ᠠᠷᠪᠠᠨ ᠰᠠᠯᠠᠭ᠎ᠠ ᠮᠥᠴᠢᠷ 《ᠲᠣᠭᠠᠴᠢᠯᠠᠭ᠍ᠰᠠᠨ ᠬᠥᠳᠡᠭᠡ ᠲᠣᠰᠭᠣᠨ᠎ᠤ ᠬᠥᠭ᠌ᠵᠢᠯᠲᠡ᠎ᠶ᠋ᠢᠨ ᠠᠵᠢᠯᠯᠠᠭᠠᠨ᠎ᠤ ᠲᠥᠯᠥᠪᠯᠡᠭᠡ (2022 — 2025 ᠤᠨ )》 ᠎ᠶ᠋ᠢ ᠳᠠᠷᠤᠮᠠᠯᠯᠠᠨ ᠲᠠᠷᠬᠠᠭᠠᠵᠠᠢ
2022-01-28 09:51:40
ᠵᠣᠬᠢᠶᠠᠭ᠍ᠴᠢ᠄
ᠸᠠᠩ ᠰᠧ ᠪᠧᠶ
ᠣᠩᠱᠢᠭ᠍ᠰᠠᠨ ᠣᠳᠠᠭ᠎ᠠ᠄
★★★☆☆

ᠱᠢᠨᠬᠤᠸᠠ ᠬᠣᠷᠢᠶᠠᠨ᠎ᠤ ᠪᠡᠭᠡᠵᠢᠩ᠎ᠦᠨ 1 ᠰᠠᠷ᠎ᠠ᠎ᠶ᠋ᠢᠨ 26 ᠤ᠋ ᠴᠠᠬᠢᠯᠭᠠᠨ ᠮᠡᠳᠡᠭᠡ  ᠰᠤᠷᠪᠤᠯᠵᠢᠯᠠᠭ᠍ᠴᠢ 26 ᠤ᠋ ᠡᠳᠦᠷ ᠲᠥᠪ᠎ᠦᠨ ᠢᠨᠲ᠋ᠧᠷ ᠰᠦᠯᠵᠢᠶᠡᠨ᠎ᠦ ᠠᠮᠤᠷ ᠲᠦᠪᠰᠢᠨ᠎ᠪᠠ ᠮᠡᠳᠡᠭᠡ ᠵᠠᠩᠭᠢᠵᠢᠯᠳᠠ ᠵᠢᠨ ᠵᠦᠪᠯᠡᠯ᠎ᠤᠨ ᠠᠯᠪᠠᠨ ᠬᠡᠷ᠎ᠡᠴᠡ ᠣᠢᠯᠠᠭᠠᠭ᠍ᠰᠠᠨ᠎ᠢᠶᠠᠷ᠂ ᠲᠥᠪ᠎ᠦᠨ ᠢᠨᠲ᠋ᠧᠷ ᠰᠦᠯᠵᠢᠶᠡᠨ᠎ᠦ ᠠᠮᠤᠷ ᠲᠦᠪᠰᠢᠨ ᠪᠠ ᠮᠡᠳᠡᠭᠡ ᠵᠠᠩᠭᠢᠵᠢᠯᠳᠠ ᠵᠢᠨ ᠵᠦᠪᠯᠡᠯ᠎ᠤᠨ ᠠᠯᠪᠠᠨ ᠬᠡᠷ ᠵᠡᠷᠭᠡ ᠠᠷᠪᠠᠨ ᠰᠠᠯᠠᠭ᠎ᠠ ᠮᠥᠴᠢᠷ ᠲᠦᠷᠦᠭᠦᠬᠡᠨ《ᠲᠣᠭᠠᠴᠢᠯᠠᠭ᠍ᠰᠠᠨ ᠬᠥᠳᠡᠭᠡ ᠲᠣᠰᠭᠣᠨ᠎ᠤ ᠬᠥᠭ᠌ᠵᠢᠯᠲᠡ᠎ᠶ᠋ᠢᠨ ᠠᠵᠢᠯᠯᠠᠭᠠᠨ᠎ᠤ ᠲᠥᠯᠥᠪᠯᠡᠭᠡ(2022 — 2025 ᠤᠨ)》 ᠎ᠶ᠋ᠢ ᠳᠠᠷᠤᠮᠠᠯᠯᠠᠨ ᠲᠠᠷᠬᠠᠭᠠᠵᠤ᠂ 《ᠠᠷᠪᠠᠨ ᠳᠥᠷᠪᠡᠳᠦᠭᠡᠷ ᠲᠠᠪᠤᠨ ᠵᠢᠯ 》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠲᠣᠭᠠᠴᠢᠯᠠᠭ᠍ᠰᠠᠨ ᠬᠥᠳᠡᠭᠡ ᠲᠣᠰᠭᠣᠨ᠎ᠤ ᠬᠥᠭ᠌ᠵᠢᠯᠲᠡ᠎ᠳᠦ ᠪᠠᠢᠷᠢᠯᠠᠭᠤᠯᠤᠯᠲᠠ ᠲᠣᠬᠢᠷᠠᠭᠤᠯᠤᠯᠲᠠ ᠬᠢᠪᠠ᠃ ᠠᠵᠢᠯᠯᠠᠭᠠᠨ᠎ᠤ ᠲᠥᠯᠥᠪᠯᠡᠭᠡ᠎ᠳᠦ᠂ 2025 ᠤᠨ ᠪᠣᠯᠬᠤ᠎ᠳᠤ᠂ ᠲᠣᠭᠠᠴᠢᠯᠠᠭ᠍ᠰᠠᠨ ᠬᠥᠳᠡᠭᠡ ᠲᠣᠰᠭᠣᠨ᠎ᠤ ᠬᠥᠭ᠌ᠵᠢᠯᠲᠡ ᠴᠢᠬᠤᠯᠠ ᠠᠬᠢᠴᠠ᠎ᠲᠠᠶ ᠪᠣᠯᠤᠨ᠎ᠠ ᠭᠡᠵᠤ ᠳᠤᠷᠠᠳᠴᠠᠢ᠃

ᠠᠵᠢᠯᠯᠠᠭᠠᠨ᠎ᠤ ᠲᠥᠯᠥᠪᠯᠡᠭᠡ᠎ᠳᠦ ᠲᠣᠭᠠᠴᠢᠯᠠᠭ᠍ᠰᠠᠨ ᠰᠠᠭᠤᠷᠢ ᠲᠥᠬᠥᠭᠡᠷᠦᠮᠵᠢ᠎ᠶ᠋ᠢ ᠲᠠᠰ ᠳᠡᠪᠱᠢᠭᠦᠯᠬᠦ᠌ ᠠᠵᠢᠯᠯᠠᠭ᠎ᠠ᠂ ᠤᠶᠤᠨᠴᠢ ᠬᠦᠳᠡᠭᠡ ᠠᠵᠤ ᠠᠬᠤᠢ ᠵᠢᠨ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠠᠵᠢᠯᠯᠠᠭ᠎ᠠ᠂ ᠱᠢᠨ᠎ᠡ ᠡᠵᠡᠩᠨᠡᠯᠲᠡ᠎ᠶ᠋ᠢᠨ ᠬᠡᠯᠪᠡᠷᠢ ᠱᠢᠨ᠎ᠡ ᠵᠠᠭ᠍ᠪᠤᠷ᠎ᠤᠨ ᠬᠥᠭ᠌ᠵᠢᠯᠲᠡ᠎ᠶ᠋ᠢᠨ ᠠᠵᠢᠯᠯᠠᠭ᠎ᠠ᠂ ᠲᠣᠭᠠᠴᠢᠯᠠᠭ᠍ᠰᠠᠨ ᠵᠠᠰᠠᠯᠲᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ᠂ ᠬᠥᠳᠡᠭᠡ ᠲᠣᠰᠭᠣᠨ᠎ᠤ ᠰᠦᠯᠵᠢᠶᠡᠨ᠎ᠦ ᠰᠣᠶᠣᠯ᠎ᠢ ᠬᠥᠭ᠌ᠵᠢᠭᠦᠯᠦᠨ ᠮᠠᠨᠳᠤᠭᠤᠯᠬᠤ ᠠᠵᠢᠯᠯᠠᠭ᠎ᠠ ᠵᠡᠷᠭᠡ 8 ᠲᠠᠯ᠎ᠠ᠎ᠶ᠋ᠢᠨ ᠭᠤᠤᠯᠳᠠᠯᠭ᠎ᠠ᠎ᠲᠠᠶ ᠠᠵᠢᠯᠯᠠᠭ᠎ᠠ᠎ᠶ᠋ᠢ ᠪᠠᠢᠷᠢᠯᠠᠭᠤᠯᠪᠠ᠃

ᠠᠵᠢᠯᠯᠠᠭᠠᠨ᠎ᠤ ᠲᠥᠯᠥᠪᠯᠡᠭᠡ᠎ᠶ᠋ᠢ ᠦᠨᠳᠦᠰᠦᠯᠡᠪᠡᠯ᠂ 2023 ᠤᠨ ᠪᠣᠯᠬᠤ᠎ᠳᠤ᠂ ᠲᠣᠭᠠᠴᠢᠯᠠᠭ᠍ᠰᠠᠨ ᠬᠥᠳᠡᠭᠡ ᠲᠣᠰᠭᠣᠨ᠎ᠤ ᠬᠥᠭ᠌ᠵᠢᠯᠲᠡ ᠵᠢ ᠱᠠᠲᠤᠴᠢ ᠴᠢᠨᠠᠷᠲᠠᠶ ᠠᠬᠢᠴᠠ᠎ᠲᠠᠶ ᠪᠤᠯᠭᠠᠨ᠎ᠠ᠃ ᠰᠦᠯᠵᠢᠶ᠎ᠡ᠎ᠪᠡᠷ ᠬᠠᠪᠰᠤᠷᠤᠨ ᠲᠡᠳᠬᠦᠬᠦ᠌ ᠦᠷ᠎ᠡ ᠪᠦᠲᠦᠮᠵᠢ ᠵᠢ ᠤᠯᠠᠮ ᠴᠢᠨᠠᠭᠰᠢᠳᠠ ᠪᠡᠬᠢᠵᠢᠭᠦᠯᠦᠨ ᠳᠡᠭᠡᠭ᠌ᠰᠢᠯᠡᠭᠦᠯᠵᠤ᠂ ᠬᠥᠳᠡᠭᠡ ᠲᠣᠰᠭᠣᠨ᠎ᠤ ᠢᠨᠲ᠋ᠧᠷ ᠰᠦᠯᠵᠢᠶᠡᠨ᠎ᠦ ᠲᠦᠭᠡᠮᠡᠯᠵᠢᠭ᠌ᠰᠡᠨ ᠨᠣᠷᠮ᠎ᠠ ᠪᠠ ᠰᠦᠯᠵᠢᠶᠡᠨ᠎ᠦ ᠶᠠᠰᠤ ᠴᠢᠨᠠᠷ ᠢ᠋ ᠢᠯᠡᠳᠲᠡ ᠳᠡᠭᠡᠭ᠌ᠰᠢᠯᠡᠭᠦᠯᠵᠤ᠂ ᠬᠦᠳᠡᠭᠡ ᠠᠵᠤ ᠠᠬᠤᠢ ᠵᠢᠨ ᠦᠶ᠋ᠯᠡᠳᠪᠦᠷᠢᠯᠡᠯ᠎ᠦᠨ ᠮᠡᠳᠡᠭᠡ ᠵᠠᠩᠭᠢᠵᠢᠯᠲᠠ᠎ᠶ᠋ᠢᠨ ᠲᠦᠪᠱᠢᠨ ᠢ᠋ ᠲᠣᠭ᠍ᠲᠠᠭᠤᠨ᠎ᠢᠶᠠᠷ ᠳᠡᠭᠡᠭ᠌ᠰᠢᠯᠡᠭᠦᠯᠦᠨ᠎ᠠ᠃ 2025 ᠤᠨ ᠪᠣᠯᠬᠤ᠎ᠳᠤ᠂ ᠲᠣᠭᠠᠴᠢᠯᠠᠭ᠍ᠰᠠᠨ ᠬᠥᠳᠡᠭᠡ ᠲᠣᠰᠭᠣᠨ᠎ᠤ ᠬᠥᠭ᠌ᠵᠢᠯᠲᠡ ᠵᠢ  ᠴᠢᠬᠤᠯᠠ ᠠᠬᠢᠴᠠ᠎ᠲᠠᠶ ᠪᠤᠯᠭᠠᠨ᠎ᠠ᠃ ᠬᠥᠳᠡᠭᠡ ᠲᠣᠰᠭᠣᠨ ᠳ᠋ᠤ 4G ᠎ᠶ᠋ᠢ ᠭᠦᠨᠵᠡᠭᠡᠢᠷᠡᠭᠦᠯᠦᠨ ᠲᠦᠭᠡᠮᠡᠯᠵᠢᠭᠦᠯᠵᠦ᠍᠂ 5G ᠎ᠶ᠋ᠢ ᠱᠢᠨᠡᠴᠢᠯᠡᠨ ᠬᠡᠷᠡᠭ᠌ᠯᠡᠵᠦ᠍᠂ ᠬᠦᠳᠡᠭᠡ ᠠᠵᠤ ᠠᠬᠤᠢ ᠵᠢᠨ ᠦᠶ᠋ᠯᠡᠳᠪᠦᠷᠢᠯᠡᠯ  ᠡᠵᠡᠩᠨᠡᠯᠲᠡ᠎ᠶ᠋ᠢᠨ  ᠲᠣᠭᠠᠴᠢᠯᠠᠯᠳᠠ ᠵᠢ᠎ᠢᠯᠡᠳᠲᠡ᠎ᠲᠦᠷᠭᠡᠳᠭᠡᠵᠦ᠍᠂ ᠤᠶᠤᠨᠴᠢ ᠬᠦᠳᠡᠭᠡ ᠠᠵᠤ ᠠᠬᠤᠢ ᠵᠢᠨ ᠪᠥᠲᠥᠭᠡᠨ ᠪᠠᠢᠭᠤᠯᠤᠯᠲᠠ ᠳ᠋ᠤ ᠠᠩᠬ᠎ᠠ ᠠᠯᠬᠤᠮ᠎ᠤᠨ ᠦᠷ᠎ᠡ ᠪᠦᠲᠦᠮᠵᠢ ᠣᠯᠵᠤ ᠂ ᠨᠢᠭᠡ ᠪᠦᠯᠦᠭ ᠨᠡᠷ᠎ᠡ ᠠᠯᠳᠠᠷᠰᠢᠯ ᠲᠠᠢ᠂ ᠶᠠᠰᠤ ᠴᠢᠨᠠᠷ ᠰᠠᠢᠲᠠᠶ᠂ ᠦᠪᠡᠷᠮᠢᠴᠠ ᠣᠨᠴᠠᠯᠢᠭ᠎ᠲᠠᠢ ᠬᠥᠳᠡᠭᠡ ᠲᠣᠰᠭᠣᠨ᠎ᠤ ᠡᠯᠧᠺᠲ᠋ᠷᠣᠨ ᠬᠤᠳᠠᠯᠳᠤᠭᠠᠨ᠎ᠤ ᠪᠦᠲᠦᠭᠡᠭ᠌ᠳᠡᠬᠦᠨ᠎ᠦ ᠨᠠᠷᠠᠲᠤ ᠲᠥᠷᠥᠯ ᠲᠡᠮᠳᠡᠭ᠌ᠲᠦ᠍᠎ᠶ᠋ᠢ ᠪᠣᠢᠵᠢᠭᠤᠯᠤᠨ ᠪᠦᠷᠢᠯᠳᠦᠭᠦᠯᠵᠦ᠍᠂ᠬᠥᠳᠡᠭᠡ ᠲᠣᠰᠭᠣᠨ᠎ᠤ ᠰᠦᠯᠵᠢᠶᠡᠨ᠎ᠦ ᠰᠣᠶᠣᠯ᠎ᠢ ᠴᠡᠴᠡᠭ᠌ᠯᠡᠭᠦᠯᠦᠨ ᠬᠥᠭ᠌ᠵᠢᠭᠦᠯᠵᠦ᠍᠂ ᠬᠥᠳᠡᠭᠡ ᠲᠣᠰᠭᠣᠨ᠎ᠤ ᠲᠣᠭᠠᠴᠢᠯᠠᠭ᠍ᠰᠠᠨ ᠵᠠᠰᠠᠯᠲᠠ᠎ᠶ᠋ᠢᠨ ᠱᠢᠰᠲ᠋ᠧᠮ᠎ᠢ ᠡᠳᠦᠷ ᠢᠷᠡᠬᠦᠶ᠎ᠡ ᠲᠡᠭᠦᠯᠳᠡᠷᠵᠢᠭᠦᠯᠦᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号