ᠦᠬᠠᠢ ᠬᠤᠳᠠ᠄ ᠠᠤᠭ᠎ᠠ ᠵᠢᠷᠤᠭ ᠲᠥᠰᠦᠪ ᠢ᠋ ᠰᠠᠢ᠌ᠨ ᠰᠠᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠤᠨ᠎ᠠ
2022-01-28 10:29:50
ᠵᠣᠬᠢᠶᠠᠭ᠍ᠴᠢ᠄
ᠬᠤᠤ ᠪᠢᠶᠤᠤ
ᠣᠩᠱᠢᠭ᠍ᠰᠠᠨ ᠣᠳᠠᠭ᠎ᠠ᠄
★★★☆☆

ᠣᠢᠷ᠎ᠠ ᠵᠢᠨ ᠡᠳᠦᠷ ᠤ᠋ᠳ ᠲᠦ᠍᠂ ᠦᠬᠠᠶ ᠬᠣᠲᠠ ᠵᠢᠨ ᠺᠠᠳ᠋ᠷ ᠣᠯᠠᠨ ᠲᠦᠮᠡᠨ ᠰᠣᠨᠢᠨ᠂ ᠲᠧᠯᠸᠢᠰ᠂ ᠰᠦᠯᠵᠢᠶ᠎ᠡ ᠵᠡᠷᠭᠡ ᠪᠡᠷ ᠲᠠᠮᠵᠢᠨ ᠥᠪᠡᠷᠲᠡᠭᠡᠨ ᠵᠠᠰᠠᠬᠤ ᠣᠷᠣᠨ ᠤ᠋ ᠬᠣᠶᠠᠷ ᠬᠤᠷᠠᠯ ᠢ᠋ ᠬᠦᠯᠢᠶᠡᠨ ᠠᠪᠴᠤ ᠦᠵᠡᠪᠠ᠂ ᠡᠨᠡ ᠵᠢᠯ ᠤ᠋ᠨ ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠤᠯᠠᠨ ᠤ᠋ ᠲᠤᠮᠳᠠ ᠬᠠᠯᠠᠭᠤᠨ ᠲᠤᠰᠭᠠᠯ ᠭᠠᠷᠤᠭᠰᠠᠨ ᠪᠠᠢᠨ᠎ᠠ᠃

《ᠡᠪᠯᠡᠯ ᠤ᠋ᠨ ᠺᠠᠳ᠋ᠷ ᠪᠣᠯᠤᠭ᠍ᠰᠠᠨ ᠤ᠋ ᠬᠤᠪᠢ ᠳ᠋ᠤ᠂ ᠪᠢ ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠳ᠋ᠤ ᠳᠤᠷᠠᠳᠤᠭ᠍ᠰᠠᠨ ᠡᠯ᠎ᠡ ᠵᠦᠶ᠋ᠯ ᠤ᠋ᠨ ᠠᠷᠭ᠎ᠠ ᠬᠡᠮᠵᠢᠶ᠎ᠡ ᠪᠡᠷ ᠠᠵᠢᠯ ᠵᠢᠡᠨ ᠵᠢᠯᠤᠭᠤᠳᠤᠭᠤᠯᠵᠤ᠂ ᠠᠵᠢᠯ ᠪᠣᠯᠭᠠᠨ ᠢ᠋ ᠬᠢᠴᠢᠶᠡᠨᠭᠬᠦᠢᠯᠡᠨ ᠬᠦᠢᠴᠡᠳᠭᠡᠵᠤ᠂ ᠥᠷᠭᠡᠨ ᠣᠯᠠᠨ ᠵᠠᠯᠠᠭᠤᠴᠤᠳ ᠢ᠋ ᠬᠥᠲᠥᠯᠥᠨ ᠵᠢᠯᠣᠭᠣᠳᠴᠤ᠌ ᠪᠠᠢᠭᠠᠳ ᠪᠥᠬᠥ᠌ ᠣᠷᠣᠨ ᠤ᠋ ᠶᠡᠬᠡ ᠲᠠᠯ᠎ᠠ ᠶ᠋ᠢ ᠳᠠᠭᠠᠬᠤ ᠪᠠ ᠲᠡᠬᠦᠨ ᠳ᠋ᠤ ᠦᠶ᠋ᠯᠡᠴᠢᠯᠡᠬᠦ᠌ ᠳᠤᠮᠳᠠ ᠨᠠᠩ ᠶᠡᠬᠡ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠦᠵᠡᠰᠭᠦᠯᠡᠩᠲᠦ ᠰᠠᠢᠬᠠᠨ ᠥᠪᠥᠷ ᠮᠣᠩᠭᠣᠯ ᠵᠢᠡᠨ ᠪᠥᠲᠥᠭᠡᠨ ᠪᠠᠢᠭᠤᠯᠬᠤ ᠳ᠋ᠤ ᠣᠶᠤᠨ ᠤᠬᠠᠭᠠᠨ ᠪᠠ ᠬᠦᠴᠦᠨ ᠴᠢᠳᠠᠯ ᠵᠢᠡᠨ ᠡᠷᠭᠦᠨ᠎ᠡ》 ᠬᠡᠵᠤ ᠡᠪ ᠬᠠᠮᠲᠤ ᠵᠠᠯᠠᠭᠤᠴᠤᠳ ᠤ᠋ᠨ ᠡᠪᠯᠡᠯ ᠤ᠋ᠨ ᠦᠬᠠᠶ ᠬᠣᠲᠠ ᠵᠢᠨ ᠬᠣᠷᠢᠶᠠᠨ ᠤ᠋ ᠱᠦᠵᠢ ᠸᠠᠩ ᠵᠢᠤᠸᠠᠨ ᠬᠡᠯᠡᠨ᠎ᠠ᠃

ᠦᠬᠠᠶ ᠬᠣᠲᠠ ᠵᠢᠨ ᠨᠠᠮ ᠤ᠋ᠨ ᠬᠣᠷᠢᠶᠠᠨ ᠤ᠋ ᠯᠧᠺᠲ᠋ᠣᠷ ᠤ᠋ᠨ ᠪᠦᠯᠬᠦᠮ ᠤ᠋ᠨ ᠳᠠᠷᠤᠭ᠎ᠠ ᠰᠥᠩ ᠶᠤᠸᠠᠢ᠄ 《ᠬᠣᠲᠠ ᠵᠢᠨ ᠨᠠᠮ ᠤ᠋ᠨ ᠬᠣᠷᠢᠶᠠᠨ ᠤ᠋ ᠯᠧᠺᠲ᠋ᠣᠷ ᠤ᠋ᠨ ᠪᠦᠯᠬᠦᠮ ᠨᠢ ᠪᠥᠬᠥ᠌ ᠬᠣᠲᠠ ᠵᠢᠨ ᠣᠨᠣᠯ ᠤ᠋ᠨ ᠤᠬᠠᠭᠤᠯᠤᠨ ᠲᠠᠢᠯᠪᠤᠷᠢᠯᠠᠬᠤ ᠠᠵᠢᠯ ᠤ᠋ᠨ ᠵᠣᠬᠢᠶᠠᠨ ᠪᠠᠢᠭᠤᠯᠤᠭ᠍ᠴᠢ ᠪᠠ ᠬᠡᠷᠡᠭ᠌ᠵᠢᠭᠦᠯᠦᠭ᠌ᠴᠢ ᠪᠣᠯᠤᠭ᠍ᠰᠠᠨ ᠤ᠋ ᠬᠤᠪᠢ ᠳ᠋ᠤ᠂ ᠬᠣᠲᠠ ᠪᠠ ᠲᠣᠭᠣᠷᠢᠭ ᠤ᠋ᠨ ᠡᠯ᠎ᠡ ᠲᠥᠷᠥᠯ ᠤ᠋ᠨ ᠤᠬᠠᠭᠤᠯᠤᠨ ᠲᠠᠢᠯᠪᠤᠷᠢᠯᠠᠬᠤ ᠡᠩᠨᠡᠭᠡ ᠶ᠋ᠢ ᠢᠳᠡᠪᠬᠢᠲᠡᠶ ᠵᠣᠬᠢᠶᠠᠨ ᠪᠠᠢᠭᠤᠯᠵᠤ᠂ ᠰᠦᠯᠵᠢᠶ᠎ᠠ ᠪᠤᠯᠤᠨ ᠪᠤᠳᠠᠳᠤ ᠴᠤᠭᠴᠡ ᠢ᠋ᠢᠨ ᠤᠬᠠᠭᠤᠯᠤᠨ ᠲᠠᠢᠯᠪᠤᠷᠢᠯᠠᠬᠤ ᠲᠠᠪᠴᠠᠩ ᠪᠠ ᠬᠠᠷᠢᠯᠴᠠᠨ ᠬᠥᠳᠡᠯᠦᠯᠴᠡᠬᠦ᠌ ᠮᠠᠶᠢᠭ ᠤ᠋ᠨ ᠤᠬᠠᠭᠤᠯᠤᠨ ᠲᠠᠢᠯᠪᠤᠷᠢᠯᠠᠬᠤ ᠠᠷᠭ᠎ᠠ ᠬᠡᠯᠪᠡᠷᠢ ᠢ᠋ᠢ ᠠᠱᠢᠭ᠍ᠯᠠᠨ ᠦᠨᠳᠦᠰᠦᠨ ᠱᠠᠲᠤᠨ ᠤ᠋ ᠨᠠᠮ ᠤ᠋ᠨ ᠭᠡᠱᠢᠭᠦᠨ ᠣᠯᠠᠨ ᠲᠦᠮᠡᠨ ᠳ᠋ᠤ ᠤᠬᠠᠭᠤᠯᠤᠨ ᠲᠠᠢᠯᠪᠤᠷᠢᠯᠠᠬᠤ ᠠᠵᠢᠯ ᠢ᠋ ᠰᠠᠢᠲᠤᠷ ᠬᠢᠵᠦ᠍᠂ ᠥᠪᠡᠷᠲᠡᠭᠡᠨ ᠵᠠᠰᠠᠬᠤ ᠣᠷᠣᠨ ᠤ᠋ ᠬᠣᠶᠠᠷ ᠬᠤᠷᠠᠯ ᠤ᠋ᠨ ᠵᠣᠷᠢᠭ ᠰᠠᠨᠠᠭ᠎ᠠ ᠶ᠋ᠢ ᠠᠷᠠᠳ ᠤᠯᠠᠨ ᠳ᠋ᠤ ᠬᠦᠷᠭᠡᠬᠦ᠌ ᠶ᠋ᠢ ᠦᠨᠡᠨ ᠬᠦ᠌ ᠪᠠᠲᠤᠯᠠᠨ᠎ᠠ》 ᠬᠡᠪᠡ᠃

ᠬᠠᠢ᠌ᠷᠤᠪ ᠤ᠋ᠨ ᠲᠤᠬᠤᠢ ᠲᠣᠭᠣᠷᠢᠭ ᠤ᠋ᠨ ᠪᠢᠨ ᠾᠧ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ᠌ ᠭᠠᠵᠠᠷ ᠤ᠋ᠨ ᠪᠢᠨ ᠾᠧ ᠨᠡᠢᠭᠡᠮ ᠲᠣᠭᠣᠷᠢᠭ ᠤ᠋ᠨ ᠳᠡᠳ᠋ ᠡᠷᠬᠢᠯᠡᠭ᠌ᠴᠢ ᠸᠠᠩ ᠱᠢᠶᠤᠤ᠄《ᠵᠠᠰᠠᠭ ᠤ᠋ᠨ ᠤᠷᠳᠤᠨ ᠤ᠋ ᠠᠵᠢᠯ ᠤ᠋ᠨ ᠢᠯᠡᠳᠭᠡᠯ ᠳ᠋ᠤ 〈ᠤᠯᠠᠨ ᠲᠦᠮᠡᠨ ᠤ᠋ ᠪᠠᠭ᠎ᠠ ᠶᠠᠪᠤᠳᠠᠯ ᠢ᠋ ᠶᠡᠬᠡ ᠶᠠᠪᠤᠳᠠᠯ ᠢ᠋ᠢᠡᠷ ᠦᠵᠡᠵᠤ᠂ ᠤᠯᠠᠨ ᠲᠦᠮᠡᠨ ᠤ᠋ ᠪᠠᠴᠢᠮᠳᠠᠵᠤ ᠵᠤᠪᠠᠨᠢᠵᠤ ᠪᠠᠢᠭ᠎ᠠ ᠶᠠᠪᠤᠳᠠᠯ ᠢ᠋ ᠴᠢᠬᠤᠯᠠ ᠶᠠᠪᠤᠳᠠᠯ ᠪᠣᠯᠭᠠᠬᠤ ᠬᠡᠷᠡᠭ᠌ᠲᠡᠢ〉 ᠭᠡᠵᠦ᠍ ᠳᠤᠷᠠᠳᠴᠠᠢ᠃ ᠡᠨᠡ ᠨᠢ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠤᠷᠢᠶ᠎ᠠ ᠵᠠᠰᠠᠭ ᠤ᠋ᠨ ᠣᠷᠳᠣᠨ ᠤ᠋ ᠠᠷᠠᠳ ᠤ᠋ᠨ ᠲᠥᠯᠥᠭᠡ ᠲᠦᠷᠦ᠍ ᠪᠠᠷᠢᠬᠤ ᠭᠦᠨ ᠵᠤᠵᠠᠭᠠᠨ ᠬᠠᠢᠷ᠎ᠠ ᠰᠡᠳᠭᠢᠯᠭᠡ ᠶ᠋ᠢ ᠮᠡᠳᠡᠷᠡᠭᠦᠯᠦᠭ᠌ᠰᠡᠨ ᠪᠥᠭᠡᠳ ᠪᠢᠳᠡᠨ ᠤ᠋ ᠠᠵᠢᠯ ᠵᠢᠡᠨ ᠥᠷᠨᠢᠭᠦᠯᠬᠦ᠌ ᠳ᠋ᠤ ᠴᠢᠭ᠌ᠯᠡᠯ ᠢ᠋ ᠲᠣᠳᠣᠷᠬᠠᠢ ᠵᠢᠭᠠᠵᠤ ᠥᠭ᠌ᠴᠡᠢ᠃ ᠪᠢᠳᠡ ᠯᠠᠪᠳᠠᠭᠤᠨ ᠪᠠᠳᠤᠳᠡᠢ ᠪᠡᠷ ᠠᠷᠠᠳ ᠤᠯᠠᠨ ᠳ᠋ᠤ ᠰᠠᠢ᠌ᠨ ᠶᠠᠪᠤᠳᠠᠯ ᠪᠤᠳᠠᠳᠤ ᠶᠠᠪᠤᠳᠠᠯ ᠬᠢᠵᠦ᠍᠂ ᠰᠠᠭᠤᠭᠠᠯᠢ ᠠᠷᠠᠳ ᠤ᠋ᠨ ᠬᠦᠷᠲᠡᠮᠵᠢ ᠵᠢᠨ ᠲᠦᠷᠦᠭ᠌ᠳᠡᠯ ᠵᠢᠷᠭᠠᠯᠲᠤ ᠲᠦᠷᠦᠭ᠌ᠳᠡᠯ ᠢ᠋ ᠦᠷᠭᠦᠯᠵᠢᠯᠡᠨ ᠲᠡᠭᠡᠭᠰᠢᠯᠡᠬᠦᠯᠦᠨ᠎ᠠ》ᠬᠡᠵᠤ ᠬᠡᠯᠡᠵᠤ ᠪᠠᠢᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号