ᠤᠯᠠᠭᠠᠨᠬᠠᠳᠠ ᠬᠣᠲᠠ᠄ ᠰᠡᠳᠬᠢᠯ ᠨᠢᠭᠡᠲᠤᠨ ᠬᠦᠴᠦ ᠪᠠᠨ ᠬᠠᠮᠲᠣᠳᠬᠠᠵᠦ ᠠᠷᠠᠳ᠎ᠤᠨ ᠠᠮᠢᠲᠣᠷᠠᠯ᠎ᠤᠨ ᠠᠵᠠ ᠵᠢᠷᠭᠠᠯ᠎ᠢ ᠨᠡᠮᠡᠭᠳᠡᠬᠦᠯᠤᠨ᠎ᠠ
2022-01-28 09:56:00
ᠵᠣᠬᠢᠶᠠᠭ᠍ᠴᠢ᠄
ᠸᠠᠩ ᠲᠠᠨ᠎ᠠ
ᠣᠩᠱᠢᠭ᠍ᠰᠠᠨ ᠣᠳᠠᠭ᠎ᠠ᠄
★★★☆☆

ᠵᠠᠰᠠᠬ᠎ᠤᠨ ᠣᠷᠲᠣᠨ᠎ᠤ ᠠᠵᠢᠯ᠎ᠤᠨ ᠢᠯᠡᠳᠭᠡᠯ ᠤᠯᠠᠭᠠᠨᠬᠠᠳᠠ ᠬᠣᠲᠠ᠎ᠶ᠋ᠢᠨ ᠺᠠᠳ᠋ᠷ ᠣᠯᠠᠨ ᠲᠦᠮᠡᠨ᠎ᠦ ᠳᠤᠮᠳᠠ ᠴᠢᠩᠭ᠎ᠠ ᠲᠤᠰᠭᠠᠯ ᠭᠠᠷᠪᠠ᠃ ᠯᠢᠨᠰᠢ ᠱᠢᠶᠠᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ᠎ᠦᠨ ᠪᠠᠢᠩᠭᠤ᠎ᠶ᠋ᠢᠨ ᠭᠡᠱᠢᠭᠦᠨ ᠳ᠋ᠦ᠋ ᠱᠢᠤ ᠶᠠᠨ᠄ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠨᠢ ᠪᠢᠳᠡᠨ᠎ᠦ ᠡᠯ᠎ᠡ ᠵᠦᠶ᠋ᠯ᠎ᠦᠨ ᠠᠵᠢᠯ ᠶ᠋ᠢᠡᠨ ᠰᠠᠢᠲᠤᠷ ᠬᠢᠬᠦ᠌᠎ᠳᠦ ᠴᠢᠭ᠌ᠯᠡᠯ᠎ᠢ ᠲᠣᠳᠣᠷᠬᠠᠶ ᠵᠢᠭᠠᠵᠤ ᠥᠭ᠌ᠴᠡᠶ᠂ ᠪᠢᠳᠡ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ᠎ᠶ᠋ᠢ ᠠᠩᠬᠠᠷᠴᠤ᠌᠂ ᠡᠷᠬᠡ᠎ᠶ᠋ᠢᠨ ᠠᠵᠢᠯᠯᠠᠭᠠᠨ᠎ᠤ ᠭᠤᠤᠯᠳᠠᠯᠭ᠎ᠠ᠎ᠲᠠᠶ ᠠᠵᠢᠯ᠎ᠤᠨ ᠪᠠᠢᠷᠢ᠂ ᠵᠠᠩᠭᠢᠯᠠᠭ᠎ᠠ᠎ᠶ᠋ᠢᠨ ᠭᠣᠭ᠍ᠴᠣᠭ᠎ᠠ ᠪᠣᠯᠤᠨ ᠴᠢᠬᠤᠯᠠ ᠬᠥᠮᠦᠰ᠎ᠢ ᠴᠢᠩᠭ᠎ᠠ ᠠᠩᠬᠠᠷᠴᠤ᠌᠂ ᠬᠢᠨᠠᠯᠲᠠ ᠲᠠᠯᠪᠢᠬᠤ ᠲᠤᠱᠢᠶᠠᠯ ᠬᠠᠷᠢᠭᠤᠴᠠᠯᠭ᠎ᠠ᠎ᠪᠠᠨ ᠰᠠᠢᠲᠤᠷ ᠭᠦᠶ᠋ᠴᠡᠳᠭᠡᠨ᠎ᠡ᠃ ᠡᠭᠦᠨ᠎ᠦ ᠬᠠᠮᠲᠤ ᠰᠤᠷᠤᠯᠴᠠᠯᠭ᠎ᠠ ᠥᠷᠨᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠬᠤ᠎ᠶ᠋ᠢ ᠣᠢᠷ᠎ᠠ᠎ᠶ᠋ᠢᠨ ᠬᠤᠭᠤᠴᠠᠭᠠᠨ᠎ᠤ ᠤᠯᠤᠰ ᠲᠥᠷᠥ᠍ ᠣᠨᠣᠯ᠎ᠤᠨ ᠰᠤᠷᠤᠯᠴᠠᠯᠭ᠎ᠠ᠎ᠶ᠋ᠢᠨ ᠴᠢᠬᠤᠯᠠ ᠠᠭᠤᠯᠭ᠎ᠠ ᠪᠣᠯᠭᠠᠵᠤ᠂ ᠤᠬᠠᠮᠰᠠᠷ ᠡᠴᠡ ᠪᠠᠨ ᠦᠵᠡᠯ ᠰᠠᠨᠠᠭ᠎ᠠ ᠪᠣᠯᠤᠨ ᠦᠶ᠋ᠯᠡ ᠠᠵᠢᠯᠯᠠᠭ᠎ᠠ᠎ᠪᠠᠨ ᠨᠠᠮ ᠪᠣᠯᠤᠨ ᠤᠯᠤᠰ᠎ᠤᠨ ᠴᠢᠬᠤᠯᠠ ᠶᠡᠬᠡ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠲᠠᠢ ᠨᠢᠭᠡᠳᠭᠡᠨ᠎ᠠ》 ᠭᠡᠵᠦ ᠶᠠᠷᠢᠵᠦ ᠪᠠᠢᠯ᠎ᠠ᠃

ᠪᠠᠭᠠᠷᠢᠨ ᠵᠡᠭᠦᠨ ᠬᠣᠱᠢᠭᠤᠨ᠎ᠤ ᠰᠢ ᠴᠧᠩ ᠵᠡᠭᠡᠯᠢ ᠭᠤᠳᠤᠮᠵᠢ᠎ᠶ᠋ᠢᠨ ᠹᠦ᠋ ᠱᠠᠨ ᠨᠡᠢᠭᠡᠮ ᠲᠣᠭᠣᠷᠢᠭ᠎ᠤᠨ ᠨᠠᠮ᠎ᠤᠨ ᠡᠭᠦᠷ᠎ᠦᠨ ᠱᠦᠵᠢ ᠶᠤᠸᠠᠨ ᠱᠢᠤ ᠱᠢᠶᠠ᠄ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ 〈ᠬᠣᠷᠢᠭ᠎ᠠ ᠱᠤᠭᠤᠮ᠎ᠢ ᠬᠦᠴᠦᠯᠡᠨ ᠪᠠᠲᠤᠯᠠᠵᠤ ᠦᠨᠳᠦᠰᠦᠨ ᠳᠤᠲᠠᠭᠤᠳᠠᠯ᠎ᠢ ᠨᠥᠬᠥᠪᠥᠷᠢᠯᠡᠵᠦ᠍᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠦᠷᠭᠦᠯᠵᠢᠯᠡᠨ ᠨᠡᠮᠡᠭ᠌ᠳᠡᠭᠦᠯᠣᠨ᠎ᠠ〉 ᠭᠡᠵᠦ᠍ ᠳᠤᠷᠠᠳᠤᠭ᠍ᠰᠠᠨ ᠨᠢ ᠪᠢᠳᠡᠨ᠎ᠳᠦ ᠮᠠᠰᠢ ᠶᠡᠬᠡ ᠵᠣᠷᠢᠭ᠍ᠵᠢᠭᠤᠯᠤᠯ ᠪᠣᠯᠪᠠ᠃ ᠱᠢᠨ᠎ᠡ ᠨᠢᠭᠡᠨ ᠵᠢᠯ᠎ᠳᠦ ᠪᠢᠳᠡ ᠨᠡᠩ ᠢᠯᠡᠭᠦᠦ ᠴᠢᠷᠮᠠᠢᠵᠤ᠂ ᠨᠡᠩ ᠤᠯᠠᠨ ᠡᠮᠡᠭ᠌ᠲᠡᠢᠴᠦᠳ᠎ᠢ ᠬᠠᠪᠰᠤᠷᠤᠨ ᠨᠡᠢᠭᠡᠮ ᠲᠣᠭᠣᠷᠢᠭ᠎ᠲᠤ ᠠᠵᠢᠯ ᠤᠯᠭᠤᠵᠤ᠂ ᠲᠠᠨᠢᠬᠦᠨ ᠲᠠᠪᠠᠳᠠᠢ ᠠᠮᠢᠳᠤᠷᠠᠬᠤ ᠤᠷᠤᠨ ᠰᠠᠭᠤᠴᠠ ᠲᠠᠢ ᠪᠤᠯᠬᠤ ᠬᠦᠰᠡᠯ᠎ᠢ ᠨᠢ ᠲᠡᠷᠭᠡᠯᠰᠢᠬᠦᠯᠤᠨ᠎ᠠ》 ᠭᠡᠵᠦ ᠲᠣᠬᠲᠣᠯᠣᠨ ᠶᠠᠷᠢᠵᠦ ᠪᠠᠢᠯ᠎ᠠ᠃ 《ᠨᠡᠢᠭᠡᠮ ᠲᠣᠭᠣᠷᠢᠭ᠎ᠠᠴᠠ ᠡᠮᠡᠭ᠌ᠲᠡᠢᠴᠦᠳ᠎ᠦᠨ ᠦᠢᠯᠡᠰ ᠪᠣᠰᠬᠠᠵᠦ ᠠᠵᠢᠯ ᠣᠯᠬᠤ ᠨᠠᠪᠴᠢᠬᠦᠯᠥᠬᠦᠷ᠎ᠤᠨ ᠰᠠᠭᠤᠷᠢᠨ᠎ᠢ ᠪᠠᠢᠭᠤᠯᠤᠭ᠍ᠰᠠᠨ᠎ᠠᠴᠠ ᠨᠠᠭᠠᠰᠢ᠂ ᠪᠢ ᠣᠯᠠᠨ ᠡᠭᠡᠴᠢ ᠥᠬᠢᠨ ᠳᠡᠭᠦᠦ᠍᠎ᠨᠡᠷ ᠲᠠᠢ ᠪᠠᠨ ᠬᠠᠮᠲᠣ ᠲᠣᠬᠠᠢ᠎ᠶᠢᠨ ᠭᠠᠵᠠᠷ᠎ᠲᠠᠭᠠᠨ ᠠᠵᠢᠯ ᠣᠯᠵᠤ ᠳᠡᠢᠯᠬᠦ᠌ ᠠᠵᠠ ᠲᠣᠬᠢᠶᠠᠯ᠎ᠲᠠᠶ ᠪᠣᠯᠪᠠ᠃ ᠡᠨᠡ ᠵᠢᠯ᠎ᠦᠨ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠠᠴᠠ 〈 ᠠᠵᠢᠯ ᠣᠯᠭᠣᠯᠲᠠ᠎ᠶ᠋ᠢ ᠦᠨᠡᠨ ᠬᠦ᠌ ᠲᠣᠭ᠍ᠲᠠᠭᠤᠨ᠎ᠢᠶᠠᠷ ᠥᠷᠭᠡᠳᠭᠡᠨ᠎ᠡ〉 ᠭᠡᠵᠦ᠍ ᠳᠤᠷᠠᠲᠣᠬᠰᠠᠨ ᠪᠠᠢᠨ᠎ᠠ᠂ ᠵᠠᠰᠠᠭ᠎ᠤᠨ ᠣᠷᠳᠣᠨ᠎ᠤ ᠬᠦᠴᠦᠲᠡᠶ ᠳᠡᠮᠵᠢᠯᠭᠡ ᠳᠤᠤᠷ᠎ᠠ᠂ ᠮᠠᠨ᠎ᠤ ᠠᠷᠠᠳ ᠣᠯᠠᠨ᠎ᠤ ᠣᠷᠣᠯᠭ᠎ᠠ ᠨᠠᠡᠭ ᠨᠡᠮᠡᠭᠲᠡᠵᠦ᠂ ᠠᠮᠢᠳᠤᠷᠠᠯ ᠯᠠᠪᠲᠠᠶ ᠨᠠᠡᠭ ᠦᠭᠡᠳᠡᠯᠡᠬᠦ ᠶᠤᠮ ᠭᠡᠳᠡᠭ᠎ᠢ ᠢᠲᠡᠭᠡᠵᠦ᠍ ᠪᠠᠢᠨ᠎ᠠ》 ᠭᠡᠵᠤ ᠰᠠᠭᠤᠭᠠᠯᠢ ᠠᠷᠠᠳ ᠵᠦ᠍ ᠱᠢᠶᠠᠩ ᠬᠤᠸᠠ ᠪᠠᠶᠠᠷᠯᠠᠭᠰᠠᠨ ᠰᠡᠳᠬᠢᠯ᠎ᠵᠢᠡᠨ ᠲᠠᠷᠤᠵᠤ ᠶᠠᠳᠠᠨ ᠭᠡᠯᠡᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号