳᠴᠢ ᠪᠠᠷ ᠪᠥᠬᠥ᠌ ᠲᠠᠯ᠎ᠠ ᠪᠡᠷ ᠳ᠋ᠦᠩᠨᠡᠵᠦ᠍᠂ 2022 ᠣᠨ ᠤ᠋ ᠬᠠᠷᠠᠯᠲᠠ ᠡᠭᠦᠷᠭᠡ ᠶ᠋ᠢ ᠱᠢᠨᠵᠢᠯᠡᠬᠦ᠌ ᠤᠬᠠᠭᠠᠨᠴᠢ ᠵᠦᠶ ᠵᠣᠬᠢᠰᠲᠠᠶ ᠪᠠᠷ ᠲᠣᠬᠢᠷᠠᠭᠤᠯᠤᠨ ᠪᠠᠢᠷᠢᠯᠠᠭᠤᠯᠵᠤ᠂ ᠪᠢᠳᠡᠨᠦ ᠡᠯ᠎ᠡ ᠵᠦᠶ᠋ᠯ ᠤ᠋ᠨ ᠠᠵᠢᠯ ᠤ᠋ᠨ ᠨᠠᠢᠳᠠᠪᠤᠷᠢᠵᠢᠭᠤᠯᠤᠯᠲᠠ ᠶ᠋ᠢ ᠰᠠᠢᠲᠤᠷ ᠠᠳᠭᠤᠬᠤ ᠳ᠋ᠤ ᠴᠢᠭ᠌ᠯᠡᠯ ᠢ᠋ ᠲᠣᠳᠣᠷᠬᠠᠢᠯᠠᠵᠤ ᠥᠭ᠌ᠴᠡᠶ》ᠭᠡᠵᠦ ᠬᠥᠬᠡᠬᠣᠲᠠ ᠶ᠋ᠢᠨ ᠨᠠᠮ ᠤ᠋ᠨ ᠬᠣᠷᠢᠶᠠᠨ ᠤ᠋ ᠪᠠᠢᠩᠭᠤ ᠶ᠋ᠢᠨ ᠭᠡᠱᠢᠭᠦᠨ᠂ ᠲᠦᠮᠡᠳ ᠵᠡᠭᠦᠨ ᠬᠣᠱᠢᠭᠤᠨ ᠤ᠋ ᠨᠠᠮ ᠤ᠋ᠨ ᠬᠣᠷᠢᠶᠠᠨ ᠤ᠋ ᠱᠦᠵᠢ ᠸᠧᠢ ᠬᠣᠩ ᠵᠢᠶᠦ᠋ᠨ ᠬᠡᠯᠡᠨ᠎ᠠ᠃ ᠤᠳᠤᠬᠠᠨᠤ ᠬᠠᠮᠤᠭᠤᠨ ᠵᠠᠩᠬᠢᠯᠠᠭ᠎ᠠ ᠵᠢᠨ ᠶᠠᠪᠤᠳᠠᠯ ᠪᠤᠯ ᠲᠠᠷᠤᠢ ᠦᠪᠡᠷᠳᠡᠬᠡᠨ ᠵᠠᠰᠠᠬᠤ ᠤᠷᠤᠨᠤ ᠬᠤᠶᠠᠷ ᠬᠤᠷᠠᠯᠤᠨ ᠲᠤᠷᠠᠳᠤᠭᠰᠠᠠ《ᠲᠦᠯᠦᠪᠵᠢᠬᠦᠯᠬᠡ ᠵᠢᠨ ᠵᠢᠷᠤᠭ》ᠢ ᠲᠦᠷᠦᠯ ᠲᠠᠷᠠᠭᠠᠯᠠᠨ ᠪᠠᠷᠢᠮᠵᠢᠶᠠᠵᠢᠭᠤᠯᠤᠨ ᠨᠠᠷᠢᠯᠢᠬᠵᠢᠭᠤᠯᠵᠤ 《ᠪᠠᠷᠢᠯᠭ᠎ᠠ ᠵᠢᠨ ᠵᠢᠷᠤᠭ》 ᠪᠤᠯᠭᠠᠭᠠᠳ᠂ ᠨᠢᠬᠡᠳ ᠨᠢᠬᠡ ᠪᠠᠷ ᠨᠠᠢᠳᠠᠪᠤᠷᠢᠵᠢᠭᠤᠯᠬᠤ ᠶᠠᠪᠤᠳᠠᠯ ᠪᠤᠯᠤᠨ᠎ᠠ ᠬᠡᠵᠤ ᠲᠡᠷᠡ ᠢᠯᠡᠷᠬᠡᠢᠯᠡᠭᠰᠡᠡ ᠪᠠᠢᠨ᠎ᠠ᠃
ᠬᠥᠬᠡᠬᠣᠲᠠ ᠶ᠋ᠢᠨ ᠵᠠᠰᠠᠭ ᠤ᠋ᠨ ᠣᠷᠳᠣᠨ ᠤ᠋ ᠳᠡᠳ᠋ ᠨᠠᠷᠢᠨ ᠪᠢᠴᠢᠭ ᠤ᠋ᠨ ᠳᠠᠷᠤᠭ᠎ᠠ᠂ ᠵᠠᠰᠠᠭ ᠵᠠᠬᠢᠷᠭᠠᠨ ᠤ᠋ ᠬᠢᠨᠠᠨ ᠵᠥᠪᠱᠢᠶᠡᠷᠡᠯ ᠪᠠ ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡᠨᠦ ᠲᠣᠪᠴᠢᠶ᠎ᠠ ᠶ᠋ᠢᠨ ᠳᠠᠷᠤᠭ᠎ᠠ ᠬᠠᠨ ᠸᠧᠨ ᠱᠢᠶᠠᠩ᠄《ᠬᠥᠬᠡᠬᠣᠲᠠ ᠶ᠋ᠢᠨ ᠵᠠᠰᠠᠭ ᠵᠠᠬᠢᠷᠭᠠᠨ ᠤ᠋ ᠬᠢᠨᠠᠨ ᠵᠥᠪᠱᠢᠶᠡᠷᠡᠯ ᠪᠠ ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡᠨᠦ ᠲᠣᠪᠴᠢᠶ᠎ᠠ〈ᠲᠠᠯᠪᠢᠬᠤ ᠬᠠᠮᠢᠶᠠᠷᠬᠤ ᠦᠶ᠋ᠯᠡᠴᠢᠯᠡᠬᠦ᠌〉ᠥᠭᠡᠷᠡᠴᠢᠯᠡᠯᠲᠡ ᠶ᠋ᠢ ᠭᠦᠨᠵᠡᠭᠡᠢᠷᠡᠭᠦᠯᠬᠦ᠌᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠱᠢᠯᠢᠳᠡᠭ᠌ᠵᠢᠭᠦᠯᠬᠦ᠌ ᠶ᠋ᠢ ᠴᠢᠨᠠᠷ ᠰᠠᠢᠲᠠᠶ ᠬᠥᠭ᠌ᠵᠢᠯᠲᠡ ᠶ᠋ᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠤᠯᠭᠠᠨ᠂ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠶ᠋ᠴᠡᠳᠭᠡᠬᠦ᠌ ᠶᠠᠪᠤᠴᠠᠶ᠋ᠢᠤᠯᠠᠮ ᠨᠢᠭᠡ ᠠᠯᠬᠤᠮ ᠱᠢᠯᠢᠳᠡᠭ᠌ᠵᠢᠭᠦᠯᠵᠤ᠂ ᠲᠣᠭ᠎ᠠ ᠪᠠᠷᠢᠮᠲᠠ ᠶ᠋ᠢ ᠬᠤᠯᠪᠤᠭᠳᠠᠭᠤᠯᠤᠨ ᠬᠠᠮᠲᠤ ᠪᠠᠷ ᠡᠳ᠋ᠯᠡᠬᠦ᠌ ᠶ᠋ᠢ ᠲᠦᠷᠭᠡᠳᠭᠡᠨ᠂ 2022 ᠣᠨ ᠳ᠋ᠤ ᠬᠣᠲᠠ ᠶ᠋ᠢᠨ ᠱᠠᠲᠤᠨ ᠤ᠋ 750 ᠵᠦᠢᠯ ᠤ᠋ᠨ ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡᠨᠦ ᠶᠠᠪᠤᠳᠠᠯ ᠢ᠋ 〈ᠨᠢᠭᠡ ᠰᠦᠯᠵᠢᠶ᠎ᠡ ᠪᠡᠷ ᠨᠡᠢᠳᠡᠮ ᠭᠦᠶ᠋ᠴᠡᠳᠭᠡᠬᠦ᠌〉ᠶ᠋ᠢ ᠪᠡᠶᠡᠯᠡᠭᠦᠯᠵᠤ᠂ 500 ᠵᠦᠢᠯ ᠤ᠋ᠨ ᠶᠠᠪᠤᠳᠠᠯ ᠢ᠋ ᠮᠦᠩᠬᠡ ᠰᠤᠪᠠᠭ ᠶ᠋ᠢᠡᠷ ᠲᠠᠮᠵᠢᠨ〈ᠠᠯᠠᠭᠠᠨ ᠳᠡᠭᠡᠷ᠎ᠠ ᠪᠡᠨ ᠭᠦᠢᠴᠡᠳᠭᠡᠬᠦ〉 ᠶ᠋ᠢ ᠪᠡᠶᠡᠯᠡᠭᠦᠯᠦᠨ᠂ ᠨᠡᠩ ᠤᠯᠠᠨ ᠬᠣᠯᠪᠣᠭ᠍ᠳᠠᠬᠤ ᠬᠡᠮᠵᠢᠶ᠎ᠡ ᠪᠡᠷ ᠦᠨᠳᠦᠷ᠂ ᠭᠤᠶᠤᠴᠢᠯᠠᠬᠤ ᠬᠡᠮᠵᠢᠶ᠎ᠡ ᠪᠡᠷ ᠤᠯᠠᠨ ᠥᠨᠳᠥᠷ ᠳᠠᠪᠲᠠᠮᠵᠢᠲᠤ ᠦᠶ᠋ᠯᠡᠴᠢᠯᠡᠭᠡᠨᠦ ᠶᠠᠪᠤᠳᠠᠯ ᠢ᠋ ᠰᠦᠯᠵᠢᠶᠡᠨ ᠳᠡᠭᠡᠷ᠎ᠡ ᠪᠠ ᠲᠤᠬᠠᠢ ᠶ᠋ᠢᠨ ᠲᠠᠯᠠᠪᠠᠢ ᠳ᠋ᠤ 〈ᠨᠢᠭᠡ ᠯᠡ ᠤᠳᠠᠭ᠎ᠠ ᠳ᠋ᠤ ᠭᠦᠶ᠋ᠴᠡᠳᠭᠡᠬᠦ᠌〉᠂ ᠬᠥᠬᠡᠬᠣᠲᠠ ᠪᠤᠭᠤᠲᠤ ᠣᠷᠳᠣᠰ ᠤᠯᠠᠭᠠᠨᠴᠠᠪ 〈ᠳᠥᠷᠪᠡᠨ ᠭᠠᠵᠠᠷ ᠲᠦ᠍ ᠴᠦᠮ ᠭᠦᠢᠴᠡᠳᠭᠡᠵᠦ ᠪᠤᠯᠬᠤ〉᠂ ᠬᠠᠲᠤᠨ ᠭᠤᠤᠯ ᠤ᠋ᠨ ᠰᠠᠪᠠ ᠭᠠᠵᠠᠷ ᠶ᠋ᠢᠡᠷ 〈ᠮᠤᠵᠢ ᠠᠯᠤᠰᠯᠠᠨ ᠭᠦᠢᠴᠡᠳᠭᠡᠵᠤ ᠪᠤᠯᠬᠤ〉 ᠶ᠋ᠢ ᠪᠡᠶᠡᠯᠡᠭᠦᠯᠦᠨ᠎ᠠ》 ᠭᠡᠪᠡ ᠃