ᠤᠷᠳᠤᠰ ᠬᠤᠳᠠ᠄《ᠲᠣᠭ᠍ᠲᠠᠭᠤᠨ ᠪᠠᠢᠯᠭᠠᠬᠤ》ᠪᠠᠢᠳᠠᠯ ᠢ᠋ ᠪᠠᠳᠤᠳᠬᠠᠨ 《ᠤᠷᠤᠭ᠍ᠰᠢᠯᠠᠨ ᠳᠠᠪᠰᠢᠬᠤ》 ᠦᠷ᠎ᠡ ᠪᠦᠲᠦᠮᠵᠢ ᠶ᠋ᠢ ᠥᠷᠭᠡᠳᠭᠡᠨ᠎ᠡ
2022-01-28 10:19:51
ᠵᠣᠬᠢᠶᠠᠭ᠍ᠴᠢ᠄
ᠸᠠᠩ ᠢᠦᠶ ᠵᠦᠧᠧ
ᠣᠩᠱᠢᠭ᠍ᠰᠠᠨ ᠣᠳᠠᠭ᠎ᠠ᠄
★★★☆☆

《ᠨᠡᠢᠭᠡᠮ ᠵᠢᠷᠤᠮ ᠤ᠋ᠨ ᠣᠳᠣᠬᠢᠴᠢᠯᠠᠯᠲᠠ ᠶ᠋ᠢ ᠪᠦᠬᠦ᠌ ᠲᠠᠯ᠎ᠠ ᠪᠠᠷ ᠪᠦᠳᠦᠭᠡᠨ ᠪᠠᠢᠭᠤᠯᠬᠤ ᠱᠢᠨ᠎ᠡ ᠠᠶᠠᠨ ᠨᠢᠭᠡᠨᠳᠡ ᠡᠬᠢᠯᠡᠪᠠ᠂ ᠪᠢᠳᠠ ᠠᠮᠢ ᠠᠬᠤᠢ ᠶ᠋ᠢ ᠤᠷᠢᠳ ᠶ᠋ᠢᠡᠷ ᠪᠣᠳᠣᠯᠬᠢᠯᠠᠵᠤ ᠪᠣᠬᠢᠷᠲᠤᠯ ᠦᠭᠡᠢ ᠪᠡᠷ ᠬᠥᠭ᠌ᠵᠢᠭᠦᠯᠬᠦ᠌ ᠶ᠋ᠢ ᠪᠠᠷᠢᠮᠲᠠᠯᠠᠨ᠂ ᠡᠭᠡ ᠤᠯᠤᠰ ᠤ᠋ᠨ ᠤᠮᠠᠷᠠᠲᠤ ᠶ᠋ᠢᠨ ᠨᠤᠮᠢᠨ ᠨᠤᠭᠤᠭᠠᠨ ᠤᠷᠳᠤ ᠴᠠᠭᠠᠨ ᠬᠡᠷᠡᠮ ᠢ᠋ ᠴᠣᠭ᠍ᠴᠠᠯᠠᠬᠤ ᠳ᠋ᠤ ᠬᠦᠴᠦᠨ ᠨᠡᠮᠡᠷᠢᠯᠡᠨ᠎ᠠ》ᠭᠡᠵᠦ᠍ ᠤᠷᠳᠤᠰ ᠬᠤᠳᠠ ᠶ᠋ᠢᠨ ᠳ᠋ᠦᠩᠱᠧᠩ ᠲᠣᠭᠣᠷᠢᠭ ᠤ᠋ᠨ ᠪᠤᠷᠵᠠᠩ ᠨᠠᠭᠤᠷ ᠪᠠᠯᠭᠠᠰᠤ ᠶ᠋ᠢᠨ ᠱᠧ ᠵᠢᠶᠠ ᠯᠢᠶᠠᠩ ᠲᠣᠰᠭᠣᠨ ᠤ᠋ ᠨᠠᠮ ᠤ᠋ᠨ ᠡᠭᠦᠷ ᠤ᠋ᠨ ᠱᠦᠵᠢ ᠸᠠᠩ ᠵᠠᠨ ᠷᠦᠩ ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠢ᠋ ᠰᠣᠨᠣᠰᠤᠭ᠍ᠰᠠᠨ ᠤ᠋ ᠳᠠᠷᠠᠭ᠎ᠠ ᠰᠤᠷᠪᠤᠯᠵᠢᠯᠠᠭ᠍ᠴᠢ ᠳ᠋ᠤ ᠡᠢᠨ ᠬᠦ᠌ ᠶᠠᠷᠢᠨ᠎ᠠ ᠃

ᠣᠢᠷ᠎ᠠ ᠶ᠋ᠢᠨ ᠡᠳᠦᠷ᠂ ᠣᠷᠳᠣᠰ ᠬᠣᠲᠠ ᠶ᠋ᠢᠨ ᠥᠷᠭᠡᠨ ᠣᠯᠠᠨ ᠺᠠᠳ᠋ᠷ ᠣᠯᠠᠨ ᠲᠦᠮᠡᠨ ᠡᠯ᠎ᠡ ᠵᠦᠶ᠋ᠯ ᠤ᠋ᠨ ᠵᠠᠭᠤᠴᠢᠯᠠᠭᠤᠷ ᠶ᠋ᠢᠡᠷ ᠳᠠᠮᠵᠢᠨ ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠢ᠋ ᠨᠠᠷᠢᠨ ᠬᠢᠨᠠᠮᠠᠭᠠᠶ ᠰᠣᠨᠣᠰᠴᠦ᠂ ᠲᠣᠭ᠍ᠲᠠᠭᠤᠨ ᠪᠠᠢᠯᠭᠠᠬᠤ ᠶ᠋ᠢ ᠲᠡᠷᠢᠭᠦᠨ ᠳ᠋ᠤ ᠲᠠᠯᠪᠢᠬᠤ᠂ ᠲᠣᠭ᠍ᠲᠠᠭᠤᠨ ᠤ᠋ ᠳᠤᠮᠳᠠ ᠤᠷᠤᠭ᠍ᠰᠢᠯᠠᠨ ᠳᠠᠪᠱᠢᠬᠤ ᠶ᠋ᠢ ᠪᠠᠷᠢᠮᠲᠠᠯᠠᠨ᠂ ᠨᠡᠮᠡᠭ᠌ᠳᠡᠯ ᠢ᠋ ᠲᠣᠭ᠍ᠲᠠᠪᠤᠷᠢᠵᠢᠭᠤᠯᠬᠤ ᠤᠯᠤᠰ ᠲᠥᠷᠥ ᠶ᠋ᠢᠨ ᠬᠠᠷᠢᠭᠤᠴᠠᠯᠭ᠎ᠠ ᠶ᠋ᠢ ᠡᠷᠡᠰ ᠡᠭᠦᠷᠭᠡᠯᠡᠵᠤ᠂ ᠠᠵᠠ ᠲᠣᠬᠢᠶᠠᠯ ᠢ᠋ ᠠᠮᠵᠢᠨ᠂ ᠠᠵᠤ ᠦᠶ᠋ᠯᠡᠰ ᠤ᠋ᠨ ᠪᠦᠲᠦᠴᠡ ᠶ᠋ᠢ ᠱᠢᠯᠢᠳᠡᠭ᠌ᠵᠢᠭᠦᠯᠦᠨ ᠲᠠᠰ ᠳᠡᠪᠱᠢᠭᠦᠯᠬᠦ᠌ ᠶ᠋ᠢ ᠲᠦᠷᠭᠡᠳᠭᠡᠨ ᠠᠬᠢᠭᠤᠯᠵᠤ᠂ ᠪᠥᠬᠥ᠌ ᠣᠷᠣᠨ ᠤ᠋ ᠠᠵᠤ ᠠᠬᠤᠶ ᠶ᠋ᠢᠨ 《ᠲᠣᠭ᠍ᠲᠠᠭᠤᠨ ᠪᠠᠢᠯᠭᠠᠬᠤ》ᠶ᠋ᠢᠨ ᠰᠠᠭᠤᠷᠢ ᠴᠢᠯᠠᠭᠤ᠂《ᠤᠷᠤᠭ᠍ᠰᠢᠯᠠᠨ ᠳᠠᠪᠱᠢᠬᠤ》ᠶ᠋ᠢᠨ ᠬᠤᠰᠢᠭᠤᠴᠢ ᠶ᠋ᠢᠨ ᠦᠢᠯᠡᠳᠦᠯ ᠢ᠋ ᠰᠠᠢᠳᠦᠷ ᠪᠠᠳᠠᠷᠠᠭᠤᠯᠵᠤ᠂ ᠱᠢᠯᠢᠳᠡᠭ ᠬᠢᠷᠢ ᠪᠦᠲᠦᠮᠵᠢ ᠪᠡᠷ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠠᠮᠵᠢᠯᠲᠠ ᠲᠠᠶ ᠬᠤᠷᠠᠯᠳᠤᠬᠤ ᠶ᠋ᠢ ᠤᠭᠳᠤᠨ᠎ᠠ ᠭᠡᠵᠦ ᠰᠠᠨᠠᠯ ᠨᠢᠭᠡᠳᠠᠢ ᠢᠯᠡᠳᠬᠡᠵᠡᠬᠡᠨ᠎ᠠ᠃

ᠱᠢᠨ᠎ᠡ ᠵᠢᠯ ᠡᠬᠢᠯᠡᠮᠡᠭ᠌ᠴᠡ᠂ ᠣᠷᠳᠣᠰ ᠬᠣᠲᠠ ᠡᠯ᠎ᠡ ᠬᠦᠷᠢᠶᠡᠨ᠎ᠦ ᠴᠢᠬᠤᠯᠠ ᠶᠡᠬᠡ ᠲᠥᠷᠥᠯ ᠵᠦᠶ᠋ᠯ ᠤ᠋ᠨ ᠪᠥᠲᠥᠭᠡᠨ ᠪᠠᠢᠭᠤᠯᠤᠯᠲᠠ ᠶ᠋ᠢ ᠲᠦᠷᠭᠡᠳᠭᠡᠨ ᠠᠬᠢᠭᠤᠯᠵᠤ᠂ ᠬᠣᠲᠠ ᠡᠴᠡ ᠬᠣᠱᠢᠭᠤ ᠬᠦᠷᠲᠡᠯ᠎ᠡ ᠴᠠᠭ ᠲᠤᠬᠠᠶ ᠳ᠋ᠤᠨᠢ ᠲᠣᠬᠢᠷᠠᠭᠤᠯᠵᠤ᠂ ᠡᠷᠲᠡ ᠬᠥᠳᠡᠯᠦᠯᠴᠡᠨ᠂ ᠣᠯᠠᠨ ᠵᠦᠶ᠋ᠯ ᠤ᠋ᠨ ᠠᠷᠭ᠎ᠠ ᠬᠡᠮᠵᠢᠶ᠎ᠡ ᠶ᠋ᠢ ᠵᠡᠷᠭᠡ ᠪᠡᠷ ᠬᠡᠷᠡᠭ᠌ᠯᠡᠨ ᠲᠥᠷᠥᠯ ᠵᠦᠶ᠋ᠯ ᠢ᠋ ᠨᠠᠢᠳᠠᠪᠤᠷᠢᠵᠢᠭᠤᠯᠬᠤ ᠶ᠋ᠢ ᠲᠦᠷᠭᠡᠳᠭᠡᠵᠦ᠍᠂ ᠲᠥᠷᠥᠯ ᠵᠦᠶ᠋ᠯ ᠤ᠋ᠨ ᠪᠥᠲᠥᠭᠡᠨ ᠪᠠᠢᠭᠤᠯᠤᠯᠲᠠ ᠶ᠋ᠢᠨ ᠬᠤᠷᠳᠤᠴᠠ ᠶ᠋ᠢ ᠲᠦᠷᠭᠡᠳᠭᠡᠨ᠂ ᠨᠠᠩ ᠣᠯᠠᠨ ᠴᠢᠨᠠᠷ ᠰᠠᠢᠲᠠᠶ ᠲᠥᠷᠥᠯ ᠵᠦᠶ᠋ᠯ ᠢ᠋ ᠪᠠᠷᠢᠯᠭ᠎ᠠ ᠡᠬᠢᠯᠡᠭᠦᠯᠬᠦ ᠪᠡᠷ ᠳᠠᠮᠵᠢᠨ《ᠲᠣᠭ᠍ᠲᠠᠭᠤᠨ ᠪᠠᠢᠯᠭᠠᠬᠤ》ᠪᠠᠢᠳᠠᠯ ᠢ᠋ ᠪᠠᠳᠤᠳᠬᠠᠨ᠂ 《ᠤᠷᠤᠭ᠍ᠰᠢᠯᠠᠨ ᠳᠠᠪᠰᠢᠬᠤ》ᠦᠷ᠎ᠡ ᠪᠦᠲᠦᠮᠵᠢ ᠶ᠋ᠢ ᠥᠷᠭᠡᠳᠭᠡᠵᠤ ᠪᠠᠢᠨ᠎ᠠ᠃ ᠡᠭᠦᠨ ᠤ᠋ ᠬᠠᠮᠲᠤ ᠠᠵᠤ ᠦᠢᠯᠡᠰ ᠤ᠋ᠨ ᠬᠡᠯᠬᠢᠶ᠎ᠠ ᠶ᠋ᠢ ᠡᠴᠤᠰ ᠤ᠋ᠨ ᠦᠢᠯᠡᠳᠭᠦᠨ ᠤ᠋ ᠠᠵᠤ ᠦᠢᠯᠡᠰ ᠲᠡᠢᠰᠢ ᠤᠷᠲᠤᠳᠭᠠᠬᠤ᠂ ᠦᠷᠳᠡᠭ ᠤ᠋ᠨ ᠬᠡᠯᠬᠢᠶ᠎ᠠ ᠶ᠋ᠢ ᠳᠤᠮᠳᠠ ᠳᠡᠭᠡᠳᠦ ᠲᠡᠰ ᠲᠡᠢᠰᠢ ᠳᠡᠪᠰᠢᠭᠦᠯᠬᠦ ᠡᠨᠡ ᠬᠦ᠌ ᠭᠣᠣᠯ ᠱᠢᠪᠲᠤᠯᠤᠯᠳᠠ ᠵᠢᠨ ᠴᠢᠭ᠌ᠯᠡᠯ ᠢ᠋ ᠢᠳᠡᠪᠬᠢᠲᠡᠢ ᠠᠬᠢᠭᠤᠯᠵᠤ᠂ ᠠᠵᠤ ᠠᠬᠤᠢ ᠶ᠋ᠢᠨ ᠬᠥᠭ᠌ᠵᠢᠯᠲᠡ ᠶ᠋ᠢᠨ ᠡᠬᠢ ᠪᠠᠶᠠᠯᠢᠭ ᠲᠦ᠍ ᠲᠦᠱᠢᠭ᠌ᠯᠡᠬᠦ᠌ ᠬᠡᠯᠪᠡᠷᠢ ᠡᠴᠡ ᠱᠢᠨ᠎ᠡ ᠶ᠋ᠢ ᠡᠭᠦᠳᠬᠦ ᠪᠡᠷ ᠬᠥᠳᠡᠯᠭᠡᠭᠦᠷ ᠪᠣᠯᠭᠠᠬᠤ ᠬᠡᠯᠪᠡᠷᠢ ᠲᠡᠢᠰᠢ ᠬᠤᠪᠢᠷᠠᠭᠤᠯᠬᠤ ᠶ᠋ᠢ ᠲᠦᠷᠭᠡᠳᠭᠡᠨ ᠠᠬᠢᠭᠤᠯᠵᠤ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号