ᠮᠠᠨ᠎ᠤ ᠣᠷᠣᠨ ᠨᠡᠢᠭᠡᠮ᠎ᠦᠨ ᠠᠪᠤᠷᠠᠨ ᠲᠤᠰᠠᠯᠠᠯᠳᠠ ᠪᠠ ᠪᠠᠲᠤᠯᠠᠭ᠎ᠠ᠎ᠶ᠋ᠢᠨ ᠪᠠᠷᠢᠮᠵᠢᠶ᠎ᠠ᠎ᠶ᠋ᠢ ᠪᠠᠷᠠᠭᠠᠨ᠎ᠤ ᠦᠨ᠎ᠡ᠎ᠶ᠋ᠢᠨ ᠥᠰᠥᠯᠲᠡ ᠎ᠯᠦᠭᠡ ᠬᠣᠯᠪᠣᠭ᠍ᠳᠠᠭᠤᠯᠵᠤ ᠬᠤᠯᠪᠤᠭᠠᠯᠠᠬᠤ ᠲᠣᠭ᠍ᠲᠠᠴᠠ᠎ᠶ᠋ᠢ ᠤᠯᠠᠮ ᠨᠢᠭᠡ ᠠᠯᠬᠤᠮ ᠪᠦᠷᠢᠨᠱᠢᠭᠦᠯᠪᠡ
2022-01-28 11:16:23
ᠵᠣᠬᠢᠶᠠᠭ᠍ᠴᠢ᠄
ᠪᠠᠢ ᠵᠢᠡᠭ
ᠣᠩᠱᠢᠭ᠍ᠰᠠᠨ ᠣᠳᠠᠭ᠎ᠠ᠄
★★★☆☆

ᠪᠥᠬᠥ᠌ ᠣᠷᠣᠨ᠎ᠤ ᠬᠦᠴᠢᠷᠳᠡᠯᠲᠡᠶ ᠣᠯᠠᠨ ᠲᠦᠮᠡᠨ᠎ᠦ ᠦᠨᠳᠦᠰᠦᠨ ᠠᠮᠢᠳᠤᠷᠠᠯ᠎ᠤᠨ ᠪᠠᠲᠤᠯᠠᠭ᠎ᠠ᠎ᠶ᠋ᠢᠨ ᠠᠵᠢᠯ᠎ᠢ ᠦᠨᠡᠨᠬᠦ᠌ ᠰᠠᠢᠲᠤᠷ ᠬᠢᠬᠦ᠌᠎ᠶ᠋ᠢᠨ ᠲᠤᠰᠠᠳᠠ᠂ ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ 《ᠨᠡᠢᠭᠡᠮ᠎ᠦᠨ ᠠᠪᠤᠷᠠᠨ ᠲᠤᠰᠠᠯᠠᠯᠳᠠ ᠪᠠ ᠪᠠᠲᠤᠯᠠᠭ᠎ᠠ᠎ᠶ᠋ᠢᠨ ᠪᠠᠷᠢᠮᠵᠢᠶ᠎ᠠ ᠶ᠋ᠢ ᠪᠠᠷᠠᠭᠠᠨ᠎ᠤ ᠦᠨ᠎ᠡ᠎ᠶ᠋ᠢᠨ ᠥᠰᠥᠯᠲᠡ᠎ᠯᠦᠭᠡ ᠬᠣᠯᠪᠣᠭ᠍ᠳᠠᠭᠤᠯᠵᠤ ᠬᠤᠯᠪᠤᠭᠠᠯᠠᠬᠤ ᠲᠣᠭ᠍ᠲᠠᠴᠠ᠎ᠶ᠋ᠢ ᠤᠯᠠᠮ ᠨᠢᠭᠡ ᠠᠯᠬᠤᠮ ᠪᠦᠷᠢᠨᠱᠢᠭᠦᠯᠬᠦ᠌ ᠲᠤᠬᠠᠶ ᠮᠡᠳᠡᠭ᠌ᠳᠡᠯ》 ( ᠳᠣᠷᠣᠭ᠍ᠰᠢ 《 ᠮᠡᠳᠡᠭ᠌ᠳᠡᠯ 》 ᠭᠡᠵᠦ᠍ ᠲᠣᠪᠴᠢᠯᠠᠨ᠎ᠠ ) ᠎ᠢ ᠳᠠᠷᠤᠮᠠᠯᠯᠠᠨ ᠲᠠᠷᠬᠠᠭᠠᠵᠤ᠂ ᠬᠦᠴᠢᠷᠳᠡᠯᠲᠡᠶ ᠣᠯᠠᠨ ᠲᠦᠮᠡᠨ᠎ᠦ ᠦᠨᠳᠦᠰᠦᠨ ᠠᠮᠢᠳᠤᠷᠠᠯ᠎ᠳᠤ ᠦᠵᠡᠭᠦᠯᠬᠦ᠌ ᠪᠠᠷᠠᠭᠠᠨ᠎ᠤ ᠦᠨ᠎ᠡ᠎ᠶ᠋ᠢᠨ ᠥᠰᠥᠯᠲᠡ᠎ᠶ᠋ᠢᠨ ᠨᠥᠯᠥᠭᠡ᠎ᠶ᠋ᠢ ᠨᠠᠮᠳᠠᠭᠤᠯᠤᠨ᠂ ᠠᠷᠠᠳ᠎ᠤᠨ ᠠᠮᠢᠳᠤᠷᠠᠯ ᠎ᠤᠨ ᠦᠨᠳᠦᠰᠦᠨ ᠬᠣᠷᠢᠭ᠎ᠠ ᠱᠤᠭᠤᠮ᠎ᠢ ᠪᠠᠲᠤ ᠰᠠᠬᠢᠪᠠ᠃

《ᠮᠡᠳᠡᠭ᠌ᠳᠡᠯ》ᠳ᠋ᠤ ᠦᠨ᠎ᠡ ᠬᠠᠩᠰᠢ᠎ᠶ᠋ᠢᠨ ᠨᠥᠬᠥᠪᠥᠷᠢ᠎ᠶ᠋ᠢᠨ ᠬᠣᠯᠪᠣᠭᠠᠯᠠᠬᠤ ᠲᠣᠭ᠍ᠲᠠᠴᠠ᠎ᠶ᠋ᠢᠨ ᠪᠠᠲᠤᠯᠠᠭ᠎ᠠ ᠬᠦᠷᠲᠡᠬᠦ ᠡᠲᠡᠭᠡᠳ ᠪᠣᠯ᠄ ᠬᠣᠲᠠ ᠬᠥᠳᠡᠭᠡ᠎ᠶ᠋ᠢᠨ ᠠᠮᠢᠳᠤᠷᠠᠯ᠎ᠤᠨ ᠨᠠᠭᠠᠳᠤ ᠵᠠᠬ᠎ᠠ᠎ᠶ᠋ᠢᠨ ᠪᠠᠲᠤᠯᠠᠭ᠎ᠠ ᠭᠥᠷᠳᠡᠭ᠌ᠰᠡᠳ᠂ ᠣᠨᠴᠠ ᠬᠦᠴᠢᠷᠳᠡᠯᠲᠡᠶ ᠬᠥᠮᠦᠰ᠂ ᠠᠵᠢᠯ ᠠᠯᠳᠠᠯᠲᠠ᠎ᠶ᠋ᠢᠨ ᠳᠠᠭᠠᠳᠭᠠᠯ᠎ᠤᠨ ᠮᠥᠩᠭᠥ᠌ ᠠᠪᠴᠤ᠌ ᠪᠠᠢᠭ᠎ᠠ ᠬᠥᠮᠦᠰ᠂ ᠤᠯᠤᠰ᠎ᠤᠨ ᠲᠣᠭ᠍ᠲᠠᠮᠠᠯ ᠬᠤᠭᠤᠴᠠᠭ᠎ᠠ᠎ᠲᠠᠶ ᠠᠰᠠᠷᠠᠮᠵᠢ᠎ᠶ᠋ᠢᠨ ᠨᠥᠬᠥᠪᠥᠷᠢ ᠮᠦᠩᠬᠦ ᠭᠥᠷᠳᠡᠵᠦ᠍ ᠪᠠᠢᠭ᠎ᠠ ᠠᠰᠠᠷᠠᠨ ᠬᠠᠷᠠᠭᠠᠯᠵᠠᠬᠤ ᠡᠲᠡᠭᠡᠳ᠂ ᠥᠨᠥᠴᠢᠨ ᠬᠡᠦᠬᠡᠳ᠂ ᠪᠣᠳᠠᠲᠠᠶ ᠠᠰᠠᠷᠠᠨ ᠲᠡᠵᠢᠭᠡᠬᠦ᠌ ᠬᠥᠮᠦᠨ ᠥᠬᠡᠶ ᠬᠡᠦᠬᠡᠳ᠂ ᠠᠢᠽ ᠡᠪᠡᠳᠴᠢᠨ᠎ᠦ ᠸᠢᠷᠦ᠋ᠰ᠎ᠲᠦ ᠬᠠᠯᠳᠠᠪᠤᠷᠢᠯᠠᠭ᠍ᠳᠠᠭ᠍ᠰᠠᠨ ᠬᠡᠦᠬᠡᠳ᠂ ᠶᠡᠬᠡ ᠳᠡᠭᠡᠳᠦ ᠰᠤᠷᠭᠠᠭᠤᠯᠢ᠎ᠶ᠋ᠢᠨ ᠬᠡᠷ ᠪᠦᠯᠢ᠎ᠨᠢ ᠬᠦᠴᠢᠷᠳᠡᠯᠲᠡᠶ ᠰᠤᠷᠤᠭ᠍ᠴᠢᠳ ᠪᠣᠯᠤᠨ᠎ᠠ᠃

ᠦᠨ᠎ᠡ ᠬᠠᠩᠰᠢ᠎ᠶ᠋ᠢᠨ ᠨᠥᠬᠥᠪᠥᠷᠢ᠎ᠶ᠋ᠢᠨ ᠬᠣᠯᠪᠣᠭᠠᠯᠠᠬᠤ ᠲᠣᠭ᠍ᠲᠠᠴᠠ᠎ᠶ᠋ᠢ ᠠᠢᠮᠠᠭ ᠬᠣᠲᠠ᠎ᠪᠠᠷ ᠨᠢᠭᠡᠴᠢ ᠪᠣᠯᠭᠠᠨ ᠨᠢᠭᠡᠳᠦᠯᠲᠡᠶ ᠡᠬᠢᠯᠡᠭᠦᠯᠵᠦ᠍᠂ ᠡᠭᠦᠨ᠎ᠳᠦ ᠬᠥᠯᠥᠨ ᠪᠣᠢᠷ ᠬᠣᠲᠠ᠂ ᠱᠢᠯᠢ᠎ᠶ᠋ᠢᠨ ᠭᠤᠤᠯ ᠠᠢᠮᠠᠭ᠎ᠡᠬᠢᠯᠡᠭᠦᠯᠬᠦ᠌ ᠦᠶᠡᠰ ᠮᠠᠨᠵᠤᠤᠷ ᠬᠣᠲᠠ᠂ ᠡᠷᠢᠶᠡᠨ ᠬᠣᠲᠠ᠎ᠳᠤ ᠲᠣᠰ ᠲᠣᠰ ᠮᠡᠳᠡᠭ᠌ᠳᠡᠨ ᠵᠡᠷᠭᠡᠪᠡᠷ ᠡᠬᠢᠯᠡᠭᠦᠯᠦᠨ᠎ᠡ᠃ ᠰᠠᠭᠤᠭᠠᠯᠢ ᠠᠷᠠᠳ ᠎ᠤᠨ ᠬᠡᠷᠡᠭ᠌ᠯᠡᠭᠡᠨ᠎ᠦ ᠦᠨ᠎ᠡ ᠬᠠᠩᠰᠢ᠎ᠶ᠋ᠢᠨ ᠭᠦᠶ᠋ᠴᠡᠳᠭᠡᠯ ᠲᠣᠭ᠎ᠠ (CPI) ᠭᠠᠭ᠍ᠴᠠ ᠰᠠᠷ᠎ᠠ᠎ᠶ᠋ᠢᠨ ᠠᠳᠠᠯᠢ ᠬᠤᠭᠤᠴᠠᠭᠠᠨ᠎ᠤ ᠬᠢ᠎ᠡᠴᠡ ᠥᠰᠦᠭ᠌ᠰᠡᠨ ᠬᠡᠮᠵᠢᠶ᠎ᠡ ᠨᠢ 3.5% ᠪᠤᠶᠤ CPI ᠵᠢᠨ ᠳᠣᠲᠣᠷᠠᠬᠢ ᠢᠳᠡᠭᠡᠨ᠎ᠦ ᠵᠦᠶ᠋ᠯ᠎ᠦᠨ ᠦᠨ᠎ᠡ ᠬᠠᠩᠰᠢ᠎ᠶ᠋ᠢᠨ ᠭᠠᠭ᠍ᠴᠠ ᠰᠠᠷ᠎ᠠ᠎ᠶ᠋ᠢᠨ ᠠᠳᠠᠯᠢ ᠬᠤᠭᠤᠴᠠᠭᠠᠨ᠎ᠤ ᠬᠢ᠎ᠡᠴᠡ ᠥᠰᠦᠭ᠌ᠰᠡᠨ ᠬᠡᠮᠵᠢᠶ᠎ᠡ ᠨᠢ 6% ᠬᠥᠷᠬᠥ᠌ ᠦᠶ᠎ᠡ᠎ᠳᠦ᠂ ᠦᠨ᠎ᠡ ᠬᠠᠩᠰᠢ᠎ᠶ᠋ᠢᠨ ᠨᠥᠬᠥᠪᠥᠷᠢ᠎ᠶ᠋ᠢᠨ ᠬᠣᠯᠪᠣᠭᠠᠯᠠᠬᠤ ᠲᠣᠭ᠍ᠲᠠᠴᠠ᠎ᠶ᠋ᠢ ᠡᠬᠢᠯᠡᠭᠦᠯᠵᠦ᠍᠂ ᠬᠦᠴᠢᠷᠳᠡᠯᠲᠡᠶ ᠣᠯᠠᠨ ᠲᠦᠮᠡᠨ᠎ᠳᠦ ᠦᠨ᠎ᠡ ᠬᠠᠩᠰᠢ᠎ᠶ᠋ᠢᠨ ᠲᠦᠷ ᠴᠠᠭ᠎ᠤᠨ ᠨᠥᠬᠥᠪᠥᠷᠢ ᠣᠯᠭᠣᠨ᠎ᠠ; ᠲᠣᠰ ᠰᠠᠷ᠎ᠠ᠎ᠳᠤ ᠳᠡᠭᠡᠷ᠎ᠡ ᠳᠤᠷᠠᠳᠤᠭ᠍ᠰᠠᠨ ᠪᠣᠶ ᠪᠥᠬᠥᠶ ᠡᠬᠢᠯᠡᠭᠦᠯᠬᠦ᠌ ᠨᠥᠬᠥᠴᠡᠯ᠎ᠢ ᠴᠥᠮ ᠬᠠᠩᠭᠠᠵᠤ ᠳᠡᠢᠯᠬᠦ᠌ ᠥᠬᠡᠶ ᠪᠣᠯ ᠬᠣᠯᠪᠣᠭᠠᠯᠠᠬᠤ ᠲᠣᠭ᠍ᠲᠠᠴᠠ᠎ᠶ᠋ᠢ ᠵᠣᠭ᠍ᠰᠣᠭᠠᠵᠤ᠂ ᠦᠨ᠎ᠡ ᠬᠠᠩᠰᠢ᠎ᠶ᠋ᠢᠨ ᠲᠦᠷ ᠴᠠᠭ᠎ᠤᠨ ᠨᠥᠬᠥᠪᠥᠷᠢ ᠣᠯᠭᠣᠬᠤ᠎ᠶ᠋ᠢ ᠵᠣᠭ᠍ᠰᠣᠭᠠᠨ᠎ᠠ᠃

ᠦᠨ᠎ᠡ ᠬᠠᠩᠰᠢ᠎ᠶ᠋ᠢᠨ ᠲᠦᠷ ᠴᠠᠭ᠎ᠤᠨ ᠨᠥᠬᠥᠪᠥᠷᠢ᠎ᠶ᠋ᠢ ᠠᠢᠮᠠᠭ ᠬᠣᠲᠠ᠎ᠶ᠋ᠢᠨ ᠬᠣᠲᠠ ᠪᠠᠯᠭᠠᠰᠤ᠎ᠶ᠋ᠢᠨ ᠣᠷᠣᠯᠭ᠎ᠠ ᠪᠠᠭ᠎ᠠ ᠲᠠᠢ ᠰᠠᠭᠤᠭᠠᠯᠢ ᠠᠷᠠᠳ᠎ᠤᠨ ᠦᠨᠳᠦᠰᠦᠨ ᠠᠮᠢᠳᠤᠷᠠᠯ᠎ᠤᠨ ᠵᠠᠷᠤᠳᠠᠯ᠎ᠤᠨ ᠦᠨ᠎ᠡ ᠬᠠᠩᠰᠢ᠎ᠶ᠋ᠢᠨ ᠭᠦᠶ᠋ᠴᠡᠳᠭᠡᠯ ᠲᠣᠭ᠎ᠠ ( SCPI ) ᠪᠡᠷ ᠲᠥᠰᠦᠭᠡᠯᠡᠨ ᠪᠤᠳᠤᠵᠤ᠂ 《ᠰᠠᠷ᠎ᠠ᠎ᠪᠠᠷ ᠲᠥᠰᠦᠭᠡᠯᠡᠨ ᠪᠤᠳᠤᠬᠤ᠂ ᠰᠠᠷ᠎ᠠ᠎ᠪᠠᠷ ᠣᠯᠭᠣᠬᠤ》 ᠵᠠᠷᠴᠢᠮ᠎ᠢ ᠦᠨᠳᠦᠰᠦᠯᠡᠨ᠂ ᠬᠠᠮᠢᠶ᠎ᠠ ᠪᠥᠬᠥᠶ ᠦᠨ᠎ᠡ ᠬᠠᠩᠰᠢ᠎ᠶ᠋ᠢᠨ ᠭᠦᠶ᠋ᠴᠡᠳᠭᠡᠯ ᠲᠣᠭ᠎ᠠ᠎ᠶ᠋ᠢ ᠨᠡᠢᠲᠡᠯᠡᠭ᠌ᠰᠡᠨ ᠲᠣᠰ ᠰᠠᠷ᠎ᠠ᠎ᠳᠤ ᠬᠦᠴᠢᠷᠳᠡᠯᠲᠡᠶ ᠣᠯᠠᠨ ᠲᠦᠮᠡᠨ᠎ᠳᠦ ᠲᠣᠭ᠎ᠠ ᠶᠣᠰᠣᠭᠠᠷ᠎ᠨᠢ ᠣᠯᠭᠣᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号