ᠱᠢᠯᠢ ᠎ᠶ᠋ᠢᠨ ᠭᠣᠣᠯ ᠠᠢᠮᠠᠭ᠄ ᠡᠭᠦᠷᠭᠡ ᠬᠠᠷᠢᠭᠤᠴᠠᠯᠭ᠎ᠠ᠎ᠪᠠᠨ ᠰᠠᠢᠲᠤᠷ ᠭᠦᠶ᠋ᠴᠡᠳᠭᠡᠵᠦ᠍ ᠭᠠᠵᠠᠷ ᠣᠷᠣᠨ᠎ᠤ ᠪᠠᠨ ᠬᠥᠭ᠌ᠵᠢᠯᠲᠡ᠎ᠳᠦ ᠬᠦᠴᠦᠨ ᠴᠢᠳᠠᠯ᠎ᠢᠶᠠᠨ ᠨᠠᠮᠠᠷᠢᠯᠠᠨ᠎ᠠ
2022-01-28 10:08:12
ᠵᠣᠬᠢᠶᠠᠭ᠍ᠴᠢ᠄
ᠪᠠᠶᠠᠰᠭᠤᠯᠠᠩ
ᠣᠩᠱᠢᠭ᠍ᠰᠠᠨ ᠣᠳᠠᠭ᠎ᠠ᠄
★★★☆☆

ᠣᠢᠷ᠎ᠠ᠎ᠶ᠋ᠢᠨ ᠡᠳᠦᠷ᠎ᠲᠦ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠢᠯᠠᠩᠭᠤᠶ᠎ᠠ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠱᠢᠯᠢ᠎ᠶ᠋ᠢᠨ ᠭᠤᠤᠯ ᠠᠢᠮᠠᠭ᠎ᠤᠨ ᠨᠡᠢᠭᠡᠮ᠎ᠦᠨ ᠡᠯ᠎ᠡ ᠡᠲᠡᠭᠡᠳ᠎ᠤᠨ ᠲᠤᠮᠳᠠ ᠬᠠᠯᠠᠭᠤᠨ ᠲᠤᠰᠭᠠᠯ ᠭᠠᠷᠪᠠ᠃

ᠱᠢᠯᠢ᠎ᠶ᠋ᠢᠨ ᠭᠣᠣᠯ ᠠᠢᠮᠠᠭ᠎ᠤᠨ ᠭᠠᠯ ᠰᠡᠷᠭᠡᠢᠯᠡᠵᠦ᠍ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ᠎ᠶ᠋ᠢᠨ ᠱᠢᠯᠢᠩᠬᠣᠲᠠ᠎ᠶ᠋ᠢᠨ ᠶᠡᠬᠡ ᠠᠩᠭᠢ᠎ᠶ᠋ᠢᠨ ᠵᠧᠨ ᠱᠢᠩ ᠶᠡᠬᠡ ᠵᠡᠭᠡᠯᠢ᠎ᠶ᠋ᠢᠨ ᠭᠠᠯ ᠰᠡᠷᠭᠡᠢᠯᠡᠵᠦ᠍ ᠭᠠᠯ ᠤᠨᠲᠠᠷᠠᠭᠠᠬᠤ ᠠᠪᠤᠷᠠᠨ ᠲᠤᠰᠠᠯᠠᠬᠤ ᠥᠷᠲᠡᠭᠡ᠎ᠵᠢᠨ ᠳᠠᠷᠤᠭ᠎ᠠ ᠰᠢ ᠡᠯ ᠺᠸ᠄ 《ᠥᠪᠥᠷ ᠮᠣᠩᠭᠣᠯ ᠠᠵᠤ ᠠᠬᠤᠢ ᠨᠡᠢᠭᠡᠮ᠎ᠦᠨ ᠡᠯ᠎ᠡ ᠲᠠᠯ᠎ᠠ᠎ᠪᠠᠷ ᠴᠥᠮ ᠯᠤᠲᠤ ᠶᠡᠬᠡ ᠠᠮᠵᠢᠯᠲᠠ ᠣᠯᠵᠤ᠂ ᠠᠷᠠᠳ᠎ᠤᠨ ᠠᠮᠢᠳᠤᠷᠠᠯ᠎ᠤᠨ ᠲᠦᠪᠱᠢᠨ ᠴᠦ᠍ ᠳᠡᠭᠡᠭ᠌ᠰᠢᠯᠡᠪᠡ᠃ ᠦᠨᠳᠦᠰᠦᠨ ᠱᠠᠲᠤᠨ᠎ᠤ ᠭᠠᠯ ᠰᠡᠷᠭᠡᠢᠯᠡᠵᠦ᠍ ᠭᠠᠯ ᠤᠨᠲᠠᠷᠠᠭᠠᠬᠤ ᠠᠪᠤᠷᠠᠨ ᠲᠤᠰᠠᠯᠠᠬᠤ ᠥᠷᠲᠡᠭᠡ᠎ᠵᠢᠨ ᠵᠢᠯᠤᠭᠤᠳᠤᠭ᠍ᠴᠢ ᠪᠣᠯᠤᠭ᠍ᠰᠠᠨ᠎ᠤ ᠬᠤᠪᠢ᠎ᠳᠤ᠂ ᠳᠠᠷᠠᠭᠠᠴᠢ᠎ᠪᠠᠷ᠂ ᠪᠢᠳᠡ ᠥᠪᠡᠷ᠎ᠦᠨ ᠲᠤᠬᠠᠢᠯᠠᠭ᠍ᠰᠠᠨ ᠠᠵᠢᠯ᠎ᠢᠶᠠᠨ ᠰᠠᠢᠲᠤᠷ ᠬᠢᠵᠦ᠍᠂ ᠬᠠᠷᠢᠶ᠎ᠠ ᠣᠷᠣᠨ᠎ᠤ᠎ᠪᠠᠨ ᠠᠮᠤᠷ ᠲᠦᠪᠱᠢᠨ ᠲᠣᠭ᠍ᠲᠠᠭᠤᠨ᠎ᠳᠤ ᠥᠪᠡᠷ᠎ᠦᠨ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠡᠨ ᠨᠠᠮᠠᠷᠢᠯᠡᠬᠦ ᠪᠡᠷ ᠬᠦᠴᠤᠯᠠᠨ ᠴᠢᠷᠮᠠᠢᠨ᠎ᠠ》 ᠭᠡᠵᠦ ᠢᠳᠡᠭᠡᠯ ᠲᠠᠬᠦᠯᠳᠡᠷ ᠭᠡᠯᠡᠨ᠎ᠠ᠃

ᠱᠢᠯᠢᠩᠬᠣᠲᠠ᠎ᠶ᠋ᠢᠨ ᠱᠢᠷᠠᠳᠠᠯ᠎ᠠ ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ᠌ ᠭᠠᠵᠠᠷ᠎ᠤᠨ ᠺᠠᠳ᠋ᠷ ᠠᠵᠢᠯᠲᠠᠨ ᠬᠠᠮᠲᠤ ᠪᠡᠷ ᠴᠤᠭ᠍ᠯᠠᠷᠠᠵᠤ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠨᠠᠷᠢᠨ ᠬᠢᠨᠠᠮᠠᠭᠠᠶ ᠰᠤᠷᠤᠯᠴᠠᠨ᠎ᠠ᠃ ᠨᠡᠢᠭᠡᠮ ᠲᠣᠭᠣᠷᠢᠭ᠎ᠤᠨ ᠨᠠᠮ᠎ᠤᠨ ᠬᠣᠷᠢᠶ᠎ᠠ᠎ᠵᠢᠨ ᠱᠦᠵᠢ ᠭᠤᠤ ᠬᠠᠢ ᠶᠠᠩ᠄ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠨᠠᠳᠠ᠎ᠳᠤ ᠬᠦᠨ ᠲᠦᠷᠦᠭᠳᠡᠯ ᠤᠯᠭᠤᠵᠤ ᠢᠳᠡᠭᠡᠯ ᠵᠤᠷᠢᠭ᠎ᠢ ᠬᠦᠪᠴᠢᠯᠠᠵᠠᠢ᠃ ᠦᠨᠳᠦᠰᠦᠨ ᠱᠠᠲᠤᠨ᠎ᠤ ᠨᠠᠮ᠎ᠤᠨ ᠭᠡᠱᠢᠭᠦᠨ ᠪᠣᠯᠤᠭ᠍ᠰᠠᠨ᠎ᠤ ᠬᠤᠪᠢ᠎ᠳᠤ᠂ ᠬᠣᠢᠱᠢᠳᠠ ᠎ᠵᠢᠨ ᠠᠵᠢᠯ ᠎ᠳ᠋ᠠᠭᠠᠨ ᠠᠷᠠᠳ᠎ᠲᠤ ᠠᠱᠢᠭ ᠬᠦᠷᠲᠡᠭᠡᠬᠦ᠌ ᠡᠯ᠎ᠡ ᠵᠦᠢᠯ᠎ᠦᠨ ᠲᠦᠷᠦ᠍᠎ᠶ᠋ᠢᠨ ᠪᠤᠳᠤᠯᠭ᠎ᠠ᠎ᠶ᠋ᠢ ᠨᠡᠩ ᠲᠤᠭᠤᠰᠢᠳᠠᠢ ᠨᠠᠢᠳᠠᠪᠤᠷᠢᠵᠢᠭᠤᠯᠵᠤ᠂ ᠡᠯ᠎ᠡ ᠵᠦᠢᠯ᠎ᠦᠨ ᠠᠷᠠᠳ᠎ᠤᠨ ᠠᠮᠢᠳᠤᠷᠠᠯ᠎ᠤᠨ ᠠᠵᠢᠯ᠎ᠢ ᠪᠣᠳᠠᠲᠠᠢ᠎ᠳᠤ ᠨᠠᠢᠳᠠᠪᠤᠷᠢᠵᠢᠭᠤᠯᠤᠨ᠎ᠠ》 ᠭᠡᠵᠦ ᠬᠠᠷᠠᠯᠳᠠ ᠪᠠᠨ ᠲᠤᠳᠤᠷᠠᠭᠤᠯᠵᠤ ᠭᠠᠷᠤᠯ᠎ᠠ᠃

ᠱᠢᠯᠤᠭᠤᠨ ᠬᠥᠪᠡᠭᠡᠲᠦ ᠴᠠᠭᠠᠨ ᠬᠣᠱᠢᠭᠤᠨ᠎ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠵᠢᠴᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠣᠪᠴᠢᠶ᠎ᠠ᠎ᠵᠢᠨ ᠳᠡᠳ᠋ ᠳᠠᠷᠤᠭ᠎ᠠ ᠨᠢᠤ ᠹᠠᠩ᠄《ᠬᠣᠢᠱᠢᠳᠠ᠎ᠶ᠋ᠢᠨ ᠠᠵᠢᠯ ᠎ᠳ᠋ᠠᠭᠠᠨ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠵᠣᠷᠢᠭ᠍ᠲᠠᠶ ᠪᠠᠷ ᠬᠠᠷᠢᠭᠤᠴᠠᠯᠭ᠎ᠠ ᠡᠭᠦᠷᠭᠡᠯᠡᠵᠦ᠍᠂ ᠴᠢᠳᠠᠮᠠᠭᠠᠶ᠎ᠪᠠᠷ ᠠᠵᠢᠯᠯᠠᠵᠤ᠂ ᠲᠣᠰ ᠪᠡᠶ᠎ᠡ᠎ᠶ᠋ᠢᠨ ᠡᠭᠦᠷᠭᠡ ᠬᠠᠷᠢᠭᠤᠴᠠᠯᠭ᠎ᠠ᠎ᠪᠠᠨ ᠰᠠᠢᠲᠤᠷ ᠭᠦᠶ᠋ᠴᠡᠳᠭᠡᠵᠦ᠍᠂ ᠪᠥᠬᠥ᠌ ᠬᠣᠱᠢᠭᠤᠨ᠎ᠤ ᠲᠠᠷᠢᠶᠠᠯᠠᠩ ᠮᠠᠯ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠥᠪᠡᠷ᠎ᠦᠨ ᠤᠶᠤᠨ ᠤᠠᠬᠭᠠᠨ ᠬᠦᠴᠤᠨ ᠴᠢᠳᠠᠯ᠎ᠵᠢᠡᠨ ᠡᠷᠭᠦᠨ᠎ᠡ》 ᠭᠡᠵᠦ᠍ ᠵᠤᠷᠢᠭ᠎ᠵᠢᠡᠨ ᠢᠯᠡᠳᠭᠡᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号