ᠠᠯᠠᠱᠠ ᠠᠢᠮᠠᠭ᠄ ᠣᠨᠴᠠᠯᠢᠭ᠍ᠲᠤ ᠠᠵᠤ ᠦᠢᠯᠡᠰ ᠢ᠋ ᠬᠥᠭ᠌ᠵᠢᠭᠦᠯᠵᠦ᠍ ᠣᠷᠣᠯᠭ᠎ᠠ ᠪᠠᠨ ᠨᠡᠮᠡᠭ᠌ᠳᠡᠭᠦᠯᠤᠨ᠎ᠡ
2022-01-28 10:32:03
ᠵᠣᠬᠢᠶᠠᠭ᠍ᠴᠢ᠄
ᠯᠢᠦ ᠬᠤᠨᠭ᠌ ᠵᠠᠩ
ᠣᠩᠱᠢᠭ᠍ᠰᠠᠨ ᠣᠳᠠᠭ᠎ᠠ᠄
★★★☆☆

ᠣᠢᠷ᠎ᠠ ᠵᠢᠨ ᠡᠳᠦᠷ ᠤ᠋ᠳ ᠲᠦ᠍᠂ ᠠᠯᠠᠱᠠ ᠠᠢᠮᠠᠭ ᠤ᠋ᠨ ᠺᠠᠳ᠋ᠷ ᠣᠯᠠᠨ ᠲᠦᠮᠡᠨ ᠦᠪᠡᠷᠳᠡᠬᠡᠨ ᠵᠠᠰᠠᠬᠤ ᠤᠷᠤᠨ ᠤ᠋ ᠬᠣᠶᠠᠷ ᠬᠤᠷᠠᠯ ᠤ᠋ᠨ ᠦᠪᠡᠳᠡᠭ᠌ᠰᠢ ᠪᠠᠢᠳᠠᠯ ᠢ᠋ ᠬᠠᠯᠠᠮᠵᠢᠯᠠᠨ ᠠᠩᠬᠠᠷᠴᠤ᠌᠂ ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠢ᠋ ᠨᠠᠷᠢᠨ ᠬᠢᠨᠠᠮᠠᠭᠠᠶ ᠰᠣᠨᠣᠰᠴᠤ᠌ ᠰᠤᠷᠤᠯᠴᠠᠪᠠ᠃ ᠣᠯᠠᠨ ᠵᠢᠡᠷ ᠵᠢᠡᠨ᠂ ᠦᠵᠡᠯ ᠰᠠᠨᠠᠭ᠎ᠠ ᠦᠶ᠋ᠯᠡ ᠠᠵᠢᠯᠯᠠᠭ᠎ᠠ ᠪᠠᠨ ᠬᠣᠶᠠᠷ ᠬᠤᠷᠠᠯ ᠤ᠋ᠨ ᠵᠣᠷᠢᠭ ᠰᠠᠨᠠᠭ᠎ᠠ ᠲᠠᠶ ᠨᠢᠭᠡᠳᠭᠡᠵᠦ᠍᠂ 《ᠦᠵᠡᠰᠭᠦᠯᠡᠩᠲᠦ ᠰᠠᠢᠬᠠᠨ ᠥᠪᠥᠷ ᠮᠣᠩᠭᠣᠯ ᠵᠢᠡᠨ ᠪᠥᠲᠥᠭᠡᠨ ᠪᠠᠢᠭᠤᠯᠵᠤ᠂ ᠠᠭᠤᠤ ᠶᠡᠬᠡ ᠳᠤᠮᠳᠠᠳᠤ ᠵᠢᠨ ᠵᠡᠭᠦᠳᠦ᠍ ᠪᠡᠨ ᠬᠠᠮᠲᠤ ᠪᠠᠷ᠎ᠲᠡᠷᠭᠡᠯᠱᠢᠭᠦᠯᠬᠦ᠌》ᠳ᠋ᠤ ᠨᠠᠩ ᠶᠡᠬᠡ ᠱᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ᠍ ᠢᠯᠡᠳᠭᠡᠵᠡᠭᠡᠪᠡ᠃

《ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠨᠢ ᠦᠨᠡᠨ ᠢ᠋ ᠪᠠᠷᠢᠮᠳᠠᠯᠠᠵᠤ ᠪᠣᠳᠠᠲᠠᠢ ᠶ᠋ᠢ ᠡᠷᠬᠢᠮᠯᠡᠭ᠌ᠰᠡᠨ᠂ ᠬᠥᠮᠦᠰ ᠢ᠋ ᠤᠷᠮᠠᠰᠢᠭᠤᠯᠤᠨ ᠵᠤᠷᠢᠭᠵᠢᠭᠤᠯᠤᠭᠰᠠᠨ ᠰᠠᠢ᠌ᠨ ᠢᠯᠡᠳᠭᠡᠯ ᠪᠤᠯᠵᠡᠢ ᠂ ᠢᠯᠡᠳᠬᠡᠯ ᠢ᠋ ᠰᠣᠷᠤᠯᠴᠠᠭᠠᠳ ᠪᠢ ᠮᠠᠰᠢ ᠤᠮᠤᠭᠰᠢᠨ ᠵᠤᠷᠢᠭᠵᠢᠯ᠎ᠠ᠃ ᠣᠢᠷ᠎ᠠ ᠵᠢᠨ ᠵᠢᠯ ᠳ᠋ᠤ᠂ ᠮᠠᠨ ᠤ᠋ ᠭᠠᠴᠠᠭ᠎ᠠ ᠥᠪᠡᠷᠮᠢᠴᠡ ᠣᠨᠴᠠᠯᠢᠭ ᠪᠥᠬᠥᠶ ᠵᠢᠭᠤᠯᠴᠢᠯᠠᠯ ᠤ᠋ᠨ ᠡᠬᠢ ᠪᠠᠶᠠᠯᠢᠭ ᠲᠠᠭᠠᠨ ᠲᠦᠱᠢᠭ᠌ᠯᠡᠨ᠂ ᠵᠢᠭᠤᠯᠴᠢᠯᠠᠯ ᠤ᠋ᠨ ᠲᠤᠰᠭᠠᠶ ᠬᠣᠷᠱᠢᠶ᠎ᠠ ᠪᠠᠢᠭᠤᠯᠤᠭ᠍ᠰᠠᠨ ᠪᠥᠭᠡᠳ〈ᠨᠠᠮ ᠤ᠋ᠨ ᠡᠭᠦᠷ + ᠬᠣᠷᠱᠢᠶ᠎ᠠ〉 ᠵᠢᠨ ᠵᠢᠭᠤᠯᠴᠢᠯᠠᠯ ᠤ᠋ᠨ ᠬᠥᠭ᠌ᠵᠢᠯᠲᠡ ᠵᠢᠨ ᠵᠠᠭ᠍ᠪᠤᠷ ᠢ᠋ ᠠᠭᠠᠵᠢᠮ ᠵᠢᠡᠷ ᠬᠠᠢᠨ ᠰᠦᠪᠡᠭ᠌ᠴᠢᠯᠡᠵᠤ ᠪᠠᠢᠨ᠎ᠠ᠃ ᠲᠠᠷᠡᠭᠠᠴᠢ ᠪᠡᠷ ᠬᠣᠶᠠᠷ ᠬᠤᠷᠠᠯ ᠤ᠋ᠨ ᠵᠣᠷᠢᠭ ᠰᠠᠨᠠᠭ᠎ᠠ ᠶ᠋ᠢ ᠨᠠᠷᠢᠨ ᠬᠢᠨᠠᠮᠠᠭᠠᠶ ᠤᠢᠯᠠᠭᠠᠨ ᠨᠠᠢᠳᠠᠪᠤᠷᠢᠵᠢᠭᠤᠯᠵᠤ᠂ ᠲᠤᠬᠠᠢᠯᠠᠭ᠍ᠰᠠᠨ ᠠᠵᠢᠯ ᠵᠢᠡᠨ᠎ᠰᠠᠢᠲᠤᠷ᠎ᠬᠢᠵᠦ᠍᠂᠎ᠮᠠᠯᠴᠢᠨ ᠲᠠᠷᠢᠶᠠᠴᠢᠨ ᠤ᠋ ᠪᠠᠶᠠᠵᠢᠯ ᠤ᠋ᠨ ᠵᠠᠮ ᠢ᠋ ᠴᠢᠨᠠᠭ᠍ᠰᠢᠳᠠ ᠥᠷᠭᠡᠳᠭᠡᠬᠦ᠌ ᠳ᠋ᠤ ᠥᠪᠡᠷ ᠤ᠋ᠨ ᠬᠦᠴᠦᠨ ᠴᠢᠳᠠᠯ ᠵᠢᠡᠨ ᠡᠷᠭᠦᠨ᠎ᠡ》 ᠭᠡᠵᠦ᠍ ᠬᠤᠶᠠᠷᠬᠤᠳᠳᠤᠭ ᠤ᠋ᠨ ᠠᠮᠢ ᠠᠬᠤᠢ ᠵᠢᠨ ᠨᠡᠭᠦᠳᠡᠯ ᠠᠷᠠᠳ ᠤ᠋ᠨ ᠵᠢᠱ᠌ᠢᠢ᠎ᠡ ᠦᠵᠡᠭᠦᠯᠬᠦ᠌ ᠣᠷᠣᠨ ᠤ᠋ ᠲᠩᠷᠢ ᠡᠯᠡᠰᠦ ᠪᠠᠯᠭᠠᠰᠤ ᠵᠢᠨ ᠤᠯᠠᠭᠠᠨᠬᠠᠳᠠ ᠭᠠᠴᠠᠭᠠᠨ ᠤ᠋ ᠨᠠᠮ ᠤ᠋ᠨ ᠡᠭᠦᠷ ᠤ᠋ᠨ ᠱᠦᠵᠢ ᠯᠢ ᠱᠢᠶᠦ᠋ᠩ ᠶᠢᠩ ᠬᠡᠯᠡᠨ᠎ᠠ᠃

ᠤᠢᠷ᠎ᠠ ᠵᠢᠨ ᠡᠳᠤᠷ᠂ ᠠᠯᠠᠱᠠ ᠵᠡᠭᠦᠨ ᠬᠣᠱᠢᠭᠤᠨ ᠤ᠋ ᠪᠠᠶᠠᠨ ᠨᠢᠷᠤᠭᠤᠨ ᠰᠤᠮᠤ ᠵᠢᠨ ᠰᠤᠬᠠᠢᠲᠤ ᠭᠠᠴᠠᠭᠠᠨ ᠤ᠋ ᠮᠠᠯᠴᠢᠨ ᠮᠠ ᠵᠥᠩ ᠴᠢᠶᠠᠩ ᠦᠪᠡᠷᠳᠡᠬᠡᠨ ᠵᠠᠰᠠᠬᠤ ᠤᠷᠤᠨ ᠤ᠋ ᠬᠣᠶᠠᠷ ᠬᠤᠷᠠᠯ ᠢ᠋ ᠠᠨᠭᠬᠠᠷᠤᠭᠰᠠᠭᠠᠷ ᠢᠷᠡᠵᠡᠢ᠃ 《ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠳ᠋ᠤ᠂ ᠠᠮᠢ ᠠᠬᠤᠢ ᠣᠷᠴᠢᠨ ᠲᠣᠭᠣᠷᠢᠨ ᠤ᠋ ᠬᠠᠮᠠᠭᠠᠯᠠᠯᠲᠠ ᠵᠠᠰᠠᠯᠲᠠ ᠶ᠋ᠢ ᠬᠦᠴᠦᠯᠡᠨ ᠰᠠᠢᠲᠤᠷ ᠠᠳᠭᠤᠵᠤ᠂ ᠮᠠᠨ ᠤ᠋ ᠤᠯᠤᠰ ᠤ᠋ᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠱᠢᠨ ᠤ᠋ ᠬᠠᠯᠬᠠᠪᠴᠢ ᠶ᠋ᠢ ᠪᠠᠲᠤ ᠴᠣᠭ᠍ᠴᠠᠯᠠᠨ᠎ᠠ ᠭᠡᠵᠦ᠍ ᠳᠤᠷᠠᠳᠴᠠᠢ᠃ ᠣᠢᠷ᠎ᠠ ᠵᠢᠨ ᠵᠢᠯ ᠡᠴᠡ ᠨᠠᠭᠠᠰᠢ᠂ ᠪᠢ ᠵᠠᠭ ᠲᠠᠷᠢᠵᠤ ᠴᠠᠭᠠᠨ ᠭᠣᠶᠣᠣ ᠲᠦᠯᠵᠢᠬᠦᠯᠥᠨ ᠤᠷᠭᠤᠭᠤᠯᠵᠤ ᠦᠪᠡᠷᠮᠢᠴᠡ ᠤᠨᠴᠠᠯᠢᠭ ᠲᠠᠢ ᠡᠯᠡᠰᠦᠨ ᠤ᠋ ᠠᠵᠤ ᠦᠶ᠋ᠯᠡᠰ ᠢ᠋ ᠬᠥᠭ᠌ᠵᠢᠭᠦᠯᠦᠭᠰᠡᠨ ᠶᠤᠮ᠂ ᠣᠳᠣᠬᠠᠨ ᠳ᠋ᠤ ᠲᠦᠮᠡ ᠭᠠᠷᠤᠶ ᠮᠥ᠍ ᠵᠠᠭ ᠳᠠᠷᠢᠪᠠ᠂ ᠡᠭᠦᠨ ᠳ᠋ᠤ 3000 ᠭᠠᠷᠤᠶ ᠮᠥ᠍ ᠵᠠᠭ ᠤ᠋ᠨ ᠤᠢ ᠳ᠋ᠤ ᠴᠠᠭᠠᠨ ᠭᠣᠶᠣᠣ ᠲᠦᠯᠵᠢᠬᠦᠯᠦᠨ ᠤᠷᠭᠤᠭᠤᠯᠵᠤ᠂ ᠣᠲᠣ ᠵᠢᠯ ᠤ᠋ᠨ ᠴᠠᠭᠠᠨ ᠭᠣᠶᠣᠣ ᠵᠢᠨ ᠣᠷᠣᠯᠭ᠎ᠠ 40 ᠲᠦᠮᠡᠨ ᠲᠥᠭᠥᠷᠢᠭ ᠲᠦ᠍ ᠬᠦᠷᠴᠤ ᠪᠤᠢ》 ᠭᠡᠵᠦ᠍ ᠮᠠ ᠵᠦᠩ ᠴᠢᠶᠠᠩ ᠤᠷᠮᠠᠳᠠᠢ ᠶᠠᠷᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号