ᠪᠠᠶᠠᠨᠨᠠᠭᠤᠷ ᠬᠤᠳᠠ᠄ ᠠᠷᠠᠳ ᠣᠯᠠᠨ ᠤ᠋ ᠬᠦᠷᠲᠡᠮᠵᠢ ᠶ᠋ᠢᠨ ᠲᠥᠷᠥᠭ᠌ᠳᠡᠯ ᠵᠢᠷᠭᠠᠯᠲᠤ ᠲᠥᠷᠥᠭ᠌ᠳᠡᠯ ᠠᠮᠤᠷ ᠲᠦᠪᠱᠢᠨ ᠤ᠋ ᠲᠥᠷᠥᠭ᠌ᠳᠡᠯ ᠢ᠋ ᠨᠡᠮᠡᠭ᠌ᠳᠡᠭᠦᠯᠦᠨ᠎ᠡ
2022-01-28 10:26:37
ᠵᠣᠬᠢᠶᠠᠭ᠍ᠴᠢ᠄
ᠲᠡᠭᠦᠰᠪᠢᠯᠢᠭ
ᠣᠩᠱᠢᠭ᠍ᠰᠠᠨ ᠣᠳᠠᠭ᠎ᠠ᠄
★★★☆☆

ᠰᠠᠶᠢᠬᠠᠨ ᠲᠡᠭᠦᠰᠦᠭ᠌ᠰᠡᠨ ᠥᠪᠡᠷᠲᠡᠭᠡᠨ ᠵᠠᠰᠠᠬᠤ ᠣᠷᠣᠨ ᠤ᠋ ᠬᠣᠶᠠᠷ ᠬᠤᠷᠠᠯ ᠪᠠᠶᠠᠨᠨᠠᠭᠤᠷ ᠬᠣᠲᠠ ᠶ᠋ᠢᠨ ᠥᠷᠭᠡᠨ ᠣᠯᠠᠨ ᠠᠷᠠᠳ ᠲᠦᠮᠡᠨ ᠤ᠋ ᠠᠩᠬᠠᠷᠤᠯ ᠢ᠋ ᠶᠡᠬᠡᠳᠡ ᠲᠠᠲᠠᠵᠤ᠂ ᠡᠯ᠎ᠡ ᠡᠲᠡᠭᠡᠳ ᠤ᠋ᠨ ᠺᠠᠳ᠋ᠷ ᠣᠯᠠᠨ ᠲᠦᠮᠡᠨ ᠰᠣᠨᠢᠨ᠂ ᠲᠧᠯᠸᠢᠰ᠂ ᠰᠦᠯᠵᠢᠶ᠎ᠡ ᠵᠡᠷᠭᠡ ᠡᠯ᠎ᠡ ᠵᠦᠶ᠋ᠯ ᠤ᠋ᠨ ᠠᠷᠭ᠎ᠠ ᠵᠠᠮ ᠶ᠋ᠢᠡᠷ ᠥᠪᠡᠷᠲᠡᠭᠡᠨ ᠵᠠᠰᠠᠬᠤ ᠣᠷᠣᠨ ᠤ᠋ ᠬᠣᠶᠠᠷ ᠬᠤᠷᠠᠯ ᠤ᠋ᠨ ᠪᠣᠳᠠᠲᠤ ᠪᠠᠢᠳᠠᠯ ᠢ᠋ ᠨᠠᠷᠢᠨ ᠬᠢᠨᠠᠮᠠᠭᠠᠶ ᠭᠥᠯᠢᠶᠡᠨ ᠠᠪᠴᠤ᠌ ᠦᠵᠡᠭᠰᠡᠨ ᠪᠠᠢᠨ᠎ᠠ᠃

ᠪᠠᠶᠠᠨᠨᠠᠭᠤᠷ ᠬᠤᠲᠠ ᠶ᠋ᠢᠨ ᠠᠷᠠᠳ ᠤ᠋ᠨ ᠶᠠᠪᠤᠳᠠᠯ ᠤ᠋ᠨ ᠲᠣᠪᠴᠢᠶᠠᠨ ᠤ᠋ ᠭᠡᠷ ᠪᠦᠯᠢ ᠶ᠋ᠢᠨ ᠠᠵᠤ ᠠᠬᠤᠢ ᠶ᠋ᠢᠨ ᠪᠠᠢᠳᠠᠯ ᠢ᠋ ᠬᠠᠷᠭᠤᠭᠤᠯᠬᠤ ᠲᠥᠪ ᠤ᠋ᠨ ᠡᠷᠬᠢᠯᠡᠭ᠌ᠴᠢ ᠱᠸᠨ ᠴᠦᠨ ᠶᠠᠨ᠄《ᠡᠨᠡ ᠵᠢᠯ ᠤ᠋ᠨ ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠳ᠋ᠤ ᠨᠡᠢᠭᠡᠮ ᠤ᠋ᠨ ᠪᠠᠲᠤᠯᠠᠭ᠎ᠠ ᠶ᠋ᠢ ᠦᠨᠡᠨ ᠬᠦ᠌ ᠴᠢᠩᠭᠠᠳᠭᠠᠨ᠎ᠠ ᠭᠡᠵᠦ᠍ ᠳᠤᠷᠠᠳᠴᠠᠢ᠂ ᠦᠨᠳᠦᠰᠦᠨ ᠱᠠᠲᠤᠨ ᠤ᠋ ᠠᠷᠠᠳ ᠤ᠋ᠨ ᠶᠠᠪᠤᠳᠠᠯ ᠤ᠋ᠨ ᠠᠵᠢᠯᠲᠠᠨ ᠪᠣᠯᠤᠭ᠍ᠰᠠᠨ ᠤ᠋ ᠬᠤᠪᠢ ᠳ᠋ᠤ᠂ ᠪᠢ ᠠᠷᠠᠳ ᠲᠦᠮᠡᠨ ᠶ᠋ᠢᠡᠷ ᠭᠣᠣᠯ ᠪᠣᠯᠭᠠᠬᠤ ᠶ᠋ᠢ ᠪᠠᠷᠢᠮᠲᠠᠯᠠᠨ᠂ ᠶᠠᠳᠠᠭᠤ ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ ᠢ᠋ ᠪᠡᠬᠢᠵᠢᠭᠦᠯᠦᠨ ᠥᠷᠭᠡᠳᠭᠡᠬᠦ᠌ ᠶ᠋ᠢ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭᠠᠭᠤᠯᠬᠤ ᠶ᠋ᠢ ᠠᠬᠢᠭᠤᠯᠵᠤ᠂ ᠣᠷᠣᠯᠭ᠎ᠠ ᠪᠠᠭᠠᠲᠠᠢ ᠬᠥᠮᠦᠨ ᠠᠮᠠ ᠶ᠋ᠢᠨ ᠪᠠᠢᠳᠠᠯ ᠢ᠋ ᠬᠥᠳᠡᠯᠦᠩᠭᠦᠢ ᠪᠡᠷ ᠬᠢᠨᠠᠨ ᠡᠵᠡᠮᠳᠡᠬᠦ ᠶ᠋ᠢ ᠴᠢᠩᠭᠠᠳᠭᠠᠨ᠂ ᠰᠠᠨᠠᠭᠠᠴᠢᠯᠠᠭ᠎ᠠ ᠡᠴᠡ ᠪᠡᠨ ᠢᠯᠡᠷᠡᠭᠦᠯᠬᠦ᠌ ᠲᠣᠭ᠍ᠲᠠᠴᠠ ᠶ᠋ᠢ ᠪᠦᠷᠢᠨᠱᠢᠭᠦᠯᠦᠨ ᠲᠡᠭᠦᠯᠳᠡᠷᠵᠢᠭᠦᠯᠵᠦ᠍᠂ ᠠᠷᠠᠳ ᠤᠯᠠᠨ ᠤ᠋ ᠬᠦᠷᠲᠡᠮᠵᠢ ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ ᠤ᠋ ᠲᠦᠷᠦᠭ᠌ᠳᠡᠯ ᠢ᠋ ᠲᠠᠰᠤᠷᠠᠯᠲᠠ ᠦᠭᠡᠢ ᠨᠡᠮᠡᠭ᠌ᠳᠡᠭᠦᠯᠦᠨ᠎ᠡ》 ᠭᠡᠪᠡ᠃

ᠤᠷᠠᠳ ᠤ᠋ᠨ ᠬᠣᠢᠲᠤ ᠬᠣᠱᠢᠭᠤᠨ ᠤ᠋ ᠪᠠᠶᠠᠨ ᠴᠢᠨᠳᠠᠮᠣᠨᠢ ᠰᠤᠮᠤ ᠶ᠋ᠢᠨ ᠠᠪᠤᠷᠠᠯᠳᠦ ᠭᠠᠴᠠᠭᠠᠨ ᠤ᠋ ᠨᠢᠭᠡᠳᠦᠭᠡᠷ ᠱᠦᠵᠢ ᠲᠣᠳᠣᠮᠠᠨᠳᠤᠯ᠎ᠠ᠄《ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠳ᠋ᠤ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠶ᠋ᠢ ᠪᠦᠬᠦ᠌ ᠲᠠᠯ᠎ᠠ ᠪᠡᠷ ᠠᠬᠢᠭᠤᠯᠵᠤ᠂ ᠭᠠᠵᠠᠷ ᠣᠷᠣᠨ ᠤ᠋ ᠪᠤᠳᠠᠳᠤ ᠪᠠᠢᠳᠠᠯ ᠳ᠋ᠠᠭᠠᠨ ᠲᠤᠬᠢᠷᠠᠭᠤᠯᠤᠨ ᠤᠨᠴᠠᠯᠢᠬ᠍ᠳᠤ ᠲᠠᠷᠢᠵᠤ ᠲᠡᠵᠢᠭᠡᠬᠦ ᠦᠢᠯᠡᠰ᠂ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠢ᠋ ᠡᠳ᠋ᠱᠢᠭᠦᠯᠤᠨ ᠪᠤᠯᠪᠠᠰᠤᠷᠠᠭᠤᠯᠬᠤ ᠦᠢᠯᠡᠰ᠂ ᠬᠥᠳᠡᠭᠡ ᠲᠣᠰᠭᠣᠨ ᠤ᠋ ᠵᠢᠭᠤᠯᠴᠢᠯᠠᠯ ᠵᠡᠷᠭᠡ ᠠᠷᠠᠳ ᠢ᠋ ᠪᠠᠶᠠᠵᠢᠭᠤᠯᠬᠤ ᠠᠵᠤ ᠦᠢᠯᠡᠰ ᠢ᠋ ᠬᠥᠭ᠌ᠵᠢᠭᠦᠯᠦᠨ᠎ᠡ ᠭᠡᠵᠦ᠍ ᠳᠤᠷᠠᠳᠴᠠᠢ᠃ 2021 ᠣᠨ᠎ᠳᠤ᠂ ᠮᠠᠨ ᠤ᠋ ᠭᠠᠴᠠᠭ᠎ᠠ 700 ᠭᠠᠷᠤᠶ ᠲᠦᠮᠡᠨ ᠲᠥᠭᠥᠷᠢᠭ ᠤ᠋ᠨ ᠪᠠᠯᠠ ᠣᠷᠣᠭᠤᠯᠵᠤ᠂ 500 ᠭᠠᠷᠤᠶ ᠲᠡᠮᠡᠭᠡ ᠲᠡᠵᠢᠭᠡᠵᠦ᠍ ᠪᠤᠯᠬᠤ 1200 ᠲᠡᠭ᠌ᠰᠢ ᠳᠥᠷᠪᠡᠯᠵᠢᠨ ᠮᠧᠲ᠋ᠷ ᠤ᠋ᠨ ᠪᠢᠲᠡᠭᠦᠦ ᠬᠡᠯᠪᠡᠷᠢ ᠶ᠋ᠢᠨ 3 ᠰᠠᠭᠤᠷᠢ ᠳᠤᠯᠠᠭᠠᠨ ᠬᠠᠱᠢᠶ᠎ᠠ ᠪᠠᠢᠭᠤᠯᠵᠤ᠂ 160 ᠬᠡᠭᠡᠯ ᠲᠠᠢ ᠢᠩᠭᠡ ᠬᠤᠳᠠᠯᠳᠤᠨ ᠠᠪᠴᠦ ᠲᠠᠵᠢᠬᠡᠪᠡ᠃ ᠡᠨᠡ ᠵᠢᠯ ᠤ᠋ᠨ 5 ᠰᠠᠷ᠎ᠠ ᠪᠡᠷ ᠪᠠᠷᠤᠭ 130 ᠣᠷᠴᠢᠮ ᠨᠢ ᠪᠣᠲᠣᠭᠣᠯᠠᠵᠤ᠂ ᠬᠠᠮᠲᠤ ᠶ᠋ᠢᠨ ᠠᠵᠤ ᠠᠬᠤᠶ ᠶ᠋ᠢᠨ ᠵᠢᠯ ᠤ᠋ᠨ ᠣᠷᠣᠯᠭ᠎ᠠ ᠪᠠᠷᠤᠭ 50 ᠲᠦᠮᠡᠨ ᠲᠥᠭᠥᠷᠢᠭ ᠢ᠋ ᠳᠠᠪᠠᠬᠤ ᠪᠣᠯᠤᠨ᠎ᠠ》 ᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号