ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠰᠠᠨᠠᠭᠤᠯᠭ᠎ᠠ᠄ ᠴᠠᠭᠠᠨ ᠰᠠᠷ᠎ᠠ᠎ᠶ᠋ᠢᠨ ᠠᠮᠠᠷᠠᠯᠲᠠ᠎ᠶ᠋ᠢᠨ ᠬᠤᠭᠤᠴᠠᠭᠠᠨ᠎ᠳᠤ ᠳᠤᠮᠳᠠ ᠥᠨᠳᠥᠷ ᠲᠦᠭ᠌ᠰᠢᠭᠦᠷᠢᠲᠡᠶ ᠭᠠᠵᠠᠷ ᠣᠷᠣᠨ᠎ᠶ᠋ᠢᠠᠷ ᠪᠢᠳᠡᠭᠡᠢ ᠵᠢᠭᠤᠯᠴᠢᠯᠠᠬᠤ ᠪᠡᠷ ᠤᠴᠢ
2022-01-28 11:02:19
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠰᠦᠯᠵᠢᠶ᠎ᠡ᠎ᠶ᠋ᠢᠨ ᠨᠡᠢᠲᠡᠯᠡᠭᠰᠡᠨ ᠮᠡᠳᠡᠭᠡ᠎ᠶ᠋ᠢ ᠦᠨᠳᠦᠰᠦᠯᠡᠪᠡᠯ᠂ 2022 ᠣᠨ᠎ᠤ ᠴᠠᠭᠠᠨ ᠰᠠᠷ᠎ᠠ᠎ᠶ᠋ᠢᠨ ᠠᠮᠠᠷᠠᠯᠲᠠ᠎ᠶ᠋ᠢᠨ ᠬᠤᠭᠤᠴᠠᠭ᠎ᠠ ᠤᠳᠠᠯ ᠥᠬᠡᠶ ᠬᠦᠷᠴᠦ᠍ ᠢᠷᠡᠬᠦ᠌ ᠭᠡᠵᠦ᠍ ᠪᠠᠢᠨ᠎ᠠ᠂ ᠰᠣᠶᠣᠯ ᠪᠠ ᠵᠢᠭᠤᠯᠴᠢᠯᠠᠯ᠎ᠤᠨ ᠶᠠᠮᠤᠨ᠎ᠠᠴᠠ ᠵᠢᠭᠤᠯᠴᠢᠯᠠᠭ᠍ᠰᠠᠳ᠎ᠲᠤ ᠡᠷᠡᠭᠦᠯ ᠮᠡᠨᠳᠦ᠍᠎ᠶ᠋ᠢᠨ ᠬᠠᠮᠠᠭᠠᠯᠠᠯᠲᠠ᠎ᠶ᠋ᠢ ᠰᠠᠢᠲᠤᠷ ᠬᠢᠵᠦ᠍᠂ ᠠᠮᠤᠷ ᠲᠦᠪᠱᠢᠨ᠎ᠦ ᠤᠬᠠᠮᠰᠠᠷ᠎ᠢᠶᠠᠨ ᠴᠢᠩᠭᠠᠳᠭᠠᠬᠤ ᠬᠡᠷᠡᠭ᠌ᠲᠡᠶ ᠭᠡᠵᠦ᠍ ᠰᠠᠨᠠᠭᠤᠯᠵᠠᠶ᠃


QQ截图20220128105910.jpg


ᠨᠢᠭᠡ᠂ ᠭᠠᠳᠠᠭ᠍ᠰᠢ ᠭᠠᠷᠴᠤ᠌ ᠵᠢᠭᠤᠯᠴᠢᠯᠠᠬᠤ᠎ᠶᠢ ᠵᠣᠬᠢᠰᠲᠠᠢ ᠲᠤᠬᠢᠷᠠᠭᠤᠯᠬᠤ ᠬᠡᠷᠡᠭᠲᠡᠢ

ᠡᠬᠢᠯᠡᠯᠲᠡ᠎ᠶᠢᠨ ᠭᠠᠵᠠᠷ ᠪᠠ ᠵᠣᠷᠢᠭ᠍ᠰᠠᠨ ᠭᠠᠵᠠᠷ᠎ᠤᠨ ᠬᠢᠵᠢᠭ ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠠᠮᠤᠭ᠎ᠤᠨ ᠱᠢᠨ᠎ᠡ ᠲᠥᠷᠥ᠎ᠶ᠋ᠢᠨ ᠪᠣᠳᠣᠯᠭ᠎ᠠ᠎ᠶ᠋ᠢ ᠤᠷᠢᠳᠴᠢᠯᠠᠨ ᠣᠢᠯᠠᠭᠠᠵᠤ᠂ ᠵᠢᠭᠤᠯᠴᠢᠯᠠᠯ᠎ᠤᠨ ᠦᠵᠡᠮᠵᠢ ᠶ᠋ᠢᠨ ᠣᠷᠣᠨ᠎ᠤ ᠨᠡᠭᠡᠭᠡᠯᠲᠡ ᠬᠢᠬᠦ ᠪᠠᠢᠳᠠᠯ᠂ ᠡᠭᠦᠳᠡᠨ ᠪᠢᠯᠧᠲ᠎ᠢ ᠪᠣᠯᠵᠣᠬᠤ ᠠᠷᠭ᠎ᠠ᠎ᠶ᠋ᠢ ᠤᠷᠢᠳᠴᠢᠯᠠᠨ ᠪᠠᠢᠴᠠᠭᠠᠨ ᠯᠠᠪᠯᠠᠵᠤ᠂ ᠵᠢᠭᠤᠯᠴᠢᠯᠠᠯ᠎ᠤᠨ ᠵᠠᠮ ᠱᠤᠭᠤᠮ ᠪᠠ ᠴᠠᠭ᠎ᠶ᠋ᠢᠠᠨ ᠵᠦᠶ ᠵᠣᠬᠢᠰᠲᠠᠶ ᠲᠥᠯᠥᠪᠯᠡᠨ᠎ᠡ᠃ ᠬᠠᠯᠠᠮᠱᠢᠯ ᠦᠵᠡᠮᠵᠢ᠎ᠶ᠋ᠢᠨ ᠣᠷᠣᠨ ᠪᠠ ᠭᠠᠳᠠᠭ᠍ᠰᠢ ᠭᠠᠷᠬᠤ ᠣᠷᠭᠢᠯ ᠬᠤᠭᠤᠴᠠᠭ᠎ᠠ  ᠡᠴᠡ ᠠᠯᠢ ᠴᠢᠳᠠᠬᠤ᠎ᠪᠠᠷ ᠵᠠᠢᠯᠠᠰᠭᠢᠵᠦ᠍᠂ ᠳᠤᠮᠳᠠ᠂ ᠥᠨᠳᠥᠷ ᠲᠦᠭ᠌ᠰᠢᠭᠦᠷᠢᠲᠡᠶ ᠭᠠᠵᠠᠷ ᠣᠷᠣᠨ᠎ᠶ᠋ᠢᠠᠷ ᠵᠢᠭᠤᠯᠴᠢᠯᠠᠬᠤ ᠥᠬᠡᠶ᠃ ᠵᠢᠭᠤᠯᠴᠢᠯᠠᠭ᠍ᠰᠠᠳ᠎ᠢ ᠴᠢᠯᠥᠭᠡᠲᠡᠶ᠎ᠪᠡᠷ ᠭᠥᠯᠢᠶᠡᠨ ᠠᠪᠬᠤ ᠨᠥᠬᠥᠴᠡᠯ᠎ᠢ ᠪᠦᠷᠢᠯᠳᠦᠭᠦᠯᠦᠭᠡᠳᠦᠶ ᠭᠠᠵᠠᠷ ᠣᠷᠣᠨ᠎ᠳᠤ ᠣᠴᠢᠬᠤ᠎ᠠᠴᠠ ᠵᠠᠢᠯᠠᠰᠭᠢᠵᠦ᠍᠂ ᠬᠥᠮᠦᠨ᠎ᠦ ᠪᠡᠶ᠎ᠡ᠂ ᠡᠳ᠋ ᠪᠣᠳᠠᠰ᠎ᠤᠨ ᠠᠮᠤᠷ ᠲᠦᠪᠱᠢᠨ᠎ᠢ ᠦᠨᠡᠨ ᠬᠦ᠌ ᠪᠠᠲᠤᠯᠠᠨ᠎ᠠ᠃ ᠡᠨᠳᠡᠯ᠎ᠤᠨ ᠳᠠᠭᠠᠳᠭᠠᠯ ᠬᠤᠳᠠᠯᠳᠤᠨ ᠠᠪᠬᠤ᠎ᠶ᠋ᠢ ᠵᠣᠷᠢᠭ᠍ᠵᠢᠭᠤᠯᠵᠤ᠂ ᠴᠢᠬᠤᠯᠠ ᠪᠦᠬᠦᠢ ᠲᠦᠷᠭᠡᠨ ᠠᠪᠤᠷᠠᠯᠲᠠ᠎ᠶᠢᠨ ᠮᠡᠳᠡᠯᠭᠡ ᠶ᠋ᠢ ᠡᠵᠡᠮᠱᠢᠨ᠂ ᠴᠢᠬᠤᠯᠠ ᠪᠦᠬᠦᠢ ᠪᠠᠢᠩᠭᠤ ᠬᠡᠷᠡᠭ᠌ᠯᠡᠬᠦ᠌ ᠡᠮ᠎ᠦᠨ ᠵᠦᠢᠯᠡᠰ᠎ᠢ ᠪᠡᠯᠡᠳᠭᠡᠬᠦ᠌ ᠬᠡᠷᠡᠭ᠌ᠲᠡᠶ᠃

ᠬᠣᠶᠠᠷ᠂ ᠡᠷᠡᠭᠦᠯ ᠮᠡᠨᠳᠦ᠍᠎ᠶ᠋ᠢᠨ ᠬᠠᠮᠠᠭᠠᠯᠠᠯᠲᠠ᠎ᠶ᠋ᠢ ᠰᠠᠢᠲᠤᠷ ᠬᠢᠬᠦ᠌ ᠬᠡᠷᠡᠭ᠌ᠲᠡᠶ

ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠲᠣᠭ᠍ᠲᠠᠭᠠᠯ᠎ᠢ ᠤᠬᠠᠮᠰᠠᠷ᠎ᠠᠴᠠ᠎ᠪᠠᠨ ᠵᠢᠷᠤᠮᠯᠠᠵᠤ᠂ ᠠᠮᠠᠪᠴᠢ ᠵᠡᠭᠦᠵᠦ᠍᠂ ᠭᠠᠷ᠎ᠢᠶᠠᠨ ᠦᠷᠭᠦᠯᠵᠢ ᠤᠬᠢᠶᠠᠵᠤ᠂ ᠴᠥᠭᠡᠨ ᠴᠤᠭ᠍ᠯᠠᠷᠠᠵᠤ᠂ 《ᠨᠢᠭᠡ ᠮᠧᠲ᠋ᠷ᠎ᠦᠨ ᠵᠠᠢ》᠎ᠢ ᠪᠠᠲᠤᠯᠠᠬᠤ ᠰᠠᠢᠨ ᠳᠠᠳᠭᠠᠯ ᠲᠠᠶ ᠪᠣᠯᠬᠤ ᠬᠡᠷᠡᠭ᠌ᠲᠡᠶ᠃ ᠵᠢᠭᠤᠯᠴᠢᠯᠠᠨ ᠲᠣᠭᠣᠷᠢᠬᠤ᠎ᠳᠠᠭᠠᠨ ᠤᠬᠠᠮᠰᠠᠷ᠎ᠠᠴᠠ᠎ᠪᠠᠨ ᠪᠤᠰᠤᠳ ᠵᠢᠭᠤᠯᠴᠢᠯᠠᠬᠰᠠᠳ ᠲᠠᠶ ᠵᠠᠶ᠎ᠪᠠᠨ ᠪᠠᠲᠤᠯᠠᠵᠤ᠂ ᠬᠥᠮᠥᠨ ᠬᠠᠷ᠎ᠠ ᠬᠤᠷᠠᠨ ᠴᠤᠭᠯᠠᠷᠠᠬᠤ᠎ᠠᠴᠠ ᠵᠠᠢᠯᠠᠰᠭᠢᠵᠦ᠍᠂ ᠣᠯᠠᠨ ᠨᠡᠢᠲᠡ᠎ᠶ᠋ᠢᠨ ᠵᠦᠢᠯᠡᠰ᠎ᠢ ᠲᠡᠮᠲᠡᠷᠢᠨ ᠠᠮᠠ ᠬᠠᠮᠠᠷ ᠨᠢᠳᠦ ᠲᠠᠶ᠎ᠪᠠᠨ ᠬᠦᠷᠦᠯᠴᠡᠭᠦᠯᠵᠦ ᠪᠤᠯᠬᠤ ᠥᠬᠡᠶ᠃ ᠬᠠᠨᠢᠶᠠᠵᠤ᠂ ᠨᠠᠢᠲᠠᠭᠠᠬᠤ ᠦᠶ᠎ᠡ᠎ᠳᠦ ᠲᠣᠬᠣᠢ ᠪᠤᠶᠤ ᠴᠠᠭᠠᠰᠤ᠎ᠪᠠᠷ ᠬᠠᠯᠬᠠᠯᠠᠬᠤ᠎ᠶ᠋ᠢ ᠠᠩᠬᠠᠷᠴᠤ᠌᠂ ᠭᠠᠵᠠᠷ ᠰᠠᠢ ᠦᠭᠡᠢ ᠨᠤᠯᠮᠤᠬᠤ ᠦᠭᠡᠢ᠃ ᠲᠠᠭ᠍ᠰᠢᠭᠤᠷ ᠬᠦᠷᠬᠦ᠌᠂ ᠬᠠᠯᠠᠭᠤᠷᠠᠬᠤ ᠵᠡᠷᠭᠡ ᠢᠯᠡᠷᠡᠯ ᠭᠠᠷᠪᠠᠯ᠂ᠵᠢᠭᠤᠯᠴᠢᠯᠠᠬᠤ᠎ᠪᠠᠨ ᠵᠣᠭ᠍ᠰᠣᠭᠠᠬᠤ᠎ᠶ᠋ᠢᠨ ᠬᠠᠮᠲᠤ ᠴᠠᠭ ᠲᠤᠬᠠᠶ ᠎ᠳᠤᠨᠢ ᠡᠮᠨᠡᠭᠦᠯᠬᠦ᠌ ᠬᠡᠷᠡᠭ᠌ᠲᠡᠶ᠃

ᠭᠤᠷᠪᠠ᠂ ᠠᠮᠤᠷ ᠲᠦᠪᠱᠢᠨ᠎ᠦ ᠦᠵᠡᠯ ᠤᠬᠠᠮᠰᠠᠷ᠎ᠢᠶᠠᠨ ᠴᠢᠩᠭᠠᠳᠭᠠᠬᠤ ᠬᠡᠷᠡᠭ᠌ᠲᠡᠶ

ᠡᠪᠦᠯ᠎ᠦᠨ ᠤᠯᠠᠷᠢᠯ᠎ᠳᠤ ᠵᠢᠭᠤᠯᠴᠢᠯᠠᠬᠤ᠎ᠳᠤ ᠬᠦᠢᠲᠡᠨ᠎ᠢ ᠰᠡᠷᠭᠡᠢᠯᠡᠵᠦ᠍ ᠳᠤᠯᠠᠭᠠᠯᠠᠬᠤ ᠠᠵᠢᠯ᠎ᠢ ᠰᠠᠢᠲᠤᠷ ᠬᠢᠪᠡᠯ ᠵᠤᠬᠢᠨ᠎ᠠ᠃ ᠮᠥᠰᠥ᠍ ᠲᠡᠱᠢᠬᠦ᠌᠂ ᠴᠠᠨᠠᠯᠠᠬᠤ᠂ ᠠᠭᠤᠯᠠ ᠠᠪᠠᠷᠢᠬᠤ᠂ ᠶᠠᠪᠠᠭᠠᠨ ᠠᠶᠠᠯᠬᠤ᠂ ᠪᠠᠷᠲᠠᠭ᠎ᠠ ᠱᠢᠨᠵᠢᠯᠡᠬᠦ᠌ ᠵᠡᠷᠭᠡ ᠠᠵᠢᠯᠯᠠᠭ᠎ᠠ᠎ᠳᠤ ᠣᠷᠣᠯᠴᠠᠬᠤ᠎ᠳᠠᠭᠠᠨ ᠥᠪᠡᠷ᠎ᠦᠨ ᠡᠷᠡᠭᠦᠯ ᠮᠡᠨᠳᠦ᠍᠎ᠶ᠋ᠢᠨ ᠪᠠᠢᠳᠠᠯ᠎ᠶ᠋ᠢᠠᠨ ᠦᠨᠳᠦᠰᠦᠯᠡᠨ ᠴᠢᠳᠠᠯ ᠎ᠤᠨ᠎ᠢᠶᠠᠨ ᠬᠢᠷᠢ᠎ᠪᠡᠷ ᠬᠢᠬᠦ᠌ ᠪᠥᠭᠡᠳ ᠲᠤᠰᠭᠠᠶ ᠮᠡᠷᠭᠡᠵᠢᠯ᠎ᠦᠨ ᠬᠥᠮᠦᠰ᠎ᠦᠨ ᠵᠢᠯᠣᠭᠣᠳᠣᠯᠭ᠎ᠠ ᠳᠤᠤᠷ᠎ᠠ ᠠᠵᠢᠯᠯᠠᠵᠦ᠍᠂ ᠥᠪᠡᠷ᠎ᠦᠨ ᠪᠡᠶ᠎ᠡ ᠵᠢᠴᠢ ᠪᠤᠰᠤᠳ ᠎ᠤᠨ ᠠᠮᠤᠷ ᠲᠦᠪᠱᠢᠨ᠎ᠳᠦ ᠠᠶᠤᠯ ᠳᠦᠭᠰᠢᠭᠦᠷᠢ ᠤᠴᠠᠷᠠᠭᠤᠯᠵᠤ ᠮᠡᠳᠡᠬᠦ᠌ ᠠᠵᠢᠯᠯᠠᠭ᠎ᠠ᠎ᠶᠢ ᠬᠢᠬᠦ᠌ ᠥᠬᠡᠶ᠃ ᠬᠠᠯᠠᠮᠰᠢᠯ ᠦᠵᠡᠮᠵᠢ᠎ᠶ᠋ᠢᠨ ᠴᠡᠭ᠎ᠲᠤ ᠬᠦᠷᠬᠦ᠎ᠳᠤ ᠨᠡᠢᠲᠡ᠎ᠶ᠋ᠢᠨ ᠡᠮᠬᠢ ᠵᠢᠷᠤᠮ ᠪᠠ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠵᠢᠷᠤᠮᠯᠠᠵᠤ᠂ ᠳᠤᠷ᠎ᠠ ᠵᠣᠷᠢᠭ᠎ᠢᠶᠠᠷ᠎ᠢᠶᠠᠨ ᠠᠭᠠᠰᠢᠯᠠᠬᠤ ᠦᠭᠡᠢ᠂ ᠠᠮᠤᠷ ᠲᠦᠪᠱᠢᠨ᠎ᠢ ᠢᠮᠠᠭ᠍ᠲᠠ ᠲᠡᠷᠢᠭᠦᠨ ᠪᠠᠢᠷᠢᠨ᠎ᠳᠤ ᠲᠠᠯᠪᠢᠬᠤ ᠬᠡᠷᠡᠭ᠌ᠲᠡᠶ᠃

ᠳᠥᠷᠪᠡ᠂ ᠭᠠᠯ᠎ᠢ ᠰᠡᠷᠭᠡᠢᠯᠡᠵᠦ ᠭᠠᠯ ᠤᠨᠲᠠᠷᠠᠭᠠᠬᠤ ᠠᠮᠤᠷ ᠲᠦᠪᠱᠢᠨ᠎ᠢ ᠠᠩᠬᠠᠷᠬᠤ ᠬᠡᠷᠡᠭ᠌ᠲᠡᠶ

ᠦᠵᠡᠮᠵᠢ᠎ᠶ᠋ᠢᠨ ᠣᠷᠣᠨ᠂ ᠮᠦᠽᠧᠶ᠂ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠬᠠᠮᠠᠭᠠᠯᠠᠯᠲᠠ᠎ᠶ᠋ᠢᠨ ᠨᠢᠭᠡᠴᠢ ᠵᠡᠷᠭᠡ ᠲᠠᠯᠠᠪᠤᠷ᠎ᠢᠶᠠᠷ ᠲᠣᠭᠣᠷᠢᠨ ᠦᠵᠡᠬᠦ᠌᠎ᠳᠦ᠂ ᠭᠠᠯ᠎ᠢ ᠰᠡᠷᠭᠡᠢᠯᠡᠵᠦ ᠭᠠᠯ ᠤᠨᠲᠠᠷᠠᠭᠠᠬᠤ ᠠᠮᠤᠷ ᠲᠦᠪᠱᠢᠨ᠎ᠦ ᠬᠠᠮᠢᠶᠠᠷᠤᠯᠲᠠ᠎ᠶ᠋ᠢᠨ ᠲᠣᠭ᠍ᠲᠠᠭᠠᠯ᠎ᠢ ᠴᠢᠩᠭ᠎ᠠ ᠵᠢᠷᠤᠮᠯᠠᠬᠤ ᠬᠡᠷᠡᠭ᠌ᠲᠡᠶ᠃ ᠵᠣᠴᠢᠳ᠎ᠤᠨ ᠪᠠᠭᠤᠳᠠᠯ ᠬᠣᠭᠣᠯᠠᠨ ᠭᠡᠷ᠎ᠲᠦ ᠣᠷᠣᠵᠤ ᠰᠠᠭᠤᠬᠤ᠎ᠳᠠᠭᠠᠨ᠂ ᠭᠠᠯ᠎ᠤᠨ ᠠᠶᠤᠯ᠎ᠠᠴᠠ ᠳᠤᠲᠠᠭᠠᠬᠤ ᠵᠠᠮ ᠱᠤᠭᠤᠮ᠎ᠢ ᠣᠢᠯᠠᠭᠠᠵᠤ᠂ ᠲᠠᠮᠠᠬᠢᠨ ᠶᠤᠵᠤᠭᠤᠷ᠎ᠢᠶᠠᠨ ᠳᠤᠷ᠎ᠠ᠎ᠪᠠᠷ ᠬᠠᠶᠠᠬᠤ ᠦᠭᠡᠢ᠂ ᠱᠠᠹᠠ᠂ ᠣᠷᠣ ᠳᠡᠭᠡᠷ᠎ᠡ᠎ᠪᠡᠨ ᠬᠡᠪᠲᠡᠵᠦ ᠲᠠᠮᠠᠬᠢ ᠲᠠᠲᠠᠬᠤ ᠦᠭᠡᠢ᠃ ᠭᠡᠷ᠎ᠦᠨ ᠭᠠᠳᠠᠨᠠᠬᠢ ᠵᠢᠭᠤᠯᠴᠢᠯᠠᠯ ᠬᠢᠬᠦ᠎ᠳᠤ ᠭᠠᠯ᠎ᠢ ᠰᠡᠷᠭᠡᠢᠯᠡᠨ ᠭᠠᠮᠱᠢᠭ᠎ᠠᠴᠠ ᠵᠠᠢᠯᠠᠬᠤ᠎ᠶ᠋ᠢ ᠠᠩᠬᠠᠷᠴᠤ᠌᠂ ᠬᠡᠭᠡᠷ᠎ᠡ᠎ᠶ᠋ᠢᠨ ᠡᠪᠡᠰᠦ ᠠᠷᠪᠢᠨ᠂ ᠮᠣᠳᠣᠨ ᠨᠠᠪᠴᠢ ᠣᠪᠣᠭᠠᠷᠠᠭ᠍ᠰᠠᠨ ᠵᠡᠷᠭᠡ ᠱᠢᠲᠠᠮᠠᠬᠠᠢ ᠪᠣᠳᠠᠰ ᠲᠥᠪᠯᠡᠷᠡᠭ᠌ᠰᠡᠨ ᠭᠠᠵᠠᠷ ᠪᠤᠶᠤ ᠭᠠᠯ᠎ᠢ ᠰᠡᠷᠭᠡᠢᠯᠡᠬᠦ᠌ ᠰᠠᠨᠠᠭᠤᠯᠤᠮᠵᠢ ᠲᠠᠶ ᠭᠠᠵᠠᠷ᠎ᠲᠤ ᠲᠠᠮᠠᠬᠢ ᠲᠠᠲᠠᠬᠤ᠂ ᠬᠡᠭᠡᠷ᠎ᠡ ᠬᠤᠭᠤᠯᠠᠯᠠᠬᠤ ᠪᠤᠶᠤ ᠢᠯᠡ ᠭᠠᠯ ᠬᠡᠷᠡᠭ᠌ᠯᠡᠬᠦ᠌ ᠦᠭᠡᠢ᠃

ᠲᠠᠪᠤ᠂ ᠵᠠᠮ ᠬᠠᠷᠢᠯᠴᠠᠭᠠᠨ᠎ᠤ ᠠᠮᠤᠷ ᠲᠦᠪᠱᠢᠨ᠎ᠢ ᠠᠩᠬᠠᠷᠬᠤ ᠬᠡᠷᠡᠭ᠌ᠲᠡᠶ

ᠣᠯᠠᠨ ᠨᠡᠢᠲᠡ᠎ᠶ᠋ᠢᠨ ᠵᠠᠮ ᠬᠠᠷᠢᠯᠴᠠᠭᠠᠨ᠎ᠤ ᠪᠠᠭᠠᠵᠢ᠎ᠳᠤ ᠠᠪᠴᠤ ᠭᠠᠷᠬᠤ᠎ᠶᠢ ᠴᠠᠭᠠᠵᠠᠯᠠᠭᠰᠠᠨ ᠡᠳ᠋ ᠪᠣᠳᠠᠰ᠎ᠢ ᠠᠪᠴᠤ᠌ ᠭᠠᠷᠬᠤ ᠥᠬᠡᠶ᠂ ᠠᠶᠠᠨ ᠵᠠᠮ᠎ᠳᠠᠭᠠᠨ ᠠᠮᠤᠷ ᠲᠦᠪᠱᠢᠨ᠎ᠦ ᠪᠦᠰᠡ᠎ᠪᠡᠨ ᠪᠦᠰᠡᠯᠡᠵᠦ᠍᠂ ᠠᠮᠤᠷ ᠲᠦᠪᠱᠢᠨ᠎ᠦ ᠠᠯᠤᠬ᠎ᠠ᠂ ᠭᠠᠯ ᠤᠨᠲᠠᠷᠠᠭᠠᠭᠤᠷ᠎ᠤᠨ ᠬᠡᠷᠡᠭ᠌ᠯᠡᠬᠦ᠌ ᠠᠷᠭ᠎ᠠ ᠪᠠ ᠠᠮᠢ ᠵᠢᠭᠤᠲᠠᠬᠤ ᠡᠭᠦᠳᠡ ᠴᠣᠩᠬᠣᠨ᠎ᠤ ᠪᠠᠢᠷᠢ᠎ᠶ᠋ᠢ ᠤᠷᠢᠳᠴᠢᠯᠠᠨ ᠣᠢᠯᠠᠭᠠᠵᠤ᠂ ᠠᠮᠢ ᠵᠢᠭᠤᠲᠠᠬᠤ ᠪᠠᠴᠢᠮ ᠠᠷᠭ᠎ᠠ ᠬᠡᠮᠵᠢᠶ᠎ᠡ᠎ᠶᠢ ᠡᠵᠡᠮᠱᠢᠬᠦ᠌ ᠬᠡᠷᠡᠭ᠌ᠲᠡᠶ᠃ ᠥᠪᠡᠷ᠎ᠢᠶᠡᠨ ᠲᠡᠷᠭᠡ ᠵᠢᠯᠣᠭᠣᠳᠴᠤ᠌ ᠭᠠᠳᠠᠭ᠍ᠰᠢ ᠵᠢᠭᠤᠯᠴᠢᠯᠠᠬᠤ᠎ᠳᠠᠭᠠᠨ ᠶᠠᠳᠠᠷᠠᠯᠲᠠᠶ᠎ᠪᠠᠷ ᠲᠡᠷᠭᠡ ᠵᠢᠯᠣᠭᠣᠳᠭᠤ ᠪᠠ ᠠᠷᠢᠬᠢ ᠤᠤᠭᠤᠭ᠍ᠰᠠᠨ᠎ᠤ ᠳᠠᠷᠠᠭ᠎ᠠ ᠲᠡᠷᠭᠡ ᠵᠢᠯᠣᠭᠣᠳᠭᠤ᠎ᠶ᠋ᠢ ᠡᠷᠡᠰ ᠴᠠᠭᠠᠵᠠᠯᠠᠵᠤ᠂ ᠲᠡᠷᠭᠡᠨ᠎ᠦ ᠬᠤᠷᠳᠤᠴᠠ᠎ᠶ᠋ᠢ ᠬᠢᠵᠠᠭᠠᠷᠯᠠᠨ᠂ ᠬᠦᠶ᠋ᠲᠡᠨ ᠠᠭᠤᠷ ᠠᠮᠢᠰᠭᠤᠯ᠂ ᠪᠣᠷᠣᠭᠠᠨ ᠴᠠᠰᠤ᠂ ᠮᠥᠰᠥᠲᠦᠯ᠂ ᠬᠦᠶ᠋ᠲᠡᠨ ᠤᠷᠤᠰᠭᠠᠯ᠂ ᠪᠣᠬᠢᠷ ᠮᠠᠨᠠᠨ ᠵᠡᠷᠭᠡ ᠮᠠᠭᠤ ᠮᠠᠭᠤᠬᠠᠢ ᠴᠠᠭ ᠠᠭᠤᠷ᠎ᠠᠴᠠ ᠪᠣᠯᠵᠤ ᠡᠨᠳᠡᠯ ᠭᠠᠷᠬᠤ ᠠᠶᠤᠯ ᠲᠦᠭ᠌ᠰᠢᠭᠦᠷᠢ᠎ᠶ᠋ᠢ ᠠᠩᠬᠠᠷᠤᠨ ᠰᠡᠷᠭᠡᠢᠯᠡᠬᠦ᠌ ᠬᠡᠷᠡᠭ᠌ᠲᠡᠶ᠃

ᠵᠢᠷᠤᠭ᠎ᠤᠨ ᠢᠷᠡᠯᠲᠡ᠄ ᠳᠤᠮᠳᠠᠳᠤ ᠤᠯᠤᠰ᠎ᠤᠨ ᠰᠤᠨᠢᠨ ᠮᠡᠳᠡᠭᠡ ᠎ᠶᠢᠨ ᠰᠦᠯᠵᠢᠶ᠎ᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号