ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭ᠌ᠴᠢ ᠰᠢ ᠵᠢᠨ ᠫᠢᠩ᠎ᠦᠨ ᠵᠥᠪᠱᠢᠶᠡᠷᠡᠯ᠎ᠢᠶᠡᠷ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠢ᠎ᠠ 《ᠱᠢᠨ᠎ᠡ ᠴᠠᠭ ᠦᠶ᠎ᠡ᠎ᠶ᠋ᠢᠨ ᠴᠡᠷᠢᠭ ᠠᠩᠬᠢ᠎ᠶ᠋ᠢᠨ ᠴᠢᠳᠠᠪᠤᠷᠢᠲᠠᠨ᠎ᠤ ᠠᠵᠢᠯ᠎ᠢ ᠴᠢᠩᠭᠠᠳᠭᠠᠬᠤ ᠲᠤᠬᠠᠢ ᠲᠣᠭ᠍ᠲᠠᠭᠠᠯ 》 ᠎ᠢ᠋ ᠳᠠᠷᠤᠮᠠᠯᠯᠠᠨ ᠲᠠᠷᠬᠠᠭᠠᠪᠠ
2022-01-28 09:42:20
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠢ᠎ᠠ ᠵᠢᠨ ᠠᠯᠪᠠᠨ ᠲᠢᠩᠬᠢᠮ ᠬᠤᠯᠪᠤᠭᠳᠠᠯ ᠪᠦᠬᠦᠢ ᠢᠵᠢ ᠪᠦᠷᠢᠳᠦᠬᠦᠯᠬᠦ ᠲᠦᠷᠦ ᠵᠢᠨ ᠪᠤᠳᠤᠯᠭ᠎ᠠ ᠵᠢᠨ ᠠᠷᠭ᠎ᠠ ᠬᠡᠮᠵᠢᠶ᠎ᠠ ᠵᠢ ᠳᠠᠷᠤᠮᠠᠯᠯᠠᠨ ᠲᠠᠷᠬᠠᠭᠠᠪᠠ

ᠱᠢᠨᠬᠤᠸᠠ ᠬᠣᠷᠢᠶᠠᠨ᠎ᠤ ᠪᠡᠭᠡᠵᠢᠩ᠎ᠦᠨ 1 ᠰᠠᠷ᠎ᠠ᠎ᠶ᠋ᠢᠨ 26  ᠤ᠋ ᠴᠠᠬᠢᠯᠭᠠᠨ ᠮᠡᠳᠡᠭᠡ  ᠲᠥᠪ᠎ᠦᠨ᠎ᠴᠡᠷᠢᠭ᠎ᠦᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭ᠌ᠴᠢ ᠰᠢ ᠵᠢᠨ ᠫᠢᠩ᠎ᠦᠨ ᠵᠥᠪᠱᠢᠶᠡᠷᠡᠯ᠎ᠢᠶᠡᠷ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠢ᠎ᠠ ᠤᠢ᠍ᠢᠷ᠎ᠠ᠎ᠳᠤ《ᠱᠢᠨ᠎ᠡ ᠴᠠᠭ ᠦᠶ᠎ᠡ᠎ᠶ᠋ᠢᠨ ᠴᠡᠷᠢᠭ ᠠᠩᠬᠢ᠎ᠶ᠋ᠢᠨ ᠴᠢᠳᠠᠪᠤᠷᠢᠲᠠᠨ᠎ᠤ ᠠᠵᠢᠯ᠎ᠢ ᠴᠢᠩᠭᠠᠳᠭᠠᠬᠤ ᠲᠤᠬᠠᠢ ᠲᠣᠭ᠍ᠲᠠᠭᠠᠯ》 ᠎ᠢ᠋ ᠳᠠᠷᠤᠮᠠᠯᠯᠠᠨ ᠲᠠᠷᠬᠠᠭᠠᠪᠠ᠃

《ᠲᠣᠭ᠍ᠲᠠᠭᠠᠯ》᠎ᠳ᠋ᠤ᠂ ᠴᠢᠳᠠᠪᠤᠷᠢᠲᠠᠨ ᠪᠣᠯ ᠮᠠᠨ᠎ᠤ ᠴᠡᠷᠢᠭ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠂ ᠴᠡᠷᠢᠭ᠎ᠦᠨ ᠶᠠᠪᠤᠳᠠᠯ᠎ᠤᠨ ᠥᠷᠢᠰᠥᠯᠳᠦᠭᠡᠨ ᠪᠠ ᠢᠷᠡᠭᠡᠳᠦᠶ᠎ᠶ᠋ᠢᠨ ᠲᠡᠢᠨ ᠪᠠᠢᠯᠳᠤᠭᠠᠨ᠎ᠦ ᠰᠠᠨᠠᠭᠠᠴᠢᠯᠠᠭᠠᠲᠤ ᠡᠷᠬᠡ᠎ᠶ᠋ᠢ ᠤᠯᠬᠤ᠎ᠶ᠋ᠢᠨ ᠵᠠᠩᠭᠢᠯᠠᠭ᠎ᠠ᠎ᠶ᠋ᠢᠨ ᠬᠦᠴᠦᠨ ᠵᠦᠶ᠋ᠯ ᠮᠥᠨ᠃ ᠱᠢᠨ᠎ᠡ ᠴᠠᠭ ᠦᠶ᠎ᠡ᠎ᠶ᠋ᠢᠨ ᠴᠡᠷᠢᠭ ᠠᠩᠭᠢ᠎ᠶ᠋ᠢᠨ ᠴᠢᠳᠠᠪᠤᠷᠢᠲᠠᠨ᠎ᠤ ᠠᠵᠢᠯ᠎ᠢ ᠴᠢᠩᠭᠠᠳᠭᠠᠵᠤ᠂ ᠱᠢᠨ᠎ᠡ ᠴᠠᠭ ᠦᠶ᠎ᠡ᠎ᠶ᠋ᠢᠨ ᠴᠢᠳᠠᠪᠤᠷᠢᠲᠠᠨ᠎ᠢᠶᠡᠷ ᠴᠡᠷᠢᠭ᠎ᠢ ᠬᠦᠴᠦᠷᠬᠡᠭ᠌ᠵᠢᠭᠦᠯᠬᠦ᠌ ᠪᠠᠢᠯᠳᠤᠬᠤ ᠪᠣᠳᠣᠯᠭ᠎ᠠ᠎ᠶ᠋ᠢ ᠬᠡᠷᠡᠭ᠌ᠵᠢᠭᠦᠯᠬᠦ᠎ᠳᠤ᠂ ᠡᠷᠬᠡᠪᠰᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ ᠪᠡᠷ ᠵᠢᠯᠤᠭᠤᠳᠤᠯᠭ᠎ᠠ ᠪᠤᠯᠭᠠᠵᠤ᠂ ᠰᠢ ᠵᠢᠨ ᠫᠢᠩ᠎ᠦᠨ ᠴᠡᠷᠢᠭ᠎ᠢ ᠬᠦᠴᠦᠷᠬᠡᠭ᠌ᠵᠢᠭᠦᠯᠬᠦ᠌ ᠦᠵᠡᠯ ᠰᠠᠨᠠᠭ᠎ᠠ᠎ᠶ᠋ᠢ ᠲᠤᠭᠤᠱᠢᠯᠠᠭᠤᠯᠵᠤ᠂ ᠱᠢᠨ᠎ᠡ ᠴᠠᠭ ᠦᠶ᠎ᠡ᠎ᠶ᠋ᠢᠨ ᠴᠡᠷᠢᠭ᠎ᠦᠨ ᠶᠠᠪᠤᠳᠠᠯ᠎ᠤᠨ ᠪᠠᠢᠯᠳᠤᠬᠤ ᠪᠣᠳᠣᠯᠭ᠎ᠠ᠎ᠶ᠋ᠢᠨ ᠴᠢᠭ᠌ᠯᠡᠯᠲᠡ᠎ᠶ᠋ᠢ ᠲᠤᠭᠤᠱᠢᠯᠠᠭᠤᠯᠵᠤ᠂ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶ᠋ᠢᠨ ᠣᠳᠣᠬᠢᠴᠢᠯᠠᠯᠲᠠ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠲᠣᠬᠢᠷᠠᠭᠤᠯᠤᠯᠲᠠ᠎ᠶ᠋ᠢ ᠲᠤᠭᠤᠱᠢᠯᠠᠭᠤᠯᠵᠤ᠂ ᠴᠡᠷᠢᠭ ᠪᠠᠢᠭᠤᠯᠤᠭ᠍ᠳᠠᠭ᠍ᠰᠠᠨ ᠵᠠᠭᠤᠨ ᠵᠢᠯ᠎ᠦᠨ ᠤᠢ ᠵᠢᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠴᠡᠷᠢᠭ᠎ᠦᠨ ᠶᠠᠪᠤᠳᠠᠯ᠎ᠤᠨ ᠠᠵᠢᠯᠲᠠᠨ᠎ᠤ ᠴᠢᠳᠠᠪᠤᠷᠢ ᠬᠡᠪ ᠴᠢᠨᠠᠷ᠂ ᠪᠦᠲᠦᠴᠡ᠎ᠶ᠋ᠢᠨ ᠪᠠᠢᠷᠢᠯᠠᠭᠤᠯᠤᠯᠲᠠ᠂ ᠨᠡᠭᠡᠭᠡᠨ ᠬᠥᠭ᠌ᠵᠢᠭᠦᠯᠬᠦ᠌ ᠬᠠᠮᠢᠶᠠᠷᠬᠤ ᠪᠦᠬᠦ᠌ ᠲᠠᠯ᠎ᠠ᠎ᠪᠠᠷ ᠬᠡᠯᠪᠡᠷᠢ᠎ᠪᠡᠨ ᠬᠤᠪᠢᠷᠠᠭᠤᠯᠤᠨ ᠳᠡᠰ ᠳᠡᠪᠱᠢᠬᠦ ᠵᠢ ᠠᠬᠢᠭᠤᠯᠵᠤ᠂ ᠮᠣᠷᠠᠯ ᠴᠢᠳᠠᠪᠤᠷᠢ ᠬᠤᠤᠰᠯᠠᠭ᠍ᠰᠠᠨ ᠥᠨᠳᠥᠷ ᠬᠡᠪ ᠴᠢᠨᠠᠷ ᠲᠠᠢ᠂ ᠲᠤᠰᠭᠠᠢᠵᠢᠭ᠍ᠰᠠᠨ ᠱᠢᠨ᠎ᠡ ᠮᠠᠶᠢᠭ᠎ᠤᠨ ᠴᠡᠷᠢᠭ᠎ᠦᠨ ᠶᠠᠪᠤᠳᠠᠯ᠎ᠤᠨ ᠴᠢᠳᠠᠪᠤᠷᠢᠲᠠᠨ᠎ᠢ ᠳᠠᠪᠲᠠᠨ ᠪᠣᠯᠪᠠᠰᠤᠷᠠᠭᠤᠯᠵᠤ᠂ ᠴᠡᠷᠢᠭ᠎ᠦᠨ ᠶᠠᠪᠤᠳᠠᠯ᠎ᠤᠨ ᠠᠵᠢᠯᠲᠠᠨ᠎ᠤ ᠣᠳᠣᠬᠢᠴᠢᠯᠠᠯᠲᠠ᠎ᠶ᠋ᠢᠨ ᠴᠢᠬᠤᠯᠠ ᠶᠡᠬᠡ ᠠᠬᠢᠯᠲᠠ᠎ᠲᠠᠶ ᠪᠣᠯᠬᠤ᠂ ᠵᠠᠩᠭᠢᠯᠠᠭ᠎ᠠ᠎ᠶ᠋ᠢᠨ ᠬᠦᠷᠢᠶᠡᠨ᠎ᠳᠡᠬᠢ ᠴᠢᠳᠠᠪᠤᠷᠢᠲᠠᠨ᠎ᠤ ᠬᠥᠭ᠌ᠵᠢᠯᠲᠡ ᠴᠢᠬᠤᠯᠠ ᠶᠡᠬᠡ ᠱᠢᠪᠲᠤᠯᠤᠯᠲᠠ᠎ᠲᠠᠶ ᠪᠣᠯᠬᠤ᠂ ᠴᠢᠳᠠᠪᠤᠷᠢᠲᠠᠨ᠎ᠤ ᠶᠡᠷᠦᠩᠬᠡᠶ ᠲᠦᠪᠱᠢᠨ ᠳᠡᠯᠡᠬᠡᠶ᠎ᠶ᠋ᠢᠨ ᠬᠦᠴᠦᠷᠬᠡᠭ ᠤᠯᠤᠰ᠎ᠤᠨ ᠴᠡᠷᠢᠭ ᠠᠩᠭᠢ᠎ᠶ᠋ᠢᠨ ᠡᠮᠦᠨ᠎ᠡ ᠡᠩᠨᠡᠭᠡᠨ᠎ᠳᠦ ᠣᠷᠣᠬᠤ ᠵᠢ ᠦᠨᠡᠨ ᠬᠦ᠌ ᠪᠠᠲᠤᠯᠠᠵᠤ᠂ ᠨᠠᠮ᠎ᠤᠨ ᠱᠢᠨ᠎ᠡ ᠴᠠᠭ ᠦᠶ᠎ᠡ᠎ᠶ᠋ᠢᠨ ᠴᠡᠷᠢᠭ᠎ᠢ ᠬᠦᠴᠦᠷᠬᠡᠭ᠌ᠵᠢᠭᠦᠯᠬᠦ᠌ ᠬᠠᠷᠠᠯᠲᠠ᠎ᠶ᠋ᠢ ᠪᠡᠶᠡᠯᠡᠭᠦᠯᠬᠦ᠂ ᠮᠠᠨ᠎ᠤ ᠴᠡᠷᠢᠭ᠎ᠢᠶᠡᠨ ᠳᠡᠯᠡᠬᠡᠶ᠎ᠶ᠋ᠢᠨ ᠲᠡᠷᠢᠭᠦᠨ᠎ᠤ ᠴᠡᠷᠢᠭ ᠠᠩᠭᠢ ᠪᠣᠯᠭᠠᠨ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ᠎ᠳᠤ ᠪᠠᠲᠤ ᠪᠡᠬᠢ ᠲᠦᠱᠢᠭ ᠲᠤᠯᠭᠠᠭᠤᠷᠢ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

《ᠲᠣᠭ᠍ᠲᠠᠭᠠᠯ》 ᠎ᠳ᠋ᠤ᠂ ᠱᠢᠨ᠎ᠡ ᠴᠠᠭ ᠦᠶ᠎ᠡ᠎ᠶ᠋ᠢᠨ ᠴᠢᠳᠠᠪᠤᠷᠢᠲᠠᠨ᠎ᠢᠶᠠᠷ ᠴᠡᠷᠢᠭ᠎ᠢ ᠬᠦᠴᠦᠷᠬᠡᠭ᠌ᠵᠢᠭᠦᠯᠬᠦ᠌ ᠪᠠᠢᠯᠳᠤᠬᠤ ᠪᠣᠳᠣᠯᠭ᠎ᠠ᠎ᠪᠠᠷ ᠬᠥᠭ᠌ᠵᠢᠯᠲᠡ᠎ᠶ᠋ᠢ ᠬᠥᠲᠥᠯᠥᠨ ᠳᠠᠭᠠᠭᠤᠯᠬᠤ᠎ᠶ᠋ᠢ ᠪᠠᠷᠢᠮᠲᠠᠯᠠᠵᠤ᠂ ᠲᠡᠷᠢᠭᠦᠯᠡᠭ᠌ᠴᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠴᠢᠳᠠᠪᠤᠷᠢᠲᠠᠨ᠎ᠤ ᠠᠵᠢᠯ᠎ᠤᠨ ᠲᠤᠬᠠᠶ ᠱᠢᠨ᠎ᠡ ᠣᠢᠯᠠᠭᠠᠭ᠍ᠳᠠᠬᠤᠨ ᠱᠢᠨ᠎ᠡ ᠪᠠᠢᠯᠳᠤᠬᠤ ᠪᠣᠳᠣᠯᠭ᠎ᠠ ᠱᠢᠨ᠎ᠡ ᠠᠷᠭ᠎ᠠ ᠬᠡᠮᠵᠢᠶ᠎ᠡ᠎ᠶ᠋ᠢ ᠨᠠᠷᠢᠨ ᠬᠢᠨᠠᠮᠠᠭᠠᠶ ᠰᠤᠷᠤᠯᠴᠠᠨ ᠣᠢᠯᠠᠭᠠᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠤᠯᠤᠰ ᠲᠥᠷᠥ᠎ᠶ᠋ᠢᠨ ᠤᠬᠠᠮᠰᠠᠷ᠂ ᠦᠵᠡᠯ ᠰᠠᠨᠠᠭᠠᠨ᠎ᠤ ᠤᠬᠠᠮᠰᠠᠷ᠂ ᠠᠵᠢᠯᠯᠠᠭᠠᠨ᠎ᠤ ᠤᠬᠠᠮᠰᠠᠷ᠎ᠢᠶᠠᠨ ᠴᠢᠩᠭᠠᠳᠭᠠᠵᠤ᠂ ᠠᠭᠤᠯᠤᠭ᠍ᠳᠠᠬᠤᠨ ᠴᠢᠬᠤᠯᠠ ᠠᠭᠤᠯᠭ᠎ᠠ᠎ᠶ᠋ᠢ ᠪᠥᠬᠥ᠌ ᠲᠠᠯ᠎ᠠ᠎ᠪᠠᠷ ᠡᠵᠡᠮᠳᠡᠵᠦ᠍᠂ ᠰᠡᠳᠭᠢᠬᠦᠶ᠎ᠶ᠋ᠢᠨ ᠣᠢᠯᠠᠭᠠᠭ᠍ᠳᠠᠬᠤᠨ᠎ᠢᠶᠠᠨ ᠲᠦᠷᠭᠡᠳᠭᠡᠨ ᠬᠤᠪᠢᠷᠠᠭᠤᠯᠵᠤ᠂ ᠡᠭᠦᠷᠭᠡ ᠬᠠᠷᠢᠭᠤᠴᠠᠯᠭ᠎ᠠ᠎ᠪᠠᠨ ᠤᠬᠠᠮᠰᠠᠷ᠎ᠠᠴᠠ᠎ᠪᠠᠨ ᠴᠢᠩᠭᠠᠳᠭᠠᠬᠤ ᠬᠡᠷᠡᠭ᠌ᠲᠡᠶ᠃ ᠵᠡᠪᠰᠡᠭ᠎ᠢ ᠢᠮᠠᠭ᠍ᠲᠠ ᠨᠠᠮ᠎ᠳᠠᠭᠠᠨ ᠦᠨᠡᠨᠴᠢ ᠱᠢᠳᠤᠷᠭᠤ ᠨᠠᠢᠳᠠᠪᠤᠷᠢᠲᠠᠢ ᠬᠥᠮᠦᠰ᠎ᠦᠨ ᠭᠠᠷ᠎ᠲᠤ ᠡᠵᠡᠮᠱᠢᠭᠦᠯᠬᠦ᠌᠎ᠶ᠋ᠢ ᠦᠨᠡᠨ ᠬᠦ᠌ ᠪᠠᠲᠤᠯᠠᠵᠤ᠂ ᠴᠢᠳᠠᠪᠤᠷᠢᠲᠠᠨ᠎ᠤ ᠠᠵᠢᠯ᠎ᠳᠠᠬᠢ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠴᠢᠩᠭᠠᠳᠭᠠᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠤᠭᠤᠮ᠎ᠢ ᠲᠤᠭᠤᠱᠢᠯᠠᠭᠤᠯᠵᠤ᠂ ᠴᠡᠷᠢᠭ᠎ᠦᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭ᠌ᠴᠢ ᠬᠠᠷᠢᠭᠤᠴᠠᠬᠤ ᠲᠦᠷᠢᠮ᠎ᠢ ᠲᠤᠭᠤᠱᠢᠯᠠᠭᠤᠯᠵᠤ᠂ ᠤᠯᠤᠰ ᠲᠦᠷᠦ᠍᠎ᠶ᠋ᠢᠨ ᠲᠠᠯ᠎ᠠ᠎ᠪᠠᠷ ᠴᠢᠳᠠᠪᠤᠷᠢᠲᠠᠨ᠎ᠢ ᠬᠥᠮᠦᠵᠢᠭᠦᠯᠬᠦ᠌ ᠪᠠ ᠱᠢᠯᠭᠠᠨ ᠪᠠᠢᠴᠠᠭᠠᠬᠤ᠎ᠶ᠋ᠢ ᠪᠠᠷᠢᠮᠲᠠᠯᠠᠵᠤ᠂ ᠬᠥᠮᠦᠨ ᠰᠣᠩᠭᠣᠵᠤ ᠬᠥᠮᠦᠨ ᠬᠡᠷᠡᠭ᠌ᠯᠡᠬᠦ᠌ ᠤᠯᠤᠰ ᠲᠦᠷᠦ᠍᠎ᠶ᠋ᠢᠨ ᠠᠮᠢ ᠠᠬᠤᠢ᠎ᠶ᠋ᠢ ᠡᠷᠡᠰ ᠭᠤᠢᠪᠢᠰᠢ ᠦᠭᠡᠢ᠎ᠪᠡᠷ ᠴᠡᠪᠡᠷᠱᠢᠭᠦᠯᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃

《ᠲᠣᠭ᠍ᠲᠠᠭᠠᠯ》᠎ᠳ᠋ᠤ᠂ ᠲᠡᠢᠨ᠎ᠳᠦ ᠪᠡᠯᠡᠳᠭᠡᠵᠦ᠍ ᠲᠡᠢᠨ ᠬᠢᠬᠦ᠌ ᠴᠢᠳᠠᠪᠤᠷᠢᠲᠠᠨ᠎ᠤ ᠬᠠᠩᠭᠠᠯᠭ᠎ᠠ᠎ᠶ᠋ᠢᠨ ᠴᠢᠳᠠᠪᠤᠷᠢ ᠪᠠ ᠲᠦᠪᠱᠢᠨ᠎ᠢ ᠳᠡᠭᠡᠭ᠌ᠰᠢᠯᠡᠭᠦᠯᠵᠦ᠍᠂ ᠴᠢᠳᠠᠪᠤᠷᠢᠲᠠᠨ᠎ᠤ ᠬᠠᠩᠭᠠᠯᠭ᠎ᠠ᠎ᠶ᠋ᠢᠨ᠎ᠲᠠᠯ᠎ᠠ ᠵᠢ ᠲᠡᠢᠨ᠎ᠦ ᠲᠠᠯᠠᠪᠤᠷ᠎ᠤᠨ ᠬᠡᠷᠡᠭ᠌ᠴᠡᠭᠡ᠎ᠶ᠋ᠢᠨ ᠲᠠᠯ᠎ᠠ᠎ᠯᠤᠭ᠎ᠠ ᠣᠨᠣᠪᠴᠢᠲᠠᠶ ᠵᠣᠯᠭᠠᠭᠤᠯᠬᠤ᠎ᠶ᠋ᠢ ᠠᠬᠢᠭᠤᠯᠵᠤ᠂ ᠭᠤᠤᠯᠳᠠᠯᠭ᠎ᠠ᠎ᠲᠠᠶ ᠴᠢᠳᠠᠪᠤᠷᠢᠲᠠᠨ᠎ᠤ ᠡᠩᠨᠡᠭᠡ᠎ᠶ᠋ᠢᠨ ᠪᠠᠢᠭᠤᠯᠤᠯᠲᠠ᠎ᠶ᠋ᠢᠨ ᠪᠣᠭᠣᠮᠲᠠ ᠱᠢᠪᠲᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠲᠡᠢᠨ᠎ᠦ ᠦᠶ᠎ᠡ᠎ᠶ᠋ᠢᠨ ᠬᠥᠮᠦᠨ᠎ᠦ ᠬᠦᠴᠦᠨ᠎ᠦ ᠡᠬᠢ ᠪᠠᠶᠠᠯᠢᠭ᠎ᠤᠨ ᠬᠠᠷᠢᠭᠤ ᠲᠤᠰᠬᠠᠬᠤ ᠬᠤᠷᠴᠠ ᠱᠠᠯᠠᠮᠠᠭᠠᠶ ᠴᠢᠨᠠᠷ ᠣᠨᠣᠪᠴᠢ᠎ᠶ᠋ᠢᠨ ᠬᠡᠮᠵᠢᠶ᠎ᠡ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠶ᠃ ᠴᠢᠳᠠᠪᠤᠷᠢᠲᠠᠨ ᠬᠥᠮᠦᠵᠢᠭᠦᠯᠬᠦ᠌ ᠱᠢᠰᠲ᠋ᠧᠮ᠎ᠤᠨ ᠵᠠᠭ᠍ᠪᠤᠷ᠎ᠢ ᠱᠢᠨ᠎ᠡ᠎ᠶ᠋ᠢ ᠡᠭᠦᠳᠦᠨ ᠰᠠᠢᠵᠢᠷᠠᠭᠤᠯᠵᠤ᠂ ᠲᠥᠷᠥ᠎ᠶ᠋ᠢᠨ ᠪᠣᠳᠣᠯᠭ᠎ᠠ ᠳᠦᠷᠢᠮ᠎ᠤᠨ ᠢᠵᠢ ᠪᠦᠷᠢᠳᠦᠭᠰᠡᠨ ᠪᠠᠲᠤᠯᠠᠭ᠎ᠠ᠎ᠶ᠋ᠢᠨ ᠲᠦᠪᠰᠢᠨ᠎ᠢ ᠬᠦᠴᠦᠯᠡᠨ ᠳᠡᠭᠡᠭ᠌ᠰᠢᠯᠡᠭᠦᠯᠵᠦ᠍᠂ ᠴᠢᠳᠠᠪᠤᠷᠢᠲᠠᠨ᠎ᠤ ᠬᠥᠭ᠌ᠵᠢᠯᠲᠡ᠎ᠶ᠋ᠢᠨ ᠰᠠᠢᠨ ᠰᠠᠢᠬᠠᠨ ᠠᠮᠢ ᠠᠬᠤᠢ᠎ᠶ᠋ᠢᠨ ᠣᠷᠴᠢᠨ ᠲᠣᠭᠣᠷᠢᠨ᠎ᠢ ᠢᠳᠡᠪᠬᠢᠲᠡᠢ ᠪᠤᠢ ᠪᠣᠯᠭᠠᠵᠤ᠂ ᠴᠢᠳᠠᠪᠤᠷᠢᠲᠠᠨ᠎ᠤ ᠠᠵᠢᠯ᠎ᠤᠨ ᠱᠢᠨ᠎ᠡ ᠪᠠᠢᠷᠢᠱᠢᠯ᠎ᠢ ᠲᠦᠷᠭᠡᠳᠭᠡᠨ ᠪᠠᠢᠭᠤᠯᠬᠤ ᠬᠡᠷᠡᠭᠲᠡᠢ ᠭᠡᠵᠦ ᠱᠠᠭᠠᠷᠳᠠᠪᠠ᠃

ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ《ᠬᠠᠮᠲᠤᠷᠠᠭ᠍ᠰᠠᠨ ᠪᠠᠢᠯᠳᠤᠭᠠᠨ᠎ᠤ ᠵᠢᠯᠣᠭᠣᠳᠭᠤ ᠴᠢᠳᠠᠪᠤᠷᠢᠲᠠᠨ᠎ᠤ ᠪᠠᠢᠭᠤᠯᠤᠯᠲᠠ᠎ᠶ᠋ᠢ ᠴᠢᠩᠭᠠᠳᠭᠠᠬᠤ ᠲᠤᠬᠠᠶ ᠠᠷᠭ᠎ᠠ ᠬᠡᠮᠵᠢᠶ᠎ᠡ᠎ᠨᠦᠭᠦᠳ》᠂《ᠱᠢᠨ᠎ᠡ ᠮᠠᠶᠢᠭ᠎ᠤᠨ ᠪᠠᠢᠯᠳᠤᠬᠤ ᠬᠦᠴᠦᠨ᠎ᠦ ᠴᠢᠳᠠᠪᠤᠷᠢᠲᠠᠨ᠎ᠤ ᠪᠠᠢᠭᠤᠯᠤᠯᠲᠠ᠎ᠶ᠋ᠢ ᠴᠢᠩᠭᠠᠳᠭᠠᠬᠤ ᠲᠤᠬᠠᠶ ᠠᠷᠭ᠎ᠠ ᠬᠡᠮᠵᠢᠶ᠎ᠡ᠎ᠨᠦᠭᠦᠳ》᠂《ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠠᠵᠢᠯᠲᠠᠨ᠎ᠤ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ ᠬᠥᠳᠡᠯᠭᠡᠬᠦ᠌ ᠬᠦᠴᠦᠨ᠎ᠢ ᠤᠯᠠᠮ ᠴᠢᠨᠠᠭᠰᠢᠳᠠ ᠬᠥᠭ᠌ᠵᠢᠭᠡᠬᠦ᠌ ᠲᠤᠬᠠᠶ ᠠᠷᠭ᠎ᠠ ᠬᠡᠮᠵᠢᠶ᠎ᠡ᠎ᠨᠦᠭᠦᠳ》᠂《ᠥᠨᠳᠥᠷ ᠬᠢᠷᠢ ᠲᠦᠪᠱᠢᠨ ᠪᠥᠬᠥᠶ ᠪᠠᠢᠯᠳᠤᠬᠤ ᠪᠣᠳᠣᠯᠭ᠎ᠠ᠎ᠶ᠋ᠢᠨ ᠬᠠᠮᠢᠶᠠᠷᠤᠯᠲᠠ᠎ᠶ᠋ᠢᠨ ᠴᠢᠳᠠᠪᠤᠷᠢᠲᠠᠨ᠎ᠤ ᠪᠠᠢᠭᠤᠯᠤᠯᠲᠠ᠎ᠶ᠋ᠢ ᠴᠢᠩᠭᠠᠳᠭᠠᠬᠤ ᠲᠤᠬᠠᠶ ᠠᠷᠭ᠎ᠠ ᠬᠡᠮᠵᠢᠶ᠎ᠡ᠎ᠨᠦᠭᠦᠳ》 ᠎ᠢ᠋ ᠵᠡᠷᠭᠡ᠎ᠳᠦ ᠨᠢ ᠳᠠᠷᠤᠮᠠᠯᠯᠠᠨ ᠲᠠᠷᠬᠠᠭᠠᠵᠤ᠂ ᠠᠳᠠᠯᠢ ᠪᠤᠰᠤ ᠲᠥᠷᠥᠯ᠎ᠦᠨ ᠴᠢᠳᠠᠪᠤᠷᠢᠲᠠᠨ᠎ᠤ ᠲᠣᠰ ᠲᠣᠰ᠎ᠤᠨ ᠣᠨᠴᠠᠯᠢᠭ ᠪᠠ ᠪᠠᠢᠭᠤᠯᠤᠯᠲᠠ᠎ᠶ᠋ᠢᠨ ᠣᠳᠣᠬᠢ ᠪᠠᠢᠳᠠᠯ᠎ᠳᠤ ᠴᠢᠭ᠌ᠯᠡᠭᠦᠯᠦᠨ᠂ ᠲᠦᠷᠭᠡᠪᠴᠢᠯᠡᠨ ᠳᠠᠪᠲᠠᠨ ᠪᠣᠯᠪᠠᠰᠤᠷᠠᠭᠤᠯᠬᠤ᠂ ᠤᠷᠢᠳᠴᠢᠯᠠᠨ ᠪᠡᠯᠡᠳᠭᠡᠬᠦ᠌᠂ ᠤᠷᠮᠠᠱᠢᠭᠤᠯᠤᠨ ᠲᠡᠳᠬᠦᠬᠦ᠌᠂ ᠬᠠᠮ ᠬᠡᠯᠪᠡᠷᠢ ᠪᠡᠷ ᠬᠥᠮᠦᠵᠢᠭᠦᠯᠬᠦ᠌᠎ᠲᠤᠭᠤᠷᠢᠨ᠎ᠳᠤ᠂ ᠪᠣᠳᠠᠲᠠᠶ᠎ᠶ᠋ᠢ ᠡᠷᠬᠢᠮᠯᠡᠭ᠌ᠰᠡᠨ ᠪᠥᠭᠡᠳ ᠲᠤᠰᠠᠲᠠᠶ ᠠᠷᠭᠠᠴᠠᠬᠤ ᠪᠣᠳᠣᠯᠭ᠎ᠠ ᠪᠠ ᠠᠷᠭ᠎ᠠ᠎ᠶ᠋ᠢ ᠲᠣᠰ ᠲᠣᠰ ᠳᠤᠷᠠᠳᠤᠨ ᠭᠠᠷᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号