ᠤᠢ᠍ᠢᠷ᠎ᠠ᠎ᠶ᠋ᠢᠨ ᠡᠳᠦᠷ ᠡᠴᠡ ᠨᠠᠭᠠᠰᠢ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠤᠯᠠᠭᠠᠨᠴᠠᠪ ᠬᠤᠳᠠ᠎ᠶ᠋ᠢᠨ ᠨᠡᠢᠭᠡᠮ᠎ᠦᠨ ᠡᠯ᠎ᠡ ᠡᠲᠡᠭᠡᠳ᠎ᠦᠨ ᠲᠤᠮᠳᠠ ᠬᠠᠯᠠᠭᠤᠨ ᠲᠤᠰᠬᠠᠯ ᠭᠠᠷᠴᠤ᠂ ᠤᠯᠠᠨ᠎ᠢᠶᠠᠷ᠎ᠢᠶᠠᠨ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠪᠣᠳᠠᠲᠤ ᠪᠠᠢᠳᠠᠯ ᠲᠠᠶ ᠨᠠᠢᠴᠡᠵᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠠᠵᠢᠯ᠎ᠢ ᠠᠬᠢᠭᠤᠯᠬᠤ ᠬᠦᠴᠦᠲᠡᠢ ᠭᠠᠷᠳᠠᠴᠠ ᠪᠤᠯᠤᠭᠰᠠᠨ ᠪᠠᠢᠨ᠎ᠠ ᠭᠡᠵᠡᠭᠡᠨᠠ᠃
ᠴᠠᠬᠠᠷ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠲᠦ ᠴᠸᠩ ᠽᠢ ᠱᠢᠶᠠᠩ᠎ᠤᠨ ᠨᠠᠮ᠎ᠤᠨ ᠬᠣᠷᠢᠶ᠎ᠠ᠎ᠵᠢᠨ ᠱᠦᠵᠢ ᠷᠧᠨ ᡁᠢ ᠵᠢᠶᠦ᠋ᠨ᠄ 《ᠢᠯᠡᠳᠭᠡᠯ᠎ᠳᠦ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ ᠲᠠᠬᠢᠨ ᠶᠠᠳᠠᠭᠤᠷᠠᠬᠤ᠎ᠶ᠋ᠢ ᠰᠡᠷᠭᠡᠢᠯᠡᠬᠦ᠌᠎ᠪᠡᠷ ᠤᠷᠢᠲᠠᠯ ᠪᠤᠯᠭᠠᠨ᠂ ᠬᠢᠨᠠᠨ ᠬᠡᠮᠵᠢᠬᠦ᠌ ᠪᠠ ᠬᠠᠪᠰᠤᠷᠤᠨ ᠲᠡᠳᠬᠦᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠤᠨ᠎ᠠ᠃ ᠲᠤᠬᠠᠶ᠎ᠶ᠋ᠢᠨ ᠭᠠᠵᠠᠷ ᠣᠷᠣᠨ᠎ᠤ ᠪᠠᠢᠳᠠᠯ᠎ᠳᠤᠨᠢ ᠲᠣᠬᠢᠷᠠᠭᠤᠯᠤᠨ ᠣᠨᠴᠠᠯᠢᠭ᠍ᠲᠤ ᠲᠠᠷᠢᠵᠤ ᠲᠡᠵᠢᠭᠡᠬᠦ᠌᠂ ᠮᠠᠯ ᠲᠠᠷᠢᠶᠠᠯᠠᠡᠭ᠎ᠤᠨ ᠪᠦᠲᠦᠭᠡᠭᠳᠡᠬᠦᠨ᠎ᠢ ᠡᠳ᠋ᠰᠢᠭᠦᠯᠦᠨ ᠦᠢᠯᠡᠳᠬᠦ᠂ ᠬᠥᠳᠡᠭᠡ ᠲᠣᠰᠭᠣᠨ᠎ᠤ ᠵᠢᠭᠤᠯᠴᠢᠯᠠᠯ ᠵᠡᠷᠭᠡ ᠠᠷᠠᠳ᠎ᠢ ᠪᠠᠶᠠᠵᠢᠭᠤᠯᠬᠤ ᠠᠵᠤ ᠦᠢᠯᠡᠰ᠎ᠢ ᠬᠥᠭ᠌ᠵᠢᠭᠦᠯᠦᠨ᠎ᠡ ᠭᠡᠵᠦ ᠳᠤᠷᠠᠳᠴᠠᠢ᠃ ᠲᠠᠷᠠᠭᠠᠴᠢ ᠪᠡᠷ ᠪᠢᠳᠡ ᠳᠠᠷᠢᠵᠤ ᠲᠡᠵᠢᠭᠡᠬᠦ᠌ ᠪᠦᠲᠦᠴᠡ᠎ᠳᠦ ᠲᠣᠬᠢᠷᠠᠭᠤᠯᠤᠯᠲᠠ ᠬᠢᠬᠦ᠌ ᠲᠠᠯ᠎ᠠ ᠪᠠᠷ ᠬᠦᠴᠤᠯᠠᠵᠤ᠂ ᠲᠤᠬᠠᠢᠯᠠᠪᠠᠯ ᠦᠬᠡᠷ᠎ᠢ ᠨᠠᠮᠡᠭᠳᠡᠬᠦᠯᠤᠨ ᠪᠤᠭ ᠮᠠᠯ᠎ᠢ ᠲᠣᠭ᠍ᠲᠠᠪᠤᠷᠢᠵᠢᠭᠤᠯᠵᠤ᠂ ᠣᠨᠴᠠᠯᠢᠭ᠍ᠲᠤ ᠲᠠᠷᠢᠶᠠᠯᠠᠩ᠎ᠤᠨ ᠪᠦᠲᠦᠭᠡᠭ᠌ᠳᠡᠬᠦᠨ᠎ᠢ ᠳᠠᠷᠢᠵᠤ᠂ ᠲᠠᠷᠢᠶᠠᠴᠢᠳ᠎ᠤᠨ ᠣᠷᠣᠯᠭ᠎ᠠ᠎ᠶ᠋ᠢ ᠦᠷᠭᠦᠯᠵᠢᠯᠡᠨ ᠲᠣᠭ᠍ᠲᠠᠭᠤᠨ᠎ᠢᠶᠠᠷ ᠨᠡᠮᠡᠭ᠌ᠳᠡᠭᠦᠯᠦᠨ᠎ᠡ》 ᠭᠡᠵᠤ ᠬᠠᠷᠠᠯᠳᠠ ᠪᠠᠨ ᠲᠡᠯᠭᠡᠨ᠎ᠠ᠃
ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠰᠠᠨ ᠴᠠ ᠺᠸᠤ ᠱᠢᠶᠠᠩ᠎ᠤᠨ ᠷᠠᠰᠢᠶᠠᠨ ᠪᠤᠯᠠᠭ ᠲᠣᠰᠭᠣᠨ᠎ᠤ ᠨᠠᠮ᠎ᠤᠨ ᠡᠭᠦᠷ᠎ᠦᠨ ᠱᠦᠵᠢ ᠸᠠᠩ ᠽᠸ᠄ 《ᠢᠯᠡᠳᠭᠡᠯ᠎ᠳᠦ᠂〈ᠤᠯᠠᠨ ᠲᠦᠮᠡᠨ ᠤ᠋ ᠪᠠᠭ᠎ᠠ ᠶᠠᠪᠤᠳᠠᠯ ᠢ᠋ ᠶᠡᠬᠡ ᠶᠠᠪᠤᠳᠠᠯ ᠢ᠋ᠢᠡᠷ ᠦᠵᠡᠵᠤ᠂ ᠤᠯᠠᠨ ᠲᠦᠮᠡᠨ ᠤ᠋ ᠪᠠᠴᠢᠮᠳᠠᠵᠤ ᠵᠤᠪᠠᠨᠢᠵᠤ ᠪᠠᠢᠭ᠎ᠠ ᠶᠠᠪᠤᠳᠠᠯ ᠢ᠋ ᠴᠢᠬᠤᠯᠠ ᠶᠠᠪᠤᠳᠠᠯ ᠪᠣᠯᠭᠠᠬᠤ ᠬᠡᠷᠡᠭ᠌ᠲᠡᠢ〉 ᠭᠡᠵᠦ᠍ ᠵᠢᠭᠠᠵᠤ ᠭᠠᠷᠭᠠᠪᠠ᠃ ᠡᠨᠡ ᠵᠢᠯ᠂ ᠷᠠᠰᠢᠶᠠᠨ ᠪᠤᠯᠠᠭ ᠲᠣᠰᠭᠣᠨ᠎ᠤ ᠨᠠᠮ᠎ᠤᠨ ᠡᠭᠦᠷ 〈ᠪᠢ ᠤᠯᠠᠨ ᠲᠦᠮᠡᠨ᠎ᠳᠦ ᠪᠣᠳᠠᠲᠤ ᠶᠠᠪᠤᠳᠠᠯ ᠬᠢᠵᠦ᠍ ᠥᠭ᠌ᠭᠦᠨ᠎ᠡ〉ᠭᠡᠬᠦ᠌ ᠠᠵᠢᠯᠯᠠᠭ᠎ᠠ᠎ᠶ᠋ᠢ ᠦᠷᠭᠦᠯᠵᠢᠯᠡᠨ ᠠᠬᠢᠭᠤᠯᠵᠤ᠂ ᠤᠯᠠᠨ ᠲᠦᠮᠡᠨ᠎ᠦ 〈ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ〉 ᠪᠠᠢᠭ᠎ᠠ ᠠᠰᠠᠭᠤᠳᠠᠯ᠎ᠢ ᠬᠦᠴᠦᠯᠡᠨ ᠱᠢᠢᠳᠪᠦᠷᠢᠯᠡᠵᠦ᠍᠂ ᠲᠣᠰᠭᠣᠨ᠎ᠤ ᠠᠷᠠᠳ᠎ᠲᠤ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠠᠪᠴᠢᠷᠠᠭ᠍ᠰᠠᠨ ᠭᠦᠨᠵᠡᠭᠡᠢ ᠬᠤᠪᠢᠷᠠᠯᠲᠠ᠎ᠶ᠋ᠢ ᠦᠨᠡᠨ ᠬᠦ᠌ ᠮᠡᠳᠡᠷᠡᠭᠦᠯᠦᠨ᠎ᠡ》 ᠭᠡᠵᠤ ᠶᠠᠷᠢᠵᠤ ᠪᠠᠢᠯ᠎ᠠ᠃