ᠪᠤᠭᠤᠲᠤ ᠬᠤᠲᠠ᠄ ᠰᠢᠨ᠎ᠠ ᠦᠷᠢᠰᠦᠯᠲᠦᠭᠡᠨ᠎ᠢ ᠣᠬᠲᠣᠵᠦ ᠰᠢᠨ᠎ᠡ ᠴᠠᠬ ᠦᠶ᠎ᠡ᠎ᠳᠤ ᠡᠷᠡᠮᠡᠭᠡᠢᠯᠡᠨ ᠤᠷᠤᠭᠰᠢᠯᠠᠨ᠎ᠠ
2022-01-28 09:28:48
ᠵᠣᠬᠢᠶᠠᠭ᠍ᠴᠢ᠄
ᠯᠢᠦ ᠰᠢᠶᠠᠩ ᠫᠢᠩ
ᠣᠩᠱᠢᠭ᠍ᠰᠠᠨ ᠣᠳᠠᠭ᠎ᠠ᠄
★★★☆☆

ᠣᠢᠷ᠎ᠠ᠎ᠶᠢᠨ ᠡᠳᠦᠷ ᠲᠸ᠋᠂ ᠪᠤᠭᠤᠲᠤ ᠬᠣᠲᠠ᠎ᠶ᠋ᠢᠨ ᠺᠠᠳ᠋ᠷ ᠣᠯᠠᠨ ᠲᠦᠮᠡᠨ ᠡᠯ᠎ᠡ ᠵᠦᠶ᠋ᠯ᠎ᠦᠨ ᠠᠷᠭ᠎ᠠ ᠬᠡᠯᠪᠡᠷᠢ᠎ᠪᠡᠷ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠦᠪᠡᠳᠡᠭ᠌ᠰᠢ ᠪᠠᠢᠳᠠᠯ᠂ ᠢᠯᠠᠩᠭᠤᠶ᠎ᠠ ᠡᠨᠡ ᠵᠢᠯ᠎ᠦᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠭᠥᠯᠢᠶᠡᠨ ᠠᠪᠴᠤ᠌ ᠰᠣᠨᠣᠰᠤᠨ᠂ ᠬᠠᠯᠠᠮᠰᠢᠯ ᠶᠠᠷᠢᠯᠴᠠᠭ᠎ᠠ ᠪᠣᠯᠣᠬᠰᠠᠨ ᠪᠠᠢᠨ᠎ᠠ᠃

ᠳ᠋ᠦᠩ ᠾᠧ ᠲᠣᠭᠣᠷᠢᠭ᠎ᠤᠨ ᠲᠠᠷᠢᠶᠠᠯᠠᠩ ᠮᠠᠯ ᠠᠵᠤ ᠠᠬᠤᠶ᠎ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠣᠪᠴᠢᠶ᠎ᠠ᠎ᠶ᠋ᠢᠨ ᠪᠥᠬᠥ᠌ ᠺᠠᠳ᠋ᠷ ᠣᠯᠠᠨ ᠲᠦᠮᠡᠨ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠨᠠᠷᠢᠨ ᠬᠢᠨᠠᠮᠠᠭᠠᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠲᠠᠷᠢᠶᠠᠯᠠᠩ᠎ᠤᠨ ᠠᠵᠤ ᠦᠶ᠋ᠯᠡᠰ᠎ᠢ ᠨᠠᠷᠢᠯᠢᠭ ᠣᠨᠴᠠᠭᠠᠢᠯᠠᠨ ᠬᠢᠵᠦ᠍᠂ 《ᠭᠤᠷᠪᠠᠨ ᠥᠨᠳᠥᠷ ᠭᠠᠵᠠᠷ ᠭᠤᠷᠪᠠᠨ ᠬᠦᠷᠢᠶᠡᠯᠡᠩ ᠲᠣᠭᠣᠷᠢᠭ》 ᠎ᠢ᠋ ᠬᠦᠴᠦᠯᠡᠨ ᠴᠣᠭ᠍ᠴᠠᠯᠠᠵᠤ᠂ ᠲᠠᠷᠢᠶᠠᠯᠠᠩ᠎ᠤᠨ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠣᠨ᠎ᠠ᠃ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ᠂ ᠬᠥᠳᠡᠭᠡ ᠲᠣᠰᠭᠣᠨ᠎ᠤ ᠵᠢᠱ᠌ᠢᠶ᠎ᠡ ᠦᠵᠡᠭᠦᠯᠬᠦ᠌ ᠲᠣᠰᠭᠣᠨ᠎ᠢ ᠪᠠᠢᠭᠤᠯᠬᠤ ᠪᠡᠷ ᠭᠠᠷᠳᠠᠴᠠ ᠪᠣᠯᠭᠠᠵᠤ᠂ ᠬᠥᠳᠡᠭᠡ ᠲᠣᠰᠭᠣᠨ᠎ᠤ ᠣᠷᠣᠱᠢᠨ ᠰᠠᠭᠤᠷᠢᠱᠢᠬᠤ ᠣᠷᠴᠢᠨ ᠲᠣᠭᠣᠷᠢᠨ᠎ᠢ ᠴᠡᠭ᠌ᠴᠡᠯᠡᠨ ᠵᠠᠰᠠᠬᠤ 7 ᠶᠡᠬᠡ ᠢᠨᠵᠧᠨᠧᠷᠢᠩ ᠎ᠢ ᠭᠤᠤᠯᠳᠠᠯᠭ᠎ᠠ᠎ᠲᠠᠶ ᠬᠡᠷᠡᠭ᠌ᠵᠢᠭᠦᠯᠵᠦ᠍᠂ ᠬᠥᠳᠡᠭᠡ ᠲᠣᠰᠭᠣᠨ᠎ᠤ ᠣᠷᠣᠱᠢᠨ ᠰᠠᠭᠤᠷᠢᠱᠢᠬᠤ᠎ᠳᠤ ᠲᠤᠬᠢᠳᠠᠢ ᠦᠶ᠋ᠯᠡᠰ ᠪᠤᠰᠭᠠᠬᠤ᠎ᠳᠤ ᠲᠤᠬᠢᠷᠠᠮᠵᠢᠳᠠᠢ ᠪᠠᠢᠬᠤ ᠲᠦᠪᠱᠢᠨ᠎ᠢ ᠦᠷᠭᠦᠯᠵᠢᠯᠡᠨ ᠳᠡᠭᠡᠭ᠌ᠰᠢᠯᠡᠭᠦᠯᠦᠨ᠎ᠡ᠃ ᠡᠭᠦᠨ᠎ᠦ ᠬᠠᠮᠲᠣ᠂ ᠠᠭᠤᠯᠠ ᠤᠰᠤ ᠣᠶ ᠰᠢᠭᠣᠢ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢᠨ ᠪᠥᠬᠥ᠌ ᠡᠯᠧᠮᠧᠨ᠋ᠲ᠎ᠦᠨ ᠬᠥᠭ᠌ᠵᠢᠯᠲᠡ᠎ᠶ᠋ᠢ ᠨᠢᠭᠡᠳᠦᠯᠲᠡᠶ ᠲᠥᠯᠥᠪᠵᠢᠬᠦᠯᠦᠨ ᠠᠬᠢᠭᠤᠯᠵᠤ᠂ ᠠᠭᠤᠯᠠ ᠨᠢ ᠨᠠᠩ ᠨᠣᠭᠣᠭᠠᠨ᠂ ᠤᠰᠤ ᠨᠢ ᠨᠠᠩ ᠲᠤᠩᠭᠠᠯᠠᠭ᠂ ᠨᠣᠭᠣᠭ᠎ᠠ ᠵᠢᠮᠢᠰ᠎ᠤᠨ ᠦᠨᠦᠷ ᠬᠠᠩᠬᠣᠯᠣᠬᠰᠠᠨ ᠰᠢᠯᠢᠲᠡᠭ ᠠᠮᠢ ᠠᠬᠤᠶ᠎ᠶ᠋ᠢᠨ ᠣᠷᠣᠨ ᠵᠠᠶ᠎ᠶ᠋ᠢ ᠴᠢᠷᠮᠠᠢᠨ ᠪᠠᠢᠭᠤᠯᠤᠨ᠎ᠠ ᠭᠡᠵᠦ ᠰᠠᠨᠠᠯ ᠨᠢᠭᠡᠳᠠᠢ ᠦᠵᠡᠵᠡᠭᠡᠵᠦ ᠪᠠᠢᠯ᠎ᠠ᠃

ᠪᠤᠭᠤᠲᠤ᠎ᠶ᠋ᠢᠨ ᠪᠤᠯᠤᠳ ᠲᠡᠮᠤᠷ᠎ᠦᠨ ᠬᠤᠪᠢᠴᠠᠭᠠᠳᠤ ᠨᠡᠭᠦᠷᠡᠰᠦᠨ ᠬᠡᠦᠷᠡᠰᠦ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠬᠤᠪᠢᠶᠠᠷᠢ ᠺᠣᠮᠫᠠᠨᠢ᠎ᠶ᠋ᠢᠨ ᠰᠡᠯᠪᠢᠨ ᠬᠠᠮᠠᠭᠠᠯᠠᠬᠤ ᠬᠡᠯᠲᠡᠰ᠎ᠦᠨ ᠴᠠᠬᠢᠯᠭᠠᠨ ᠡᠵᠡᠮᠳᠡᠬᠦ᠌ ᠬᠡᠰᠡᠭ᠎ᠦᠨ ᠳᠠᠷᠤᠭ᠎ᠠ᠂ ᠪᠦᠬᠦ᠌ ᠤᠯᠤᠰ᠎ᠤᠨ ᠬᠥᠳᠡᠯᠮᠦᠷᠢ᠎ᠶ᠋ᠢᠨ ᠵᠢᠱ᠌ᠢᠶᠡᠴᠢ ᠱᠢᠩ ᠭᠠᠩ᠄ 《ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠵᠣᠷᠢᠭ ᠰᠠᠨᠠᠭ᠎ᠠ ᠨᠢ ᠮᠢᠨᠤ ᠤᠷᠮ᠎ᠠ ᠵᠤᠷᠢᠭ᠎ᠢ ᠶᠡᠭᠡᠳᠠ ᠬᠦᠪᠴᠢᠯᠠᠵᠠᠢ᠃ ᠲᠠᠷᠠᠭᠠᠴᠢ ᠪᠡᠷ ᠣᠶᠤᠨᠴᠢ ᠦᠢᠯᠡᠳᠬᠦ᠌᠂ ᠥᠪᠡᠷ᠎ᠦᠨ ᠦᠷᠳᠡᠭ᠎ᠢ ᠪᠠᠭᠤᠷᠠᠭᠤᠯᠤᠨ ᠦᠷ᠎ᠡ ᠠᠱᠢᠭ᠎ᠢ ᠨᠡᠮᠡᠭ᠌ᠳᠡᠭᠦᠯᠬᠦ᠌᠂ ᠡᠨᠧᠷᠭᠢ ᠠᠷᠪᠢᠯᠠᠵᠤ ᠣᠷᠴᠢᠨ ᠲᠣᠭᠣᠷᠢᠨ᠎ᠢ ᠬᠠᠮᠠᠭᠠᠯᠠᠬᠤ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠠᠬᠢᠴᠠ᠎ᠳᠤ ᠥᠪᠡᠷ᠎ᠦᠨ ᠦᠵᠡᠬᠦᠯᠪᠠᠰᠤ ᠵᠤᠬᠢᠬᠤ ᠬᠣᠪᠢ ᠨᠡᠮᠡᠷᠢ ᠪᠠᠨ ᠨᠠᠮᠠᠷᠢᠯᠠᠨ᠎ᠠ》ᠭᠡᠵᠦ ᠵᠤᠷᠢᠭ᠎ᠵᠢᠡᠨ ᠢᠯᠡᠳᠭᠡᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号