ᠣᠢᠷ᠎ᠠ᠎ᠵᠢᠨ ᠡᠳᠤᠷ ᠡᠴᠡ ᠨᠠᠭᠠᠰᠢ᠂ ᠬᠢᠩᠭᠠᠨ ᠠᠢᠮᠠᠭ᠎ᠤᠨ ᠺᠠᠳ᠋ᠷ ᠣᠯᠠᠨ ᠲᠦᠮᠡᠨ ᠰᠣᠨᠢᠨ᠂ ᠷᠠᠳᠢᠣ᠋ ᠨᠡᠪᠲᠡᠷᠡᠭᠦᠯᠭᠡ᠂ ᠲᠧᠯᠸᠢᠰ ᠪᠣᠯᠤᠨ ᠰᠦᠯᠵᠢᠶ᠎ᠡ ᠵᠡᠷᠭᠡ ᠵᠠᠭᠤᠴᠢᠯᠠᠭᠤᠷ᠎ᠢᠶᠠᠷ ᠳᠠᠮᠵᠢᠭᠤᠯᠤᠨ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠦᠪᠡᠳᠡᠭ᠌ᠰᠢ ᠪᠠᠢᠳᠠᠯ᠎ᠢ ᠨᠢᠭ᠍ᠲᠠ ᠠᠩᠬᠠᠷᠴᠤ᠌᠂ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠪᠠ᠃
ᠵᠠᠯᠠᠢᠳ ᠬᠣᠱᠢᠭᠤᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠡᠷᠬᠢᠯᠡᠭ᠌ᠴᠢ ᠵᠧᠦ ᠭᠦᠸᠧ ᠪᠢᠨ᠄《ᠡᠨᠡ ᠵᠢᠯ᠎ᠦᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ 2022 ᠣᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠭᠣᠣᠯ ᠵᠢᠱ᠌ᠢᠭ᠌ᠰᠡᠨ ᠬᠠᠷᠠᠯᠲᠠ ᠪᠣᠯ ᠭᠠᠵᠠᠷ ᠣᠷᠣᠨ᠎ᠤ ᠦᠢᠯᠡᠳᠪᠦᠷᠢᠯᠡᠯ᠎ᠦᠨ ᠶᠡᠷᠦᠩᠬᠡᠢ ᠦᠷᠳᠡᠭ᠎ᠢ 6% ᠣᠷᠴᠢᠮ ᠨᠡᠮᠡᠭ᠌ᠳᠡᠭᠦᠯᠦᠨ᠎ᠡ ᠭᠡᠵᠦ᠍ ᠳᠤᠷᠠᠳᠴᠠᠢ᠂ ᠡᠨᠡ ᠬᠦ᠌ ᠬᠠᠷᠠᠯᠲᠠ᠎ᠶ᠋ᠢ ᠪᠡᠶᠡᠯᠡᠭᠦᠯᠬᠦ᠌᠎ᠳᠦ ᠲᠠᠷᠢᠶᠠᠯᠠᠩ ᠮᠠᠯ ᠠᠵᠤ ᠠᠬᠤᠶ᠎ᠶ᠋ᠢᠨ ᠦᠶ᠋ᠯᠡᠳᠪᠦᠷᠢᠯᠡᠯ᠂ ᠠᠵᠤ ᠦᠶ᠋ᠯᠡᠳᠪᠦᠷᠢ᠎ᠶ᠋ᠢᠨ ᠦᠶ᠋ᠯᠡᠳᠪᠦᠷᠢᠯᠡᠯ᠎ᠢ ᠰᠠᠢᠲᠤᠷ ᠠᠳᠭᠤᠬᠤ᠂ ᠬᠡᠷᠡᠭ᠌ᠯᠡᠭᠡ᠎ᠶ᠋ᠢ ᠠᠬᠢᠭᠤᠯᠬᠤ᠂ ᠵᠢᠭᠤᠯᠴᠢᠯᠠᠯ᠎ᠤᠨ ᠠᠵᠤ ᠦᠶ᠋ᠯᠡᠰ᠎ᠦᠨ ᠲᠠᠰ ᠳᠡᠪᠱᠢᠬᠦ᠌᠎ᠶ᠋ᠢ ᠠᠬᠢᠭᠤᠯᠬᠤ ᠵᠡᠷᠭᠡ ᠲᠠᠯ᠎ᠠ᠎ᠪᠠᠷ ᠬᠦᠴᠦᠯᠡᠬᠦ᠌ ᠬᠡᠷᠡᠭ᠌ᠲᠡᠶ ᠪᠦᠭᠡᠳ ᠨᠠᠩ ᠴᠤ᠌ ᠲᠣᠭ᠍ᠲᠠᠮᠠᠯ ᠬᠥᠷᠥᠩᠭᠡ᠎ᠶ᠋ᠢᠨ ᠪᠠᠯᠠ ᠣᠷᠣᠭᠤᠯᠤᠯᠲᠠ᠎ᠶ᠋ᠢ ᠳᠠᠢᠴᠢᠯᠠᠬᠤ ᠬᠡᠷᠡᠭ᠌ᠲᠡᠶ᠃ ᠪᠢᠳᠡᠡᠭᠦᠷᠭᠡᠴᠢᠳᠠᠪᠬᠢᠳᠤᠰᠠᠯᠠᠭᠠᠮᠥᠴᠢᠷᠦᠨ ᠦᠢᠯᠡᠳᠦᠯ᠎ᠢᠶᠡᠨ ᠢᠳᠡᠪᠬᠢᠲᠡᠢ ᠪᠠᠳᠠᠷᠠᠭᠤᠯᠵᠤ᠂ ᠲᠣᠭ᠍ᠲᠠᠮᠠᠯ ᠬᠥᠷᠥᠩᠭᠡ᠎ᠶ᠋ᠢᠨ ᠪᠡᠯᠡ ᠣᠷᠣᠭᠤᠯᠤᠯᠲᠠ᠎ᠶ᠋ᠢᠨ ᠲᠥᠷᠥᠯ ᠵᠦᠢᠯ᠎ᠢ ᠴᠢᠷᠮᠠᠢᠨ ᠪᠡᠶᠡᠯᠡᠭᠦᠯᠵᠦ᠍᠂ ᠨᠡᠭᠡᠭᠡᠯᠲᠡ᠎ᠶ᠋ᠢ ᠢᠳᠡᠪᠬᠢᠲᠡᠢ ᠥᠷᠭᠡᠳᠭᠡᠨ᠂ ᠭᠠᠳᠠᠭ᠍ᠰᠢ ᠭᠠᠷᠴᠤ ᠶᠠᠪᠤᠬᠤ ᠪᠠᠢᠯᠳᠤᠬᠤ ᠪᠣᠳᠣᠯᠭ᠎ᠠ᠎ᠶ᠋ᠢ ᠬᠡᠷᠡᠭ᠌ᠵᠢᠭᠦᠯᠬᠦ᠌᠎ᠶ᠋ᠢᠨ ᠬᠠᠮᠲᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠡᠷᠴᠢᠮ᠎ᠢᠶᠡᠨ ᠴᠢᠩᠭᠠᠷᠠᠭᠤᠯᠵᠤ᠂ ᠵᠠᠯᠠᠢᠳ ᠬᠣᠱᠢᠭᠤᠨ᠎ᠤ ᠬᠥᠭ᠌ᠵᠢᠬᠦᠯᠦᠯᠲᠡ ᠪᠠ ᠥᠭᠡᠷᠡᠴᠢᠯᠡᠯᠲᠡ᠎ᠶ᠋ᠢᠨ ᠠᠵᠢᠯ᠎ᠤᠨ ᠴᠢᠳᠠᠪᠤᠷᠢ ᠲᠦᠪᠱᠢᠨ ᠵᠢᠡᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ》ᠭᠡᠵᠦ ᠵᠤᠷᠢᠯᠳᠠ ᠪᠠᠨ ᠲᠤᠳᠤᠷᠬᠠᠢ ᠶᠠᠷᠢᠵᠤ ᠭᠠᠷᠤᠯ᠎ᠠ᠃
ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠤᠯᠠᠭᠠᠨᠮᠣᠳᠣ ᠰᠤᠮᠤ᠎ᠶ᠋ᠢᠨ ᠥᠪᠥᠷᠵᠢᠯᠠᠭ᠎ᠠ ᠨᠡᠢᠭᠡᠮ ᠲᠣᠭᠣᠷᠢᠭ᠎ᠤᠨ ᠬᠤᠳᠠᠯᠳᠤᠭᠠᠴᠢᠨ ᠡᠷᠦᠬᠡ ᠮᠧᠶ ᠷᠦᠩᠳ᠋ᠤ ᠠᠪᠴᠤ᠌ ᠬᠡᠯᠡᠪᠡᠯ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠠᠵᠢᠯ ᠣᠯᠭᠣᠯᠲᠠ᠎ᠶ᠋ᠢᠨ ᠳᠠᠢᠴᠢᠯᠠᠬᠤ ᠬᠦᠴᠦᠨ᠎ᠢᠶᠡᠷ ᠴᠢᠩᠭ᠎ᠠ ᠳᠤᠮᠳᠠ ᠪᠠᠭ᠎ᠠ ᠵᠢᠵᠢᠭ ᠠᠵᠤ ᠠᠬᠤᠢᠯᠠᠯ᠂ ᠠᠵᠢᠯ ᠣᠯᠭᠣᠯᠲᠠ᠎ᠶ᠋ᠢᠨ ᠳᠠᠢᠴᠢᠯᠠᠬᠤ ᠬᠡᠪᠴᠢᠶ᠎ᠡ᠎ᠪᠡᠷ ᠥᠷᠭᠡᠨ ᠬᠤᠪᠢ᠎ᠶ᠋ᠢᠨ ᠦᠶ᠋ᠯᠡᠳᠪᠦᠷᠢ ᠬᠤᠳᠠᠯᠳᠤᠭᠠᠨ᠎ᠤ ᠡᠷᠦᠬᠡ᠎ᠶ᠋ᠢ ᠶᠡᠬᠡᠪᠡᠷ ᠲᠡᠳᠬᠦᠨ ᠳᠡᠮᠵᠢᠬᠦ ᠪᠡᠷ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠦᠷᠭᠦᠯᠵᠢᠯᠡᠨ ᠨᠡᠮᠡᠭ᠌ᠳᠡᠭᠦᠯᠬᠦ᠌ ᠵᠢᠨ ᠴᠢᠬᠤᠯᠠ ᠠᠭᠤᠯᠭ᠎ᠠ ᠪᠤᠯᠭᠠᠭᠰᠠᠨ ᠨᠢ ᠲᠡᠭᠦᠨ ᠳᠤ ᠮᠠᠰᠢ ᠵᠤᠷᠢᠬᠵᠢᠭᠤᠯᠤᠯ ᠪᠤᠯᠵᠤ᠂ ᠲᠠᠷᠠᠭᠠᠴᠢ᠎ᠵᠢᠨ ᠠᠵᠢᠯ᠎ᠵᠢᠡᠨ ᠰᠠᠢᠳᠤᠷ ᠬᠢᠬᠦ ᠡᠷᠴᠢ ᠵᠤᠷᠢᠭ᠎ᠢ ᠨᠢ ᠬᠦᠪᠴᠢᠯᠡᠪᠠ᠃