ᠵᠠᠰᠠᠭ ᠤ᠋ᠨ ᠤᠷᠳᠤᠨ ᠤ᠋ ᠠᠵᠢᠯ ᠤ᠋ᠨ ᠢᠯᠡᠳᠭᠡᠯ — 2022 ᠣᠨ᠎ᠤ 1 ᠰᠠᠷ᠎ᠠ᠎ᠶ᠋ᠢᠨ 21 ᠎ᠤ᠋ ᠡᠳᠦᠷ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠵᠢᠷᠭᠤᠳᠤᠭᠠᠷ ᠬᠤᠷᠠᠯ ᠳᠡᠭᠡᠷ᠎ᠡ
2022-01-28 07:13:50
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆


          ᠥᠪᠡᠷᠳᠡᠭᠡᠨ ᠵᠠᠰᠠᠬᠤ ᠤᠷᠤᠨ᠎ᠤ ᠲᠡᠷᠢᠬᠦᠯᠡᠭ᠌ᠴᠢ   ᠸᠠᠩ ᠯᠢ ᠱᠢᠶᠠ


QQ图片20220128073929.jpg


ᠦᠪᠠᠷᠳᠡᠭᠡᠨ ᠵᠠᠰᠠᠬᠤ ᠤᠷᠤᠨ᠎ᠦ ᠲᠠᠷᠢᠬᠦᠯᠡᠭᠴᠢ ᠸᠠᠩ ᠯᠢ ᠰᠢᠶᠠ ᠵᠠᠰᠠᠭ᠎ᠤᠨ ᠤᠷᠳᠤᠨ᠎ᠦ ᠠᠵᠢᠯ᠎ᠤᠨ ᠢᠯᠡᠳᠭᠡᠯ ᠬᠢᠵᠤ ᠪᠠᠢᠭ᠎ᠠ ᠨᠢ᠃       

                  ᠰᠤᠷᠪᠤᠯᠵᠢᠯᠠᠭᠴᠢ ᠬᠠᠨ ᠴᠢᠩ ᠯᠢ ᠰᠡᠬᠦᠳᠡᠷᠯᠡᠪᠡ


ᠲᠥᠯᠥᠭᠡᠯᠡᠭ᠌ᠴᠢᠳ ᠡ᠄

ᠣᠳᠣ᠂ ᠪᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠮᠦᠨ᠎ᠡ᠎ᠠᠴᠠ ᠶᠡᠭᠡ ᠬᠤᠷᠠᠯ᠎ᠳᠤ ᠠᠵᠢᠯ᠎ᠢᠶᠠᠨ ᠮᠡᠳᠡᠭᠦᠯᠦᠶ᠎ᠡ᠂ ᠬᠢᠨᠠᠨ ᠵᠥᠪᠯᠡᠬᠦ᠌ ᠪᠣᠯᠪᠠᠤ᠂ ᠲᠡᠷᠡᠴᠢᠯᠡᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠤ ᠭᠡᠱᠢᠭᠦᠳ ᠰᠠᠨᠠᠯ᠎ᠢᠶᠠᠨ ᠳᠤᠷᠠᠳᠭᠤ ᠪᠣᠯᠪᠠᠤ᠃


ᠨᠢᠭᠡ᠂ 《ᠠᠷᠪᠠᠨ ᠳᠦᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢ ᠬᠡᠷᠡᠭ᠌ᠵᠢᠭᠦᠯᠵᠦ᠍ ᠡᠬᠢᠯᠡᠭ᠌ᠰᠡᠨ ᠵᠢᠯ᠎ᠤᠨ ᠠᠵᠢᠯ᠎ᠤᠨ ᠡᠷᠭᠢᠴᠡᠭᠦᠯᠦᠯ

ᠥᠩᠭᠡᠷᠡᠭ᠌ᠰᠡᠨ ᠨᠢᠭᠡ ᠵᠢᠯ ᠪᠣᠯ ᠨᠠᠮ ᠪᠠ ᠤᠯᠤᠰ᠎ᠤᠨ ᠲᠡᠦᠬᠡᠨ᠎ᠳᠠᠬᠢ ᠪᠡᠯᠭᠡ ᠲᠡᠮᠳᠡᠭ᠎ᠤᠨ ᠠᠴᠢ ᠬᠤᠯᠪᠣᠭ᠍ᠳᠠᠯ᠎ᠲᠠᠢ ᠨᠢᠭᠡ ᠵᠢᠯ᠂ ᠮᠥᠨ ᠴᠦ᠍ ᠥᠪᠥᠷ ᠮᠣᠩᠭᠤᠯ᠎ᠤᠨ ᠬᠥᠭ᠌ᠵᠢᠯᠲᠡ᠎ᠶ᠋ᠢᠨ ᠶᠠᠪᠤᠴᠠ᠎ᠳᠠᠬᠢ ᠶᠡᠷᠦ᠍ ᠪᠤᠰᠤ᠎ᠶ᠋ᠢᠨ ᠨᠢᠭᠡ ᠵᠢᠯ ᠪᠣᠯᠣᠨ᠎ᠠ᠃ ᠶᠡᠷᠦᠩᠬᠡᠢ ᠱᠦᠵᠢ ᠰᠢ᠎ᠶ᠋ᠢᠨ ᠫᠢᠩ᠎ᠤᠨ ᠳᠣᠲᠣᠨᠣ ᠬᠠᠯᠠᠮᠵᠢᠯᠠᠯ ᠪᠠ ᠨᠠᠮ᠎ᠤᠨ ᠲᠥᠪ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ ᠢᠯᠠᠩᠭᠤᠶ᠎ᠠ ᠶᠡᠷᠦᠩᠬᠡᠢ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠨᠠᠮ᠎ᠤᠨ ᠲᠥᠪ ᠬᠤᠷᠢᠶ᠎ᠠ᠂ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠱᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠱᠠᠭᠠᠷᠳᠠᠯᠭ᠎ᠠ᠎ᠶ᠋ᠢ ᠪᠥᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠪᠥᠬᠦ᠌ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠳᠤ ᠪᠠᠲᠤ ᠲᠦᠱᠢᠭ᠌ᠯᠡᠨ ᠡᠯ᠎ᠡ ᠵᠦᠢᠯ᠎ᠤᠨ ᠠᠵᠢᠯ ᠦᠢᠯᠡᠰ᠎ᠤᠨ ᠬᠥᠭ᠌ᠵᠢᠯᠲᠡ᠎ᠶ᠋ᠢ ᠠᠬᠢᠭᠤᠯᠵᠤ᠂ 《ᠠᠷᠪᠠᠨ ᠳᠦᠷᠪᠡᠳᠦᠭᠡᠷ ᠲᠠᠪᠤᠨ ᠵᠢᠯ》 ᠎ᠤ᠋ᠨ ᠲᠥᠯᠥᠪᠵᠢᠭᠦᠯᠭᠡ᠎ᠶ᠋ᠢᠨ ᠰᠠᠢᠨ ᠰᠠᠢᠬᠠᠨ ᠡᠬᠢᠯᠡᠯᠲᠡ᠎ᠪᠠᠷ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠤᠨ ᠣᠢ᠎ᠶ᠋ᠢ ᠪᠠᠶᠠᠷᠯᠠᠨ ᠪᠡᠯᠭᠡᠯᠡᠪᠡ᠃

ᠨᠢᠭᠡ ᠵᠢᠯ᠎ᠤᠨ ᠲᠤᠷᠰᠢ᠂ ᠪᠢᠳᠡ ᠡᠯ᠎ᠡ ᠵᠦᠢᠯ᠎ᠤᠨ ᠬᠦᠴᠢᠷ ᠪᠠ ᠥᠷᠢᠰᠦᠯᠳᠦᠭᠡᠨ ᠲᠤᠯᠭᠠᠷᠠᠭ᠍ᠰᠠᠨ ᠴᠦ᠍᠂ ᠲᠣᠭ᠍ᠲᠠᠭᠤᠨ ᠪᠠᠢᠯᠭᠠᠬᠤ᠎ᠶ᠋ᠢᠨ ᠳᠠᠭᠠᠤ᠎ᠳᠤ ᠤᠷᠤᠭ᠍ᠰᠢᠯᠠᠨ᠂ ᠬᠦᠨᠳᠦ ᠡᠭᠦᠷᠭᠡ᠎ᠶ᠋ᠢ ᠡᠭᠦᠷᠭᠡᠯᠡᠵᠦ᠍ ᠬᠦᠴᠦᠯᠡᠨ ᠴᠢᠷᠮᠠᠢᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠳᠠᠭᠠᠭᠤᠯᠭ᠎ᠠ᠎ᠪᠠᠷ ᠬᠡᠳᠦᠨ ᠵᠦᠢᠯ᠎ᠤᠨ ᠴᠢᠬᠤᠯᠠ ᠮᠥᠷᠲᠡᠭᠡᠨ ᠬᠦᠴᠢᠷ ᠠᠵᠢᠯ ᠶᠠᠪᠤᠳᠠᠯ᠎ᠢ ᠭᠤᠣᠯᠳᠠᠯᠭ᠎ᠠ᠎ᠲᠠᠢ ᠠᠳᠭᠤᠪᠠ᠃ ᠲᠥᠯᠥᠪᠵᠢᠭᠦᠯᠭᠡ᠎ᠶ᠋ᠢᠨ ᠲᠣᠭ᠍ᠲᠠᠯᠴᠠᠭ᠎ᠠ᠎ᠶ᠋ᠢ ᠨᠠᠷᠢᠨ ᠨᠢᠮᠪᠠᠢ ᠨᠠᠢᠷᠠᠭᠤᠯᠤᠨ ᠵᠣᠬᠢᠶᠠᠪᠠ᠂ ᠶᠡᠷᠦᠩᠬᠡᠢ ᠱᠦᠵᠢ ᠰᠢ᠎ᠶ᠋ᠢᠨ ᠫᠢᠩ ᠪᠠ ᠨᠠᠮ᠎ᠤᠨ ᠲᠥᠪ ᠬᠤᠷᠢᠶᠠᠨ᠎ᠠᠴᠠ ᠥᠪᠥᠷ ᠮᠣᠩᠭᠤᠯ᠎ᠳᠤ ᠲᠣᠭ᠍ᠲᠠᠭᠠᠵᠤ ᠥᠭ᠌ᠭᠦᠭ᠌ᠰᠡᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠠᠵᠢᠯᠯᠠᠭᠠᠨ᠎ᠤ ᠬᠥᠲᠦᠯᠪᠦᠷᠢ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢᠨ ᠲᠣᠭᠤᠷᠢᠨ᠎ᠳᠤ ᠨᠢᠭ᠍ᠲᠠ ᠤᠶᠠᠯᠳᠤᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ 《ᠠᠷᠪᠠᠨ ᠳᠦᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠰᠠᠨᠠᠭᠤᠯᠭ᠎ᠠ ᠶᠣᠰᠣᠭᠠᠷ ᠵᠢᠷᠤᠭ ᠲᠦᠰᠦᠪ᠎ᠢᠶᠠᠨ ᠲᠤᠭᠤᠱᠢᠲᠠᠢ ᠵᠢᠷᠤᠭ᠍ᠯᠠᠨ ᠵᠣᠬᠢᠶᠠᠬᠤ᠎ᠶ᠋ᠢ ᠪᠠᠷᠢᠮᠲᠠᠯᠠᠨ᠂ ᠲᠥᠯᠥᠪᠵᠢᠭᠦᠯᠭᠡ᠎ᠶ᠋ᠢ ᠬᠡᠷᠡᠭ᠌ᠵᠢᠭᠦᠯᠵᠦ᠍ ᠡᠬᠢᠯᠡᠭ᠌ᠰᠡᠨ ᠵᠢᠯ᠎ᠳᠤ ᠡᠯ᠎ᠡ ᠲᠥᠷᠥᠯ᠎ᠤᠨ ᠶᠡᠷᠦᠩᠬᠡᠢ ᠲᠥᠯᠥᠪᠵᠢᠭᠦᠯᠭᠡ ᠪᠠ ᠲᠤᠰᠭᠠᠢ ᠲᠥᠯᠥᠪᠵᠢᠭᠦᠯᠭᠡ᠎ᠶ᠋ᠢ ᠦᠨᠳᠦᠰᠦᠨ᠎ᠳᠦ ᠪᠠᠨ ᠨᠠᠢᠷᠠᠭᠤᠯᠤᠨ ᠵᠣᠬᠢᠶᠠᠵᠤ ᠳᠠᠭᠤᠰᠭᠠᠭ᠍ᠰᠠᠨ ᠪᠥᠭᠡᠳ 《ᠠᠷᠪᠠᠨ ᠳᠦᠷᠪᠡᠳᠦᠭᠡᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠬᠥᠭ᠌ᠵᠢᠯᠲᠡ᠎ᠶ᠋ᠢᠨ ᠬᠡᠷᠡᠭ᠌ᠵᠢᠭᠦᠯᠦᠨ ᠨᠠᠢᠳᠠᠪᠤᠷᠢᠵᠢᠭᠤᠯᠬᠤ ᠲᠥᠰᠥᠯ᠎ᠢ ᠨᠠᠢᠷᠠᠭᠤᠯᠤᠨ ᠵᠣᠬᠢᠶᠠᠪᠠ᠃ ᠳᠠᠯᠳᠠ ᠬᠦᠴᠦᠨ᠎ᠢᠶᠠᠨ ᠪᠥᠬᠦ᠌ ᠲᠠᠯ᠎ᠠ᠎ᠪᠠᠷ ᠠᠭᠤᠳᠠᠯᠵᠤ ᠨᠡᠭᠦᠷᠡᠰᠦ ᠴᠠᠬᠢᠯᠭᠠᠨ᠎ᠤ ᠬᠠᠩᠭᠠᠯᠭ᠎ᠠ᠎ᠶ᠋ᠢ ᠪᠠᠲᠤᠯᠠᠪᠠ᠂ ᠶᠡᠭᠡ ᠲᠠᠯ᠎ᠠ᠎ᠶ᠋ᠢ ᠪᠠᠲᠤᠯᠠᠬᠤ ᠪᠠ ᠠᠷᠠᠳ᠎ᠤᠨ ᠠᠮᠢᠳᠤᠷᠠᠯ᠎ᠢ ᠪᠠᠲᠤᠯᠠᠬᠤ᠎ᠶ᠋ᠢ ᠪᠠᠷᠢᠮᠲᠠᠯᠠᠨ᠂ ᠤᠷᠢᠳ ᠬᠤᠵᠢᠳ 50 ᠵᠦᠢᠯ᠎ᠤᠨ ᠠᠷᠭ᠎ᠠ ᠬᠡᠮᠵᠢᠶ᠎ᠡ᠎ᠶ᠋ᠢ ᠳᠤᠷᠠᠳᠤᠨ ᠭᠠᠷᠭᠠᠵᠤ ᠦᠢᠯᠡᠳᠪᠦᠷᠢᠯᠡᠯ᠎ᠢᠶᠠᠨ ᠨᠡᠮᠡᠭ᠌ᠳᠡᠭᠦᠯᠵᠦ᠍ ᠬᠠᠩᠭᠠᠯᠭ᠎ᠠ᠎ᠶ᠋ᠢ ᠪᠠᠲᠤᠯᠠᠨ᠂ ᠤᠯᠤᠰ᠎ᠠᠴᠠ ᠲᠤᠱᠢᠶᠠᠵᠦ᠍ ᠳᠠᠭᠠᠭᠠᠯᠭᠠᠭ᠍ᠰᠠᠨ 18 ᠮᠤᠵᠢ᠎ᠶ᠋ᠢᠨ ᠨᠡᠭᠦᠷᠡᠰᠦᠨ᠎ᠤ ᠬᠠᠩᠭᠠᠯᠭ᠎ᠠ᠎ᠶ᠋ᠢ ᠪᠠᠲᠤᠯᠠᠬᠤ ᠡᠭᠦᠷᠭᠡ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠵᠦ᠍᠂ ᠲᠠᠷᠢᠶᠠᠴᠢᠨ ᠮᠠᠯᠴᠢᠨ ᠡᠷᠦᠬᠡ᠎ᠳᠤ ᠡᠩ᠎ᠤᠨ ᠦᠨ᠎ᠡ᠎ᠪᠠᠷ ᠨᠡᠭᠦᠷᠡᠰᠦ ᠬᠠᠩᠭᠠᠵᠤ ᠥᠭ᠌ᠪᠡ᠂ ᠨᠡᠭᠦᠷᠡᠰᠦᠨ᠎ᠤ ᠡᠳᠦᠷ᠎ᠤᠨ ᠭᠠᠷᠤᠯᠲᠠ ᠵᠠᠯᠭᠠᠭ᠎ᠠ᠎ᠪᠠᠷ ᠱᠢᠨ᠎ᠡ ᠲᠦᠪᠱᠢᠨ᠎ᠳᠤ ᠬᠦᠷᠴᠦ᠍᠂ ᠭᠠᠳᠠᠭ᠍ᠰᠢ ᠴᠠᠬᠢᠯᠭᠠᠨ ᠳᠠᠮᠵᠢᠭᠤᠯᠤᠭ᠍ᠰᠠᠨ ᠬᠡᠮᠵᠢᠶ᠎ᠡ ᠪᠥᠬᠦ᠌ ᠤᠯᠤᠰ᠎ᠲᠤ ᠲᠦᠷᠦᠭᠦᠯᠡᠭᠡᠳ ᠤᠯᠤᠰ᠎ᠤᠨ ᠬᠥᠭ᠌ᠵᠢᠯᠲᠡ ᠪᠠ ᠠᠮᠤᠷ ᠲᠦᠪᠱᠢᠨ᠎ᠤ ᠶᠡᠭᠡ ᠲᠠᠯ᠎ᠠ᠎ᠳᠤ ᠥᠪᠥᠷ ᠮᠣᠩᠭᠤᠯ᠎ᠤᠨ᠎ᠢᠶᠠᠨ ᠬᠤᠪᠢ ᠨᠡᠮᠡᠷᠢ᠎ᠶ᠋ᠢ ᠦᠵᠡᠭᠦᠯᠪᠡ᠃ᠰᠡᠳᠭᠢᠯ ᠨᠢᠭᠡᠲᠦᠨ ᠬᠦᠴᠦ᠍᠎ᠪᠠᠨ ᠬᠠᠮᠲᠤᠳᠭᠠᠵᠦ᠍ ᠭᠡᠨᠡᠳᠲᠡ ᠡᠭᠦᠰᠦᠭ᠌ᠰᠡᠨ ᠬᠢᠵᠢᠭ᠎ᠤᠨ ᠪᠠᠢᠳᠠᠯ᠎ᠢ ᠱᠢᠢᠳᠪᠦᠷᠢᠯᠡᠪᠡ᠂ ᠠᠷᠠᠳ ᠲᠦᠮᠡᠨ᠎ᠢ ᠳᠡᠭᠡᠳᠦᠯᠡᠬᠦ᠌ ᠪᠠ ᠠᠮᠢ ᠨᠠᠰᠤ᠎ᠶ᠋ᠢ ᠳᠡᠭᠡᠳᠦᠯᠡᠬᠦ᠌᠎ᠶ᠋ᠢ ᠪᠠᠷᠢᠮᠲᠠᠯᠠᠨ᠂ ᠠᠷᠭ᠎ᠠ ᠪᠥᠬᠦᠨ᠎ᠢ ᠰᠦᠪᠡᠭ᠌ᠴᠢᠯᠡᠨ ᠪᠠᠢᠵᠤ ᠬᠢᠯᠢ ᠬᠢᠵᠠᠭᠠᠷ ᠣᠷᠣᠨ᠎ᠤ ᠬᠤᠲᠠ ᠪᠠᠯᠭᠠᠰᠤᠨ᠎ᠳᠠᠬᠢ ᠲᠠᠬᠤᠯ ᠡᠪᠡᠳᠴᠢᠨ᠎ᠤ ᠰᠤᠳᠤᠯᠤᠯ᠎ᠤᠨ ᠪᠠᠢᠴᠠᠭᠠᠨ ᠱᠢᠨᠵᠢᠬᠦ᠂ ᠡᠮᠴᠢᠯᠡᠵᠦ᠍ ᠠᠪᠤᠷᠠᠨ ᠵᠠᠰᠠᠬᠤ᠂ ᠲᠤᠰᠠᠭᠠᠷᠯᠠᠵᠤ ᠲᠥᠪᠬᠢᠨᠡᠭᠦᠯᠬᠦ᠂ ᠡᠳ᠋ ᠪᠠᠷᠠᠭ᠎ᠠ᠎ᠶ᠋ᠢ ᠪᠠᠲᠤᠯᠠᠬᠤ ᠵᠡᠷᠭᠡ ᠡᠯ᠎ᠡ ᠲᠠᠯ᠎ᠠ᠎ᠪᠠᠷ᠎ᠬᠢ ᠲᠥᠰᠥᠭᠡᠯᠡᠬᠦᠶ᠎ᠡ ᠪᠡᠷᠬᠡ ᠪᠠᠢᠭ᠍ᠰᠠᠨ ᠬᠦᠴᠢᠷᠳᠡᠯ᠎ᠢ ᠢᠯᠡᠨ ᠳᠠᠪᠠᠪᠠ᠂ ᠢᠯᠠᠩᠭᠤᠶ᠎ᠠ ᠬᠦᠴᠢᠷ ᠪᠡᠷᠬᠡᠱᠢᠶᠡᠯ᠎ᠢ ᠲᠤᠭᠤᠯᠵᠤ ᠪᠠᠢᠭᠠᠳ ᠲᠦᠮᠡ ᠭᠠᠷᠤᠢ ᠵᠢᠭᠤᠯᠴᠢᠯᠠᠭ᠍ᠰᠠᠳ᠎ᠢ ᠮᠤᠵᠢ ᠠᠯᠤᠰᠯᠠᠵᠤ ᠬᠠᠮᠠᠭᠠᠯᠠᠨ ᠬᠦᠷᠭᠡᠬᠦ᠂ ᠨᠢᠭ᠍ᠲᠠ ᠣᠢᠷᠠᠲᠤᠭ᠍ᠰᠠᠨ ᠲᠦᠮᠡ ᠭᠠᠷᠤᠢ ᠬᠥᠮᠥᠨ᠎ᠢ ᠭᠠᠵᠠᠷ ᠣᠷᠣᠨ ᠬᠤᠪᠢᠶᠠᠵᠤ ᠲᠤᠰᠠᠭᠠᠷᠯᠠᠬᠤ᠂ ᠬᠡᠳᠦᠨ ᠵᠠᠭᠤᠨ ᠡᠪᠡᠳᠴᠢᠲᠡᠨ᠎ᠢ ᠮᠢᠩᠭᠠᠨ ᠭᠠᠵᠠᠷ᠎ᠤᠨ ᠬᠤᠯᠠ ᠱᠢᠯᠵᠢᠭᠦᠯᠦᠨ ᠬᠦᠷᠭᠡᠬᠦ᠌ ᠠᠵᠢᠯ᠎ᠢᠶᠠᠨ ᠠᠮᠵᠢᠯᠲᠠ᠎ᠲᠠᠢ ᠵᠣᠬᠢᠶᠠᠨ ᠪᠠᠢᠭᠤᠯᠵᠤ᠂ ᠡᠷᠢᠶᠡᠨ ᠬᠤᠲᠠ᠂ ᠡᠵᠡᠨ᠎ᠡ᠂ ᠮᠠᠨᠵᠤᠤᠷ ᠵᠡᠷᠭᠡ ᠭᠠᠵᠠᠷ᠎ᠤᠨ ᠬᠢᠵᠢᠭ᠎ᠤᠨ ᠪᠠᠢᠳᠠᠯ᠎ᠢ ᠪᠦᠲᠦᠮᠵᠢᠲᠡᠢ ᠲᠥᠪᠬᠢᠨᠡᠭᠦᠯᠦᠨ ᠱᠢᠢᠳᠪᠦᠷᠢᠯᠡᠭᠡᠳ ᠠᠷᠠᠳ ᠣᠯᠠᠨ᠎ᠤ ᠠᠮᠤᠭᠤᠯᠠᠩ ᠪᠠ ᠨᠡᠢᠭᠡᠮ᠎ᠤᠨ ᠡᠮᠬᠢ ᠳᠢᠭ᠌ᠯᠢᠮ ᠲᠣᠭ᠍ᠲᠠᠭᠤᠨ ᠪᠠᠢᠬᠤ᠎ᠶ᠋ᠢ ᠬᠦᠴᠦᠲᠡᠢ ᠬᠠᠮᠠᠭᠠᠯᠠᠨ ᠪᠠᠲᠤᠯᠠᠪᠠ᠃ ᠬᠦᠨᠳᠦ ᠶᠡᠭᠡ ᠲᠦᠭ᠌ᠰᠢᠭᠦᠷᠢ᠎ᠶ᠋ᠢ ᠡᠷᠡᠰ ᠱᠢᠭᠤᠷᠬᠠᠢ ᠪᠥᠭᠡᠳ ᠯᠠᠪᠳᠠᠭᠤᠨ ᠪᠠᠳᠤᠲᠠᠢ᠎ᠪᠠᠷ ᠰᠡᠷᠭᠡᠢᠯᠡᠵᠦ᠍ ᠠᠷᠢᠯᠭᠠᠪᠠ᠂ ᠵᠠᠰᠠᠭ᠎ᠤᠨ ᠣᠷᠳᠣᠨ᠎ᠤ ᠳᠠᠯᠳᠠ ᠴᠢᠨᠠᠷᠲᠠᠢ ᠥᠷᠢ ᠥᠭ᠌ᠴᠡᠭᠡ᠎ᠶ᠋ᠢ ᠠᠷᠢᠯᠭᠠᠬᠤ ᠣᠨ᠎ᠤ ᠡᠭᠦᠷᠭᠡ᠎ᠪᠠᠨ ᠳᠠᠪᠠᠭᠤᠯᠤᠨ ᠪᠡᠶᠡᠯᠡᠭᠦᠯᠵᠦ᠍᠂ ᠪᠣᠣ ᠱᠠᠩ ᠪᠠᠩᠬᠢ᠎ᠶ᠋ᠢᠨ ᠲᠦᠭ᠌ᠰᠢᠭᠦᠷᠢ ᠪᠠ ᠥᠪᠥᠷ ᠮᠣᠩᠭᠤᠯ᠎ᠤᠨ ᠡᠨᠧᠷᠬᠢ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠰᠲ᠋ᠣᠺ᠎ᠢ ᠱᠢᠶᠠᠩᠭᠠᠩ᠎ᠤᠨ ᠠᠷᠠᠯᠵᠢᠶᠠᠨ᠎ᠤ ᠭᠠᠵᠠᠷ᠎ᠤᠨ ᠵᠠᠬ᠎ᠠ ᠳᠡᠯᠭᠡᠭᠦᠷ᠎ᠠᠴᠠ ᠪᠤᠴᠠᠭᠠᠨ ᠭᠠᠷᠭᠠᠬᠤ᠎ᠶ᠋ᠢ ᠯᠠᠪᠳᠠᠭᠤᠨ᠎ᠢᠶᠠᠷ ᠱᠢᠢᠳᠪᠦᠷᠢᠯᠡᠨ᠂ ᠬᠤᠲᠠ᠎ᠶ᠋ᠢᠨ ᠬᠤᠳᠠᠯᠳᠤᠭᠠᠨ᠎ᠤ ᠪᠠᠩᠬᠢ᠎ᠳᠤ ᠥᠭᠡᠷᠡᠴᠢᠯᠡᠯᠲᠡ ᠬᠢᠵᠦ᠍ ᠲᠦᠭ᠌ᠰᠢᠭᠦᠷᠢ᠎ᠶ᠋ᠢ᠎ᠨᠢ ᠠᠷᠢᠯᠭᠠᠬᠤ᠎ᠶ᠋ᠢ ᠯᠠᠪᠳᠠᠭᠤᠨ᠎ᠢᠶᠠᠷ ᠠᠬᠢᠭᠤᠯᠤᠨ᠂ ᠭᠡᠷ ᠪᠠᠢᠱᠢᠩ ᠭᠠᠵᠠᠷ ᠬᠥᠷᠥᠩᠭᠡ᠎ᠶ᠋ᠢᠨ ᠠᠵᠤ ᠠᠬᠤᠢᠯᠠᠯ᠎ᠤᠨ ᠭᠡᠷ᠎ᠡ᠎ᠪᠠᠨ ᠭᠦᠢᠴᠡᠳᠭᠡᠬᠦ᠌ ᠲᠠᠯ᠎ᠠ᠎ᠶ᠋ᠢᠨ ᠲᠦᠭ᠌ᠰᠢᠭᠦᠷᠢ᠎ᠶ᠋ᠢ ᠢᠳᠡᠪᠬᠢᠲᠡᠢ ᠰᠡᠷᠭᠡᠢᠯᠡᠨ ᠡᠵᠡᠮᠳᠡᠵᠦ᠍᠂ ᠨᠡᠭᠦᠷᠡᠰᠦᠨ᠎ᠤ ᠡᠬᠢ ᠪᠠᠶᠠᠯᠢᠭ᠎ᠤᠨ ᠬᠦᠷᠢᠶᠡᠨ᠎ᠳᠠᠬᠢ ᠲᠣᠭ᠍ᠲᠠᠭᠠᠯ ᠪᠠ ᠬᠠᠤᠯᠢ᠎ᠠᠴᠠ ᠵᠥᠷᠢᠴᠡᠭ᠌ᠰᠡᠨ ᠠᠰᠠᠭᠤᠳᠠᠯ᠎ᠢ ᠪᠠᠢᠩᠭᠤᠵᠢᠭᠤᠯᠤᠨ ᠵᠠᠰᠠᠵᠤ᠂ ᠨᠤᠲᠤᠭ ᠪᠡᠯᠴᠢᠭᠡᠷ ᠣᠢᠲᠤ ᠭᠠᠵᠠᠷ᠎ᠢ ᠡᠪᠳᠡᠭ᠌ᠰᠡᠨ ᠲᠣᠭ᠍ᠲᠠᠭᠠᠯ ᠪᠠ ᠬᠠᠤᠯᠢ᠎ᠠᠴᠠ ᠵᠥᠷᠢᠴᠡᠭ᠌ᠰᠡᠨ ᠠᠰᠠᠭᠤᠳᠠᠯ᠎ᠢ ᠲᠤᠰᠭᠠᠢᠯᠠᠨ ᠴᠡᠭ᠌ᠴᠡᠯᠡᠵᠦ᠍ ᠵᠠᠰᠠᠨ᠂ ᠡᠯ᠎ᠡ ᠵᠦᠢᠯ᠎ᠤᠨ ᠠᠵᠢᠯ ᠦᠢᠯᠡᠰ᠎ᠤᠨ ᠬᠥᠭ᠌ᠵᠢᠯᠲᠡ᠎ᠶ᠋ᠢᠨ ᠲᠣᠭ᠍ᠲᠠᠭᠤᠨ ᠪᠥᠭᠡᠳ ᠤᠷᠲᠤ ᠤᠳᠠᠭᠠᠨ ᠬᠥᠭ᠌ᠵᠢᠬᠦ᠌᠎ᠳᠤ ᠰᠠᠢᠨ ᠰᠠᠢᠬᠠᠨ ᠰᠠᠭᠤᠷᠢ᠎ᠶ᠋ᠢ ᠲᠠᠯᠪᠢᠪᠠ᠃ ᠠᠷᠭ᠎ᠠ ᠪᠤᠳᠤᠯᠭ᠎ᠠ᠎ᠶ᠋ᠢ ᠤᠨᠤᠴᠠᠲᠠᠢ ᠬᠡᠷᠡᠭ᠌ᠵᠢᠭᠦᠯᠵᠦ᠍ ᠡᠨᠧᠷᠬᠢ ᠠᠷᠪᠢᠯᠠᠵᠤ ᠬᠤᠷᠣᠭ᠍ᠳᠠᠯ᠎ᠢ ᠪᠠᠭᠤᠷᠠᠭᠤᠯᠬᠤ᠎ᠪᠠᠨ ᠴᠢᠩᠭᠠᠷᠠᠭᠤᠯᠪᠠ᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭ᠌ᠵᠢᠯᠲᠡ᠎ᠶ᠋ᠢ ᠪᠠᠷᠢᠮᠲᠠᠯᠠᠨ᠂ ᠠᠵᠤ ᠠᠬᠤᠢ᠎ᠶ᠋ᠢᠨ ᠪᠠᠭᠤᠷᠠᠯᠲᠠ᠎ᠶ᠋ᠢᠨ ᠳᠠᠷᠤᠯᠲᠠ᠎ᠶ᠋ᠢ ᠳᠠᠭᠠᠭᠠᠨ ᠲᠤᠯᠵᠤ᠂ ᠲᠣᠭ᠍ᠲᠠᠭᠠᠯ᠎ᠡᠴᠡ ᠵᠥᠷᠢᠴᠡᠭ᠌ᠰᠡᠨ 《 ᠬᠤᠶᠠᠷ ᠶᠡᠬᠡᠲᠡᠢ 》 ᠪᠠᠢᠬᠤ ᠲᠥᠷᠥᠯ ᠵᠦᠢᠯ᠎ᠢ ᠴᠡᠭ᠌ᠴᠡᠯᠡᠨ ᠦᠭᠡᠢᠰᠭᠡᠵᠦ᠍᠂ ᠡᠨᠧᠷᠬᠢ᠎ᠶ᠋ᠢᠨ ᠬᠤᠷᠣᠭ᠍ᠳᠠᠯ᠎ᠳᠤ ᠲᠥᠰᠥᠪ᠎ᠤᠨ ᠬᠠᠮᠢᠶᠠᠷᠤᠯᠲᠠ᠎ᠶ᠋ᠢ ᠬᠡᠷᠡᠭ᠌ᠵᠢᠭᠦᠯᠦᠨ᠂ ᠤᠯᠤᠰ᠎ᠡᠴᠡ ᠪᠠᠭᠤᠯᠭᠠᠭ᠍ᠰᠠᠨ ᠡᠭᠦᠷᠭᠡ᠎ᠶ᠋ᠢ ᠪᠡᠶᠡᠯᠡᠭᠦᠯᠦᠭ᠌ᠰᠡᠨ ᠪᠥᠭᠡᠳ ᠡᠬᠢ ᠪᠠᠶᠠᠯᠢᠭ᠎ᠤᠨ ᠣᠷᠴᠢᠨ ᠲᠣᠭᠤᠷᠢᠨ᠎ᠤ ᠬᠦᠯᠢᠶᠡᠰᠦᠯᠡᠬᠦ᠌ ᠴᠢᠨᠠᠷᠲᠠᠢ ᠭᠦᠢᠴᠡᠳᠭᠡᠯ ᠲᠣᠭᠠᠨ᠎ᠳᠤ ᠡᠵᠡᠮᠱᠢᠯ ᠠᠯᠳᠠᠭ᠍ᠳᠠᠬᠤ ᠪᠠᠢᠳᠠᠯ᠎ᠢ ᠬᠤᠪᠢᠷᠠᠭᠤᠯᠪᠠ᠃ ᠬᠦᠴᠢᠷ ᠵᠦᠢᠯ᠎ᠢ ᠲᠤᠯᠤᠨ ᠬᠠᠷᠢᠭᠤᠴᠠᠵᠤ ᠦᠨᠡᠨ ᠪᠣᠳᠠᠲᠠᠢ᠎ᠪᠠᠷ ᠠᠵᠢᠯᠯᠠᠵᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ᠎ᠢ ᠱᠢᠯᠢᠳᠡᠭ᠌ᠵᠢᠭᠦᠯᠪᠡ᠂ ᠪᠦᠬᠦᠯᠢ ᠴᠣᠭ᠍ᠴᠠ᠎ᠶ᠋ᠢᠨ ᠱᠢᠪᠲᠤᠯᠤᠯᠲᠠ᠎ᠶ᠋ᠢᠨ ᠳᠠᠢᠯᠠᠯᠳᠤᠭᠠᠨ᠎ᠢ ᠰᠠᠢᠲᠤᠷ ᠬᠢᠬᠦ᠌᠎ᠪᠠᠷ ᠬᠥᠲᠥᠯᠥᠭᠦᠷ ᠪᠣᠯᠭᠠᠬᠤ᠎ᠶ᠋ᠢ ᠪᠠᠷᠢᠮᠲᠠᠯᠠᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ᠎ᠢ ᠱᠢᠯᠢᠳᠡᠭ᠌ᠵᠢᠭᠦᠯᠬᠦ᠌ 3.0 ᠲᠥᠰᠥᠯ᠎ᠢ ᠲᠣᠭ᠍ᠲᠠᠭᠠᠨ᠂ 《ᠨᠢᠭᠡ ᠯᠠ ᠰᠦᠯᠵᠢᠶ᠎ᠡ᠎ᠪᠠᠷ ᠨᠡᠢᠳᠡᠮ ᠭᠦᠢᠴᠡᠳᠭᠡᠬᠦ᠌》 2.0 ᠪᠠᠢᠭᠤᠯᠤᠯᠲᠠ᠎ᠶ᠋ᠢ ᠬᠡᠷᠡᠭ᠌ᠵᠢᠭᠦᠯᠵᠦ᠍᠂ 《ᠮᠥᠩᠬᠡ ᠰᠤᠪᠠᠭ• ᠳᠥᠷᠪᠡ᠎ᠶ᠋ᠢ ᠭᠦᠢᠴᠡᠳᠭᠡᠬᠦ᠌》 ᠦᠢᠯᠡᠴᠢᠯᠡᠭᠡ᠎ᠶ᠋ᠢ ᠥᠷᠨᠢᠭᠦᠯᠦᠨ᠂ ᠠᠵᠤ ᠠᠬᠤᠢᠯᠠᠯ ᠪᠠ ᠣᠯᠠᠨ ᠲᠥᠮᠡᠨ᠎ᠳᠤ ᠣᠷᠴᠢᠨ ᠨᠥᠬᠦᠴᠡᠯ ᠬᠤᠪᠢᠷᠠᠵᠤ ᠪᠠᠢᠬᠤ ᠪᠠ ᠦᠢᠯᠡᠴᠢᠯᠡᠭᠡ ᠱᠢᠯᠢᠳᠡᠭ᠌ᠵᠢᠵᠦ᠍ ᠪᠠᠢᠬᠤ᠎ᠶ᠋ᠢ ᠮᠡᠳᠡᠷᠡᠭᠦᠯᠪᠡ᠃ ᠴᠥᠬᠦᠷᠡᠰᠢ ᠦᠭᠡᠢ ᠴᠢᠷᠮᠠᠢᠭ᠍ᠰᠠᠨ᠎ᠢᠶᠠᠷ ᠪᠥᠬᠦ᠌ ᠣᠷᠣᠨ᠎ᠤ ᠠᠵᠤ ᠠᠬᠤᠢ ᠨᠡᠢᠭᠡᠮ᠎ᠤᠨ ᠬᠥᠭ᠌ᠵᠢᠯᠲᠡ᠎ᠳᠤ ᠰᠠᠢᠨ ᠰᠠᠢᠬᠠᠨ ᠬᠠᠨᠳᠤᠰᠢ ᠢᠯᠡᠷᠡᠵᠦ᠍᠂ ᠪᠥᠬᠦ᠌ ᠵᠢᠯ᠎ᠤᠨ ᠭᠤᠣᠯ ᠪᠣᠯᠬᠤ ᠬᠥᠭ᠌ᠵᠢᠯᠲᠡ᠎ᠶ᠋ᠢᠨ ᠬᠠᠷᠠᠯᠲᠠ ᠡᠭᠦᠷᠭᠡ ᠨᠡᠯᠢᠶᠡᠳ ᠰᠠᠢᠨ ᠪᠡᠶᠡᠯᠡᠭ᠌ᠳᠡᠪᠡ᠃

ᠨᠢᠭᠡ᠎ᠳᠤ ᠠᠵᠤ ᠠᠬᠤᠢ ᠲᠣᠭ᠍ᠲᠠᠭᠤᠨ ᠪᠥᠭᠡᠳ ᠡᠷᠡᠭᠦᠯ ᠠᠵᠢᠯᠯᠠᠭᠠᠨ᠎ᠢᠶᠠᠨ ᠪᠠᠲᠤᠯᠠᠪᠠ᠃ ᠪᠦᠲᠦᠮᠵᠢᠲᠡᠢ ᠪᠡᠯᠡ ᠣᠷᠤᠭᠤᠯᠤᠯᠲᠠ᠎ᠶ᠋ᠢ ᠬᠦᠴᠦᠯᠡᠨ ᠥᠷᠭᠡᠳᠭᠡᠵᠦ᠍᠂ 3074 ᠴᠢᠬᠤᠯᠠ ᠶᠡᠭᠡ ᠲᠥᠷᠥᠯ ᠵᠦᠢᠯ᠎ᠢ ᠬᠡᠷᠡᠭ᠌ᠵᠢᠭᠦᠯᠦᠨ᠂ 4658 ᠳ᠋ᠦᠩᠱᠢᠭᠤᠷ ᠲᠥᠭᠦᠷᠢᠭ᠎ᠤᠨ ᠪᠡᠯᠡ ᠣᠷᠣᠭᠤᠯᠵᠤ᠂ ᠠᠵᠤ ᠦᠢᠯᠡᠳᠪᠦᠷᠢ᠎ᠶ᠋ᠢᠨ ᠪᠡᠯᠡ ᠣᠷᠤᠭᠤᠯᠤᠯᠲᠠ ᠪᠠ ᠠᠷᠠᠳ᠎ᠤᠨ ᠳᠤᠮᠳᠠᠬᠢ ᠪᠡᠯᠡ ᠣᠷᠤᠭᠤᠯᠤᠯᠲᠠ ᠲᠤᠰ ᠲᠤᠰ 21.1% ᠪᠠ 14.4% ᠨᠡᠮᠡᠭ᠌ᠳᠡᠪᠡ᠃ ᠣᠯᠠᠨ ᠵᠦᠢᠯ᠎ᠤᠨ ᠠᠷᠭ᠎ᠠ ᠠᠪᠴᠢᠯ᠎ᠢ ᠬᠡᠷᠡᠭ᠌ᠯᠡᠵᠦ᠍ ᠪᠠᠢᠭᠠᠳ ᠠᠵᠤ ᠠᠬᠤᠢᠯᠠᠯ᠎ᠢ ᠲᠤᠰᠠᠯᠠᠨ ᠬᠦᠴᠢᠷᠳᠡᠯ᠎ᠢ᠎ᠨᠢ ᠲᠠᠢᠯᠵᠤ᠂ ᠠᠵᠤ ᠠᠬᠤᠢᠯᠠᠯ᠎ᠤᠨ ᠴᠠᠬᠢᠯᠭᠠᠨ ᠬᠡᠷᠡᠭ᠌ᠯᠡᠬᠦ᠌ ᠥᠪᠡᠷ᠎ᠤᠨ ᠥᠷᠲᠡᠭ᠎ᠢ᠎ᠨᠢ 59 ᠳ᠋ᠦᠩᠱᠢᠭᠤᠷ ᠲᠥᠭᠦᠷᠢᠭ ᠪᠠᠭᠤᠷᠠᠭᠤᠯᠤᠨ᠂ ᠠᠵᠤ ᠠᠬᠤᠢᠯᠠᠯ᠎ᠳᠤ ᠭᠦᠢᠯᠭᠡᠭᠡᠨ᠎ᠤ ᠴᠢᠨᠠᠷᠲᠠᠢ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌ ᠰᠠᠭᠤᠷᠢ ᠮᠥᠩᠭᠦ᠌ ᠪᠠ ᠬᠦᠴᠢᠷᠳᠡᠯ᠎ᠢ᠎ᠨᠢ ᠲᠠᠢᠯᠬᠤ ᠬᠥᠭ᠌ᠵᠢᠯᠲᠡ᠎ᠶ᠋ᠢᠨ ᠰᠠᠭᠤᠷᠢ ᠮᠥᠩᠭᠦ᠎ᠶ᠋ᠢ ᠱᠢᠨ᠎ᠡ᠎ᠪᠠᠷ 38.4 ᠳ᠋ᠦᠩᠱᠢᠭᠤᠷ ᠲᠥᠭᠦᠷᠢᠭ ᠲᠠᠯᠪᠢᠵᠤ ᠥᠭ᠌ᠪᠡ᠂ ᠱᠢᠨ᠎ᠡ᠎ᠪᠠᠷ 250 ᠳ᠋ᠦᠩᠱᠢᠭᠤᠷ ᠭᠠᠷᠤᠢ ᠲᠥᠭᠦᠷᠢᠭ ᠭᠠᠢᠯᠢ᠎ᠶ᠋ᠢ ᠬᠥᠩᠭᠡᠷᠡᠭᠦᠯᠵᠦ᠍ ᠰᠦᠢᠳᠭᠡᠯ᠎ᠢ  ᠪᠠᠭᠤᠷᠠᠭᠤᠯᠤᠨ᠂ ᠱᠢᠨ᠎ᠡ ᠪᠡᠷ ᠪᠠᠢᠭᠤᠯᠤᠭ᠍ᠰᠠᠨ ᠵᠠᠬ᠎ᠠ ᠳᠡᠯᠭᠡᠭᠦᠷ᠎ᠤᠨ ᠭᠤᠣᠯ ᠴᠣᠭ᠍ᠴᠠ 38.6 ᠲᠦᠮᠡ ᠪᠣᠯᠵᠤ᠂ ᠠᠵᠤ ᠦᠢᠯᠡᠳᠪᠦᠷᠢ᠎ᠶ᠋ᠢᠨ ᠠᠵᠤ ᠠᠬᠤᠢᠯᠠᠯ᠎ᠤᠨ ᠠᠱᠢᠭ ᠣᠯᠵᠠᠪᠤᠷᠢ᠎ᠶ᠋ᠢᠨ ᠶᠡᠷᠦᠩᠬᠡᠢ ᠲᠤᠭ᠎ᠠ 3000 ᠳ᠋ᠦᠩᠱᠢᠭᠤᠷ ᠲᠥᠭᠦᠷᠢᠭ᠎ᠢ ᠳᠠᠪᠠᠭᠠᠳ ᠲᠡᠦᠬᠡ᠎ᠶ᠋ᠢᠨ ᠱᠢᠨ᠎ᠡ ᠲᠦᠪᠱᠢᠨ᠎ᠢ ᠡᠭᠦᠳᠪᠡ᠃ ᠪᠡᠯᠡ ᠮᠥᠩᠭᠦ᠎ᠶ᠋ᠢ ᠱᠢᠭᠤᠳ ᠪᠠᠭᠤᠯᠭᠠᠬᠤᠲᠣᠭ᠍ᠲᠠᠴᠠ᠎ᠶ᠋ᠢ ᠨᠠᠢᠳᠠᠪᠤᠷᠢᠵᠢᠭᠤᠯᠤᠨ᠂ ᠵᠠᠷᠤᠯᠭ᠎ᠠ᠎ᠳᠤ ᠱᠢᠭᠤᠳ ᠪᠠᠭᠤᠯᠭᠠᠭ᠍ᠰᠠᠨ ᠪᠡᠯᠡ ᠮᠥᠩᠭᠦ᠌ 758 ᠳ᠋ᠦᠩᠱᠢᠭᠤᠷ ᠲᠥᠭᠦᠷᠢᠭ᠎ᠲᠤ ᠬᠦᠷᠴᠦ᠍᠂ ᠪᠣᠳᠠᠲᠤ ᠴᠣᠭ᠍ᠴᠠ᠎ᠶ᠋ᠢᠨ ᠠᠵᠤ ᠠᠬᠤᠢ᠎ᠶ᠋ᠢᠨ ᠬᠥᠭ᠌ᠵᠢᠯᠲᠡ ᠪᠠ ᠠᠷᠠᠳ᠎ᠤᠨ ᠦᠨᠳᠦᠰᠦᠨ ᠠᠮᠢᠳᠤᠷᠠᠯ᠂ ᠦᠨᠳᠦᠰᠦᠨ ᠱᠠᠲᠤᠨ᠎ᠤ ᠠᠵᠢᠯᠯᠠᠭᠠᠨ᠎ᠢ ᠪᠠᠲᠤᠯᠠᠪᠠ᠃ ᠪᠥᠬᠦ᠌ ᠣᠷᠣᠨ᠎ᠤ ᠭᠠᠵᠠᠷ ᠣᠷᠣᠨ᠎ᠤ ᠦᠢᠯᠡᠳᠪᠦᠷᠢᠯᠡᠯ᠎ᠤᠨ ᠶᠡᠷᠦᠩᠬᠡᠢ ᠥᠷᠲᠡᠭ 2 ᠲᠦᠮᠡᠨ ᠳ᠋ᠦᠩᠱᠢᠭᠤᠷ ᠲᠥᠭᠦᠷᠢᠭ᠎ᠢ ᠳᠠᠪᠠᠵᠤ᠂ 6.3% ᠨᠡᠮᠡᠭ᠌ᠳᠡᠵᠦ᠍᠂ ᠲᠣᠭ᠍ᠲᠠᠮᠠᠯ ᠬᠥᠷᠥᠩᠭᠡ᠎ᠶ᠋ᠢᠨ ᠪᠡᠯᠡ ᠣᠷᠤᠭᠤᠯᠤᠯᠲᠠ 9.8% ᠨᠡᠮᠡᠭ᠌ᠳᠡᠨ᠂ ᠨᠡᠢᠭᠡᠮ᠎ᠤᠨ ᠬᠡᠷᠡᠭ᠌ᠯᠡᠭᠡ᠎ᠶ᠋ᠢᠨ ᠵᠦᠢᠯ᠎ᠤᠨ ᠵᠢᠵᠢᠭ᠌ᠯᠡᠨ ᠬᠤᠳᠠᠯᠳᠤᠭ᠍ᠰᠠᠨ ᠶᠡᠷᠦᠩᠬᠡᠢ ᠲᠤᠭ᠎ᠠ 6.3% ᠨᠡᠮᠡᠭ᠌ᠳᠡᠵᠦ᠍᠂ ᠡᠩ᠎ᠤᠨ ᠣᠯᠠᠨ ᠨᠡᠢᠲᠡ᠎ᠶ᠋ᠢᠨ ᠲᠥᠰᠥᠪ᠎ᠤᠨ ᠣᠷᠣᠯᠭ᠎ᠠ 14.6% ᠨᠡᠮᠡᠭ᠌ᠳᠡᠨ᠂ ᠠᠵᠤ ᠠᠬᠤᠢ ᠦᠷᠭᠦᠯᠵᠢᠯᠡᠨ ᠲᠣᠭ᠍ᠲᠠᠭᠤᠨ᠎ᠢᠶᠠᠷ ᠰᠡᠷᠭᠦᠨ ᠥᠷᠨᠢᠵᠦ᠍᠂ ᠲᠣᠭ᠍ᠲᠠᠭᠤᠨ᠎ᠤ ᠳᠠᠭᠠᠤ᠎ᠳᠤ ᠰᠠᠢᠨ ᠬᠠᠨᠳᠦᠰᠢ᠎ᠲᠠᠢ ᠪᠣᠯᠪᠠ᠃

ᠬᠤᠶᠠᠷ᠎ᠲᠤ ᠠᠵᠤ ᠦᠢᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠱᠢᠬᠦ᠌ ᠢᠳᠡᠪᠬᠢ ᠠᠬᠢᠯᠲᠠ᠎ᠲᠠᠢ ᠪᠣᠯᠪᠠ᠃ ᠰᠦ ᠰᠠᠭᠠᠯᠢ᠎ᠶ᠋ᠢᠨ ᠦᠢᠯᠡᠰ ᠪᠠ ᠦᠷ᠎ᠡ ᠡᠭᠦᠯᠳᠡᠷ᠎ᠤᠨ ᠦᠢᠯᠡᠰ᠎ᠢ ᠬᠥᠭ᠌ᠵᠢᠭᠦᠯᠦᠨ ᠮᠠᠨᠳᠤᠭᠤᠯᠬᠤ ᠠᠵᠢᠯᠯᠠᠭᠠᠨ᠎ᠢ ᠬᠡᠷᠡᠭ᠌ᠵᠢᠭᠦᠯᠵᠦ᠍᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ 460 ᠲᠦᠮᠡᠨ ᠮᠦ᠍ ᠱᠢᠨ᠎ᠡ᠎ᠪᠠᠷ ᠨᠡᠮᠡᠭ᠌ᠳᠡᠨ᠂ ᠠᠮᠤ ᠪᠤᠳᠠᠭᠠᠨ᠎ᠤ ᠦᠢᠯᠡᠳᠪᠦᠷᠢᠯᠡᠯ 《ᠠᠷᠪᠠᠨ ᠨᠠᠢ᠍ᠮᠠᠨ ᠵᠢᠯ ᠳᠠᠷᠠᠭᠠᠯᠠᠨ ᠡᠯᠪᠡᠭ ᠬᠤᠷᠢᠶᠠᠯᠲᠠ》 ᠣᠯᠵᠤ᠂ ᠮᠠᠯ ᠠᠵᠤ ᠠᠬᠤᠢ᠎ᠶ᠋ᠢᠨ ᠦᠢᠯᠡᠳᠪᠦᠷᠢᠯᠡᠯ 《ᠠᠷᠪᠠᠨ ᠳᠣᠯᠣᠭᠠᠨ ᠵᠢᠯ ᠳᠠᠷᠠᠭᠠᠯᠠᠵᠤ ᠲᠣᠭ᠍ᠲᠠᠭᠤᠨ ᠥᠰᠦᠯᠲᠡ》 ᠎ᠲᠠᠢ ᠪᠣᠯᠪᠠ᠃ ᠱᠢᠨ᠎ᠡ ᠡᠨᠧᠷᠬᠢ᠎ᠶ᠋ᠢ ᠳᠠᠬᠢᠨ᠎ᠢᠶᠠᠷ ᠨᠡᠮᠡᠭ᠌ᠳᠡᠭᠦᠯᠬᠦ᠌ ᠠᠵᠢᠯᠯᠠᠭᠠᠨ᠎ᠢ ᠬᠡᠷᠡᠭ᠌ᠵᠢᠭᠦᠯᠦᠨ᠂ ᠰᠠᠯᠬᠢᠨ᠎ᠤ ᠬᠦᠴᠦ᠍᠎ᠪᠠᠷ ᠴᠠᠬᠢᠯᠭᠠᠨ ᠭᠠᠷᠭᠠᠬᠤ ᠬᠢᠭᠡᠳ ᠭᠡᠷᠡᠯ ᠴᠡᠨᠡᠭ᠎ᠤᠨ ᠲᠥᠷᠥᠯ ᠵᠦᠢᠯ᠎ᠤᠨ ᠵᠥᠪᠱᠢᠶᠡᠷᠡᠯ ᠣᠯᠣᠭ᠍ᠰᠠᠨ ᠬᠡᠪᠴᠢᠶ᠎ᠡ 4000 ᠲᠦᠮᠡᠨ ᠺᠢᠯᠦᠸᠠᠲ᠎ᠢ ᠳᠠᠪᠠᠭ᠍ᠰᠠᠨ ᠪᠥᠭᠡᠳ ᠳᠠᠬᠢᠨ ᠡᠭᠦᠰᠴᠦ᠍ ᠪᠣᠯᠬᠤ ᠡᠨᠧᠷᠬᠢ᠎ᠶ᠋ᠢᠨ ᠴᠠᠬᠢᠯᠭᠠᠨ ᠭᠠᠷᠭᠠᠭ᠍ᠰᠠᠨ ᠬᠡᠮᠵᠢᠶ᠎ᠡ 27.5% ᠨᠡᠮᠡᠭ᠌ᠳᠡᠪᠡ᠃ ᠠᠵᠤ ᠦᠢᠯᠡᠰ᠎ᠤᠨ ᠬᠠᠭᠤᠴᠢᠨ᠎ᠢ᠎ᠨᠢ ᠥᠭᠡᠷᠡᠴᠢᠯᠡᠵᠦ᠍ ᠱᠢᠨ᠎ᠡ᠎ᠪᠠᠷ ᠪᠣᠢ ᠪᠣᠯᠭᠠᠬᠤ᠎ᠶ᠋ᠢ ᠲᠦᠷᠭᠡᠳᠭᠡᠨ᠂ ᠶᠤᠸᠠᠨᠵᠢᠩ ᠵᠡᠷᠭᠡ 15 ᠲᠣᠯᠣᠭᠠᠢᠯᠠᠭ᠍ᠴᠢ ᠠᠵᠤ ᠠᠬᠤᠢᠯᠠᠯ᠎ᠢ ᠣᠷᠣᠭᠤᠯᠤᠨ ᠠᠪᠴᠢᠷᠠᠵᠤ᠂ ᠦᠢᠯᠡᠳᠬᠦ᠌ ᠦᠢᠯᠡᠰ ᠪᠠ ᠳᠡᠭᠡᠳᠦ ᠱᠢᠨ᠎ᠡ ᠮᠡᠷᠭᠡᠵᠢᠯ᠎ᠤᠨ ᠦᠢᠯᠡᠰ ᠲᠤᠰ ᠲᠤᠰ 11.3% ᠪᠠ 22.4% ᠨᠡᠮᠡᠭ᠌ᠳᠡᠪᠡ᠃ ᠠᠵᠤ ᠦᠢᠯᠡᠳᠪᠦᠷᠢ᠎ᠶ᠋ᠢᠨ ᠬᠦᠷᠢᠶᠡᠯᠡᠩ ᠲᠣᠭᠤᠷᠢᠭ᠎ᠢ ᠱᠢᠯᠢᠳᠡᠭ᠌ᠵᠢᠭᠦᠯᠵᠦ᠍ ᠡᠮᠬᠢᠯᠡᠨ ᠨᠡᠢᠯᠡᠭᠦᠯᠬᠦ᠌᠎ᠪᠠᠨ ᠪᠡᠶᠡᠯᠡᠭᠦᠯᠵᠦ᠍᠂ ᠪᠠᠢᠭᠤᠯᠤᠮᠵᠢ᠎ᠶ᠋ᠢᠨ ᠲᠤᠭ᠎ᠠ᠎ᠶ᠋ᠢ ᠬᠠᠭᠠᠰ᠎ᠢᠶᠠᠷ ᠪᠠᠭᠠᠰᠭᠠᠨ᠂ ᠲᠥᠯᠥᠪᠵᠢᠭᠦᠯᠭᠡ᠎ᠶ᠋ᠢᠨ ᠲᠠᠯᠠᠪᠠᠢ᠎ᠶ᠋ᠢ 30% ᠬᠠᠰᠤᠵᠤ᠂ ᠦᠢᠯᠡᠳᠬᠦᠨ᠎ᠤ ᠥᠷᠲᠡᠭ᠎ᠨᠢ ᠮᠢᠩᠭᠠᠨ ᠳ᠋ᠦᠩᠱᠢᠭᠤᠷ᠎ᠢ ᠳᠠᠪᠠᠭ᠍ᠰᠠᠨ ᠬᠦᠷᠢᠶᠡᠯᠡᠩ ᠲᠣᠭᠤᠷᠢᠭ 3 ᠪᠣᠯᠪᠠ᠃ ᠦᠢᠯᠡᠴᠢᠯᠡᠭᠡᠨ᠎ᠤ ᠦᠢᠯᠡᠰ᠎ᠤᠨ ᠲᠣᠭ᠍ᠲᠠᠭᠤᠨ ᠪᠣᠯᠵᠤ ᠴᠢᠨᠠᠷ ᠴᠢᠨᠰᠠᠭ᠎ᠠ᠎ᠪᠠᠨ ᠳᠡᠭᠡᠭ᠌ᠰᠢᠯᠡᠭᠦᠯᠬᠦ᠌᠎ᠶ᠋ᠢ ᠠᠬᠢᠭᠤᠯᠤᠨ᠂ ᠤᠯᠤᠰ᠎ᠤᠨ ᠳᠡᠰ᠎ᠤᠨ ᠰᠣᠶᠣᠯ ᠵᠢᠭᠤᠯᠴᠢᠯᠠᠯ᠎ᠤᠨ ᠰᠥᠨᠢ᠎ᠶ᠋ᠢᠨ ᠬᠡᠷᠡᠭ᠌ᠯᠡᠭᠡ᠎ᠶ᠋ᠢᠨ ᠲᠥᠪᠯᠡᠷᠡᠯ᠎ᠤᠨ ᠲᠣᠭᠤᠷᠢᠭ᠎ᠢ 3᠂ ᠪᠥᠬᠦ᠌ ᠤᠯᠤᠰ᠎ᠤᠨ ᠬᠥᠳᠡᠭᠡ ᠲᠣᠰᠭᠤᠨ᠎ᠤ ᠵᠢᠭᠤᠯᠴᠢᠯᠠᠯ᠎ᠤᠨ ᠭᠤᠣᠯᠳᠠᠯᠭ᠎ᠠ ᠪᠣᠯᠬᠤ ᠲᠣᠰᠭᠤᠨ ᠪᠠᠯᠭᠠᠰᠤ᠎ᠶ᠋ᠢ 9 ᠱᠢᠨ᠎ᠡ᠎ᠪᠠᠷ ᠡᠭᠦᠳᠦᠨ ᠪᠠᠢᠭᠤᠯᠵᠤ᠂ ᠤᠯᠤᠰ᠎ᠤᠨ ᠳᠡᠰ᠎ᠤᠨ ᠰᠣᠶᠣᠯ ᠵᠢᠭᠤᠯᠴᠢᠯᠠᠯ᠎ᠤᠨ ᠬᠡᠷᠡᠭ᠌ᠯᠡᠭᠡ᠎ᠶ᠋ᠢᠨ ᠲᠤᠷᠱᠢᠯᠲᠠ᠎ᠶ᠋ᠢᠨ ᠴᠡᠭ᠎ᠤᠨ ᠬᠤᠲᠠ᠎ᠳᠤ ᠪᠤᠭᠤᠲᠤ ᠬᠤᠲᠠ ᠰᠣᠩᠭᠤᠭ᠍ᠳᠠᠨ ᠣᠷᠣᠪᠠ᠃ ᠪᠥᠬᠦ᠌ ᠣᠷᠣᠨ᠎ᠤ ᠬᠠᠳᠠᠭᠠᠯᠠᠮᠵᠢ ᠪᠠ ᠵᠢᠭᠡᠯᠡᠯᠭᠡ᠎ᠶ᠋ᠢᠨ ᠵᠣᠭᠤᠰᠤᠨ᠎ᠤ ᠨᠡᠮᠡᠭ᠌ᠳᠡᠯ᠎ᠤᠨ ᠬᠤᠷᠳᠤᠴᠠ ᠨᠡᠮᠡᠭ᠌ᠳᠡᠯ᠎ᠤᠨ ᠬᠡᠮᠵᠢᠶ᠎ᠡ ᠴᠥᠮ 4 ᠵᠢᠯ᠎ᠳᠠᠬᠢ ᠱᠢᠨ᠎ᠡ ᠲᠦᠪᠱᠢᠨ᠎ᠢ ᠡᠭᠦᠳᠴᠦ᠍᠂ ᠪᠠᠩᠬᠢ᠎ᠶ᠋ᠢᠨ ᠦᠢᠯᠡᠰ᠎ᠤᠨ ᠨᠠᠢᠳᠠᠪᠤᠷᠢ ᠮᠠᠭᠤᠲᠠᠢ ᠵᠢᠭᠡᠯᠡᠯᠭᠡ᠎ᠶ᠋ᠢᠨ ᠵᠣᠭᠤᠰᠤᠨ᠎ᠤ ᠨᠣᠷᠮ᠎ᠠ ᠪᠠᠭᠤᠷᠠᠭᠠᠳ 6 ᠵᠢᠯ᠎ᠳᠠᠬᠢ ᠬᠠᠮᠤᠭ᠎ᠤᠨ ᠳᠣᠣᠷ᠎ᠠ ᠲᠦᠪᠱᠢᠨ᠎ᠳᠤ ᠬᠦᠷᠪᠡ;4 ᠠᠵᠤ ᠠᠬᠤᠢᠯᠠᠯ ᠠᠮᠵᠢᠯᠲᠠ᠎ᠲᠠᠢ᠎ᠪᠠᠷ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠴᠤ᠌᠂ ᠮᠠᠨ᠎ᠤ ᠣᠷᠣᠨ᠎ᠤ ᠠᠵᠤ ᠠᠬᠤᠢᠯᠠᠯ 9 ᠵᠢᠯ A ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭ᠍ᠰᠠᠨ ᠦᠭᠡᠢ ᠲᠡᠮᠳᠡᠭ᠌ᠯᠡᠯ᠎ᠢ ᠡᠴᠦᠰᠯᠡᠭᠦᠯᠪᠡ᠃

ᠭᠤᠷᠪᠠ᠎ᠳᠤ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠥᠪᠥᠷ ᠮᠣᠩᠭᠤᠯ᠎ᠢᠶᠠᠨ ᠬᠥᠭ᠌ᠵᠢᠭᠦᠯᠦᠨ ᠮᠠᠨᠳᠤᠭᠤᠯᠬᠤ》ᠠᠵᠢᠯᠯᠠᠭᠠᠨ᠎ᠢ ᠪᠥᠬᠦ᠌ ᠲᠠᠯ᠎ᠠ᠎ᠪᠠᠷ ᠭᠦᠨᠵᠡᠭᠡᠢᠷᠡᠭᠦᠯᠪᠡ᠃ ᠰᠤᠳᠤᠯᠤᠨ ᠨᠡᠭᠡᠭᠡᠬᠦ᠌᠎ᠳᠤ ᠪᠡᠯᠡ ᠣᠷᠣᠭᠤᠯᠤᠨ ᠱᠢᠪᠲᠤᠯᠤᠯᠲᠠ ᠬᠢᠬᠦ᠌ ᠠᠵᠢᠯᠯᠠᠭᠠᠨ᠎ᠢ ᠬᠡᠷᠡᠭ᠌ᠵᠢᠭᠦᠯᠦᠨ᠂ ᠡᠳ᠋᠎ᠤᠨ ᠵᠠᠰᠠᠭ᠎ᠤᠨ ᠲᠥᠬᠦᠷᠵᠢᠭᠦᠯᠦᠨ ᠳᠡᠮᠵᠢᠬᠦ᠌ 12 ᠠᠷᠭ᠎ᠠ ᠬᠡᠮᠵᠢᠶ᠎ᠡ᠎ᠶ᠋ᠢ ᠲᠣᠭ᠍ᠲᠠᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠠᠯ᠎ᠠ᠎ᠪᠠᠷ᠎ᠬᠢ ᠡᠳ᠋᠎ᠤᠨ ᠵᠠᠰᠠᠭ᠎ᠤᠨ ᠵᠠᠷᠤᠯᠭ᠎ᠠ᠎ᠶ᠋ᠢ ᠠᠳᠠᠯᠢ ᠪᠠᠷᠢᠮᠵᠢᠶ᠎ᠠ᠎ᠪᠠᠷ 20.7% ᠨᠡᠮᠡᠭ᠌ᠳᠡᠭᠦᠯᠪᠡ᠃ ᠤᠷᠤᠭ᠍ᠰᠢ ᠳᠠᠪᠱᠢᠨ ᠱᠢᠯᠢᠳᠡᠭ᠌ᠵᠢᠬᠦ᠌᠎ᠶ᠋ᠢ ᠠᠬᠢᠭᠤᠯᠵᠤ ᠲᠠᠬᠢᠨ᠎ᠢᠶᠠᠷ ᠨᠡᠮᠡᠭ᠌ᠳᠡᠭᠦᠯᠬᠦ᠌ ᠲᠥᠯᠥᠪᠯᠡᠭᠡ᠎ᠶ᠋ᠢ ᠬᠡᠷᠡᠭ᠌ᠵᠢᠭᠦᠯᠦᠨ᠂ ᠪᠥᠬᠦ᠌ ᠤᠯᠤᠰ᠎ᠤᠨ ᠨᠡᠷᠡᠰ᠎ᠤᠨ ᠵᠢᠭ᠍ᠰᠠᠭᠠᠯᠲᠠ᠎ᠳᠤ ᠬᠦᠬᠡᠬᠤᠲᠠ ᠳᠡᠭᠡᠳᠦ ᠱᠢᠨ᠎ᠡ ᠮᠡᠷᠭᠡᠵᠢᠯ᠎ᠤᠨ ᠲᠣᠭᠤᠷᠢᠭ᠎ᠤᠨ ᠪᠠᠢᠷᠢ᠎ᠨᠢ ᠤᠷᠤᠭ᠍ᠰᠢ᠎ᠪᠠᠨ 10 ᠳᠠᠪᠱᠢᠵᠤ᠂ ᠪᠥᠬᠦ᠌ ᠣᠷᠣᠨ᠎ᠤ ᠳᠡᠭᠡᠳᠦ ᠱᠢᠨ᠎ᠡ ᠮᠡᠷᠭᠡᠵᠢᠯ᠎ᠤᠨ ᠠᠵᠤ ᠠᠬᠤᠢᠯᠠᠯ ᠪᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠡᠯᠪᠡᠷᠢ᠎ᠶ᠋ᠢᠨ ᠳᠤᠮᠳᠠ ᠵᠢᠵᠢᠭ ᠠᠵᠤ ᠠᠬᠤᠢᠯᠠᠯ ᠲᠤᠰ ᠲᠤᠰ 1220 ᠪᠠ 828 ᠪᠣᠯᠪᠠ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠴᠢᠬᠤᠯᠠ ᠶᠡᠭᠡ 47 ᠲᠤᠰᠭᠠᠢ ᠵᠦᠢᠯ᠎ᠢ ᠵᠣᠬᠢᠶᠠᠨ ᠪᠠᠢᠭᠤᠯᠵᠤ᠂ ᠮᠡᠷᠭᠡᠵᠢᠯ᠎ᠤᠨ ᠱᠢᠪᠲᠤᠯᠤᠯᠲᠠ᠎ᠶ᠋ᠢᠨ ᠲᠥᠯᠥᠪᠯᠡᠭᠡ᠎ᠶ᠋ᠢᠨ 445 ᠵᠦᠢᠯ᠎ᠢ ᠬᠡᠷᠡᠭ᠌ᠵᠢᠭᠦᠯᠦᠨ᠂ ᠠᠩᠬᠠᠨ᠎ᠤ ᠪᠦᠯᠦᠭ 《ᠵᠠᠷᠯᠠᠯ ᠬᠦᠯᠢᠶᠡᠵᠦ᠍ ᠬᠤᠱᠢᠭᠤᠷᠠᠨ ᠠᠵᠢᠯᠯᠠᠬᠤ》 ᠲᠥᠷᠥᠯ ᠵᠦᠢᠯ᠎ᠤᠨ 12 ᠵᠦᠢᠯ᠎ᠢ᠎ᠨᠢ ᠴᠢᠷᠮᠠᠢᠨ ᠪᠦᠲᠦᠭᠡᠵᠦ᠍᠂ ᠠᠯᠤᠰ ᠰᠡᠷᠡᠯ᠎ᠤᠨ ᠳᠠᠭᠠᠭᠤᠯᠢ ᠣᠳᠣᠨ 《ᠥᠪᠥᠷ ᠮᠣᠩᠭᠤᠯ᠎ᠤᠨ ᠨᠢᠭᠡᠳᠦᠭᠡᠷ ᠨᠣᠮᠧᠷᠲᠤ》 ᠎ᠶ᠋ᠢ ᠠᠮᠵᠢᠯᠲᠠ᠎ᠲᠠᠢ ᠬᠠᠷᠪᠤᠪᠠ᠃ ᠲᠠᠪᠴᠠᠩ ᠠᠴᠢᠶᠠᠯᠠᠪᠤᠷᠢ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠡᠷᠴᠢᠮ᠎ᠢ ᠴᠢᠩᠭᠠᠷᠠᠭᠤᠯᠤᠨ᠂ ᠥᠪᠥᠷ ᠮᠣᠩᠭᠤᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠰᠤᠳᠤᠯᠤᠯ᠎ᠤᠨ ᠬᠦᠷᠢᠶᠡᠯᠡᠩ᠎ᠢ ᠪᠠᠢᠭᠤᠯᠵᠤ᠂ ᠬᠤᠪᠣᠷ ᠱᠢᠷᠣᠢ ᠪᠠ 5G ᠠᠵᠤ ᠦᠢᠯᠡᠰ᠎ᠤᠨ ᠱᠢᠨ᠎ᠡ ᠡᠭᠦᠳᠦᠯᠲᠡ᠎ᠶ᠋ᠢᠨ ᠬᠤᠯᠪᠣᠭ᠎ᠠ᠎ᠶ᠋ᠢ ᠪᠠᠢᠭᠤᠯᠤᠨ᠂ ᠤᠯᠤᠰ᠎ᠤᠨ ᠣᠷᠣᠨ ᠪᠦᠰᠡ᠎ᠶ᠋ᠢᠨ ᠱᠢᠨ᠎ᠡ ᠡᠭᠦᠳᠦᠯᠲᠡ᠎ᠶ᠋ᠢᠨ ᠬᠥᠭ᠌ᠵᠢᠯᠲᠡ᠎ᠶ᠋ᠢᠨ ᠬᠤᠯᠪᠣᠭᠠᠲᠤ ᠰᠠᠭᠤᠷᠢ ᠮᠥᠩᠭᠦ᠌ ᠪᠠ ᠬᠠᠲᠤᠨ ᠭᠤᠣᠯ᠎ᠤᠨ ᠰᠠᠪᠠ ᠭᠠᠵᠠᠷ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ ᠡᠭᠦᠳᠦᠯᠲᠡ᠎ᠶ᠋ᠢᠨ ᠬᠤᠯᠪᠣᠭ᠎ᠠ᠎ᠳᠤ ᠣᠷᠣᠯᠴᠠᠵᠤ᠂ ᠤᠯᠤᠰ᠎ᠤᠨ ᠳᠣᠲᠣᠭᠠᠳᠤ᠎ᠶ᠋ᠢᠨ ᠶᠡᠭᠡ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ᠎ᠯᠤᠭ᠎ᠠ ᠱᠢᠨ᠎ᠡ ᠬᠡᠯᠪᠡᠷᠢ᠎ᠶ᠋ᠢᠨ ᠰᠤᠳᠤᠯᠤᠨ ᠨᠡᠭᠡᠭᠡᠬᠦ᠌ 24 ᠪᠠᠢᠭᠤᠯᠤᠮᠵᠢ᠎ᠶ᠋ᠢ ᠬᠠᠮᠲᠤ᠎ᠪᠠᠷ ᠪᠠᠢᠭᠤᠯᠤᠨ᠂ ᠤᠯᠤᠰ᠎ᠤᠨ ᠰᠦ᠎ᠶ᠋ᠢᠨ ᠦᠢᠯᠡᠰ᠎ᠤᠨ ᠮᠡᠷᠭᠡᠵᠢᠯ᠎ᠤᠨ ᠱᠢᠨ᠎ᠡ ᠡᠭᠦᠳᠦᠯᠲᠡ᠎ᠶ᠋ᠢᠨ ᠲᠥᠪ ᠪᠠ ᠰᠦ ᠴᠠᠭᠠᠨ ᠢᠳᠡᠭᠡᠨ᠎ᠤ ᠠᠵᠤ ᠦᠢᠯᠡᠰ᠎ᠤᠨ ᠬᠡᠮᠵᠢᠵᠦ᠍ ᠱᠢᠯᠭᠠᠨ ᠲᠤᠷᠱᠢᠬᠤ ᠲᠥᠪ᠎ᠢ ᠪᠠᠢᠭᠤᠯᠬᠤ ᠠᠵᠢᠯ ᠠᠮᠵᠢᠯᠲᠠ᠎ᠲᠠᠢ᠎ᠪᠠᠷ ᠵᠥᠪᠱᠢᠶᠡᠷᠡᠭ᠌ᠳᠡᠪᠡ᠃

ᠳᠥᠷᠪᠡ᠎ᠳᠤ ᠠᠮᠢ ᠠᠬᠤᠢ᠎ᠶ᠋ᠢᠨ ᠱᠢᠰᠲ᠋ᠧᠮ᠎ᠤᠨ ᠴᠢᠨᠠᠷ ᠴᠢᠨᠰᠠᠭ᠎ᠠ ᠪᠠ ᠲᠣᠭ᠍ᠲᠠᠭᠤᠨ ᠴᠢᠨᠠᠷ ᠦᠷᠭᠦᠯᠵᠢᠯᠡᠨ ᠳᠡᠭᠡᠭ᠌ᠰᠢᠯᠡᠪᠡ᠃ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ᠎ᠶ᠋ᠢᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠵᠤ ᠳᠠᠭᠤᠰᠭᠠᠨ᠂ ᠪᠥᠬᠦ᠌ ᠪᠦᠰᠡ᠎ᠳᠤ ᠭᠤᠣᠯ ᠴᠣᠭ᠍ᠴᠠ᠎ᠶ᠋ᠢᠨ ᠴᠢᠳᠠᠮᠵᠢᠲᠤ ᠣᠷᠣᠨ᠎ᠤ ᠪᠠᠢᠷᠢ ᠲᠣᠭ᠍ᠲᠠᠭᠠᠯᠲᠠ᠎ᠶ᠋ᠢ ᠲᠣᠳᠣᠷᠬᠠᠢ ᠲᠣᠭ᠍ᠲᠠᠭᠠᠵᠤ᠂ 《ᠭᠤᠷᠪᠠᠨ ᠲᠥᠷᠥᠯ᠎ᠤᠨ ᠣᠷᠣᠨ ᠵᠠᠢ᠎ᠶ᠋ᠢᠨ ᠲᠣᠭᠤᠷᠢᠭ ᠪᠠ ᠭᠤᠷᠪᠠᠨ ᠵᠤᠷᠪᠤᠰ ᠬᠢᠵᠠᠭᠠᠷᠯᠠᠬᠤ ᠱᠤᠭᠤᠮ》 ᠎ᠢ᠋ ᠵᠣᠬᠢᠰᠲᠠᠢ ᠲᠣᠭ᠍ᠲᠠᠭᠠᠨ᠂ ᠲᠥᠪ᠎ᠤᠨ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠱᠢᠮᠳᠠᠭᠤᠯᠤᠨ ᠪᠠᠢᠴᠠᠭᠠᠭ᠍ᠰᠠᠨ ᠵᠢᠴᠢ 《ᠪᠤᠴᠠᠵᠤ ᠪᠠᠢᠴᠠᠭᠠᠨ ᠦᠵᠡᠬᠦ᠌》 ᠎ᠳ᠋ᠤ ᠴᠡᠭ᠌ᠴᠡᠯᠡᠨ ᠰᠠᠢᠵᠢᠷᠠᠭᠤᠯᠬᠤ᠎ᠪᠠᠷ ᠲᠤᠰᠭᠠᠭ᠍ᠰᠠᠨ ᠡᠭᠦᠷᠭᠡ᠎ᠪᠠᠨ ᠪᠡᠶᠡᠯᠡᠭᠦᠯᠵᠦ᠍᠂ ᠬᠠᠲᠤᠨ ᠭᠤᠣᠯ᠂ ᠬᠥᠯᠦᠨ ᠨᠠᠭᠤᠷ ᠳᠠᠭ᠎ᠠ᠎ᠶ᠋ᠢᠨ ᠨᠠᠭᠤᠷ ᠤᠯᠠᠭᠠᠨᠰᠤᠬᠠᠢ ᠨᠠᠭᠤᠷ᠂ ᠴᠠᠭᠠᠨᠨᠠᠭᠤᠷ ᠵᠡᠷᠭᠡ ᠭᠤᠣᠯᠳᠠᠯᠭ᠎ᠠ ᠲᠡᠢ ᠨᠠᠭᠤᠷ ᠭᠤᠣᠯ᠎ᠤᠨ ᠰᠠᠪᠠ ᠭᠠᠵᠠᠷ᠎ᠢ ᠵᠠᠰᠠᠬᠤ ᠠᠵᠢᠯ᠎ᠳᠤ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠪᠠ᠃ ᠪᠣᠬᠢᠷᠲᠤᠯ᠎ᠢ ᠰᠡᠷᠭᠡᠢᠯᠡᠨ ᠵᠠᠰᠠᠬᠤ ᠱᠢᠪᠲᠤᠯᠤᠯᠲᠠ᠎ᠶ᠋ᠢᠨ ᠳᠠᠢᠯᠠᠯᠳᠤᠭᠠᠨ᠎ᠢ ᠭᠦᠨᠵᠡᠭᠡᠢ ᠰᠠᠢᠨ ᠬᠢᠵᠦ᠍᠂ ᠠᠭᠠᠷ ᠮᠠᠨᠳᠠᠯ᠂ ᠤᠰᠤ᠂ ᠭᠠᠵᠠᠷ ᠬᠥᠷᠥᠰᠦᠨ᠎ᠤ ᠣᠷᠴᠢᠨ ᠲᠣᠭᠤᠷᠢᠨ᠎ᠤ ᠴᠢᠨᠠᠷ ᠦᠷᠭᠦᠯᠵᠢᠯᠡᠨ ᠰᠠᠢᠵᠢᠷᠠᠪᠠ᠃ 《2021 ᠤᠨ᠎ᠤ ᠳᠤᠮᠳᠠᠳᠤ ᠤᠯᠤᠰ᠎ᠤᠨ ᠠᠮᠢ ᠠᠬᠤᠢ᠎ᠶ᠋ᠢᠨ ᠬᠠᠮᠤᠭ᠎ᠤᠨ ᠥᠷᠢᠰᠦᠯᠳᠦᠬᠦ᠌ ᠬᠦᠴᠦᠨ ᠪᠦᠬᠦᠢ ᠬᠤᠲᠠ》 ᠎ᠳ᠋ᠤ ᠬᠥᠬᠡᠬᠤᠲᠠ ᠰᠣᠩᠭᠤᠭ᠍ᠳᠠᠨ ᠣᠷᠣᠵᠤ᠂ ᠬᠢᠩᠭᠠᠨ ᠠᠢᠮᠠᠭ ᠪᠥᠬᠦ᠌ ᠣᠷᠣᠨ᠎ᠤ ᠲᠤᠰᠭᠠᠢ ᠣᠷᠣᠨ ᠬᠤᠲᠠ᠎ᠶ᠋ᠢᠨ ᠳᠡᠰ᠎ᠤᠨ ᠠᠩᠬᠠᠨ᠎ᠤ 《ᠬᠥᠬᠡ ᠠᠭᠤᠯᠠ ᠬᠥᠬᠡᠮᠳᠦᠭ ᠤᠰᠤ ᠪᠣᠯ ᠠᠯᠲᠠ ᠮᠥᠩᠭᠦᠨ ᠠᠭᠤᠯᠠ》 ᠎ᠶ᠋ᠢᠨ ᠦᠢᠯᠡᠳᠦᠯᠭᠡᠵᠢᠭᠦᠯᠵᠦ᠍ ᠱᠢᠨ᠎ᠡ᠎ᠶ᠋ᠢ ᠡᠭᠦᠳᠬᠦ᠌ ᠰᠠᠭᠤᠷᠢᠨ ᠭᠠᠵᠠᠷ᠎ᠢ ᠠᠮᠵᠢᠯᠲᠠ᠎ᠲᠠᠢ ᠡᠭᠦᠳᠦᠨ ᠪᠠᠢᠭᠤᠯᠪᠠ᠃ ᠬᠠᠮᠠᠭᠠᠯᠠᠵᠤ ᠥᠩᠵᠢᠭᠦᠯᠬᠦ᠌ ᠴᠢᠬᠤᠯᠠ ᠶᠡᠭᠡ ᠢᠨᠵᠧᠨᠧᠷᠢᠩ᠎ᠢ ᠬᠡᠷᠡᠭ᠌ᠵᠢᠭᠦᠯᠦᠨ᠂ 594 ᠲᠦᠮᠡᠨ ᠮᠦ᠍ ᠣᠢ ᠣᠢᠵᠢᠭᠤᠯᠵᠤ᠂ 1667 ᠲᠦᠮᠡᠨ ᠮᠦ᠍ ᠡᠪᠡᠰᠦ ᠲᠠᠷᠢᠵᠤ᠂ 530 ᠲᠦᠮᠡᠨ ᠮᠦ᠍ ᠡᠯᠡᠰᠦ᠎ᠶ᠋ᠢ ᠬᠠᠱᠢᠭ᠍ᠰᠠᠨ ᠪᠠ ᠵᠠᠰᠠᠵᠤ᠂ ᠪᠣᠬᠢᠷᠲᠤᠯ ᠦᠭᠡᠢ ᠠᠭᠤᠷᠬᠠᠢ᠎ᠶ᠋ᠢ 133 ᠱᠢᠨ᠎ᠡ᠎ᠪᠠᠷ ᠪᠠᠢᠭᠤᠯᠤᠨ᠂ ᠠᠮᠢ ᠠᠬᠤᠢ᠎ᠶ᠋ᠢᠨ ᠦᠢᠯᠡᠴᠢᠯᠡᠭᠡᠨ᠎ᠤ ᠴᠢᠳᠠᠮᠵᠢ ᠦᠷᠭᠦᠯᠵᠢᠯᠡᠨ ᠳᠡᠭᠡᠭ᠌ᠰᠢᠯᠡᠪᠡ᠃

ᠲᠠᠪᠤ᠎ᠳᠤ ᠬᠤᠲᠠ ᠬᠥᠳᠡᠭᠡ᠎ᠶ᠋ᠢᠨ ᠣᠷᠣᠨ ᠪᠦᠰᠡ᠎ᠶ᠋ᠢᠨ ᠵᠣᠬᠢᠴᠠᠩᠭᠤᠢ ᠬᠥᠭ᠌ᠵᠢᠯᠲᠡ ᠯᠠᠪᠳᠠᠭᠤᠨ ᠪᠠᠲᠤᠲᠠᠢ ᠠᠬᠢᠪᠠ᠃ ᠶᠠᠳᠠᠭᠤ᠎ᠡᠴᠡ ᠠᠩᠭᠢᠵᠢᠷᠠᠭᠤᠯᠤᠭ᠍ᠰᠠᠨ ᠱᠢᠪᠲᠤᠯᠤᠯᠲᠠ᠎ᠶ᠋ᠢᠨ ᠦᠷ᠎ᠡ ᠪᠦᠲᠦᠭᠡᠯ᠎ᠢ ᠪᠠᠬᠢᠵᠢᠭᠦᠯᠵᠦ᠍ ᠥᠷᠭᠡᠳᠭᠡᠨ᠂ ᠬᠥᠳᠡᠭᠡ ᠲᠣᠰᠭᠤᠨ᠎ᠢᠶᠠᠨ ᠬᠥᠭ᠌ᠵᠢᠭᠦᠯᠦᠨ ᠮᠠᠨᠳᠤᠭᠤᠯᠬᠤ᠎ᠶ᠋ᠢ ᠪᠥᠬᠦ᠌ ᠲᠠᠯ᠎ᠠ᠎ᠪᠠᠷ ᠠᠬᠢᠭᠤᠯᠤᠨ᠂ ᠠᠵᠢᠭ᠍ᠯᠠᠯᠲᠠ᠎ᠳᠤ ᠪᠠᠢᠭ᠍ᠰᠠᠨ 4.7 ᠲᠦᠮᠡᠨ ᠬᠥᠮᠥᠨ᠎ᠤ ᠪᠤᠴᠠᠭᠠᠳ ᠶᠠᠳᠠᠭᠤᠷᠠᠬᠤ ᠪᠠ ᠶᠠᠳᠠᠭᠤ ᠪᠠᠢᠳᠠᠯ᠎ᠳᠤ ᠣᠷᠣᠬᠤ ᠲᠦᠭ᠌ᠰᠢᠭᠦᠷᠢ᠎ᠶ᠋ᠢ ᠦᠭᠡᠢᠰᠭᠡᠵᠦ᠍᠂ ᠲᠠᠷᠢᠶᠠᠯᠠᠬᠤ ᠮᠠᠯᠵᠢᠬᠤ ᠣᠷᠣᠨ᠎ᠳᠤ 4704 ᠺᠢᠯᠤᠮᠧᠲᠷ ᠵᠠᠰᠠᠮᠠᠯ ᠵᠠᠮ ᠳᠡᠪᠢᠰᠦᠨ᠂ ᠨᠤᠷᠠᠬᠤ ᠠᠶᠤᠯᠲᠠᠢ ᠪᠠᠢᠭ᠍ᠰᠠᠨ 6814 ᠡᠷᠦᠬᠡ᠎ᠶ᠋ᠢᠨ ᠭᠡᠷ ᠪᠠᠢᠱᠢᠩ᠎ᠢ ᠵᠠᠰᠠᠨ ᠰᠠᠢᠵᠢᠷᠠᠭᠤᠯᠵᠤ᠂ ᠭᠡᠮ ᠠᠰᠠᠭᠤᠳᠠᠯ᠎ᠲᠠᠢ 15.1 ᠲᠦᠮᠡᠨ ᠵᠣᠷᠯᠣᠩ᠎ᠢ ᠴᠡᠭ᠌ᠴᠡᠯᠡᠨ ᠰᠠᠢᠵᠢᠷᠠᠭᠤᠯᠪᠠ᠃ ᠪᠡᠭᠡᠵᠢᠩ ᠪᠠ ᠥᠪᠥᠷ ᠮᠣᠩᠭᠤᠯ᠎ᠤᠨ ᠬᠠᠮᠵᠢᠯᠴᠠᠨ ᠠᠵᠢᠯᠯᠠᠬᠤ᠎ᠶ᠋ᠢ ᠭᠦᠨᠵᠡᠭᠡᠢᠷᠡᠭᠦᠯᠦᠨ᠂ 97 ᠠᠵᠤ ᠠᠬᠤᠢᠯᠠᠯ᠎ᠢ ᠣᠷᠣᠭᠤᠯᠤᠨ ᠠᠪᠴᠢᠷᠠᠵᠤ᠂ ᠲᠤᠰᠠᠯᠠᠨ ᠬᠠᠪᠰᠤᠷᠬᠤ ᠪᠡᠯᠡ ᠮᠥᠩᠭᠦ᠎ᠶ᠋ᠢ 19.4 ᠳ᠋ᠦᠩᠱᠢᠭᠤᠷ ᠲᠥᠭᠦᠷᠢᠭ ᠣᠷᠣᠭᠤᠯᠤᠨ᠂ ᠬᠠᠪᠰᠤᠷᠴᠤ᠌ ᠲᠡᠳᠬᠦᠬᠦ᠌ ᠬᠡᠷᠡᠭ᠌ᠯᠡᠭᠡ 100 ᠳ᠋ᠦᠩᠱᠢᠭᠤᠷ ᠲᠥᠭᠦᠷᠢᠭ᠎ᠢ ᠳᠠᠪᠠᠪᠠ᠃ ᠠᠭᠠᠷ᠎ᠤᠨ ᠠᠶᠠᠯᠠᠯ᠎ᠤᠨ ᠭᠤᠣᠯ ᠱᠤᠭᠤᠮ᠎ᠢ ᠰᠠᠯᠪᠤᠷᠢ ᠱᠤᠭᠤᠮ᠎ᠯᠤᠭ᠎ᠠ ᠨᠡᠪᠲᠡᠷᠡᠭᠦᠯᠬᠦ᠂ ᠰᠠᠯᠪᠤᠷᠢ ᠱᠤᠭᠤᠮ᠎ᠢ ᠰᠠᠯᠪᠤᠷᠢ ᠱᠤᠭᠤᠮ᠎ᠯᠤᠭ᠎ᠠ ᠨᠡᠪᠲᠡᠷᠡᠭᠦᠯᠬᠦ᠌᠎ᠶ᠋ᠢ ᠲᠦᠷᠭᠡᠳᠭᠡᠨ ᠠᠬᠢᠭᠤᠯᠵᠤ᠂ ᠬᠥᠬᠡᠬᠤᠲᠠ᠎ᠡᠴᠡ ᠵᠧᠡᠭ᠌ᠵᠧᠤ᠂ ᠵᠢᠨᠠᠨ᠂ ᠰᠢ ᠠᠨ᠎ᠳᠤ ᠱᠢᠭᠤᠳ ᠬᠦᠷᠬᠦ᠌ ᠬᠦᠳᠡᠯᠭᠡᠭᠦᠷᠲᠦ ᠴᠤᠪᠤᠭ᠎ᠠ ᠲᠡᠷᠭᠡ᠎ᠶ᠋ᠢ ᠵᠠᠯᠭᠠᠯᠳᠤᠭ᠎ᠠ᠎ᠪᠠᠷ ᠨᠡᠪᠲᠡᠷᠡᠭᠦᠯᠦᠨ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ᠎ᠤᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ 161 ᠵᠦᠢᠯᠡᠰ᠎ᠲᠤ 《ᠳᠥᠷᠪᠡᠨ ᠬᠤᠲᠠ᠎ᠶ᠋ᠢᠨ ᠬᠤᠭᠤᠷᠤᠨᠲᠤ ᠵᠥᠷᠢᠶ᠎ᠡ ᠦᠭᠡᠢ᠎ᠪᠠᠷ ᠨᠡᠢᠳᠡᠮ ᠭᠦᠢᠴᠡᠳᠭᠡᠬᠦ᠌ 》 ᠎ᠶ᠋ᠢ ᠪᠡᠶᠡᠯᠡᠭᠦᠯᠪᠠ᠃

ᠵᠢᠷᠭᠤᠭ᠎ᠠ᠎ᠳᠤ ᠥᠭᠡᠷᠡᠴᠢᠯᠡᠯᠲᠡ ᠨᠡᠭᠡᠭᠡᠯᠲᠡ ᠢᠯᠡᠳᠲᠡ ᠦᠷ᠎ᠡ ᠪᠦᠲᠦᠮᠵᠢ᠎ᠲᠠᠢ ᠪᠣᠯᠪᠠ᠃ 《ᠲᠠᠯᠪᠢᠬᠤ ᠬᠠᠮᠢᠶᠠᠷᠬᠤ ᠦᠢᠯᠡᠴᠢᠯᠡᠬᠦ᠌》 ᠎ᠶ᠋ᠢ ᠭᠦᠨᠵᠡᠭᠡᠢᠷᠡᠭᠦᠯᠦᠨ᠂ ᠠᠵᠤ ᠠᠬᠤᠢᠯᠠᠯ ᠡᠷᠬᠢᠯᠡᠨ ᠨᠡᠭᠡᠭᠡᠬᠦ᠌ ᠠᠵᠢᠯ᠎ᠢ 《ᠨᠢᠭᠡ ᠯᠠ ᠡᠳᠦᠷ᠎ᠲᠤ ᠭᠦᠢᠴᠡᠳᠭᠡᠨ ᠳᠠᠭᠤᠰᠭᠠᠵᠤ》᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ 67.8% ᠵᠦᠢᠯᠡᠰ᠎ᠤᠨ ᠪᠥᠬᠦ᠌ ᠶᠠᠪᠤᠴᠠ᠎ᠶ᠋ᠢ᠎ᠨᠢ ᠰᠦᠯᠵᠢᠶ᠎ᠡ᠎ᠪᠠᠷ ᠭᠦᠢᠴᠡᠳᠭᠡᠬᠦ᠌᠎ᠶ᠋ᠢ ᠳᠡᠮᠵᠢᠨ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠠᠯ᠎ᠠ᠎ᠪᠠᠷ᠎ᠬᠢ ᠣᠯᠠᠨᠲᠠ ᠦᠢᠯᠡᠴᠢᠯᠡᠬᠦ᠌ ᠵᠦᠢᠯᠡᠰ᠎ᠲᠤ 《ᠮᠤᠵᠢ ᠠᠯᠤᠰᠯᠠᠨ ᠨᠡᠢᠳᠡᠮ ᠭᠦᠢᠴᠡᠳᠭᠡᠬᠦ᠌》 ᠎ᠶ᠋ᠢ ᠪᠡᠶᠡᠯᠡᠭᠦᠯᠪᠡ᠃ ᠤᠯᠤᠰ᠎ᠤᠨ ᠥᠮᠴᠢᠯᠡᠯᠲᠦ ᠠᠵᠤ ᠠᠬᠤᠢᠯᠠᠯ᠎ᠤᠨ ᠥᠭᠡᠷᠡᠴᠢᠯᠡᠯᠲᠡ᠎ᠶ᠋ᠢᠨ ᠭᠤᠷᠪᠠᠨ ᠵᠢᠯ᠎ᠤᠨ ᠠᠵᠢᠯᠯᠠᠭᠠᠨ᠎ᠢ ᠭᠦᠨᠵᠡᠭᠡᠢ ᠬᠡᠷᠡᠭ᠌ᠵᠢᠭᠦᠯᠵᠦ᠍᠂ ᠺᠣᠮᠫᠠᠨᠢ᠎ᠶ᠋ᠢᠨ ᠳᠦᠷᠢᠮ᠎ᠤᠨ ᠥᠭᠡᠷᠡᠴᠢᠯᠡᠯᠲᠡ᠎ᠶ᠋ᠢ ᠦᠨᠳᠦᠰᠦᠨ᠎ᠳᠡᠭᠡᠨ ᠳᠠᠭᠤᠰᠭᠠᠨ᠂ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠪᠡᠯᠡ ᠣᠷᠤᠭᠤᠯᠤᠯᠲᠠ᠎ᠶ᠋ᠢᠨ ᠪᠦᠯᠦᠭ᠌ᠯᠡᠯ᠎ᠢ ᠪᠠᠢᠯᠳᠤᠬᠤ ᠪᠣᠳᠣᠯᠭ᠎ᠠ᠎ᠶ᠋ᠢᠨ ᠲᠠᠯ᠎ᠠ᠎ᠪᠠᠷ ᠳᠠᠬᠢᠨᠲᠠ ᠵᠣᠬᠢᠶᠠᠨ ᠪᠠᠢᠭᠤᠯᠵᠤ᠂ ᠥᠪᠥᠷ ᠮᠣᠩᠭᠤᠯ᠎ᠤᠨ ᠡᠨᠧᠷᠬᠢ᠎ᠶ᠋ᠢᠨ ᠪᠡᠯᠡ ᠣᠷᠤᠭᠤᠯᠤᠯᠲᠠ ᠪᠠ ᠡᠨᠧᠷᠬᠢ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠪᠦᠯᠦᠭ᠌ᠯᠡᠯ᠎ᠢ ᠡᠮᠬᠢᠯᠡᠨ ᠨᠡᠢᠯᠡᠭᠦᠯᠪᠡ᠃ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ᠎ᠶ᠋ᠢᠨ ᠬᠠᠷᠢᠭᠤᠴᠠᠯᠭ᠎ᠠ᠎ᠶ᠋ᠢ ᠬᠤᠪᠢᠶᠠᠷᠢᠯᠠᠬᠤ ᠥᠭᠡᠷᠡᠴᠢᠯᠡᠯᠲᠡ᠎ᠪᠠᠨ ᠬᠦᠷᠢᠶ᠎ᠡ ᠴᠠᠷᠠᠭ᠎ᠠ᠎ᠪᠠᠷ᠎ᠨᠢ ᠢᠯᠭᠠᠨ ᠠᠬᠢᠭᠤᠯᠵᠤ᠂ ᠨᠣᠭᠤᠭᠠᠨ ᠮᠥᠩᠭᠦᠨ ᠭᠦᠢᠯᠭᠡᠭᠡᠨ᠎ᠤ ᠲᠤᠰᠭᠠᠢ ᠡᠵᠡᠩᠨᠡᠯᠲᠡ᠎ᠶ᠋ᠢᠨ ᠪᠠᠢᠭᠤᠯᠤᠮᠵᠢ᠎ᠶ᠋ᠢ ᠪᠠᠢᠭᠤᠯᠤᠨ᠂ ᠨᠣᠭᠤᠭᠠᠨ ᠵᠢᠭᠡᠯᠡᠯᠭᠡ᠎ᠶ᠋ᠢᠨ ᠵᠣᠭᠤᠰ 18.4% ᠨᠡᠮᠡᠭ᠌ᠳᠡᠪᠡ᠃ ᠣᠷᠣᠨ ᠰᠠᠭᠤᠴᠠ᠎ᠶ᠋ᠢᠨ ᠭᠠᠵᠠᠷ᠎ᠤᠨ ᠳᠦᠷᠢᠮ᠎ᠤᠨ ᠥᠭᠡᠷᠡᠴᠢᠯᠡᠯᠲᠡ ᠵᠡᠷᠭᠡ ᠲᠤᠷᠱᠢᠯᠲᠠ᠎ᠶ᠋ᠢᠨ ᠴᠡᠭ᠎ᠢ ᠯᠠᠪᠳᠠᠭᠤᠨ ᠪᠠᠲᠤᠲᠠᠢ ᠠᠬᠢᠭᠤᠯᠵᠤ᠂ ᠲᠠᠷᠢᠶᠠᠯᠠᠬᠤ ᠮᠠᠯᠵᠢᠬᠤ ᠣᠷᠣᠨ᠎ᠤ ᠬᠠᠮᠲᠤ᠎ᠶ᠋ᠢᠨ ᠥᠮᠴᠢᠯᠡᠯ᠎ᠤᠨ ᠡᠷᠬᠡ᠎ᠶ᠋ᠢᠨ ᠳᠦᠷᠢᠮ᠎ᠤᠨ ᠥᠭᠡᠷᠡᠴᠢᠯᠡᠯᠲᠡ᠎ᠶ᠋ᠢ ᠦᠨᠳᠦᠰᠦᠨ᠎ᠳᠦ ᠪᠠᠨ ᠪᠡᠶᠡᠯᠡᠭᠦᠯᠪᠡ᠃ ᠭᠠᠳᠠᠭᠠᠳᠤ᠎ᠳᠤ ᠨᠡᠭᠡᠭᠡᠯᠲᠡ ᠬᠢᠬᠦ᠌ ᠨᠢᠭᠡ ᠪᠦᠯᠦᠭ ᠭᠤᠣᠯᠳᠠᠯᠭ᠎ᠠ ᠪᠣᠯᠬᠤ ᠢᠨᠵᠧᠨᠧᠷᠢᠩ᠎ᠤᠨ ᠲᠥᠷᠥᠯ ᠵᠦᠢᠯ᠎ᠢ ᠰᠡᠳᠦᠨ ᠲᠥᠯᠥᠪᠯᠡᠵᠦ᠍ ᠬᠡᠷᠡᠭ᠌ᠵᠢᠭᠦᠯᠦᠨ᠂ ᠳᠤᠮᠳᠠᠳᠤ ᠡᠸᠦ᠋ᠷᠦᠫᠡ᠎ᠶ᠋ᠢᠨ ᠡᠭᠡᠯᠵᠢ᠎ᠶ᠋ᠢᠨ ᠭᠠᠯᠲᠤ ᠲᠡᠷᠭᠡ᠎ᠶ᠋ᠢ 304 ᠴᠤᠪᠤᠭ᠎ᠠ ᠶᠠᠪᠤᠭᠤᠯᠵᠤ᠂ ᠬᠢᠯᠢ᠎ᠪᠠᠷ ᠭᠠᠷᠴᠤ᠌ ᠣᠷᠣᠭ᠍ᠰᠠᠨ ᠳᠤᠮᠳᠠᠳᠤ ᠡᠸᠦ᠋ᠷᠦᠫᠡ᠎ᠶ᠋ᠢᠨ ᠡᠭᠡᠯᠵᠢ᠎ᠶ᠋ᠢᠨ ᠭᠠᠯᠲᠤ ᠲᠡᠷᠭᠡ 6162 ᠴᠤᠪᠤᠭ᠎ᠠ ᠪᠠᠢᠵᠤ᠂ 13.3% ᠨᠡᠮᠡᠭ᠌ᠳᠡᠪᠡ᠃ ᠭᠠᠳᠠᠭᠠᠳᠤ᠎ᠡᠴᠡ ᠣᠷᠣᠭᠤᠯᠵᠤ ᠭᠠᠳᠠᠭᠠᠳᠤ᠎ᠳᠤ ᠭᠠᠷᠭᠠᠭ᠍ᠰᠠᠨ ᠶᠡᠷᠦᠩᠬᠡᠢ ᠲᠤᠭ᠎ᠠ 1235.6 ᠳ᠋ᠦᠩᠱᠢᠭᠤᠷ ᠲᠥᠭᠦᠷᠢᠭ ᠪᠣᠯᠵᠤ᠂ 17.2% ᠨᠡᠮᠡᠭ᠌ᠳᠡᠪᠡ᠃ ᠪᠥᠬᠦ᠌ ᠤᠯᠤᠰ᠎ᠤᠨ ᠠᠵᠤ ᠦᠢᠯᠡᠳᠪᠦᠷᠢ ᠬᠤᠳᠠᠯᠳᠤᠭ᠎ᠠ᠎ᠶ᠋ᠢᠨ ᠬᠤᠯᠪᠣᠭᠠᠲᠤ ᠬᠤᠷᠠᠯ᠎ᠤᠨ ᠲᠡᠷᠢᠭᠦᠯᠡᠭ᠌ᠴᠢ᠎ᠶ᠋ᠢᠨ ᠳᠡᠭᠡᠳᠦ ᠳᠡᠰ᠎ᠤᠨ ᠲᠦᠷᠦᠭᠦᠴᠦᠳ᠎ᠤᠨ ᠬᠤᠷᠠᠯ ᠬᠢᠭᠡᠳ ᠪᠥᠬᠦ᠌ ᠤᠯᠤᠰ᠎ᠤᠨ ᠠᠷᠠᠳ᠎ᠡᠴᠡ ᠡᠵᠡᠩᠨᠡᠭ᠌ᠰᠡᠨ ᠱᠢᠯᠢᠳᠡᠭ ᠬᠦᠴᠦᠷᠬᠡᠭ ᠠᠵᠤ ᠠᠬᠤᠢᠯᠠᠯ᠎ᠤᠨ ᠥᠪᠥᠷ ᠮᠣᠩᠭᠤᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠬᠠᠪᠰᠤᠷᠤᠨ ᠠᠬᠢᠭᠤᠯᠬᠤ ᠶᠡᠭᠡ ᠬᠤᠷᠠᠯ᠎ᠢ ᠡᠷᠬᠢᠯᠡᠨ᠂ ᠤᠯᠤᠰ᠎ᠤᠨ ᠳᠣᠲᠣᠭᠠᠳᠤ᠎ᠳᠠᠬᠢ ᠭᠤᠣᠯᠳᠠᠯᠭ᠎ᠠ ᠪᠣᠯᠬᠤ ᠭᠠᠵᠠᠷ ᠣᠷᠣᠨ᠎ᠯᠤᠭ᠎ᠠ᠎ᠶ᠋ᠢᠨ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠴᠢᠩᠭᠠᠳᠭᠠᠵᠤ᠂ ᠤᠯᠤᠰ᠎ᠤᠨ ᠳᠣᠲᠣᠭᠠᠳᠤ᠎ᠡᠴᠡ ᠣᠷᠣᠭᠤᠯᠵᠤ ᠠᠪᠴᠢᠷᠠᠬ᠍ᠰᠠᠨ ᠪᠡᠯᠡ ᠮᠥᠩᠭᠦ᠌ 2112 ᠳ᠋ᠦᠩᠱᠢᠭᠤᠷ ᠲᠥᠭᠦᠷᠢᠭ ᠪᠠᠢᠵᠤ᠂ 15.3% ᠨᠡᠮᠡᠭ᠌ᠳᠡᠪᠡ᠃

ᠳᠣᠯᠤᠭ᠎ᠠ᠎ᠳᠤ ᠦᠨᠳᠦᠰᠦᠲᠡᠨ᠎ᠤ ᠪᠦᠯᠬᠦᠮᠳᠡᠯ᠎ᠤᠨ ᠶᠡᠭᠡ ᠲᠠᠯ᠎ᠠ ᠪᠠᠬᠢᠵᠢᠨ ᠬᠥᠭ᠌ᠵᠢᠪᠡ᠃ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠤᠭ᠍ᠴᠠ᠎ᠶ᠋ᠢᠨ ᠤᠬᠠᠮᠰᠠᠷ᠎ᠢ ᠡᠷᠡᠰ ᠪᠠᠲᠤᠳᠭᠠᠨ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠬᠦᠴᠦᠲᠡᠢ ᠳᠡᠯᠭᠡᠷᠡᠭᠦᠯᠦᠨ ᠲᠦᠭᠡᠮᠡᠯᠵᠢᠭᠦᠯᠵᠦ᠍᠂ ᠤᠯᠤᠰ᠎ᠤᠨ ᠨᠢᠭᠡᠲᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ 《ᠳᠡᠯᠭᠡᠷᠡᠭᠦᠯᠦᠨ ᠲᠦᠭᠡᠮᠡᠯᠵᠢᠭᠦᠯᠪᠡᠰᠦ ᠵᠣᠬᠢᠬᠤ ᠪᠦᠬᠦᠨ᠎ᠢ ᠵᠠᠪᠠᠯ ᠳᠡᠯᠭᠡᠷᠡᠭᠦᠯᠦᠨ ᠲᠦᠭᠡᠮᠡᠯᠵᠢᠭᠦᠯᠵᠦ᠍》᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ᠎ᠪᠠᠷ ᠠᠰᠠᠷᠠᠨ ᠬᠦᠮᠦᠵᠢᠭᠦᠯᠬᠦ᠌ ᠬᠦᠮᠦᠵᠢᠯ᠎ᠢ ᠬᠡᠦᠬᠡᠳ᠎ᠤᠨ ᠴᠡᠴᠡᠷᠯᠢᠭ ᠪᠦᠬᠦᠨ᠎ᠳᠤ ᠬᠠᠮᠤᠷᠤᠭᠤᠯᠬᠤ᠎ᠶ᠋ᠢ ᠪᠡᠶᠡᠯᠡᠭᠦᠯᠦᠨ᠂ ᠬᠤᠲᠠ᠎ᠶ᠋ᠢᠨ ᠦᠭᠡ ᠬᠡᠯᠡ ᠦᠰᠦᠭ ᠪᠢᠴᠢᠭ᠎ᠤᠨ ᠳᠦᠷᠢᠮᠵᠢᠭᠦᠯᠦᠯᠲᠡ᠎ᠶ᠋ᠢᠨ ᠦᠨᠡᠯᠡᠨ ᠵᠢᠱ᠌ᠢᠬᠦ᠌ ᠠᠵᠢᠯ᠎ᠢ ᠶᠡᠷᠦᠩᠬᠡᠢ᠎ᠳᠤ᠎ᠨᠢ ᠪᠡᠶᠡᠯᠡᠭᠦᠯᠪᠡ᠃ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠬᠥᠭ᠌ᠵᠢᠯᠲᠡ᠎ᠶ᠋ᠢᠨ ᠲᠦᠯᠦᠪᠵᠢᠭᠦᠯᠭᠡ᠎ᠶ᠋ᠢ ᠲᠣᠭ᠍ᠲᠠᠭᠠᠨ ᠬᠡᠷᠡᠭ᠌ᠵᠢᠭᠦᠯᠵᠦ᠍᠂ ᠬᠢᠩᠭᠠᠨ ᠠᠢᠮᠠᠭ ᠪᠥᠬᠦ᠌ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠠᠢᠮᠠᠭ᠎ᠢ ᠳᠠᠬᠢᠨᠲᠠ ᠠᠮᠵᠢᠯᠲᠠ᠎ᠲᠠᠢ᠎ᠪᠠᠷ ᠡᠭᠦᠳᠦᠨ ᠪᠠᠢᠭᠤᠯᠪᠠ᠃ ᠨᠡᠩ ᠢᠯᠠᠩᠭᠤᠶ᠎ᠠ ᠮᠠᠷᠳᠠᠭ᠍ᠳᠠᠰᠢ ᠦᠭᠡᠢ ᠪᠣᠯᠣᠭ᠍ᠰᠠᠨ ᠶᠠᠪᠤᠳᠠᠯ ᠪᠤᠯ᠂ ᠬᠢᠵᠢᠭ᠎ᠤᠨ ᠪᠠᠢᠳᠠᠯ ᠭᠡᠨᠡᠳᠲᠡ ᠡᠭᠦᠰᠦᠭ᠌ᠰᠡᠨ ᠪᠠ ᠴᠠᠰᠤ ᠵᠤᠳ ᠪᠤᠯᠤᠭ᠍ᠰᠠᠨ ᠦᠶ᠎ᠡ᠎ᠳᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ ᠰᠡᠳᠭᠢᠯ ᠵᠢᠷᠦᠬᠡ᠎ᠪᠠᠨ ᠬᠤᠯᠪᠣᠨ᠂ ᠡᠯ᠎ᠡ ᠱᠠᠲᠤ ᠡᠯ᠎ᠡ ᠭᠠᠵᠠᠷ᠎ᠤᠨ᠎ᠬᠢᠨ ᠲᠦᠷᠭᠡᠨ᠎ᠢᠶᠠᠷ ᠬᠦᠴᠦᠯᠡᠨ ᠲᠤᠰᠠᠯᠠᠵᠤ᠂ ᠵᠢᠷᠭᠠᠯ ᠵᠣᠪᠠᠯ᠎ᠢᠶᠠᠨ ᠬᠠᠮᠲᠤᠳᠭᠠᠬᠤ᠂ ᠢᠷᠠᠭᠤ ᠠᠯᠳᠠᠷ ᠢᠴᠢᠭᠦᠷᠢ ᠭᠤᠲᠣᠮᠱᠢᠭ᠎ᠢᠶᠠᠨ ᠬᠠᠮᠲᠤᠳᠭᠠᠬᠤ᠂ ᠦᠬᠦᠵᠦ᠍ ᠰᠡᠬᠡᠬᠦ᠌᠎ᠪᠠᠨ ᠬᠠᠮᠲᠤᠳᠭᠠᠬᠤ᠂ ᠬᠤᠪᠢ ᠵᠠᠶᠠᠭ᠎ᠠ᠎ᠪᠠᠨ ᠬᠠᠮᠲᠤᠳᠭᠠᠬᠤ ᠬᠠᠮᠲᠤ᠎ᠶ᠋ᠢᠨ ᠴᠤᠭ᠍ᠴᠠ᠎ᠶ᠋ᠢᠨ ᠣᠨᠣᠯᠵᠢᠬᠤᠨ᠎ᠢ ᠳᠠᠢᠯᠤᠨ ᠲᠤᠳᠤᠷᠠᠭᠤᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭ᠍ᠰᠠᠨ ᠰᠦᠷᠯᠢᠭ ᠰᠠᠢᠬᠠᠨ ᠬᠠᠭᠤᠳᠠᠰᠤ᠎ᠶ᠋ᠢ ᠵᠢᠷᠣᠭ᠍ᠯᠠᠨ ᠪᠢᠴᠢᠵᠦ᠍᠂ 《ᠵᠢᠱ᠌ᠢᠶᠡᠴᠢ ᠦᠪᠡᠷᠲᠡᠭᠡᠨ ᠵᠠᠰᠠᠬᠤ ᠤᠷᠤᠨ》 ᠎ᠤ᠋ ᠡᠷᠬᠢᠮ ᠳᠡᠭᠡᠳᠦ ᠢᠷᠠᠭᠤ ᠠᠯᠳᠠᠷ᠎ᠢᠶᠠᠨ ᠬᠠᠮᠠᠭᠠᠯᠠᠪᠠ᠃

ᠨᠠᠢ᠍ᠮᠠ᠎ᠳᠤ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢᠨ ᠬᠢᠷᠢ ᠲᠦᠪᠱᠢᠨ ᠲᠠᠰᠤᠷᠠᠯᠲᠠ ᠦᠭᠡᠢ ᠳᠡᠭᠡᠭ᠌ᠰᠢᠯᠡᠪᠡ᠃ ᠠᠵᠢᠯ ᠣᠯᠭᠤᠵᠣ ᠣᠷᠤᠯᠭ᠎ᠠ ᠨᠡᠮᠡᠭ᠌ᠳᠡᠭᠦᠯᠬᠦ᠌ ᠠᠷᠭ᠎ᠠ ᠬᠡᠮᠵᠢᠶ᠎ᠡ᠎ᠶ᠋ᠢ ᠴᠢᠩᠭᠠᠷᠠᠭᠤᠯᠵᠤ᠂ ᠬᠤᠲᠠ ᠪᠠᠯᠭᠠᠰᠤᠨ᠎ᠤ ᠠᠵᠢᠯ ᠣᠯᠣᠭ᠍ᠰᠠᠳ 22.4 ᠲᠦᠮᠡ ᠱᠢᠨ᠎ᠡ᠎ᠪᠠᠷ ᠨᠡᠮᠡᠭ᠌ᠳᠡᠵᠦ᠍᠂ ᠣᠨ᠎ᠤ ᠲᠦᠯᠦᠪᠯᠡᠭᠡ᠎ᠶ᠋ᠢ 112% ᠪᠡᠶᠡᠯᠡᠭᠦᠯᠦᠨ᠂ ᠬᠤᠲᠠ ᠬᠦᠳᠡᠭᠡ᠎ᠶ᠋ᠢᠨ ᠰᠠᠭᠤᠭᠠᠯᠢ ᠠᠷᠠᠳ᠎ᠤᠨ ᠣᠷᠣᠯᠭ᠎ᠠ ᠲᠤᠰ ᠲᠤᠰ 7.3% ᠪᠠ 10.7% ᠨᠡᠮᠡᠭ᠌ᠳᠡᠪᠡ᠃ ᠲᠦᠭᠡᠮᠡᠯ ᠬᠠᠷᠠᠭᠠᠯᠵᠠᠯ᠎ᠤᠨ ᠴᠢᠨᠠᠷᠲᠠᠢ ᠰᠤᠷᠬᠤ ᠨᠠᠰᠤᠨ᠎ᠡᠴᠡ ᠡᠮᠦᠨᠡᠬᠢ ᠰᠤᠷᠭᠠᠨ ᠬᠦᠮᠦᠵᠢᠯ᠎ᠤᠨ ᠬᠠᠮᠤᠷᠬᠤ ᠬᠡᠪᠴᠢᠶ᠎ᠡ᠎ᠶ᠋ᠢ ᠥᠷᠭᠡᠳᠭᠡᠵᠦ᠍᠂ 《ᠬᠤᠶᠠᠷ᠎ᠢ ᠬᠦᠩᠭᠡᠷᠡᠭᠦᠯᠬᠦ᠌》 ᠲᠥᠷᠥ᠎ᠶ᠋ᠢᠨ ᠪᠣᠳᠣᠯᠭ᠎ᠠ᠎ᠶ᠋ᠢ ᠪᠦᠲᠦᠮᠵᠢᠲᠡᠢ ᠨᠠᠢᠳᠠᠪᠤᠷᠢᠵᠢᠭᠤᠯᠤᠨ᠂ ᠤᠯᠤᠰ᠎ᠤᠨ ᠠᠯᠪᠠᠨ ᠵᠢᠷᠤᠮ᠎ᠤᠨ ᠰᠤᠷᠭᠠᠨ ᠬᠦᠮᠦᠵᠢᠯ᠎ᠤᠨ ᠬᠥᠭ᠌ᠵᠢᠯᠲᠡ᠎ᠶ᠋ᠢ ᠦᠨᠳᠦᠰᠦᠨ᠎ᠳᠦ ᠪᠠᠨ ᠲᠡᠩᠴᠡᠭᠦᠷᠢᠱᠢᠭᠦᠯᠬᠦ᠌ ᠮᠠᠭᠠᠳᠯᠠᠯᠲᠠ᠎ᠶ᠋ᠢ ᠪᠦᠬᠦ᠌ ᠬᠦᠷᠢᠶ᠎ᠡ ᠴᠠᠷᠠᠭᠠᠨ᠎ᠳᠤ ᠪᠠᠲᠤᠯᠠᠪᠠ᠃ ᠬᠦᠨᠳᠦ ᠶᠡᠭᠡ ᠬᠢᠵᠢᠭ᠎ᠤᠨ ᠪᠠᠢᠳᠠᠯ᠎ᠳᠤ ᠠᠪᠤᠷᠠᠨ ᠵᠠᠰᠠᠬᠤ ᠰᠠᠭᠤᠷᠢᠨ ᠭᠠᠵᠠᠷ᠂ ᠬᠤᠲᠠ ᠱᠢᠶᠠᠨ᠎ᠤ ᠡᠪᠡᠳᠴᠢᠨ ᠡᠮᠭᠡᠭ᠎ᠢ ᠰᠡᠷᠭᠡᠢᠯᠡᠨ ᠬᠤᠷᠢᠭ᠍ᠯᠠᠬᠤ ᠪᠠᠢᠭᠤᠯᠤᠮᠵᠢ᠎ᠶ᠋ᠢᠨ ᠪᠠᠢᠭᠤᠯᠤᠯᠲᠠ ᠪᠠ ᠪᠦᠬᠦ᠌ ᠠᠷᠠᠳ᠎ᠤᠨ ᠡᠷᠡᠭᠦᠯ ᠮᠡᠨᠳᠦ᠍᠎ᠶ᠋ᠢᠨ ᠪᠠᠲᠤᠯᠠᠭ᠎ᠠ᠎ᠶ᠋ᠢᠨ ᠢᠨᠵᠧᠨᠧᠷᠢᠩ᠎ᠢ ᠠᠬᠢᠭᠤᠯᠵᠤ᠂ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭᠠᠯᠠᠯ᠎ᠤᠨ ᠦᠢᠯᠡᠴᠢᠯᠡᠬᠦ᠌ ᠴᠢᠳᠠᠪᠤᠷᠢ ᠪᠦᠬᠦᠯᠢ ᠴᠤᠭ᠍ᠴᠠ᠎ᠪᠠᠷ᠎ᠢᠶᠠᠨ ᠳᠡᠭᠡᠭ᠌ᠰᠢᠯᠡᠪᠡ᠃ ᠤᠯᠠᠭᠠᠨᠮᠤᠢ᠍ᠴᠢᠷ᠎ᠤᠨ ᠦᠭᠡᠷᠡᠴᠢᠯᠡᠯᠲᠡ ᠱᠢᠨ᠎ᠡ ᠡᠭᠦᠳᠦᠯᠲᠡ᠎ᠶ᠋ᠢ ᠳᠡᠮᠵᠢᠵᠦ᠍᠂ ᠯᠢᠶᠤᠤ ᠤᠯᠤᠰ᠎ᠤᠨ ᠦᠶ᠎ᠡ᠎ᠶ᠋ᠢᠨ ᠡᠦ ᠠᠨ ᠵᠧᠥ᠎ᠶ᠋ᠢᠨ ᠰᠤᠪᠤᠷᠭ᠎ᠠ᠎ᠶ᠋ᠢ ᠬᠠᠮᠠᠭᠠᠯᠠᠵᠤ ᠰᠡᠯᠪᠢᠨ ᠵᠠᠰᠠᠬᠤ ᠠᠵᠢᠯ᠎ᠢ ᠪᠡᠶᠡᠯᠡᠭᠦᠯᠵᠦ᠍᠂ ᠬᠢᠯᠢ ᠬᠢᠵᠠᠭᠠᠷ ᠪᠤᠢᠲᠠ ᠪᠦᠭ᠌ᠯᠡᠭᠦᠦ ᠭᠠᠵᠠᠷ᠎ᠤᠨ 12.12 ᠲᠦᠮᠡᠨ ᠮᠠᠯᠵᠢᠬᠤ ᠡᠷᠦᠬᠡ᠎ᠳᠤ ᠤᠶᠤᠨᠯᠢᠭ ᠷᠠᠳᠢᠣ᠋ ᠲᠧᠯᠸᠢᠰ᠎ᠤᠨ ᠰᠦᠯᠵᠢᠶ᠎ᠡ᠎ᠶ᠋ᠢ ᠨᠡᠪᠲᠡᠷᠡᠭᠦᠯᠵᠦ᠍᠂ ᠪᠦᠬᠦ᠌ ᠤᠯᠤᠰ᠎ᠤᠨ ᠬᠤᠯᠪᠣᠭᠠᠲᠤ ᠣᠷᠤᠯᠳᠤᠭᠠᠨ᠎ᠳᠤ ᠦᠪᠦᠷ ᠮᠣᠩᠭᠤᠯ᠎ᠤᠨ ᠬᠦᠳᠡᠭᠡ ᠲᠤᠰᠭᠤᠨ᠎ᠤ ᠢᠲᠡᠭᠡᠮᠵᠢ᠎ᠶ᠋ᠢᠨ ᠬᠤᠷᠱᠢᠶᠠᠨ᠎ᠤ ᠡᠮᠡᠭ᠌ᠲᠡᠢ᠎ᠶ᠋ᠢᠨ ᠰᠠᠭ᠍ᠰᠤᠨ ᠪᠦᠮᠪᠦᠭᠡ᠎ᠶ᠋ᠢᠨ ᠠᠩᠭᠢ ᠮᠠᠩᠯᠠᠢᠯᠠᠪᠠ᠂ ᠣᠯᠠᠨ ᠲᠦᠮᠡᠨᠴᠢ ᠴᠢᠨᠠᠷᠲᠠᠢ ᠮᠥᠰᠥ᠍ ᠴᠠᠰᠤᠨ᠎ᠤ ᠬᠥᠳᠡᠯᠭᠡᠭᠡᠨ ᠥᠷᠨᠢᠵᠦ᠍ ᠡᠬᠢᠯᠡᠪᠡ᠃ ᠨᠡᠢᠭᠡᠮ᠎ᠤᠨ ᠳᠠᠭᠠᠳᠭᠠᠯ᠎ᠳᠤ ᠣᠷᠤᠯᠴᠠᠬᠤ ᠬᠡᠪᠴᠢᠶ᠎ᠡ᠎ᠶ᠋ᠢ ᠦᠷᠭᠡᠳᠭᠡᠬᠦ᠌ ᠡᠭᠦᠷᠭᠡ᠎ᠪᠠᠨ ᠳᠠᠪᠠᠭᠤᠯᠤᠨ ᠪᠡᠶᠡᠯᠡᠭᠦᠯᠵᠦ᠍᠂ ᠨᠠᠰᠤᠵᠢᠯ᠎ᠤᠨ ᠮᠦᠩᠭᠦ᠌᠂ ᠡᠮᠴᠢᠯᠡᠭᠡᠨ᠎ᠤ ᠳᠠᠭᠠᠳᠭᠠᠯ᠎ᠤᠨ ᠨᠦᠬᠦᠪᠦᠷᠢ᠂ ᠠᠮᠢᠳᠤᠷᠠᠯ᠎ᠤᠨ ᠨᠠᠭᠠᠲᠤ ᠵᠠᠬ᠎ᠠ᠎ᠶ᠋ᠢᠨ ᠪᠠᠲᠤᠯᠠᠭ᠎ᠠ᠂ ᠣᠨᠴᠠ ᠬᠦᠴᠢᠷᠳᠡᠯᠲᠡᠢ ᠬᠦᠮᠦᠰ᠎ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ᠌ ᠪᠠᠷᠢᠮᠵᠢᠶ᠎ᠠ ᠤᠯᠠᠮ ᠨᠢᠭᠡ ᠠᠯᠬᠤᠮ ᠳᠡᠭᠡᠭ᠌ᠰᠢᠯᠡᠵᠦ᠍᠂ ᠨᠠᠰᠤᠵᠢᠯ᠎ᠤᠨ ᠦᠨᠳᠦᠰᠦᠨ ᠦᠢᠯᠡᠴᠢᠯᠡᠭᠡᠨ᠎ᠤ ᠲᠣᠭ᠍ᠲᠠᠯᠴᠠᠭ᠎ᠠ᠎ᠶ᠋ᠢᠨ ᠪᠠᠢᠭᠤᠯᠤᠯᠲᠠ ᠯᠠᠪᠳᠠᠭᠤᠨ ᠪᠠᠲᠤᠲᠠᠢ ᠠᠬᠢᠪᠠ᠃ ᠬᠠᠭᠤᠴᠢᠨ ᠰᠠᠭᠤᠭᠠᠯᠢ ᠲᠣᠭᠤᠷᠢᠭ᠎ᠲᠠᠬᠢ 23.8 ᠲᠦᠮᠡᠨ ᠡᠷᠦᠬᠡ᠎ᠶ᠋ᠢ ᠦᠭᠡᠷᠡᠴᠢᠯᠡᠨ ᠱᠢᠨᠡᠳᠭᠡᠵᠦ᠍᠂ ᠳᠦᠭᠦᠮ ᠪᠦᠲᠦᠴᠡᠲᠦ ᠣᠷᠣᠨ ᠰᠠᠭᠤᠴᠠ᠎ᠶ᠋ᠢᠨ ᠲᠣᠭᠤᠷᠢᠭ᠎ᠤᠨ 2.59 ᠲᠦᠮᠡᠨ ᠢᠵᠢ ᠭᠡᠷ ᠪᠠᠢᠱᠢᠩ᠎ᠢ ᠦᠭᠡᠷᠡᠴᠢᠯᠡᠨ ᠱᠢᠨᠡᠳᠭᠡᠵᠦ᠍᠂ ᠨᠡᠢᠲᠡ 2947 ᠲᠦᠷᠦᠯ ᠵᠦᠢᠯ᠂ 139.7 ᠲᠦᠮᠡᠨ ᠢᠵᠢ ᠭᠡᠷ ᠪᠠᠢᠱᠢᠩ ᠭᠠᠵᠠᠷ ᠬᠦᠷᠦᠩᠭᠡ᠎ᠶ᠋ᠢᠨ ᠦᠩᠭᠡᠷᠡᠭ᠌ᠰᠡᠨ᠎ᠤ ᠦᠯᠡᠳᠡᠭ᠌ᠳᠡᠵᠦ᠍ ᠪᠠᠢᠭ᠍ᠰᠠᠨ ᠠᠰᠠᠭᠤᠳᠠᠯ᠎ᠢ ᠱᠢᠢᠳᠪᠦᠷᠢᠯᠡᠪᠡ᠃ ᠨᠡᠢᠭᠡᠮ᠎ᠤᠨ ᠵᠠᠰᠠᠯᠲᠠ᠎ᠶ᠋ᠢ ᠴᠢᠩᠭᠠᠳᠭᠠᠨ ᠱᠢᠨ᠎ᠡ᠎ᠶ᠋ᠢ ᠡᠭᠦᠳᠴᠦ᠍᠂ ᠬᠦᠬᠡᠬᠤᠲᠠ 《2021 ᠤᠨ᠎ᠤ ᠳᠤᠮᠳᠠᠳᠤ ᠤᠯᠤᠰ᠎ᠤᠨ ᠳᠠᠭᠠᠭᠤᠯᠤᠭ᠍ᠴᠢ ᠣᠶᠣᠨᠯᠢᠭ ᠬᠤᠲᠠ》 ᠎ᠪᠠᠷ ᠰᠣᠩᠭᠤᠭ᠍ᠳᠠᠨ᠂ ᠤᠷᠳᠤᠰ ᠠᠮᠤᠭᠤᠯᠠᠩᠲᠤ ᠳᠤᠮᠳᠠᠳᠤ ᠤᠯᠤᠰ᠎ᠤᠨ ᠪᠠᠢᠭᠤᠯᠤᠯᠲᠠ᠎ᠶ᠋ᠢᠨ 《ᠴᠠᠩ ᠠᠨ ᠬᠤᠨᠳᠠᠭᠠᠲᠤ》 ᠎ᠶ᠋ᠢᠨ ᠢᠷᠠᠭᠤ ᠠᠯᠳᠠᠷ᠎ᠢ ᠬᠦᠷᠲᠡᠵᠦ᠍᠂ ᠪᠥᠬᠦ᠌ ᠣᠷᠣᠨ᠎ᠤ ᠭᠤᠷᠪᠠᠨ ᠱᠠᠲᠤᠨ᠎ᠤ ᠨᠡᠢᠭᠡᠮ᠎ᠤᠨ ᠠᠵᠢᠯ᠎ᠤᠨ ᠲᠠᠪᠴᠠᠩ᠂ ᠴᠠᠬᠢᠯᠭᠠᠨ ᠬᠤᠯᠪᠣᠭᠠᠨ᠎ᠤ ᠮᠡᠬᠡᠯᠡᠯ᠎ᠢ ᠡᠰᠡᠷᠭᠦᠴᠡᠬᠦ᠌ ᠲᠥᠪ᠎ᠤᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠢ᠎ᠪᠠᠷ ᠠᠬᠢᠭᠤᠯᠵᠤ᠂ ᠳᠠᠬᠢᠨ ᠳᠠᠪᠲᠠᠨ ᠵᠠᠬᠢᠳᠠᠯ ᠰᠤᠷᠪᠤᠯᠵᠢᠯᠠᠯ ᠬᠢᠬᠦ᠌᠎ᠶ᠋ᠢ ᠵᠠᠰᠠᠭ᠍ᠰᠠᠨ ᠪᠠ ᠵᠠᠬᠢᠳᠠᠯ ᠰᠤᠷᠪᠤᠯᠵᠢᠯᠠᠯ᠎ᠤᠨ ᠳᠠᠷᠤᠭ᠍ᠳᠠᠮᠠᠯ ᠬᠡᠷᠡᠭ᠎ᠢ ᠠᠷᠢᠯᠭᠠᠭ᠍ᠰᠠᠨ ᠲᠤᠰᠭᠠᠢ ᠠᠵᠢᠯ᠎ᠤᠨ ᠦᠷ᠎ᠡ ᠪᠦᠲᠦᠮᠵᠢ ᠢᠯᠡᠷᠬᠡᠢ ᠪᠣᠯᠪᠠ᠃ ᠪᠠᠢᠭᠠᠯᠢ᠎ᠶ᠋ᠢᠨ ᠭᠠᠢ ᠭᠠᠮᠱᠢᠭ᠎ᠢ ᠪᠦᠲᠦᠮᠵᠢᠲᠡᠢ ᠠᠷᠭᠠᠴᠠᠭᠠᠵᠤ᠂ ᠠᠮᠦᠷ ᠲᠦᠪᠱᠢᠨ᠎ᠤ ᠲᠠᠯ᠎ᠠ᠎ᠪᠠᠷ᠎ᠬᠢ ᠳᠠᠯᠳᠠ ᠭᠡᠮ᠎ᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ ᠠᠵᠢᠯ᠎ᠢ ᠪᠦᠬᠦ᠌ ᠲᠠᠯ᠎ᠠ᠎ᠪᠠᠷ ᠦᠷᠨᠢᠭᠦᠯᠦᠨ᠂ ᠠᠶᠤᠯ ᠦᠭᠡᠢ ᠦᠢᠯᠡᠳᠪᠦᠷᠢᠯᠡᠯ᠎ᠤᠨ ᠡ᠊ᠨᠳᠡᠯ ᠬᠡᠷᠡᠭ ᠭᠠᠷᠤᠭ᠍ᠰᠠᠨ ᠲᠤᠭ᠎ᠠ ᠪᠠ ᠡ᠊ᠨᠳᠡᠭ᠌ᠰᠡᠨ ᠬᠦᠮᠦᠨ᠎ᠤ ᠲᠤᠭ᠎ᠠ ᠴᠦᠮ ᠪᠠᠭᠠᠰᠴᠤ᠌᠂ ᠢᠳᠡᠭᠡᠨ ᠪᠠ ᠡᠮ᠎ᠤᠨ ᠵᠦᠢᠯᠡᠰ᠎ᠤᠨ ᠠᠮᠦᠷ ᠲᠦᠪᠱᠢᠨ᠎ᠤ ᠲᠠᠯ᠎ᠠ᠎ᠳᠤ ᠬᠦᠨᠳᠦ ᠶᠡᠭᠡ ᠬᠡᠷᠡᠭ ᠡᠭᠦᠰᠦᠭ᠌ᠰᠡᠨ ᠦᠭᠡᠢ ᠪᠠᠢᠵᠤ᠂ ᠨᠡᠢᠭᠡᠮ᠎ᠤᠨ ᠶᠡᠭᠡ ᠲᠠᠯ᠎ᠠ᠎ᠶ᠋ᠢᠨ ᠲᠣᠭ᠍ᠲᠠᠭᠤᠨ ᠪᠠᠢᠬᠤ᠎ᠶ᠋ᠢ ᠪᠠᠲᠤᠯᠠᠪᠠ᠃

ᠨᠢᠭᠡ ᠵᠢᠯ᠎ᠤᠨ ᠲᠣᠷᠰᠢ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠳᠠᠢᠴᠢᠯᠠᠯᠲᠠ᠂ ᠬᠤᠶᠠᠷ᠎ᠢ ᠬᠦᠷᠢᠶᠡᠯᠡᠬᠦ᠌ ᠪᠠ ᠠᠰᠠᠷᠠᠨ ᠬᠠᠷᠠᠭᠠᠯᠵᠠᠬᠤ᠂ ᠴᠡᠷᠢᠭ᠎ᠤᠨ ᠠᠯᠪᠠ᠎ᠡᠴᠡ ᠬᠠᠯᠠᠭ᠍ᠳᠠᠭ᠍ᠰᠠᠳ᠂ ᠠᠷᠠᠳ᠎ᠤᠨ ᠠᠭᠠᠷ᠎ᠤᠨ ᠰᠡᠷᠭᠡᠢᠯᠡᠯᠲᠡ ᠵᠡᠷᠭᠡ ᠠᠵᠢᠯ᠎ᠳᠤ ᠴᠦᠮ ᠱᠢᠨ᠎ᠡ ᠠᠮᠵᠢᠯᠲᠠ ᠣᠯᠵᠤ᠂ ᠭᠠᠳᠠᠭᠠᠳᠤ ᠶᠠᠪᠤᠳᠠᠯ ᠪᠠ ᠬᠠᠷᠢᠶᠠᠲᠤ᠎ᠶ᠋ᠢᠨ ᠶᠠᠪᠤᠳᠠᠯ᠂ ᠲᠤᠭ᠎ᠠ ᠪᠦᠷᠢᠳᠭᠡᠯ ᠪᠠᠢᠴᠠᠭᠠᠯᠲᠠ᠂ ᠰᠣᠨᠢᠨ ᠮᠡᠳᠡᠭᠡ ᠷᠠᠳᠢᠣ᠋ ᠲᠧᠯᠸᠢᠰ᠂ ᠨᠡᠢᠭᠡᠮ᠎ᠤᠨ ᠱᠢᠨᠵᠢᠯᠡᠬᠦ᠌ ᠤᠬᠠᠭᠠᠨ᠂ ᠳᠠᠩᠰᠠ ᠡᠪᠬᠡᠮᠡᠯ ᠪᠠ ᠨᠢᠭᠤᠴᠠ᠎ᠶ᠋ᠢ ᠬᠠᠮᠠᠭᠠᠯᠠᠬᠤ᠂ ᠵᠦᠪᠳᠡᠭ᠌ᠴᠢ ᠪᠠ ᠲᠡᠦᠬᠡ ᠰᠤᠶᠤᠯ᠂ ᠭᠠᠵᠠᠷ ᠬᠦᠳᠡᠯᠦᠯᠲᠡ ᠪᠠ ᠴᠠᠭ ᠠᠭᠤᠷ᠂ ᠭᠠᠵᠠᠷ ᠱᠢᠨᠵᠢᠯᠡᠭᠡᠨ᠎ᠤ ᠬᠡᠮᠵᠢᠨ ᠵᠢᠷᠤᠭ᠍ᠯᠠᠯ ᠵᠡᠷᠭᠡ ᠠᠵᠢᠯ ᠦᠢᠯᠡᠰ᠎ᠲᠤ ᠴᠦᠮ ᠱᠢᠨ᠎ᠡ ᠦᠷ᠎ᠡ ᠪᠦᠲᠦᠮᠵᠢ᠎ᠲᠠᠢ ᠪᠣᠯᠵᠤ᠂ ᠠᠵᠢᠯᠴᠢᠨ᠎ᠤ ᠡᠪᠯᠡᠯ᠂ ᠡᠪ ᠬᠠᠮᠲᠤ ᠵᠠᠯᠠᠭᠤᠴᠤᠳ᠎ᠤᠨ ᠡᠪᠯᠡᠯ᠂ ᠡᠮᠡᠭ᠌ᠲᠡᠢᠴᠦᠳ᠎ᠤᠨ ᠬᠤᠯᠪᠣᠭᠠᠲᠤ ᠬᠤᠷᠠᠯ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠨᠡᠢᠭᠡᠮᠯᠢᠭ᠂ ᠤᠳᠭ᠎ᠠ ᠤᠷᠠᠯᠢᠭ᠎ᠤᠨ᠎ᠬᠢᠨ᠎ᠤ ᠬᠤᠯᠪᠣᠭᠠᠲᠤ ᠬᠤᠷᠠᠯ᠂ ᠵᠡᠮᠳᠡᠭ᠌ᠴᠦᠳ᠎ᠤᠨ ᠬᠤᠯᠪᠣᠭᠠᠲᠤ ᠬᠤᠷᠠᠯ᠂ ᠤᠯᠠᠭᠠᠨ ᠵᠠᠭᠠᠯᠮᠠᠢᠲᠠᠨ᠎ᠤ ᠨᠡᠢᠭᠡᠮᠯᠢᠭ᠂ ᠨᠠᠰᠤᠲᠠᠢᠴᠤᠳ᠎ᠤᠨ  ᠠᠵᠢᠯ᠎ᠤᠨ ᠵᠦᠪᠯᠡᠯ᠂ ᠬᠤᠢᠴᠢ ᠦᠶ᠎ᠡ᠎ᠪᠠᠨ ᠬᠠᠯᠠᠮᠵᠢᠯᠠᠬᠤ ᠠᠵᠢᠯ᠎ᠤᠨ ᠵᠦᠪᠯᠡᠯ ᠵᠡᠷᠭᠡ ᠵᠣᠬᠢᠶᠠᠨ ᠪᠠᠢᠭᠤᠯᠤᠯᠲᠠ᠎ᠳᠦ  ᠴᠥᠮ ᠱᠢᠨ᠎ᠡ ᠳᠦᠷᠰᠦ ᠪᠠᠢᠳᠠᠯ ᠢᠯᠡᠷᠡᠪᠡ᠃

ᠨᠢᠭᠡ ᠵᠢᠯ᠎ᠤᠨ ᠲᠣᠷᠰᠢ᠂ ᠵᠠᠰᠠᠭ᠎ᠤᠨ ᠣᠷᠳᠣᠨ᠎ᠤ ᠲᠤᠰ ᠪᠡᠶ᠎ᠡ᠎ᠶ᠋ᠢᠨ ᠪᠠᠢᠭᠤᠯᠤᠯᠲᠠ ᠱᠢᠨ᠎ᠡ᠎ᠪᠠᠷ ᠴᠢᠩᠭᠠᠷᠠᠪᠠ᠃ ᠪᠢᠳᠡ ᠤᠯᠤᠰ ᠲᠥᠷᠥ᠎ᠶ᠋ᠢᠨ ᠪᠠᠢᠭᠤᠯᠤᠯᠲᠠ᠎ᠶ᠋ᠢ ᠲᠡᠷᠢᠭᠦᠨ ᠪᠠᠢᠷᠢᠨ᠎ᠳᠤ ᠲᠠᠯᠪᠢᠵᠤ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠦᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠍᠂ 《ᠪᠢ ᠣᠯᠠᠨ ᠲᠦᠮᠡᠨ᠎ᠳᠤ ᠪᠣᠳᠠᠲᠠᠢ ᠶᠠᠪᠤᠳᠠᠯ ᠬᠢᠬᠦ᠌》 ᠨᠠᠷᠢᠨ ᠳᠠᠩᠰᠠᠨ᠎ᠤ ᠵᠦᠢᠯᠡᠰ᠎ᠢ ᠪᠥᠬᠦ᠌ ᠲᠠᠯ᠎ᠠ᠎ᠪᠠᠷ ᠪᠡᠶᠡᠯᠡᠭᠦᠯᠦᠨ᠂ ᠲᠥᠪ᠎ᠤᠨ ᠲᠣᠭᠤᠷᠢᠨ ᠪᠠᠢᠴᠠᠭᠠᠯᠲᠠ ᠪᠠ ᠬᠢᠨᠠᠨ ᠪᠣᠳᠣᠯᠲᠠ᠎ᠪᠠᠷ ᠲᠤᠰᠭᠠᠭ᠍ᠰᠠᠨ ᠴᠡᠭ᠌ᠴᠡᠯᠡᠵᠦ᠍ ᠰᠠᠢᠵᠢᠷᠠᠭᠤᠯᠬᠤ ᠠᠵᠢᠯ᠎ᠢ ᠬᠢᠨᠠᠮᠠᠭᠠᠢ ᠰᠠᠢᠲᠤᠷ ᠠᠳᠭᠤᠵᠤ᠂ ᠮᠦᠩᠭᠦᠨ ᠭᠦᠢᠯᠭᠡᠭᠡᠨ᠎ᠤ ᠬᠦᠷᠢᠶ᠎ᠡ ᠪᠠ ᠤᠯᠤᠰ᠎ᠤᠨ ᠦᠮᠴᠢᠯᠡᠯᠲᠦ ᠬᠦᠷᠦᠩᠭᠡ ᠤᠯᠤᠰ᠎ᠤᠨ ᠦᠮᠴᠢᠯᠡᠯᠲᠦ ᠠᠵᠤ ᠠᠬᠤᠢᠯᠠᠯ᠂ ᠨᠡᠭᠡᠭᠡᠯᠲᠡ᠎ᠶ᠋ᠢᠨ ᠲᠣᠭᠤᠷᠢᠭ᠎ᠤᠨ ᠱᠢᠰᠲ᠋ᠧᠮ᠎ᠳᠠᠬᠢ ᠬᠡᠷᠡᠭ᠎ᠢᠶᠠᠷ ᠴᠡᠭ᠌ᠴᠡᠯᠡᠯᠲᠡ ᠰᠠᠢᠵᠢᠷᠠᠭᠤᠯᠤᠯᠲᠠ᠎ᠶ᠋ᠢ ᠠᠬᠢᠭᠤᠯᠬᠤ ᠠᠵᠢᠯ᠎ᠢᠶᠠᠨ ᠭᠦᠨᠵᠡᠭᠡᠢᠷᠡᠭᠦᠯᠦᠨ ᠠᠬᠢᠭᠤᠯᠵᠤ᠂ ᠵᠠᠰᠠᠭ᠎ᠤᠨ ᠣᠷᠳᠣᠨ᠎ᠤ ᠠᠵᠢᠯ᠎ᠤᠨ ᠦᠷ᠎ᠡ ᠠᠱᠢᠭ᠂ ᠨᠠᠢᠳᠠᠪᠤᠷᠢᠵᠢᠭᠤᠯᠤᠭ᠍ᠰᠠᠨ ᠦᠷ᠎ᠡ ᠪᠦᠲᠦᠮᠵᠢ᠂ ᠵᠠᠰᠠᠯᠲᠠ ᠬᠢᠭ᠌ᠰᠡᠨ ᠦᠷ᠎ᠡ ᠴᠢᠳᠠᠮᠵᠢ ᠲᠠᠰᠤᠷᠠᠯᠲᠠ ᠦᠭᠡᠢ ᠳᠡᠭᠡᠭ᠌ᠰᠢᠯᠡᠪᠡ᠃ ᠬᠠᠤᠯᠢ ᠶᠤᠰᠤᠭᠠᠷ ᠵᠠᠰᠠᠭ ᠶᠠᠪᠤᠭᠤᠯᠬᠤ᠎ᠶ᠋ᠢ ᠪᠠᠷᠢᠮᠲᠠᠯᠠᠨ᠂ ᠡᠯ᠎ᠡ ᠲᠠᠯ᠎ᠠ᠎ᠶ᠋ᠢᠨ ᠬᠢᠨᠠᠯᠲᠠ ᠲᠠᠯᠪᠢᠯᠲᠠ᠎ᠶ᠋ᠢ ᠤᠬᠠᠮᠰᠠᠷ᠎ᠡᠴᠡ᠎ᠪᠠᠨ ᠬᠦᠯᠢᠶᠡᠵᠦ᠍᠂ ᠦᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠳᠤ ᠳᠡᠪᠱᠢᠭᠦᠯᠵᠦ᠍ ᠬᠢᠨᠠᠨ ᠵᠥᠪᠱᠢᠶᠡᠷᠡᠭᠦᠯᠦᠭ᠌ᠰᠡᠨ ᠬᠠᠤᠯᠢ ᠲᠣᠭ᠍ᠲᠠᠭᠠᠯ᠎ᠤᠨ ᠲᠠᠯ᠎ᠠ᠎ᠶ᠋ᠢᠨ ᠰᠠᠨᠠᠯ ᠵᠦᠪᠯᠡᠯᠭᠡ 36 ᠪᠠᠢᠵᠤ᠂ ᠵᠠᠰᠠᠭ᠎ᠤᠨ ᠣᠷᠳᠣᠨ᠎ᠤ 29 ᠲᠣᠭ᠍ᠲᠠᠭᠠᠯ ᠳᠦᠷᠢᠮ᠎ᠢ ᠲᠣᠭ᠍ᠲᠠᠭᠠᠵᠤ᠂ ᠵᠠᠰᠠᠪᠤᠷᠢ ᠤᠷᠤᠭᠤᠯᠤᠭ᠍ᠰᠠᠨ ᠪᠠ ᠬᠦᠴᠦᠨ ᠦᠭᠡᠢ ᠪᠣᠯᠭᠠᠵᠤ᠂ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠯᠦᠭᠡᠯᠡᠭ᠌ᠴᠢᠳ᠎ᠤᠨ 585 ᠰᠠᠨᠠᠭᠤᠯᠭ᠎ᠠ ᠪᠠ ᠤᠯᠤᠰ ᠲᠥᠷᠥ᠎ᠶ᠋ᠢᠨ ᠵᠦᠪᠯᠡᠯᠭᠡᠨ᠎ᠤ 583 ᠰᠠᠨᠠᠯ ᠳᠤᠷᠠᠳᠤᠯᠭ᠎ᠠ᠎ᠶ᠋ᠢ ᠴᠦᠮ ᠭᠦᠢᠴᠡᠳᠭᠡᠵᠦ᠍ ᠳᠠᠭᠤᠰᠭᠠᠪᠠ᠃ ᠠᠷᠪᠢᠴᠢ ᠭᠠᠮᠳᠠᠢ ᠠᠮᠢᠳᠤᠷᠠᠬᠤ᠎ᠶ᠋ᠢ ᠪᠠᠷᠢᠮᠲᠠᠯᠠᠨ᠂ ᠦᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠭᠤᠣᠯᠳᠠᠯᠭ᠎ᠠ᠎ᠶ᠋ᠢᠨ ᠪᠤᠰᠤ᠂ ᠵᠠᠪᠠᠯ ᠬᠡᠷᠡᠭ᠌ᠰᠡᠬᠦ᠌ ᠪᠤᠰᠤ ᠴᠢᠨᠠᠷᠲᠠᠢ ᠵᠠᠷᠤᠯᠭ᠎ᠠ᠎ᠶ᠋ᠢᠨ ᠲᠦᠰᠦᠪ᠎ᠢ 55.5 ᠳ᠋ᠦᠩᠱᠢᠭᠤᠷ ᠲᠦᠭᠦᠷᠢᠭ ᠬᠠᠰᠤᠨ ᠪᠠᠭᠠᠰᠭᠠᠵᠤ᠂ ᠶᠡᠷᠦᠩᠬᠡᠢ᠎ᠳᠤ᠎ᠨᠢ ᠬᠠᠰᠤᠵᠤ ᠪᠠᠭᠠᠰᠭᠠᠭ᠍ᠰᠠᠨ ᠨᠤᠷᠮ᠎ᠠ 34.4% ᠪᠣᠯᠪᠠ᠃

ᠲᠦᠯᠦᠭᠡᠯᠡᠭ᠌ᠴᠢᠳ ᠡ᠂ ᠦᠩᠭᠡᠷᠡᠭ᠌ᠰᠡᠨ ᠨᠢᠭᠡ ᠵᠢᠯ᠎ᠳᠤ᠂ ᠬᠦᠴᠢᠷᠳᠡᠯ ᠣᠯᠠᠨ ᠦᠷᠢᠰᠦᠯᠳᠦᠭᠡᠨ ᠶᠡᠭᠡ ᠪᠠᠢᠳᠠᠯ ᠳᠣᠣᠷ᠎ᠠ᠂ ᠮᠠᠨ᠎ᠤ ᠣᠷᠣᠨ᠎ᠤ ᠡᠯ᠎ᠡ ᠵᠦᠢᠯ᠎ᠤᠨ ᠠᠵᠢᠯ ᠦᠢᠯᠡᠰ ᠬᠥᠭ᠌ᠵᠢᠨ ᠳᠠᠪᠱᠢᠵᠤ ᠴᠢᠳᠠᠭ᠍ᠰᠠᠨ ᠶᠠᠪᠤᠳᠠᠯ ᠪᠣᠯ ᠦᠨᠳᠦᠰᠦᠨ᠎ᠳᠦ ᠪᠠᠨ ᠰᠢ᠎ᠶ᠋ᠢᠨ ᠫᠢᠩ ᠨᠦᠬᠦᠷ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ᠎ᠳᠤ ᠪᠣᠢ᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ  ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠱᠢᠨᠵᠢᠯᠡᠬᠦ᠌ ᠤᠬᠠᠭᠠᠨᠴᠢ᠎ᠪᠠᠷ ᠵᠢᠯᠤᠭᠤᠳᠤᠨ ᠳᠠᠭᠠᠭᠤᠯᠤᠭ᠍ᠰᠠᠨ ᠪᠠ ᠶᠡᠷᠦᠩᠬᠡᠢ ᠱᠦᠵᠢ ᠰᠢ᠎ᠶ᠋ᠢᠨ ᠫᠢᠩ  ᠪᠡᠶ᠎ᠡ᠎ᠪᠠᠷ᠎ᠢᠶᠠᠨ ᠦᠪᠦᠷ ᠮᠣᠩᠭᠤᠯ᠎ᠳᠤ ᠴᠢᠭ᠌ᠯᠡᠯ ᠲᠣᠭ᠍ᠲᠠᠭᠠᠵᠤ ᠵᠠᠮ ᠵᠢᠭᠠᠵᠤ ᠤᠳᠤᠷᠢᠳᠤᠭ᠍ᠰᠠᠨ᠎ᠳᠤ ᠪᠣᠢ᠃ ᠮᠠᠨ᠎ᠤ ᠣᠷᠣᠨ᠎ᠤ ᠡᠯ᠎ᠡ ᠵᠦᠢᠯ᠎ᠤᠨ ᠠᠵᠢᠯ᠎ᠳᠤ ᠤᠯᠤᠭ᠍ᠰᠠᠨ ᠠᠮᠵᠢᠯᠲᠠ ᠪᠦᠲᠦᠮᠵᠢ ᠪᠣᠯ ᠦᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠡᠴᠡ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠴᠢᠷᠮᠠᠢᠨ ᠲᠡᠮᠡᠴᠡᠭ᠌ᠰᠡᠨ᠎ᠤ ᠦᠷ᠎ᠡ ᠳ᠋ᠦᠩ ᠪᠣᠯᠬᠤ ᠪᠦᠭᠡᠳ ᠦᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠂ ᠤᠯᠤᠰ ᠲᠥᠷᠥ᠎ᠶ᠋ᠢᠨ ᠵᠦᠪᠯᠡᠯᠭᠡᠨ ᠪᠠ ᠨᠡᠢᠭᠡᠮ᠎ᠤᠨ ᠡᠯ᠎ᠡ ᠡᠲᠡᠭᠡᠳ᠎ᠤᠨ᠎ᠬᠢᠨ᠎ᠤ ᠪᠦᠲᠦᠮᠵᠢᠲᠡᠢ ᠬᠢᠨᠠᠯᠲᠠ ᠲᠠᠯᠪᠢᠵᠤ ᠶᠡᠭᠡ᠎ᠪᠠᠷ ᠳᠡᠮᠵᠢᠭ᠌ᠰᠡᠨ᠎ᠤ ᠦᠷ᠎ᠡ ᠳ᠋ᠦᠩ ᠪᠣᠯᠣᠨ᠎ᠠ᠃ ᠡ᠊ᠨᠳᠡ᠂ ᠪᠢ ᠦᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠮᠦᠨ᠎ᠡ᠎ᠡᠴᠡ᠂ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠤᠨ 2400 ᠲᠦᠮᠡ ᠭᠠᠷᠤᠢ ᠠᠷᠠᠳ ᠲᠦᠮᠡᠨ᠂ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠯᠦᠭᠡᠯᠡᠭ᠌ᠴᠢᠳ᠂ ᠤᠯᠤᠰ ᠲᠥᠷᠥ᠎ᠶ᠋ᠢᠨ ᠵᠦᠪᠯᠡᠯᠭᠡᠨ᠎ᠤ ᠭᠡᠱᠢᠭᠦᠳ ᠪᠠ ᠡᠯ᠎ᠡ ᠠᠷᠠᠳᠴᠢᠯᠠᠭ᠍ᠰᠠᠨ ᠨᠠᠮ ᠪᠦᠯᠦᠭ᠂ ᠠᠵᠤ ᠦᠢᠯᠡᠳᠪᠦᠷᠢ ᠬᠤᠳᠠᠯᠳᠤᠭᠠᠨ᠎ᠤ ᠬᠤᠯᠪᠣᠭᠠᠲᠤ ᠬᠤᠷᠠᠯ᠂ ᠠᠷᠠᠳ᠎ᠤᠨ ᠪᠦᠯᠬᠦᠮ᠂ ᠨᠡᠢᠭᠡᠮ᠎ᠤᠨ ᠡᠯ᠎ᠡ ᠡᠲᠡᠭᠡᠳ᠎ᠤᠨ᠎ᠬᠢᠨ᠂ ᠲᠥᠪ᠎ᠤᠨ ᠡᠯ᠎ᠡ ᠰᠠᠯᠠᠭ᠎ᠠ ᠮᠦᠴᠢᠷ᠂ ᠠᠬ᠎ᠠ ᠲᠡᠭᠦᠦ ᠮᠤᠵᠢ ᠣᠷᠣᠨ ᠬᠤᠲᠠ᠂ ᠦᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠴᠢᠯᠦᠭᠡᠯᠡᠬᠦ᠌ ᠴᠡᠷᠢᠭ ᠪᠠ ᠵᠡᠪᠰᠡᠭ᠌ᠲᠦ ᠴᠠᠭ᠍ᠳᠠᠭᠠᠨ᠎ᠤ ᠴᠡᠷᠢᠭ ᠠᠩᠭᠢ᠂ ᠦᠪᠦᠷ ᠮᠣᠩᠭᠤᠯ᠎ᠢ ᠬᠠᠯᠠᠮᠵᠢᠯᠠᠨ ᠳᠡᠮᠵᠢᠭ᠌ᠰᠡᠨ ᠪᠦᠬᠦ᠌ ᠨᠠᠢᠵᠠ ᠨᠦᠬᠦᠳ᠎ᠲᠤ ᠴᠢᠩ ᠰᠡᠳᠭᠢᠯ᠎ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠭᠡᠯ᠎ᠢᠶᠠᠨ ᠳᠠᠪᠱᠢᠭᠦᠯᠦᠶ᠎ᠡ!


ᠬᠤᠶᠠᠷ᠂ 2022 ᠣᠨ᠎ᠤ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢᠨ ᠬᠠᠷᠠᠯᠲᠠ ᠱᠠᠭᠠᠷᠳᠠᠯᠭ᠎ᠠ

ᠡᠨᠡ ᠵᠢᠯ ᠨᠠᠮ᠎ᠤᠨ ᠬᠤᠷᠢᠳᠤᠭᠠᠷ ᠶᠡᠭᠡ ᠬᠤᠷᠠᠯ ᠠᠮᠵᠢᠯᠲᠠ᠎ᠲᠠᠢ ᠬᠤᠷᠠᠯᠳᠤᠬᠤ᠎ᠪᠠᠷ ᠪᠠᠢᠨ᠎ᠠ᠂ ᠦᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠦᠯᠦᠭᠡᠯᠡᠭ᠌ᠴᠢᠳ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ ᠶᠠᠭ ᠭᠦᠨᠵᠡᠭᠡᠢ ᠦᠷᠨᠢᠵᠦ᠍ ᠪᠠᠢᠨ᠎ᠠ᠂ ᠡᠳᠡᠭᠡᠷ᠎ᠨᠢ ᠦᠪᠦᠷ ᠮᠣᠩᠭᠤᠯ᠎ᠤᠨ ᠣᠳᠣᠬᠢᠴᠢᠯᠠᠯᠲᠠ᠎ᠶ᠋ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ ᠶᠠᠪᠤᠴᠠ᠎ᠳᠤ ᠴᠢᠬᠤᠯᠠ ᠶᠡᠭᠡ ᠠᠴᠢ ᠬᠤᠯᠪᠣᠭ᠍ᠳᠠᠯ᠎ᠲᠠᠢ ᠶᠤᠮ᠃ ᠵᠠᠰᠠᠭ᠎ᠤᠨ ᠣᠷᠳᠣᠨ᠎ᠤ ᠠᠵᠢᠯ᠎ᠢ ᠰᠠᠢᠲᠤᠷ ᠬᠢᠬᠦ᠌᠎ᠳᠤ᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠤᠳᠠᠭ᠎ᠠ ᠪᠦᠷᠢ᠎ᠶ᠋ᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠂ ᠲᠥᠪ᠎ᠤᠨ ᠠᠵᠤ ᠠᠬᠤᠢ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠦᠪᠦᠷ ᠮᠣᠩᠭᠤᠯ᠎ᠤᠨ ᠲᠣᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠦᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠦᠯᠦᠭᠡᠯᠡᠭ᠌ᠴᠢᠳ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠬᠢᠨᠠᠮᠠᠭᠠᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠨᠠᠮ ᠪᠠᠢᠭᠤᠯᠬᠤ ᠠᠭᠤᠤ ᠶᠡᠭᠡ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠲᠣᠭ᠍ᠲᠠᠭᠤᠨ᠎ᠤ ᠳᠠᠭᠠᠤ ᠤᠷᠤᠭ᠍ᠰᠢᠯᠠᠬᠤ ᠶᠡᠷᠦᠩᠬᠡᠢ ᠦᠨᠳᠦᠰᠦᠨ ᠰᠠᠨᠠᠭ᠎ᠠ᠎ᠶ᠋ᠢ ᠪᠠᠷᠢᠮᠲᠠᠯᠠᠨ᠂ ᠱᠢᠨ᠎ᠡ ᠬᠥᠭ᠌ᠵᠢᠯᠲᠡ᠎ᠶ᠋ᠢᠨ ᠣᠨᠣᠯᠵᠢᠬᠤᠨ᠎ᠢ ᠪᠦᠷᠢᠨ ᠭᠦᠢᠴᠡᠳ᠂ ᠵᠥᠪ ᠣᠨᠣᠪᠴᠢᠲᠠᠢ᠂ ᠪᠦᠬᠦ᠌ ᠲᠠᠯ᠎ᠠ᠎ᠪᠠᠷ ᠲᠣᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠢᠳᠡᠪᠬᠢᠲᠡᠢ ᠦᠢᠯᠡᠴᠢᠯᠡᠬᠦ᠌ ᠪᠠ ᠠᠭᠤᠰᠤᠯᠴᠠᠵᠤ᠂ ᠦᠭᠡᠷᠡᠴᠢᠯᠡᠯᠲᠡ ᠨᠡᠭᠡᠭᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠦᠨ᠂ ᠱᠢᠨ᠎ᠡ᠎ᠶ᠋ᠢ ᠡᠭᠦᠳᠬᠦ᠌᠎ᠪᠠᠷ ᠬᠦᠳᠡᠯᠭᠡᠭᠦᠷ ᠪᠣᠯᠭᠠᠭ᠍ᠰᠠᠨ ᠬᠥᠭ᠌ᠵᠢᠯᠲᠡ᠎ᠶ᠋ᠢ ᠪᠠᠷᠢᠮᠲᠠᠯᠠᠵᠤ᠂ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠢ ᠦᠭᠡᠷᠡᠴᠢᠯᠡᠯᠲᠡ᠎ᠪᠠᠷ ᠭᠤᠣᠯ ᠱᠢᠵᠢᠮ ᠪᠣᠯᠭᠠᠬᠤ᠎ᠶ᠋ᠢ ᠪᠠᠷᠢᠮᠲᠠᠯᠠᠨ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢ ᠨᠢᠭᠡᠲᠦᠯᠲᠡᠢ ᠲᠦᠯᠦᠪᠵᠢᠭᠦᠯᠦᠨ᠂ ᠬᠥᠭ᠌ᠵᠢᠯᠲᠡ ᠪᠠ ᠠᠮᠦᠷ ᠲᠦᠪᠱᠢᠨ᠎ᠢ ᠨᠢᠭᠡᠲᠦᠯᠲᠡᠢ ᠲᠦᠯᠦᠪᠯᠡᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ  ᠴᠤᠭ᠍ᠴᠠ᠎ᠶ᠋ᠢᠨ ᠤᠬᠠᠮᠰᠠᠷ᠎ᠢ ᠴᠦᠬᠦᠷᠡᠰᠢ ᠦᠭᠡᠢ ᠪᠠᠲᠤᠳᠭᠠᠨ᠂ ᠠᠮᠢ ᠠᠬᠤᠢ᠎ᠶ᠋ᠢ ᠤᠷᠢᠳ᠎ᠢᠶᠠᠷ ᠪᠤᠳᠤᠯᠬᠢᠯᠠᠬᠤ᠂ ᠪᠣᠬᠢᠷᠳᠤᠯ ᠦᠭᠡᠢ ᠬᠥᠭ᠌ᠵᠢᠯᠲᠡ᠎ᠪᠠᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠭᠤᠢᠪᠢᠰᠢ ᠦᠭᠡᠢ ᠵᠠᠮᠨᠠᠵᠤ᠂ 《ᠬᠤᠶᠠᠷ ᠬᠠᠯᠬᠠᠪᠴᠢ》᠂ 《ᠬᠤᠶᠠᠷ ᠰᠠᠭᠤᠷᠢᠨ ᠭᠠᠵᠠᠷ》᠂ 《ᠨᠢᠭᠡ ᠬᠦᠭᠦᠷᠭᠡᠨ ᠪᠠᠬᠢᠯᠡᠯᠲᠡ》 ᠎ᠶ᠋ᠢ ᠲᠦᠷᠭᠡᠳᠭᠡᠨ ᠪᠠᠢᠭᠤᠯᠵᠤ᠂ 《ᠵᠢᠷᠭᠤᠭ᠎ᠠ᠎ᠶ᠋ᠢ ᠲᠣᠭ᠍ᠲᠠᠪᠤᠷᠢᠵᠢᠭᠤᠯᠬᠤ》᠂ 《ᠵᠢᠷᠭᠤᠭ᠎ᠠ᠎ᠶ᠋ᠢ ᠪᠠᠲᠤᠯᠠᠬᠤ》 ᠠᠵᠢᠯ᠎ᠢ ᠦᠷᠭᠦᠯᠵᠢᠯᠡᠨ ᠰᠠᠢᠲᠤᠷ ᠬᠢᠵᠦ᠍᠂ ᠠᠷᠠᠳ᠎ᠤᠨ ᠠᠮᠢᠳᠤᠷᠠᠯ᠎ᠢ ᠬᠦᠴᠦᠯᠡᠨ ᠪᠠᠲᠤᠯᠠᠬᠤ ᠪᠠ ᠰᠠᠢᠵᠢᠷᠠᠭᠤᠯᠵᠤ᠂ ᠠᠵᠤ ᠠᠬᠤᠢ᠎ᠶ᠋ᠢᠨ ᠠᠵᠢᠯᠯᠠᠭᠠᠨ᠎ᠢ ᠵᠣᠬᠢᠰᠲᠠᠢ ᠬᠡᠪᠴᠢᠶᠡᠨ᠎ᠳᠤ ᠪᠠᠢᠯᠭᠠᠵᠤ᠂ ᠨᠡᠢᠭᠡᠮ᠎ᠤᠨ ᠶᠡᠭᠡ ᠲᠠᠯ᠎ᠠ᠎ᠶ᠋ᠢᠨ ᠲᠣᠭ᠍ᠲᠠᠭᠤᠨ᠎ᠢ ᠪᠠᠲᠤᠯᠠᠨ᠂ ᠱᠢᠯᠢᠳᠡᠭ ᠬᠢᠷᠢ ᠪᠦᠲᠦᠮᠵᠢ᠎ᠪᠠᠷ᠎ᠢᠶᠠᠨ ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠠᠮᠵᠢᠯᠲᠠ᠎ᠲᠠᠢ ᠬᠤᠷᠠᠯᠳᠤᠬᠤ᠎ᠶ᠋ᠢ ᠪᠠᠶᠠᠷᠯᠠᠨ ᠤᠭ᠍ᠲᠤᠶ᠎ᠠ᠃

ᠪᠦᠬᠦ᠌ ᠣᠷᠣᠨ᠎ᠤ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢᠨ ᠭᠤᠣᠯ ᠵᠢᠱ᠌ᠢᠭ᠌ᠰᠡᠨ ᠬᠠᠷᠠᠯᠲᠠ ᠪᠣᠯ᠄ ᠭᠠᠵᠠᠷ ᠣᠷᠣᠨ᠎ᠤ ᠦᠢᠯᠡᠳᠪᠦᠷᠢᠯᠡᠯ᠎ᠤᠨ ᠶᠡᠷᠦᠩᠬᠡᠢ ᠥᠷᠲᠡᠭ᠎ᠢ 6% ᠣᠷᠴᠢᠮ ᠨᠡᠮᠡᠭ᠌ᠳᠡᠭᠦᠯᠦᠨ᠎ᠡ; ᠬᠤᠲᠠ ᠪᠠᠯᠭᠠᠰᠤᠨ᠎ᠤ ᠠᠵᠢᠯ ᠣᠯᠣᠭ᠍ᠰᠠᠳ᠎ᠢ 20 ᠭᠠᠷᠤᠢ ᠲᠦᠮᠡ ᠱᠢᠨ᠎ᠡ᠎ᠪᠠᠷ ᠨᠡᠮᠡᠭ᠌ᠳᠡᠭᠦᠯᠵᠦ᠍᠂ ᠬᠤᠲᠠ ᠪᠠᠯᠭᠠᠰᠤᠨ᠎ᠤ ᠪᠠᠢᠴᠠᠭᠠᠯᠲᠠ᠎ᠳᠠᠬᠢ ᠠᠵᠢᠯ ᠠᠯᠳᠠᠭ᠍ᠰᠠᠳ᠎ᠤᠨ ᠨᠤᠷᠮ᠎ᠠ᠎ᠶ᠋ᠢ 6% ᠣᠷᠴᠢᠮ ᠪᠠᠢᠯᠭᠠᠨ᠎ᠠ; ᠰᠠᠭᠤᠭᠠᠯᠢ ᠠᠷᠠᠳ᠎ᠤᠨ ᠬᠡᠷᠡᠭ᠌ᠯᠡᠭᠡ᠎ᠶ᠋ᠢᠨ ᠦᠨ᠎ᠡ ᠬᠠᠩᠰᠢ᠎ᠶ᠋ᠢᠨ ᠦᠰᠦᠯᠲᠡ᠎ᠶ᠋ᠢᠨ ᠬᠡᠮᠵᠢᠶ᠎ᠡ᠎ᠶ᠋ᠢ 3% ᠣᠷᠴᠢᠮ ᠪᠠᠢᠯᠭᠠᠨ᠎ᠠ; ᠰᠠᠭᠤᠭᠠᠯᠢ ᠠᠷᠠᠳ᠎ᠤᠨ ᠣᠷᠣᠯᠭ᠎ᠠ᠎ᠶ᠋ᠢᠨ ᠨᠡᠮᠡᠭ᠌ᠳᠡᠯ᠎ᠢ ᠠᠵᠤ ᠠᠬᠤᠢ᠎ᠶ᠋ᠢᠨ ᠨᠡᠮᠡᠭ᠌ᠳᠡᠯ᠎ᠯᠦᠭᠡ ᠦᠨᠳᠦᠰᠦᠨ᠎ᠳᠦ ᠪᠠᠨ ᠠᠳᠠᠯᠢ ᠪᠠᠢᠯᠭᠠᠨ᠎ᠠ; ᠠᠮᠢ ᠠᠬᠤᠢ ᠣᠷᠴᠢᠨ ᠲᠣᠭᠤᠷᠢᠨ᠎ᠤ ᠴᠢᠨᠠᠷ ᠴᠢᠨᠰᠠᠭ᠎ᠠ᠎ᠶ᠋ᠢ ᠤᠯᠠᠮ ᠨᠢᠭᠡ ᠠᠯᠬᠤᠮ ᠰᠠᠢᠵᠢᠷᠠᠭᠤᠯᠵᠤ᠂ ᠤᠯᠤᠰ᠎ᠡᠴᠡ ᠪᠠᠭᠤᠯᠭᠠᠭ᠍ᠰᠠᠨ ᠡᠨᠧᠷᠬᠢ ᠠᠷᠪᠢᠯᠠᠵᠤ  ᠪᠤᠬᠢᠷᠳᠤᠯ᠎ᠢ ᠭᠠᠳᠠᠭ᠍ᠰᠢᠯᠠᠭᠤᠯᠬᠤ᠎ᠪᠠᠨ ᠪᠠᠭᠠᠰᠭᠠᠬᠤ ᠬᠠᠷᠠᠯᠲᠠ ᠡᠭᠦᠷᠭᠡ᠎ᠶ᠋ᠢ ᠪᠡᠶᠡᠯᠡᠭᠦᠯᠦᠨ᠎ᠡ᠃ ᠠᠵᠤ ᠠᠬᠤᠢ᠎ᠶ᠋ᠢᠨ ᠨᠡᠮᠡᠭ᠌ᠳᠡᠯ᠎ᠤᠨ ᠬᠠᠷᠠᠯᠲᠠ᠎ᠶ᠋ᠢ 6% ᠣᠷᠴᠢᠮ ᠪᠠᠢᠯᠭᠠᠬᠤ᠎ᠪᠠᠷ ᠲᠣᠭ᠍ᠲᠠᠭᠠᠭ᠍ᠰᠠᠨ ᠶᠠᠪᠤᠳᠠᠯ ᠪᠣᠯ ᠲᠣᠭ᠍ᠲᠠᠭᠤᠨ᠎ᠢ ᠲᠡᠷᠢᠭᠦᠨ᠎ᠳᠤ ᠲᠠᠯᠪᠢᠵᠤ᠂ ᠲᠣᠭ᠍ᠲᠠᠭᠤᠨ᠎ᠤ ᠲᠠᠭᠠᠤ ᠤᠷᠤᠭ᠍ᠰᠢᠯᠠᠬᠤ ᠱᠠᠭᠠᠷᠳᠠᠯᠭ᠎ᠠ᠎ᠶ᠋ᠢ ᠲᠤᠭᠤᠱᠢᠯᠠᠭᠤᠯᠤᠨ᠂ ᠬᠦᠳᠡᠯᠭᠡᠬᠦ᠌ ᠬᠦᠴᠦᠨ᠎ᠤ ᠲᠤᠯᠭᠠᠭᠤᠷᠢᠯᠠᠯ᠂ ᠳᠠᠷᠤᠯᠲᠠ ᠬᠦᠯᠢᠶᠡᠬᠦ᠌ ᠳᠠᠭᠠᠭᠠᠴᠠ ᠪᠠ ᠪᠤᠰᠤᠳ ᠵᠢᠱ᠌ᠢᠭ᠌ᠰᠡᠨ ᠬᠠᠷᠠᠯᠲᠠ᠎ᠲᠠᠢ ᠬᠠᠷᠢᠯᠴᠠᠨ ᠵᠣᠬᠢᠴᠠᠭᠤᠯᠵᠤ᠂ 《ᠠᠷᠪᠠᠨ ᠳᠦᠷᠪᠡᠳᠦᠭᠡᠷ ᠲᠠᠪᠤᠨ ᠵᠢᠯ》 ᠎ᠤ᠋ᠨ ᠲᠦᠯᠦᠪᠵᠢᠭᠦᠯᠭᠡ᠎ᠶ᠋ᠢᠨ ᠬᠠᠷᠠᠯᠲᠠ᠎ᠲᠠᠢ ᠵᠤᠯᠭᠠᠭᠤᠯᠬᠤ᠎ᠪᠠᠷ ᠪᠣᠳᠣᠯᠬᠢᠯᠠᠪᠠ᠂ ᠡᠨᠡ᠎ᠨᠢ ᠠᠵᠢᠯ ᠣᠯᠭᠤᠯᠲᠠ᠎ᠶ᠋ᠢ ᠪᠠᠲᠤᠯᠠᠬᠤ᠂ ᠲᠥᠭ᠌ᠰᠢᠭᠦᠷᠢ᠎ᠶ᠋ᠢ ᠰᠡᠷᠭᠡᠢᠯᠡᠬᠦ᠂ ᠵᠢᠱ᠌ᠢᠯᠲᠡ᠎ᠶ᠋ᠢ ᠲᠣᠭ᠍ᠲᠠᠪᠤᠷᠢᠵᠢᠭᠤᠯᠬᠤ᠎ᠳᠤ ᠠᠱᠢᠭ᠍ᠲᠠᠢ᠂ ᠪᠦᠲᠦᠴᠡ᠎ᠶ᠋ᠢ ᠲᠣᠬᠢᠷᠠᠭᠤᠯᠬᠤ᠂ ᠴᠢᠳᠠᠮᠵᠢ᠎ᠶ᠋ᠢ ᠬᠤᠪᠢᠷᠠᠭᠤᠯᠬᠤ᠂ ᠴᠢᠨᠠᠷ᠎ᠢ ᠳᠡᠭᠡᠭ᠌ᠰᠢᠯᠡᠭᠦᠯᠬᠦ᠌᠎ᠳᠤ ᠠᠱᠢᠭ᠍ᠲᠠᠢ ᠪᠦᠭᠡᠳ ᠡᠯ᠎ᠡ ᠲᠠᠯ᠎ᠠ᠎ᠶ᠋ᠢᠨ᠎ᠬᠢᠨ᠎ᠤ ᠬᠥᠭ᠌ᠵᠢᠯᠲᠡ᠎ᠶ᠋ᠢ ᠠᠳᠭᠤᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ᠎ᠢ᠎ᠨᠢ ᠳᠠᠢᠴᠢᠯᠠᠨ ᠳᠡᠭᠡᠭ᠌ᠰᠢᠯᠡᠭᠦᠯᠬᠦ᠌᠎ᠳᠤ ᠠᠱᠢᠭ᠍ᠲᠠᠢ ᠶᠤᠮ᠃

ᠶᠡᠷᠦᠩᠬᠡᠢᠯᠡᠨ ᠵᠠᠳᠠᠯᠪᠠᠯ᠂ ᠡᠳᠡᠭᠡᠷ ᠬᠠᠷᠠᠯᠲᠠ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠬᠤ᠎ᠳᠤ ᠲᠤᠯᠭᠠᠭᠤᠷᠢᠯᠠᠬᠤ ᠨᠦᠬᠦᠴᠡᠯ᠎ᠲᠠᠢ ᠪᠠᠢᠬᠤ ᠮᠦᠷᠲᠡᠭᠡᠨ ᠬᠦᠴᠢᠷᠳᠡᠯ ᠦᠷᠢᠰᠦᠯᠳᠦᠭᠡᠨ ᠪᠠᠰᠠ ᠲᠤᠯᠭᠠᠷᠠᠵᠤ ᠪᠠᠢᠨ᠎ᠠ᠃ ᠪᠦᠬᠦ᠌ ᠤᠯᠤᠰ᠎ᠤᠨ ᠪᠠᠢᠳᠠᠯ᠎ᠠᠴᠠ ᠦᠵᠡᠪᠡᠯ᠂ ᠮᠠᠨ᠎ᠤ ᠤᠯᠤᠰ᠎ᠤᠨ ᠠᠵᠤ ᠠᠬᠤᠢ ᠤᠶᠠᠨ ᠬᠠᠳᠠᠨ ᠴᠢᠨᠠᠷ᠎ᠢᠶᠠᠷ ᠴᠢᠩᠭ᠎ᠠ᠂ ᠤᠷᠲᠤ ᠬᠤᠭᠤᠴᠠᠭ᠎ᠠ᠎ᠪᠠᠷ ᠰᠠᠢᠵᠢᠷᠠᠵᠤ ᠪᠠᠢᠭ᠎ᠠ ᠦᠨᠳᠦᠰᠦᠨ ᠪᠠᠢᠳᠠᠯ᠎ᠳᠤ ᠬᠤᠪᠢᠷᠠᠯᠲᠠ ᠦᠭᠡᠢ᠂ ᠭᠡᠪᠡᠴᠦ᠍ ᠲᠤᠰ ᠡᠷᠢᠨ ᠵᠠᠭᠤᠨ᠎ᠳᠠᠬᠢ ᠬᠢᠵᠢᠭ᠎ᠤᠨ ᠪᠠᠢᠳᠠᠯ᠎ᠤᠨ ᠳᠠᠭᠠᠷᠢᠯᠲᠠ ᠳᠣᠣᠷ᠎ᠠ ᠵᠠᠭᠤᠨ ᠣᠨ᠎ᠤ ᠶᠡᠷᠦ᠍ ᠪᠤᠰᠤ᠎ᠶ᠋ᠢᠨ ᠪᠠᠢᠳᠠᠯ ᠲᠥᠷᠭᠡᠨ᠎ᠢᠶᠠᠷ ᠤᠯᠠᠷᠢᠨ ᠬᠤᠪᠢᠰᠴᠤ᠌ ᠪᠠᠢᠨ᠎ᠠ᠂ ᠭᠠᠳᠠᠷ ᠣᠷᠴᠢᠨ ᠨᠡᠩ ᠨᠠᠷᠢᠨ ᠪᠤᠳᠤᠯᠢᠶᠠᠨ᠎ᠲᠠᠢ ᠨᠡᠩ ᠬᠦᠨᠳᠦ ᠨᠣᠴᠢᠲᠠᠢ ᠪᠠ ᠲᠤᠭ᠍ᠲᠠᠪᠤᠷᠢ ᠦᠭᠡᠢ ᠪᠣᠯᠵᠤ ᠪᠣᠢ᠂ ᠠᠵᠤ ᠠᠬᠤᠢ᠎ᠶ᠋ᠢᠨ ᠬᠥᠭ᠌ᠵᠢᠯᠲᠡ᠎ᠳᠤ ᠬᠡᠷᠡᠭ᠌ᠴᠡᠭᠡ ᠱᠠᠭᠠᠷᠳᠠᠯᠭ᠎ᠠ ᠪᠠᠭᠠᠰᠭᠤ᠂ ᠬᠠᠩᠭᠠᠯᠭ᠎ᠠ᠎ᠶ᠋ᠢᠨ ᠲᠠᠯ᠎ᠠ ᠳᠠᠭᠠᠷᠢᠭ᠍ᠳᠠᠬᠤ᠂ ᠵᠢᠱ᠌ᠢᠯᠲᠡ ᠪᠠᠭᠤᠷᠠᠬᠤ ᠭᠤᠷᠪᠠᠨ ᠳᠠᠪᠬᠤᠷ ᠳᠠᠷᠤᠯᠲᠠ ᠲᠤᠯᠭᠠᠷᠠᠵᠤ ᠪᠠᠢᠨ᠎ᠠ᠃ ᠮᠠᠨ᠎ᠤ ᠣᠷᠣᠨ᠎ᠤ ᠪᠠᠢᠳᠠᠯ᠎ᠡᠴᠡ ᠦᠵᠡᠪᠡᠯ᠂ ᠠᠮᠢ ᠠᠬᠤᠢ᠎ᠶ᠋ᠢ ᠤᠷᠢᠳ᠎ᠢᠶᠠᠷ ᠪᠤᠳᠤᠯᠬᠢᠯᠠᠬᠤ᠂ ᠪᠣᠬᠢᠷᠳᠤᠯ ᠦᠭᠡᠢ ᠬᠥᠭ᠌ᠵᠢᠯᠲᠡ᠎ᠶ᠋ᠢᠨ ᠵᠠᠮ᠎ᠢᠶᠠᠷ ᠵᠠᠮᠨᠠᠬᠤ᠎ᠶ᠋ᠢ ᠰᠦᠪᠡᠭ᠌ᠴᠢᠯᠡᠬᠦ᠌ ᠠᠰᠠᠭᠤᠳᠠᠯ᠎ᠢᠶᠠᠨ ᠲᠠᠰᠤᠷᠠᠯᠲᠠ ᠦᠭᠡᠢ ᠱᠢᠢᠳᠪᠦᠷᠢᠯᠡᠵᠦ᠍᠂ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢ ᠪᠦᠬᠦ᠌ ᠲᠠᠯ᠎ᠠ᠎ᠪᠠᠷ ᠪᠣᠬᠢᠷᠳᠤᠯ ᠦᠭᠡᠢ ᠪᠣᠯᠭᠠᠬᠤ ᠲᠡᠢᠰᠢ ᠬᠡᠯᠪᠡᠷᠢ᠎ᠪᠠᠨ ᠬᠤᠪᠢᠷᠠᠭᠤᠯᠬᠤ ᠪᠠᠢᠳᠠᠯ ᠦᠷᠭᠦᠯᠵᠢᠯᠡᠨ ᠰᠠᠢᠵᠢᠷᠠᠵᠤ ᠪᠠᠢᠭ᠎ᠠ ᠪᠣᠯᠪᠠᠴᠤ᠌᠂ ᠬᠥᠭ᠌ᠵᠢᠯᠲᠡ᠎ᠶ᠋ᠢᠨ ᠲᠡᠩᠴᠡᠭᠦᠷᠢ ᠦᠭᠡᠢ ᠭᠦᠢᠴᠡᠳ ᠪᠤᠰᠤ ᠠᠰᠠᠭᠤᠳᠠᠯ ᠮᠦᠨ ᠬᠦ᠌ ᠳᠣᠪᠤᠢᠮ᠎ᠠ ᠪᠠᠢᠭ᠍ᠰᠠᠭᠠᠷ᠂ ᠴᠢᠨᠠᠷ ᠰᠠᠢᠲᠠᠢ ᠬᠥᠭ᠌ᠵᠢᠯᠲᠡ᠎ᠶ᠋ᠢ ᠬᠦᠯᠢᠶᠡᠰᠦᠯᠡᠵᠦ᠍ ᠪᠠᠢᠭ᠎ᠠ ᠪᠠᠢᠷᠢᠱᠢᠭᠤᠯᠤᠯ᠎ᠤᠨ ᠵᠦᠷᠢᠴᠡᠯ᠂ ᠪᠦᠲᠦᠴᠡ᠎ᠶ᠋ᠢᠨ ᠠᠰᠠᠭᠤᠳᠠᠯ ᠪᠠ ᠪᠠᠢᠭᠤᠯᠤᠯ᠎ᠤᠨ ᠲᠠᠯ᠎ᠠ᠎ᠶ᠋ᠢᠨ ᠬᠠᠷᠰᠢ ᠰᠠᠭᠠᠳ ᠮᠦᠨ ᠬᠦ᠌ ᠳᠤᠪᠤᠢᠮ᠎ᠠ ᠪᠠᠢᠭ᠍ᠰᠠᠭᠠᠷ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ ᠡᠭᠦᠳᠦᠯᠲᠡ᠂ ᠰᠠᠭᠤᠷᠢ ᠪᠡᠯᠡᠳᠭᠡᠮᠵᠢ᠂ ᠠᠵᠤ ᠦᠢᠯᠡᠰ᠎ᠤᠨ ᠪᠦᠲᠦᠭᠡᠨ ᠪᠠᠢᠭᠤᠯᠤᠯᠲᠠ᠂ ᠠᠮᠢ ᠠᠬᠤᠢ ᠣᠷᠴᠢᠨ ᠲᠣᠭᠤᠷᠢᠨ᠎ᠤ ᠬᠠᠮᠠᠭᠠᠯᠠᠯᠲᠠ᠂ ᠣᠯᠠᠨ ᠨᠡᠢᠲᠡ᠎ᠶ᠋ᠢᠨ ᠦᠢᠯᠡᠴᠢᠯᠡᠭᠡ ᠪᠠ ᠠᠷᠠᠳ᠎ᠤᠨ ᠠᠮᠢᠳᠤᠷᠠᠯ᠎ᠤᠨ ᠬᠦᠷᠢᠶᠡᠨ᠎ᠳᠠᠬᠢ ᠲᠤᠳᠠᠭᠤᠳᠠᠯ ᠮᠦᠨ ᠬᠦ᠌ ᠳᠣᠪᠤᠢᠮ᠎ᠠ ᠪᠠᠢᠨ᠎ᠠ᠃ ᠠᠵᠤ ᠠᠬᠤᠢ᠎ᠶ᠋ᠢᠨ ᠪᠠᠭᠤᠷᠠᠯᠲᠠ᠎ᠶ᠋ᠢᠨ ᠳᠠᠷᠤᠯᠲᠠ ᠦᠷᠭᠦᠯᠵᠢᠯᠡᠨ ᠬᠦᠨᠳᠦᠷᠡᠵᠦ᠍᠂ ᠲᠦᠷᠦᠯ ᠵᠦᠢᠯ᠎ᠤᠨ ᠨᠦᠬᠡᠴᠡ ᠬᠢᠭᠡᠳ ᠴᠢᠨᠠᠷ ᠰᠠᠢᠲᠠᠢ ᠬᠥᠭ᠌ᠵᠢᠯᠲᠡ᠎ᠶ᠋ᠢᠨ ᠵᠤᠯᠭᠠᠭᠤᠯᠬᠤ ᠴᠢᠨᠠᠷ ᠴᠢᠩᠭ᠎ᠠ ᠪᠤᠰᠤ᠂ ᠲᠦᠷᠦᠯ ᠵᠦᠢᠯ᠎ᠤᠨ ᠪᠦᠲᠦᠴᠡ ᠬᠢᠭᠡᠳ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠢ ᠦᠭᠡᠷᠡᠴᠢᠯᠡᠯᠲᠡ᠎ᠶ᠋ᠢᠨ ᠢᠵᠢᠯᠢᠱᠢᠬᠦ᠌ ᠴᠢᠨᠠᠷ ᠦᠨᠳᠦᠷ ᠪᠤᠰᠤ ᠪᠠᠢᠵᠤ᠂ ᠠᠵᠤ ᠠᠬᠤᠢ᠎ᠶ᠋ᠢᠨ ᠨᠡᠮᠡᠭ᠌ᠳᠡᠯ᠎ᠳᠤ ᠦᠵᠡᠭᠦᠯᠬᠦ᠌ ᠲᠦᠷᠦᠯ ᠵᠦᠢᠯ᠎ᠤᠨ ᠬᠡᠪᠴᠢᠶᠡᠵᠢᠯ᠎ᠤᠨ ᠲᠤᠯᠭᠠᠭᠤᠷᠢᠯᠠᠬᠤ ᠬᠦᠴᠦᠨ ᠬᠦᠷᠦᠯᠴᠡᠬᠦ᠌ ᠦᠭᠡᠢ ᠪᠠᠢᠨ᠎ᠠ᠃ ᠣᠷᠣᠨ ᠨᠤᠲᠤᠭ᠎ᠤᠨ ᠬᠡᠷᠡᠭ᠌ᠯᠡᠵᠦ᠍ ᠪᠣᠯᠬᠤᠢᠴᠠ ᠡᠳ᠋᠎ᠤᠨ ᠬᠦᠴᠦᠨ ᠶᠡᠷᠦᠩᠬᠡᠢ᠎ᠳᠡᠭᠡᠨ ᠭᠦᠢᠴᠡᠳ ᠪᠤᠰᠤ᠂ ᠡᠳ᠋᠎ᠤᠨ ᠵᠠᠰᠠᠭ᠎ᠤᠨ ᠣᠷᠣᠯᠭ᠎ᠠ ᠵᠠᠷᠤᠯᠭ᠎ᠠ᠎ᠶ᠋ᠢᠨ ᠲᠡᠩᠴᠡᠭᠦᠷᠢᠱᠢᠯ ᠲᠠᠲᠠᠭᠤ ᠪᠠᠢᠳᠠᠯ᠎ᠲᠠᠢ᠂ ᠢᠯᠠᠩᠭᠤᠶ᠎ᠠ ᠦᠨᠳᠦᠰᠦᠨ ᠱᠠᠲᠤᠨ᠎ᠤ ᠵᠠᠰᠠᠭ᠎ᠤᠨ ᠣᠷᠳᠣᠨ ᠦᠷᠢ ᠥᠭ᠌ᠴᠡᠭᠡ᠎ᠶ᠋ᠢ ᠠᠷᠢᠯᠭᠠᠬᠤ᠂ ᠠᠵᠤ ᠠᠬᠤᠢᠯᠠᠯ᠎ᠢ ᠲᠤᠰᠠᠯᠠᠨ ᠬᠦᠴᠢᠷᠳᠡᠯ᠎ᠢ᠎ᠨᠢ ᠲᠠᠢᠯᠬᠤ ᠪᠠ ᠠᠷᠠᠳ᠎ᠤᠨ ᠠᠮᠢᠳᠤᠷᠠᠯ᠎ᠢ ᠪᠠᠲᠤᠯᠠᠬᠤ᠂ ᠴᠠᠯᠢᠩ᠎ᠢ ᠪᠠᠲᠤᠯᠠᠬᠤ᠂ ᠠᠵᠢᠯᠯᠠᠵᠤ ᠡᠷᠬᠢᠯᠳᠦᠬᠦᠯᠬᠦ᠌᠎ᠶ᠋ᠢ ᠪᠠᠲᠤᠯᠠᠬᠤ ᠲᠠᠯ᠎ᠠ᠎ᠳᠤ ᠨᠡᠯᠢᠶᠡᠳ ᠶᠡᠭᠡ ᠬᠦᠴᠢᠷ ᠲᠤᠯᠭᠠᠷᠠᠵᠤ ᠪᠣᠢ᠃ ᠡᠯ᠎ᠡ ᠲᠦᠷᠦᠯ᠎ᠤᠨ ᠲᠥᠭ᠌ᠰᠢᠭᠦᠷᠢ ᠪᠠ ᠦᠷᠢᠰᠦᠯᠳᠦᠭᠡᠨ ᠢᠯᠡᠷᠬᠡᠢ ᠣᠯᠠᠱᠢᠷᠠᠵᠤ᠂ ᠠᠵᠤ ᠠᠬᠤᠢ ᠮᠦᠩᠭᠦᠨ ᠭᠦᠢᠯᠭᠡᠭᠡᠨ᠎ᠤ ᠬᠦᠷᠢᠶᠡᠨ᠎ᠳᠠᠬᠢ ᠲᠥᠭ᠌ᠰᠢᠭᠦᠷᠢ ᠬᠤᠷᠠᠮᠳᠤᠨ ᠳᠠᠪᠬᠤᠴᠠᠵᠤ᠂ ᠠᠮᠢ ᠠᠬᠤᠢ ᠣᠷᠴᠢᠨ ᠲᠣᠭᠤᠷᠢᠨ᠎ᠤ ᠳᠣᠪᠤᠢᠮ᠎ᠠ ᠠᠰᠠᠭᠤᠳᠠᠯ᠎ᠤᠨ ᠦᠯᠡᠳᠡᠭ᠌ᠳᠡᠯ ᠨᠡᠯᠢᠶᠡᠳ ᠶᠡᠭᠡ ᠪᠠᠢᠨ᠎ᠠ᠂ ᠬᠡᠪᠴᠢᠶᠡᠵᠢᠯ᠎ᠤᠨ ᠴᠢᠨᠠᠷᠲᠠᠢ᠎ᠪᠠᠷ ᠪᠤᠴᠠᠭᠠᠳ ᠶᠠᠳᠠᠭᠤᠷᠠᠬᠤ᠎ᠶ᠋ᠢ ᠰᠡᠷᠭᠡᠢᠯᠡᠬᠦ᠌ ᠰᠠᠭᠤᠷᠢ᠎ᠶ᠋ᠢ ᠣᠯᠠᠮ ᠨᠢᠭᠡ ᠠᠯᠬᠤᠮ ᠴᠢᠩᠭᠠᠳᠭᠠᠨ ᠪᠠᠲᠤᠳᠭᠠᠬᠤ ᠴᠢᠬᠤᠯᠠᠲᠠᠢ᠂ ᠢᠯᠠᠩᠭᠤᠶ᠎ᠠ ᠬᠢᠵᠢᠭ᠎ᠤᠨ ᠪᠠᠢᠳᠠᠯ ᠭᠡᠨᠡᠳᠲᠡ ᠡᠭᠦᠰᠭᠦ ᠲᠥᠭ᠌ᠰᠢᠭᠦᠷᠢ ᠢᠮᠠᠭ᠍ᠳᠠ ᠣᠷᠤᠱᠢᠵᠤ ᠪᠠᠢᠬᠤ ᠪᠣᠯᠬᠤᠷ᠂ ᠠᠵᠢᠯ᠎ᠢᠶᠠᠨ ᠦᠴᠦᠬᠡᠨ ᠰᠤᠯᠠᠷᠠᠭᠤᠯᠵᠤ᠂ ᠦᠴᠦᠬᠡᠨ ᠠᠯᠳᠠᠰᠢ ᠭᠠᠷᠭᠠᠪᠠᠯ ᠲᠦᠰᠦᠭᠡᠯᠡᠬᠦᠶ᠎ᠡ ᠪᠡᠷᠬᠡ ᠨᠦᠯᠦᠭᠡ ᠭᠠᠷᠴᠤ᠌ ᠮᠡᠳᠡᠬᠦ᠌ ᠪᠣᠯᠣᠮᠵᠢ᠎ᠲᠠᠢ ᠮᠦᠷᠲᠡᠭᠡᠨ ᠳᠠᠭᠠᠭᠠᠬᠤᠶ᠎ᠠ ᠪᠡᠷᠬᠡ ᠦᠨ᠎ᠡ ᠲᠦᠯᠦᠪᠦᠷᠢ ᠭᠠᠷᠭᠠᠬᠤ ᠪᠣᠯᠣᠨ᠎ᠠ᠃

ᠶᠡᠷᠣᠩᠬᠡᠢᠯᠡᠭᠡᠣᠨ ᠬᠡᠯᠡᠪᠡᠯ᠂ ᠲᠥᠰᠥᠭᠡᠯᠡᠯ᠎ᠤᠨ ᠴᠢᠨᠠᠷᠳᠠᠢ ᠭᠦᠢᠴᠡᠣᠡᠭᠡᠯ ᠲᠤᠭ᠎ᠠ᠎ᠶ᠋ᠢ ᠪᠡᠶᠡᠯᠡᠭᠦᠯᠭᠦ᠎ᠳᠡᠭᠡᠨ ᠥᠨᠳᠥᠷ ᠪᠠᠷᠢᠮᠵᠢᠶᠠᠨ᠎ᠳᠤ ᠬᠦᠷᠭᠡᠬᠦ᠌᠎ᠪᠠᠷ ᠴᠢᠷᠮᠠᠢᠨ᠂ ᠬᠢᠵᠠᠭᠠᠷᠯᠠᠬᠤ ᠴᠢᠨᠠᠷᠳᠠᠢ ᠭᠦᠢᠴᠡᠣᠡᠭᠡᠯ ᠲᠤᠭ᠎ᠠ᠎ᠶ᠋ᠢ ᠪᠡᠶᠡᠯᠡᠭᠦᠯᠭᠦ᠎ᠳᠤ᠎ᠪᠠᠨ ᠳᠠᠷᠣᠯᠳᠡ᠎ᠶ᠋ᠢ ᠳᠠᠭᠠᠭᠠᠵᠣ ᠭᠦᠨᠳᠣ᠎ᠶ᠋ᠢ ᠡᠭᠦᠷᠭᠡᠯᠡᠬᠦ᠌ ᠬᠡᠷᠡᠭ᠌ᠲᠡᠢ᠃ ᠪᠢᠳᠡ ᠬᠤᠷᠢᠭ᠎ᠠ ᠱᠣᠭᠤᠮ᠎ᠤᠨ ᠰᠡᠣᠡᠬᠢᠭᠦᠢ᠎ᠶ᠋ᠢ ᠪᠣᠢ ᠪᠣᠯᠭᠠᠨ᠂ ᠱᠢᠰᠲ᠋ᠧᠮ᠎ᠤᠨ ᠦᠵᠡᠯᠳᠡ᠎ᠪᠠᠨ ᠴᠢᠩᠭᠠᠷᠠᠭᠤᠯᠣᠨ᠂ ᠨᠢᠭᠡᠳᠣᠯᠳᠠᠢ ᠲᠦᠯᠣᠪᠯᠡᠭᠦ᠌ ᠠᠷᠭ᠎ᠠ᠎ᠶ᠋ᠢ ᠰᠠᠢᠳᠣᠷ ᠬᠡᠷᠩᠯᠡᠵᠣ᠂ ᠪᠦᠷᠢᠨ ᠭᠦᠢᠴᠡᠣᠨ ᠪᠡᠯᠡᠣᠡᠭᠡᠯ ᠬᠢᠵᠣ᠂ ᠪᠦᠬᠦ᠌ ᠬᠦᠴᠦ᠍᠎ᠪᠠᠷ᠎ᠢᠶᠠᠨ ᠴᠢᠷᠮᠠᠢᠨ ᠠᠵᠢᠯᠯᠠᠵᠣ᠂ ᠨᠡᠩ ᠰᠠᠢᠨ ᠦᠷ᠎ᠡ ᠳ᠋ᠦᠩ᠎ᠢ ᠲᠡᠮᠡᠴᠡᠨ ᠣᠯᠬᠤ ᠬᠡᠷᠡᠭ᠌ᠲᠡᠢ᠃ ᠡᠷᠬᠡᠪᠰᠢ ᠱᠢᠨ᠎ᠡ ᠭᠦᠭ᠌ᠵᠢᠯᠳᠡ᠎ᠶ᠋ᠢᠨ ᠣᠨᠣᠯᠵᠢᠬᠤᠨ᠎ᠢ ᠪᠦᠷᠢᠨ ᠭᠦᠢᠴᠡᠣᠨ᠂ ᠵᠦᠪ ᠣᠨᠣᠪᠴᠢᠳᠠᠢ᠂ ᠪᠦᠭᠦ᠌ ᠳᠠᠯ᠎ᠡ᠎ᠪᠠᠷ ᠲᠣᠭᠤᠱᠢᠯᠠᠭᠤᠯᠤᠨ᠎ᠠ᠂ ᠠᠮᠢ ᠠᠬᠤᠢ᠎ᠶ᠋ᠢ ᠣᠷᠢᠣᠨ᠎ᠢᠶᠠᠷ ᠪᠣᠳᠣᠯᠬᠢᠯᠡᠬᠤ᠂ ᠪᠣᠬᠢᠷᠳᠣᠯ ᠦᠭᠡᠢ ᠭᠦᠭ᠌ᠵᠢᠯᠲᠡ᠎ᠶ᠋ᠢ ᠪᠠᠷᠢᠮᠳᠠᠯᠠᠵᠣ᠂ ᠰᠠᠢᠨ᠎ᠢ᠎ᠨᠢ ᠪᠠᠳᠠᠷᠠᠭᠤᠯᠣᠨ ᠱᠢᠭᠠᠷᠣ᠎ᠪᠠᠨ ᠲᠡᠪᠴᠢᠭᠦ᠌ ᠪᠠ ᠱᠢᠯᠢᠳᠡᠭ᠎ᠢ ᠬᠦᠮᠣᠵᠢᠭᠦᠯᠣᠨ ᠦᠷ᠎ᠡ ᠠᠱᠢᠭ᠎ᠢᠶᠠᠨ ᠨᠡᠮᠡᠭ᠌ᠳᠡᠭᠦᠯᠭᠦ᠎ᠶ᠋ᠢ ᠪᠠᠷᠢᠮᠳᠠᠯᠠᠨ᠂ ᠱᠢᠨ᠎ᠡ ᠭᠦᠭ᠌ᠵᠢᠯᠳᠡ᠎ᠶ᠋ᠢᠨ ᠪᠠᠢᠷᠢᠱᠢᠯ᠎ᠳᠤ ᠦᠢᠯᠡᠴᠢᠯᠡᠭᠦ᠌ ᠪᠠ ᠠᠭᠤᠰᠣᠯᠴᠠᠬᠤ ᠪᠦᠳᠣᠮᠵᠢᠳᠠᠢ ᠵᠠᠮ ᠮᠦᠷ᠎ᠢ ᠣᠨᠣᠪᠴᠢᠳᠠᠢ ᠡᠷᠢᠵᠣ᠂ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠠᠷᠭ᠎ᠠ ᠬᠡᠯᠪᠡᠷᠢ᠎ᠶ᠋ᠢ ᠬᠦᠴᠦᠯᠡᠨ ᠬᠤᠪᠢᠷᠠᠭᠤᠯᠵᠤ᠂ ᠪᠣᠬᠢᠷᠳᠤᠯ ᠦᠭᠡᠢ ᠪᠦᠭᠡᠳ  ᠣᠨᠴᠠᠯᠢᠭ᠎ᠲᠠᠢ  ᠳᠠᠪᠠᠭᠤᠯᠢᠭ ᠣᠳᠣ ᠦᠶ᠎ᠡ᠎ᠶ᠋ᠢᠨ ᠠᠵᠤ ᠦᠢᠯᠡᠰ᠎ᠤᠨ ᠲᠣᠭ᠍ᠲᠠᠯᠴᠠᠭ᠎ᠠ᠎ᠶ᠋ᠢ ᠲᠦᠷᠭᠡᠳᠭᠡᠨ ᠴᠤᠭ᠍ᠴᠠᠯᠠᠵᠤ᠂ ᠪᠦᠭᠦ᠌ ᠭᠦᠴᠣᠨ᠎ᠢᠶᠠᠷ᠎ᠢᠶᠠᠨ ᠪᠦᠳᠣᠴᠨ᠎ᠳᠤ ᠲᠣᠬᠢᠷᠠᠭᠤᠯᠣᠯᠳᠡ ᠬᠢᠵᠣ᠂ ᠴᠢᠳᠠᠮᠵᠢ᠎ᠪᠠᠨ ᠬᠤᠪᠢᠷᠠᠭᠤᠯᠣᠨ᠂ ᠶᠠᠰᠣ ᠴᠢᠨᠠᠷ᠎ᠢᠶᠠᠨ ᠳᠡᠭᠡᠭ᠌ᠰᠢᠯᠡᠭᠦᠯᠣᠨ᠎ᠡ᠃ ᠡᠷᠬᠡᠪᠰᠢ ᠲᠣᠭ᠍ᠳᠠᠭᠤᠨ ᠪᠠᠢᠯᠭᠠᠬᠤ᠎ᠶ᠋ᠢ ᠲᠡᠷᠢᠭᠦᠨ᠎ᠳᠤ ᠳᠠᠯᠪᠢᠵᠣ᠂ ᠲᠣᠭ᠍ᠳᠠᠭᠤᠨ᠎ᠤ ᠳᠠᠭᠠᠤ ᠣᠷᠣᠭ᠍ᠰᠢᠯᠠᠬᠤ᠎ᠶ᠋ᠢ ᠪᠠᠷᠢᠮᠳᠠᠯᠠᠨ᠎ᠠ᠂ ᠠᠵᠣ ᠠᠬᠤᠢ᠎ᠶ᠋ᠢ ᠲᠣᠭ᠍ᠳᠠᠪᠣᠷᠢᠵᠢᠭᠤᠯᠬᠤ᠂ ᠪᠣᠭᠤᠮᠳᠡ ᠱᠢᠪᠳᠣᠯᠬᠤ᠎ᠳᠤ ᠠᠱᠢᠭ᠍ᠳᠠᠢ ᠪᠠᠢᠬᠤ ᠲᠦᠷᠣ᠎ᠶ᠋ᠢᠨ ᠪᠣᠳᠣᠯᠭ᠎ᠠ᠎ᠶ᠋ᠢᠨ ᠠᠷᠭ᠎ᠠ ᠬᠡᠮᠵᠢᠶ᠎ᠠ᠎ᠶ᠋ᠢ ᠢᠳᠡᠪᠬᠢᠳᠠᠢ ᠲᠣᠷᠠᠳᠣᠨ ᠭᠠᠷᠭᠠᠵᠣ᠂ ᠠᠵᠣ ᠠᠬᠤᠢ᠎ᠶ᠋ᠢᠨ ᠦᠨᠳᠣᠰᠣᠨ ᠰᠠᠭᠤᠷᠢ᠎ᠶ᠋ᠢ ᠡᠷᠡᠰ ᠲᠣᠭ᠍ᠳᠠᠪᠣᠷᠢᠵᠢᠭᠤᠯᠵᠣ᠂ ᠨᠠᠢᠭᠡᠮ᠎ᠤᠨ ᠦᠨᠳᠣᠰᠣᠨ ᠳᠠᠯ᠎ᠡ᠎ᠶ᠋ᠢ ᠲᠣᠭ᠍ᠳᠠᠭᠤᠨ ᠪᠠᠢᠯᠭᠠᠵᠣ᠂ ᠠᠵᠣ ᠠᠬᠤᠢ᠎ᠶ᠋ᠢᠨ ᠭᠦᠭ᠌ᠵᠢᠯᠳᠡ᠎ᠶ᠋ᠢᠨ ᠶᠠᠰᠣ ᠴᠢᠨᠠᠷ᠎ᠤᠨ ᠬᠤᠪᠢᠰᠣᠯᠳᠡ᠂ ᠦᠷ᠎ᠡ ᠪᠦᠲᠦᠮᠵᠢ᠎ᠶ᠋ᠢᠨ ᠬᠤᠪᠢᠰᠣᠯᠳᠡ᠂ ᠭᠦᠳᠡᠯᠭᠡᠭᠦ᠌ ᠭᠦᠴᠣᠨ᠎ᠤ ᠬᠤᠪᠢᠰᠣᠯᠳᠡ᠎ᠶ᠋ᠢ ᠯᠠᠪᠳᠠᠭᠤᠨ ᠪᠠᠳᠣᠳᠠᠢ ᠠᠬᠢᠭᠤᠯᠵᠣ᠂ ᠠᠵᠣ ᠠᠬᠤᠢ᠎ᠶ᠋ᠢᠨ ᠬᠡᠮᠵᠢᠶᠠᠨ᠎ᠤ ᠵᠦᠢ ᠵᠣᠬᠢᠰᠳᠠᠢ᠎ᠪᠠᠷ ᠨᠡᠮᠡᠭ᠌ᠳᠡᠬᠦ᠌ ᠪᠠ ᠴᠢᠨᠠᠷ᠎ᠤᠨ ᠲᠣᠭ᠍ᠳᠠᠭᠤᠨ᠎ᠢᠶᠠᠷ ᠳᠡᠭᠡᠭ᠌ᠰᠢᠯᠡᠭᠦ᠎ᠶ᠋ᠢ ᠪᠡᠶᠡᠯᠡᠭᠦᠯᠭᠦ᠎ᠪᠠᠨ ᠦᠨᠡᠨ ᠬᠦ᠌ ᠪᠠᠳᠣᠯᠡᠨ᠎ᠠ᠃ ᠡᠷᠬᠡᠪᠰᠢ ᠱᠢᠰᠲ᠋ᠧᠮ᠎ᠤᠨ ᠴᠢᠨᠠᠷᠳᠠᠢ ᠲᠦᠭ᠌ᠰᠢᠭᠦᠷᠢ ᠡᠭᠦᠰᠭᠡᠭᠦ᠌ ᠦᠭᠡᠢ ᠪᠠᠢᠬᠤ ᠬᠤᠷᠢᠭ᠎ᠠ ᠱᠣᠭᠤᠮ᠎ᠢ ᠪᠠᠳᠣ ᠰᠠᠬᠢᠨ᠎ᠠ᠂ ᠲᠦᠭ᠌ᠰᠢᠭᠦᠷᠢ᠎ᠶ᠋ᠢ ᠠᠷᠢᠯᠭᠠᠨ ᠲᠦᠭ᠌ᠰᠢᠭᠦᠷᠢ᠎ᠶ᠋ᠢᠨ ᠬᠤᠪᠢᠷᠠᠬᠤ᠎ᠡᠴᠡ ᠰᠡᠷᠭᠡᠢᠯᠡᠭᠦ᠎ᠶ᠋ᠢ ᠠᠯᠢᠪᠠ ᠠᠵᠢᠯ᠎ᠤᠨ ᠤᠷᠢᠳᠤᠬᠢ ᠨᠦᠭᠦᠴᠡᠯ ᠪᠣᠯᠭᠠᠵᠣ᠂ ᠡᠯ᠎ᠡ ᠳᠠᠯ᠎ᠡ᠎ᠶ᠋ᠢᠨ ᠲᠦᠭ᠌ᠰᠢᠭᠦᠷᠢ᠎ᠶ᠋ᠢ ᠠᠷᠢᠯᠭᠠᠬᠤ ᠪᠠ ᠲᠣᠭ᠍ᠳᠠᠭᠤᠨ᠎ᠢ ᠪᠠᠳᠣᠯᠠᠬᠤ ᠬᠠᠷᠢᠭᠤᠴᠠᠯᠭ᠎ᠠ᠎ᠶ᠋ᠢ᠎ᠨᠢ ᠴᠢᠩᠭ᠎ᠠ ᠪᠣᠳᠠᠳᠠᠢᠵᠢᠭᠤᠯᠵᠣ᠂ ᠡᠯ᠎ᠡ ᠬᠦᠷᠢᠶ᠎ᠡ ᠴᠠᠷᠠᠭᠠᠨ᠎ᠳᠠᠬᠢ ᠲᠦᠭ᠌ᠰᠢᠭᠦᠷᠢ᠎ᠶ᠋ᠢ ᠰᠡᠷᠡᠮᠵᠢᠯᠡᠭᠦᠯᠵᠣ ᠬᠢᠨᠠᠨ ᠱᠢᠨᠵᠢᠭᠦ᠌ ᠪᠠ ᠰᠡᠷᠭᠡᠢᠯᠡᠵᠣ ᠠᠷᠭᠠᠴᠠᠭᠠᠨ ᠱᠢᠢᠣᠡᠪᠣᠷᠢᠯᠡᠭᠦ᠌ ᠠᠷᠭ᠎ᠠ ᠬᠡᠮᠵᠢᠶ᠎ᠠ᠎ᠶ᠋ᠢ ᠪᠣᠳᠠᠳᠠᠢ ᠬᠡᠷᠩᠵᠢᠭᠦᠯᠵᠣ᠂ ᠡᠷᠲᠡ᠎ᠡᠴᠡ᠎ᠨᠢ ᠠᠩᠬᠠᠷᠣᠨ ᠵᠢᠵᠢᠭ  ᠪᠠᠢᠬᠤ᠎ᠳᠤ᠎ᠨᠢ ᠠᠣᠡᠬᠤᠵᠣ ᠴᠤᠬᠤᠢᠵᠤ ᠭᠠᠷᠪᠡᠯ ᠱᠢᠢᠣᠡᠪᠣᠷᠢᠯᠡᠨ᠂ ᠨᠠᠢᠭᠡᠮ᠎ᠤᠨ ᠶᠡᠭᠡ ᠳᠠᠯ᠎ᠡ᠎ᠶ᠋ᠢᠨ ᠲᠣᠭ᠍ᠳᠠᠭᠤᠨ᠎ᠢ ᠦᠨᠡᠨ ᠬᠦ᠌ ᠪᠠᠳᠣᠯᠠᠨ᠎ᠠ᠃ ᠡᠷᠬᠡᠪᠰᠢ ᠰᠡᠣᠡᠬᠢᠯ ᠨᠢᠭᠡᠳᠣᠨ ᠭᠦᠴᠣ᠎ᠪᠠᠨ ᠬᠠᠮᠳᠣᠣᠡᠬᠠᠨ ᠭᠦᠴᠢᠷ ᠪᠡᠷᠭᠡᠱᠢᠶᠡᠯ᠎ᠢ ᠢᠯᠡᠨ ᠳᠠᠪᠠᠨ᠎ᠠ᠂ ᠣᠷᠣᠨ ᠳᠠᠶᠠᠭᠠᠷ᠎ᠢᠶᠠᠨ ᠬᠠᠮᠲᠤ᠎ᠪᠠᠷ ᠬᠥᠭ᠌ᠵᠢᠯᠲᠡ᠎ᠶ᠋ᠢ ᠠᠳᠭᠤᠵᠤ ᠣᠳᠣᠬᠠᠨ᠎ᠤ ᠬᠦᠴᠢᠷ ᠵᠣᠪᠠᠭᠤᠷᠢ᠎ᠶ᠋ᠢ ᠲᠤᠭᠤᠯᠵᠤ᠂ ᠡᠳ᠋᠎ᠤᠨ ᠭᠦᠴᠣᠨ᠎ᠢᠶᠠᠨ ᠦᠨᠳᠣᠰᠣᠨ ᠱᠠᠳᠣᠨ᠎ᠳᠤ ᠪᠠᠭᠤᠯᠭᠠᠬᠤ᠂ ᠲᠦᠷᠣ᠎ᠶ᠋ᠢᠨ ᠪᠣᠳᠣᠯᠭ᠎ᠠ᠎ᠪᠠᠨ ᠦᠨᠳᠣᠰᠣᠨ ᠱᠠᠲᠤ ᠲᠠᠢᠰᠢ ᠬᠡᠯᠪᠠᠢᠯᠭᠡᠭᠦ᠎ᠶ᠋ᠢ ᠠᠬᠢᠭᠤᠯᠵᠣ᠂ ᠨᠡᠩ ᠣᠯᠡᠨ ᠡᠬᠢ ᠪᠠᠶᠠᠯᠢᠭ ᠬᠦᠴᠦᠨ ᠴᠢᠳᠠᠯ᠎ᠢ ᠲᠠᠢᠴᠢᠯᠠᠵᠣ ᠪᠠᠢᠭᠠᠣᠨ ᠦᠨᠳᠣᠰᠣᠨ ᠱᠠᠳᠣᠨ᠎ᠤ ᠭᠦᠴᠢᠷ ᠠᠰᠠᠭᠤᠳᠠᠯ᠎ᠢ ᠱᠢᠢᠣᠡᠪᠣᠷᠢᠯᠡᠭᠦ᠌᠂ ᠬᠦᠴᠢᠷᠳᠠᠯᠳᠠᠢ ᠴᠠᠭ᠎ᠢ ᠲᠣᠭᠤᠯᠬᠤ᠎ᠳᠤ᠎ᠨᠢ ᠬᠠᠪᠰᠣᠷᠴᠣ᠂ ᠲᠠᠯ᠎ᠡ ᠲᠠᠯ᠎ᠠ᠎ᠶ᠋ᠢᠨ ᠡᠷᠴᠢ ᠵᠣᠷᠢᠭ᠎ᠢ ᠭᠦᠢᠴᠡᠣᠨ ᠳᠠᠢᠴᠢᠯᠠᠵᠣ ᠦᠭᠡᠷᠡᠴᠢᠯᠡᠯᠳᠡ ᠪᠠ ᠭᠦᠭ᠌ᠵᠢᠯᠳᠡ᠎ᠶ᠋ᠢ ᠠᠬᠢᠭᠤᠯᠣᠨ᠎ᠠ᠃


ᠭᠤᠷᠪᠡ᠂ ᠡᠨᠡ ᠵᠢᠯ᠎ᠤᠨ ᠵᠠᠰᠠᠭ᠎ᠤᠨ ᠣᠷᠳᠣᠨ᠎ᠤ ᠠᠵᠢᠯ᠎ᠤᠨ ᠭᠤᠣᠯ ᠡᠭᠦᠷᠭᠡ


ᠨᠠᠷᠢᠨ ᠪᠣᠳᠣᠯᠢᠶᠠᠨᠳᠠᠢ ᠭᠦᠨᠳᠣ ᠬᠡᠴᠡᠭᠦᠣ ᠪᠠᠢᠳᠠᠯ ᠪᠠ ᠬᠠᠲᠠᠭᠤ ᠪᠡᠷᠭᠡ ᠡᠭᠦᠷᠭᠡ᠎ᠶ᠋ᠢᠨ ᠡᠮᠣᠨ᠎ᠡ᠂ ᠪᠢᠳᠠ ᠢᠳᠡᠭᠡᠯ ᠵᠣᠷᠢᠭ᠎ᠢᠶᠠᠨ ᠪᠠᠳᠣᠣᠡᠬᠠᠵᠣ᠂ ᠰᠠᠨᠠᠭᠠᠴᠢᠯᠠᠭ᠎ᠠ᠎ᠡᠴᠡ᠎ᠪᠠᠨ ᠵᠢᠳᠭᠦᠨ ᠴᠢᠷᠮᠠᠢᠵᠦ᠍᠂  ᠠᠵᠢᠯ᠎ᠢᠶᠠᠨ ᠰᠠᠢᠳᠣᠷ ᠬᠢᠨ᠎ᠡ᠃ 

(ᠨᠢᠭᠡ) ᠪᠡᠯᠡ ᠣᠷᠣᠭᠤᠯᠤᠯᠳᠡ᠎ᠶ᠋ᠢ ᠦᠷᠭᠡᠣᠡᠭᠡᠨ ᠬᠡᠷᠩᠯᠡᠭᠡ᠎ᠶ᠋ᠢ ᠠᠬᠢᠭᠤᠯᠵᠣ ᠲᠦᠭ᠌ᠰᠢᠭᠦᠷᠢ᠎ᠶ᠋ᠢ ᠰᠡᠷᠭᠡᠢᠯᠡᠭᠦ᠎ᠪᠠᠷ ᠭᠦᠴᠣᠯᠡᠨ ᠴᠢᠷᠮᠠᠢᠵᠣ᠂ ᠠᠵᠣ ᠠᠬᠤᠢ᠎ᠶ᠋ᠢᠨ ᠲᠣᠭ᠍ᠳᠠᠭᠤᠨ ᠪᠦᠭᠡᠣᠨ ᠡᠷᠡᠭᠦᠯ᠎ᠢᠶᠠᠷ ᠭᠦᠭ᠌ᠵᠢᠭᠦ᠎ᠶ᠋ᠢ ᠪᠠᠳᠣᠯᠠᠨ᠎ᠠ᠃ ᠪᠡᠯᠡ ᠣᠷᠣᠭᠤᠯᠣᠯᠳᠡ᠎ᠶ᠋ᠢᠨ ᠵᠠᠩᠬᠢᠯᠠᠭ᠎ᠠ᠎ᠶ᠋ᠢᠨ ᠦᠢᠯᠡᠳᠣᠯ ᠪᠠ ᠬᠡᠷᠩᠯᠡᠭᠡ᠎ᠶ᠋ᠢᠨ ᠰᠠᠭᠤᠷᠢᠯᠠᠬᠤ ᠦᠢᠯᠡᠳᠦᠯ᠎ᠢ ᠭᠦᠢᠴᠡᠣᠨ ᠪᠠᠳᠠᠷᠠᠭᠤᠯᠣᠨ᠂ ᠭᠦᠨᠳᠣ ᠶᠡᠭᠡ ᠲᠦᠭ᠌ᠰᠢᠭᠦᠷᠢ᠎ᠶ᠋ᠢ ᠦᠨᠡᠨ ᠬᠦ᠌ ᠰᠡᠷᠭᠡᠢᠯᠡᠨ ᠠᠷᠢᠯᠭᠠᠵᠣ᠂ ᠲᠣᠭ᠍ᠳᠠᠭᠤᠨ᠎ᠢ ᠪᠠᠳᠣᠯᠠᠵᠣ ᠣᠷᠣᠭ᠍ᠰᠢᠯᠠᠬᠤ᠎ᠶ᠋ᠢ ᠠᠬᠢᠭᠤᠯᠬᠤ ᠬᠠᠳᠠᠭᠤ ᠱᠢᠷᠣᠭᠦᠨ ᠳᠠᠢᠯᠠᠯᠳᠣᠭᠠᠨ᠎ᠢ ᠰᠠᠢᠳᠣᠷ ᠬᠢᠨ᠎ᠡ᠃

ᠪᠦᠳᠣᠮᠵᠢᠳᠠᠢ ᠪᠡᠯᠡ ᠣᠷᠣᠭᠤᠯᠣᠯᠳᠡ᠎ᠶ᠋ᠢ ᠢᠳᠡᠪᠬᠢᠳᠠᠢ ᠦᠷᠭᠡᠣᠡᠭᠡᠨ᠎ᠡ᠃ ᠣᠯᠣᠰ᠎ᠤᠨ ᠲᠦᠰᠣᠪ᠎ᠲᠠᠬᠢ ᠪᠡᠯᠡ ᠣᠷᠣᠭᠤᠯᠣᠯᠳᠡ᠎ᠶ᠋ᠢ ᠵᠣᠬᠢᠬᠤ ᠬᠡᠮᠵᠢᠶ᠎ᠠ᠎ᠪᠠᠷ ᠨᠡᠮᠡᠭ᠌ᠳᠡᠭᠦᠯᠭᠦ᠌᠂ ᠪᠣᠳᠠᠳᠣ ᠴᠣᠭ᠍ᠴᠠ᠎ᠶ᠋ᠢᠨ ᠠᠵᠣ  ᠠᠬᠤᠢ᠎ᠶ᠋ᠢᠨ ᠪᠡᠯᠡ ᠲᠣᠬᠢᠷᠠᠭᠤᠯᠬᠤ᠎ᠶ᠋ᠢ ᠭᠦᠴᠣᠳᠠᠢ ᠳᠡᠮᠵᠢᠭᠦ᠌ ᠵᠡᠷᠭᠡ ᠲᠦᠷᠣ᠎ᠶ᠋ᠢᠨ ᠪᠣᠳᠣᠯᠭ᠎ᠠ᠎ᠶ᠋ᠢ ᠭᠦᠢᠴᠡᠣᠨ ᠰᠠᠢᠨ ᠠᠱᠢᠭ᠍ᠯᠠᠵᠣ᠂ ᠲᠦᠯᠦᠪᠵᠢᠭᠦᠯᠭᠡ᠎ᠶ᠋ᠢᠨ ᠴᠢᠬᠤᠯᠨ ᠶᠡᠭᠡ ᠲᠦᠷᠣᠯ ᠵᠦᠢᠯ ᠪᠠ ᠣᠨ᠎ᠤ ᠭᠤᠣᠯᠳᠠᠯᠭ᠎ᠠ ᠪᠣᠯᠬᠤ ᠲᠦᠷᠣᠯ ᠵᠦᠢᠯ᠎ᠢ ᠴᠢᠩᠭ᠎ᠠ ᠠᠩᠬᠠᠷᠴᠣ᠂ ᠶᠡᠷᠦ᠍ ᠪᠤᠰᠤ᠎ᠶ᠋ᠢᠨ ᠠᠷᠭ᠎ᠠ ᠬᠡᠮᠵᠢᠶ᠎ᠠ᠎ᠶ᠋ᠢ ᠠᠪᠴᠤ᠌ ᠭᠦᠴᠣᠨ ᠵᠦᠢᠯ᠎ᠤᠨ ᠪᠠᠳᠣᠯᠠᠭ᠎ᠠ᠎ᠶ᠋ᠢ ᠴᠢᠩᠭᠠᠷᠠᠭᠤᠯᠣᠨ᠂ ᠡᠬᠢᠨ᠎ᠤ ᠬᠤᠭᠤᠴᠠᠭᠠᠨ᠎ᠳᠠᠬᠢ ᠠᠵᠢᠯ᠎ᠢ ᠰᠠᠢᠳᠣᠷ ᠬᠢᠵᠣ᠂ 5200 ᠳ᠋ᠦᠩᠱᠢᠭᠤᠷ ᠲᠦᠭᠦᠷᠢᠭ᠎ᠤᠨ ᠲᠣᠭ᠍ᠲᠠᠮᠠᠯ ᠬᠦᠷᠦᠩᠭᠡ᠎ᠶ᠋ᠢᠨ ᠪᠡᠯᠡ ᠣᠷᠤᠭᠤᠯᠤᠯᠲᠠ ᠬᠢᠬᠦ᠌ ᠬᠠᠷᠠᠯᠲᠠ᠎ᠶ᠋ᠢ ᠪᠦᠬᠦ᠌ ᠬᠦᠴᠦ᠍᠎ᠪᠠᠷ᠎ᠢᠶᠠᠨ ᠪᠡᠶᠡᠯᠡᠭᠦᠯᠦᠨ᠎ᠡ᠃ ᠲᠦᠷᠣᠯ ᠵᠦᠢᠯ᠎ᠤᠨ ᠭᠦᠮᠣᠷᠭᠡ᠎ᠳᠤ ᠲᠣᠬᠢᠷᠠᠭᠤᠯᠣᠯᠳᠡ ᠬᠢᠵᠣ ᠳᠡᠰ ᠳᠠᠪᠱᠢᠭᠦᠯᠭᠦ᠎ᠶ᠋ᠢ ᠲᠦᠷᠭᠡᠣᠡᠭᠡᠨ᠂ ᠭᠤᠣᠯᠳᠠᠯᠭ᠎ᠠ ᠪᠣᠯᠬᠤ ᠠᠵᠣ ᠦᠢᠯᠡᠰ᠎ᠤᠨ ᠬᠡᠯᠬᠢᠶ᠎ᠡ᠂ ᠬᠠᠩᠭᠠᠯᠭ᠎ᠠ᠎ᠶ᠋ᠢᠨ ᠬᠡᠯᠬᠢᠶ᠎ᠡ᠂ ᠱᠢᠨ᠎ᠡ᠎ᠶ᠋ᠢ ᠡᠭᠦᠣᠡᠭᠦ᠌ ᠬᠡᠯᠬᠢᠶᠡᠨ᠎ᠤ ᠲᠣᠭᠤᠷᠢᠨ᠎ᠳᠤ ᠲᠦᠷᠣᠯ ᠵᠦᠢᠯ᠎ᠢ ᠠᠬᠢᠭᠤᠯᠬᠤ᠎ᠪᠠᠨ ᠰᠡᠣᠡᠬᠢᠨ ᠰᠦᠪᠡᠭ᠌ᠴᠢᠯᠡᠵᠦ᠍᠂ ᠠᠵᠣ ᠦᠢᠯᠡᠣᠡᠪᠣᠷᠢ᠎ᠶ᠋ᠢᠨ ᠮᠡᠷᠭᠡᠵᠢᠯ᠎ᠢᠶᠠᠨ ᠦᠭᠡᠷᠡᠴᠢᠯᠡᠨ ᠱᠢᠨᠡᠴᠢᠯᠡᠭᠦ᠌᠂ ᠲᠡᠷᠢᠭᠦᠨ᠎ᠤ ᠦᠢᠯᠡᠣᠡᠭᠦ᠌᠂ ᠱᠢᠨ᠎ᠡ᠎ᠪᠠᠷ ᠪᠣᠢ ᠪᠣᠯᠣᠭ᠍ᠰᠠᠨ ᠠᠵᠣ ᠦᠢᠯᠡᠰ ᠪᠠ ᠱᠢᠨ᠎ᠡ ᠡᠭᠦᠳᠣᠯᠳᠡ᠎ᠶ᠋ᠢᠨ ᠦᠷ᠎ᠡ ᠪᠦᠳᠣᠭᠡᠯ᠎ᠢᠶᠠᠨ ᠤᠯᠠᠷᠢᠭᠤᠯᠬᠤ᠎ᠳᠤ ᠪᠡᠯᠡ ᠣᠷᠣᠭᠤᠯᠣᠯᠳᠡ᠎ᠪᠠᠨ ᠶᠡᠭᠡ᠎ᠪᠠᠷ ᠨᠡᠮᠡᠭ᠌ᠳᠡᠭᠦᠯᠭᠦ᠎ᠶ᠋ᠢ ᠠᠬᠢᠭᠤᠯᠣᠨ᠎ᠡ᠃ ᠬᠤᠳᠠᠯᠳᠣᠭᠠᠴᠢᠨ ᠣᠷᠢᠵᠣ ᠪᠡᠯᠡ ᠣᠷᠣᠭᠤᠯᠬᠤ ᠠᠵᠢᠯ᠎ᠢ ᠴᠢᠩᠳᠠᠯᠠᠨ᠂ ᠭᠠᠳᠠᠭ᠍ᠰᠢ ᠭᠠᠷᠭᠠᠬᠤ᠎ᠶ᠋ᠢ ᠪᠠᠢᠩᠭᠤᠵᠢᠭᠤᠯᠵᠣ᠂ ᠲᠠᠳᠠᠵᠣ ᠣᠷᠣᠭᠤᠯᠣᠨ ᠠᠪᠴᠢᠷᠠᠬᠤ᠎ᠶ᠋ᠢ ᠣᠨᠣᠴᠠᠲᠠᠢ ᠪᠣᠯᠭᠠᠨ᠂ ᠨᠠᠢᠭᠡᠮ᠎ᠤᠨ ᠬᠦᠷᠣᠩᠭᠡ᠎ᠶ᠋ᠢᠨ ᠪᠡᠯᠡ ᠣᠷᠣᠭᠤᠯᠣᠯᠳᠡ᠎ᠶ᠋ᠢ ᠠᠬᠢᠭᠤᠯᠬᠤ ᠪᠠ ᠣᠷᠣᠨ᠎ᠤ ᠭᠠᠳᠠᠨᠠᠬᠢ ᠪᠡᠯᠡ ᠣᠷᠣᠭᠤᠯᠣᠯᠳᠡ᠎ᠶ᠋ᠢ ᠣᠷᠤᠭᠤᠯᠵᠤ ᠠᠪᠴᠢᠷᠠᠬᠤ᠎ᠪᠠᠨ ᠶᠡᠭᠡ᠎ᠪᠠᠷ ᠨᠡᠮᠡᠭ᠌ᠳᠡᠭᠦᠯᠦᠨ᠎ᠡ᠃

ᠰᠠᠭᠤᠷᠢ ᠪᠡᠯᠡᠣᠡᠭᠡᠮᠵᠢ᠎ᠶ᠋ᠢᠨ ᠪᠦᠳᠣᠭᠡᠨ ᠪᠠᠢᠭᠤᠯᠣᠯᠳᠡ᠎ᠶ᠋ᠢᠨ ᠠᠬᠢᠴᠠ᠎ᠶ᠋ᠢ ᠲᠦᠷᠭᠡᠣᠡᠭᠡᠨ᠎ᠡ᠃ ᠣᠯᠣᠰ᠎ᠤᠨ ᠰᠠᠭᠤᠷᠢ ᠪᠡᠯᠡᠣᠡᠭᠡᠮᠵᠢ᠎ᠶ᠋ᠢᠨ ᠪᠡᠯᠡ ᠣᠷᠣᠭᠤᠯᠣᠯᠳᠡ᠎ᠪᠠᠨ ᠵᠣᠬᠢᠬᠤ ᠬᠡᠮᠵᠢᠶ᠎ᠠ᠎ᠪᠠᠷ ᠣᠷᠢᠣᠡᠴᠢᠯᠠᠨ ᠦᠷᠨᠢᠭᠦᠯᠭᠦ᠌ ᠠᠵᠠ ᠲᠣᠬᠢᠶᠠᠯ᠎ᠢ ᠠᠣᠡᠬᠤᠵᠣ᠂ ᠪᠦᠭᠦ᠌ ᠣᠯᠣᠰ᠎ᠲᠤ ᠬᠤᠯᠪᠣᠵᠣ ᠨᠡᠪᠳᠡᠷᠡᠭ᠌ᠰᠡᠨ᠂ ᠪᠦᠬᠦ᠌ ᠣᠷᠣᠨ᠎ᠳᠤ ᠬᠠᠷᠢᠯᠴᠠᠨ ᠨᠡᠪᠳᠡᠷᠡᠯᠴᠡᠭ᠌ᠰᠡᠨ ᠣᠳᠣ ᠦᠶ᠎ᠡ᠎ᠶ᠋ᠢᠨ ᠰᠠᠭᠤᠷᠢ ᠪᠡᠯᠡᠣᠡᠭᠡᠮᠵᠢ᠎ᠶ᠋ᠢᠨ ᠲᠣᠣᠷ ᠰᠦᠯᠵᠢᠶᠠᠨ᠎ᠤ ᠲᠣᠭ᠍ᠳᠠᠯᠴᠠᠭ᠎ᠠ᠎ᠶ᠋ᠢ ᠱᠠᠯᠠᠪᠳᠠᠨ ᠪᠠᠢᠭᠤᠯᠣᠨ᠎ᠠ᠃ ᠪᠣᠭᠤᠳᠣ᠎ᠡᠴᠡ ᠢᠷᠭᠠᠢ ᠭᠦᠷᠭᠦ᠌  ᠲᠦᠷᠭᠡᠨ᠎ᠦ ᠲᠡᠮᠣᠷ ᠵᠠᠮ᠂ ᠵᠢᠨᠢᠩ ᠳ᠋ᠠᠲ᠋ᠦ᠋ᠩ ᠶᠣᠸᠠᠨᠫᠢᠩ᠎ᠤᠨ ᠲᠦᠷᠭᠡᠨ᠎ᠦ ᠲᠡᠮᠣᠷ ᠵᠠᠮ᠎ᠢ ᠪᠦᠲᠦᠭᠡᠨ  ᠪᠠᠢᠭᠤᠯᠬᠤ ᠪᠠ  ᠵᠢᠨᠢᠩ᠎ᠡᠴᠡ ᠲᠦᠩᠯᠢᠶᠤᠤ ᠬᠦᠷᠬᠦ᠌ ᠲᠡᠮᠦᠷ ᠵᠠᠮ᠎ᠢ ᠴᠠᠬᠢᠯᠭᠠᠨᠵᠢᠭᠤᠯᠤᠨ ᠦᠭᠡᠷᠡᠴᠢᠯᠡᠬᠦ᠌᠎ᠶ᠋ᠢ ᠲᠦᠷᠭᠡᠳᠭᠡᠵᠦ᠍᠂ ᠣᠷᠳᠣᠰ ᠲᠡᠮᠡᠭᠡᠳᠣ ᠶᠠᠨ ᠠᠠ᠎ᠤ ᠲᠦᠷᠭᠡᠨ᠎ᠦ  ᠲᠡᠮᠣᠷ ᠵᠠᠮ ᠵᠡᠷᠭᠡ ᠲᠦᠷᠣᠯ ᠵᠦᠢᠯ᠎ᠢ ᠡᠷᠲᠡᠬᠡᠨ ᠪᠣᠳᠠᠳᠠᠢᠵᠢᠭᠤᠯᠬᠤ ᠠᠵᠢᠯ᠎ᠢᠶᠠᠨ ᠡᠬᠢᠯᠡᠭᠦᠯᠭᠦ᠎ᠪᠠᠷ ᠴᠢᠷᠮᠠᠢᠨ᠎ᠠ᠃  S43 ᠨᠢᠰᠭᠡᠯ᠎ᠤᠨ ᠪᠠᠭᠤᠳᠠᠯ᠎ᠤᠨ ᠲᠦᠷᠬᠡᠨ᠎ᠦ  ᠵᠠᠮ ᠵᠡᠷᠭᠡ ᠲᠦᠷᠣᠯ ᠵᠦᠢᠯ᠎ᠢ ᠠᠵᠢᠯ ᠡᠬᠢᠯᠡᠭᠦᠯᠣᠨ ᠪᠠᠢᠭᠤᠯᠬᠤ᠎ᠶ᠋ᠢ ᠠᠬᠢᠭᠤᠯᠵᠣ᠂ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠢ 5000 ᠭᠠᠷᠣᠢ ᠺᠢᠯᠣᠮᠧᠲᠷ ᠱᠢᠨ᠎ᠡ᠎ᠪᠠᠷ ᠦᠭᠡᠷᠡᠴᠢᠯᠡᠨ ᠱᠢᠨᠡᠳᠭᠡᠵᠦ᠍᠂ ᠶᠡᠭᠡ ᠬᠢᠩᠭᠠᠨ ᠳᠠᠪᠠᠭ᠎ᠠ᠎ᠶ᠋ᠢᠨ ᠱᠢᠭᠤᠢᠲᠤ ᠣᠷᠣᠨ᠎ᠤ ᠵᠠᠰᠠᠮᠠᠯ ᠵᠠᠮ ᠪᠠ ᠴᠢᠮᠡᠭᠡ ᠬᠤᠯᠪᠣᠭᠠᠨ᠎ᠤ ᠲᠣᠣᠷ ᠰᠦᠯᠵᠢᠶ᠎ᠡ᠂ ᠮᠠᠯᠵᠢᠬᠤ ᠣᠷᠣᠨ᠎ᠤ ᠮᠡᠳᠡᠭᠡ ᠬᠤᠯᠪᠣᠭᠠᠨ᠎ᠤ ᠰᠠᠭᠤᠷᠢ ᠥᠷᠲᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠨ᠎ᠠ᠃ ᠭᠦᠭᠡᠬᠤᠳᠠ ᠱᠢᠨ᠎ᠡ ᠨᠢᠰᠭᠡᠯ᠎ᠤᠨ ᠪᠠᠭᠤᠳᠠᠯ ᠵᠡᠷᠭᠡ ᠢᠨᠵᠧᠨᠧᠷᠢᠩ᠎ᠢ ᠭᠤᠣᠯᠳᠠᠯᠭ᠎ᠠ᠎ᠲᠠᠢ ᠰᠠᠢᠳᠣᠷ ᠠᠣᠡᠬᠤᠵᠣ᠂ ᠨᠠᠢᠳᠠᠮ ᠬᠡᠷᠩᠯᠡᠭᠦ᠌ ᠨᠢᠰᠭᠡᠯ᠎ᠤᠨ ᠪᠠᠭᠤᠳᠠᠯ᠎ᠢ 3 ᠪᠠᠢᠭᠤᠯᠵᠤ᠂ ᠨᠡᠢᠳᠡᠮ ᠬᠡᠷᠡᠭ᠌ᠯᠡᠬᠦ᠌ ᠠᠭᠠᠷ᠎ᠤᠨ ᠠᠶᠠᠯᠠᠯ᠎ᠤᠨ ᠲᠣᠣᠷ ᠰᠦᠯᠵᠢᠶ᠎ᠡ᠎ᠶ᠋ᠢ ᠲᠡᠭᠦᠯᠳᠡᠷᠵᠢᠭᠦᠯᠦᠨ᠂ ᠪᠦᠭᠦ᠌ ᠣᠷᠣᠨ᠎ᠤ ᠠᠭᠠᠷ᠎ᠤᠨ ᠠᠶᠠᠯᠠᠯ᠎ᠤᠨ ᠭᠤᠣᠯ ᠱᠣᠭᠤᠮ᠎ᠢ ᠰᠠᠯᠪᠣᠷᠢ ᠱᠣᠭᠤᠮ᠎ᠯᠤᠭ᠎ᠠ ᠨᠡᠪᠳᠡᠷᠡᠭᠦᠯᠭᠦ᠌᠂ ᠪᠦᠭᠦ᠌ ᠰᠦᠯᠵᠢᠶ᠎ᠡ᠎ᠪᠠᠷ ᠬᠤᠯᠪᠣᠬᠤ᠎ᠶ᠋ᠢ ᠠᠬᠢᠭᠤᠯᠣᠨ᠎ᠡ᠃  ᠦᠪᠦᠷ ᠮᠣᠩᠭᠤᠯ᠎ᠤᠨ ᠬᠡᠰᠡᠭ᠎ᠲᠠᠬᠢ ᠬᠠᠲᠤᠨ ᠭᠤᠣᠯ᠎ᠤᠨ ᠦᠶᠡᠷ᠎ᠢ ᠰᠡᠷᠭᠡᠢᠯᠡᠬᠦ᠌ ᠭᠤᠷᠪᠠᠳᠤᠭᠠᠷ ᠬᠤᠭᠤᠴᠠᠭ᠎ᠠ᠂ ᠴᠣᠣᠯ ᠭᠤᠣᠯ᠎ᠤᠨ ᠤᠰᠣ᠎ᠶ᠋ᠢ ᠵᠠᠯᠠᠵᠣ ᠯᠢᠶᠣᠣ ᠾᠧ ᠭᠤᠣᠯ᠎ᠳᠤ ᠨᠡᠮᠡᠷᠢᠯᠡᠭᠦ᠌ ᠬᠤᠶᠠᠳᠣᠭᠠᠷ ᠬᠤᠭᠤᠴᠠᠭ᠎ᠠ᠂ ᠠᠶᠣᠯ ᠭᠡᠮ᠎ᠲᠠᠢ ᠤᠰᠣᠨ ᠴᠦᠭᠦᠷᠣᠮ᠎ᠤᠨ ᠠᠶᠣᠯ᠎ᠢ ᠠᠷᠢᠯᠭᠠᠨ ᠪᠠᠬᠢᠵᠢᠭᠦᠯᠭᠦ᠌ ᠵᠡᠷᠭᠡ ᠢᠨᠵᠧᠨᠧᠷᠢᠩ᠎ᠢ ᠱᠠᠯᠠᠪᠳᠠᠨ ᠬᠡᠷᠩᠵᠢᠭᠦᠯᠵᠣ᠂ ᠤᠰᠣ ᠵᠠᠯᠠᠵᠣ ᠲᠠᠳᠠᠬᠤ ᠭᠤᠣᠯᠯᠠᠭ᠍ᠴᠢ ᠢᠨᠵᠧᠨᠧᠷᠢᠩ ᠪᠠ ᠲᠠᠷᠢᠶᠠᠨ ᠭᠠᠵᠡᠷ᠎ᠤᠨ ᠣᠰᠣᠨ ᠠᠱᠢᠭ᠍ᠯᠠᠯᠳᠠ᠎ᠶ᠋ᠢᠨ ᠲᠦᠷᠣᠯ ᠵᠦᠢᠯ᠎ᠢ ᠢᠳᠡᠪᠬᠢᠳᠠᠢ ᠰᠡᠣᠡᠬᠢᠨ ᠲᠦᠯᠣᠪᠵᠢᠭᠦᠯᠣᠨ᠎ᠡ᠃ ᠬᠤᠳᠡ᠎ᠶ᠋ᠢᠨ ᠱᠢᠨᠡᠴᠢᠯᠡᠯᠳᠡ᠎ᠶ᠋ᠢᠨ ᠠᠵᠢᠯᠯᠠᠭᠠᠨ᠎ᠢ ᠭᠦᠨᠵᠡᠭᠡᠢ ᠠᠬᠢᠭᠤᠯᠣᠨ᠂ ᠬᠠᠭᠤᠴᠢᠨ ᠬᠤᠭᠤᠯᠠᠢ ᠭᠤᠣᠷᠰᠣ ᠣᠨᠴᠠᠭᠠᠢᠯᠡᠨ ᠱᠢᠲᠡᠮᠠᠬᠠᠢ ᠬᠡᠢ᠎ᠶ᠋ᠢᠨ ᠬᠤᠭᠤᠯᠠᠢ ᠭᠤᠣᠷᠰᠣ᠎ᠶ᠋ᠢᠨ ᠦᠭᠡᠷᠡᠴᠢᠯᠡᠨ ᠱᠢᠨᠡᠣᠡᠭᠡᠭᠦ᠎ᠶ᠋ᠢ ᠴᠢᠩᠳᠠᠯᠡᠵᠣ᠂ ᠬᠤᠳᠡ᠎ᠶ᠋ᠢᠨ ᠨᠠᠷᠢᠯᠢᠬ᠍ᠵᠢᠭ᠍ᠰᠠᠨ ᠬᠠᠮᠢᠶᠠᠷᠣᠯᠳᠡ᠎ᠶ᠋ᠢᠨ ᠬᠢᠷᠢ ᠲᠦᠪᠱᠢᠨ᠎ᠢ ᠳᠡᠭᠡᠭ᠌ᠰᠢᠯᠡᠭᠦᠯᠵᠦ᠍᠂ ᠬᠤᠳᠡ᠎ᠶ᠋ᠢᠨ ᠠᠮᠣᠷ ᠲᠦᠪᠱᠢᠨ ᠪᠠ ᠰᠠᠭᠤᠷᠢᠱᠢᠬᠤ᠎ᠳᠤ ᠲᠣᠬᠢᠷᠠᠬᠤ ᠴᠢᠨᠠᠷ᠎ᠢ ᠳᠡᠭᠡᠭ᠌ᠰᠢᠯᠡᠭᠦᠯᠦᠨ᠎ᠡ᠃ ᠲᠣᠰᠭᠠᠢ ᠵᠦᠢᠯ᠎ᠤᠨ ᠵᠢᠭᠡᠯᠡᠯᠭᠡ᠎ᠶ᠋ᠢᠨ ᠳᠡᠮᠳᠡᠭ᠎ᠤᠨ ᠲᠦᠷᠣᠯ ᠵᠦᠢᠯ᠎ᠢ ᠪᠡᠯᠡᠣᠡᠭᠡᠨ ᠠᠬᠢᠭᠤᠯᠬᠤ ᠲᠣᠭ᠍ᠳᠠᠴᠨ᠎ᠶ᠋ᠢ ᠪᠠᠢᠭᠤᠯᠵᠣ᠂ ᠠᠢᠮᠠᠭ ᠬᠤᠳᠡ᠂ ᠬᠤᠱᠢᠭᠤ ᠱᠢᠶᠠᠨ᠎ᠤ ᠵᠢᠭᠡᠯᠡᠯᠭᠡ᠎ᠶ᠋ᠢᠨ ᠳᠡᠮᠳᠡᠭ᠎ᠤᠨ ᠲᠦᠷᠣᠯ ᠵᠦᠢᠯ᠎ᠳᠤ ᠵᠢᠭᠠᠨ ᠵᠢᠯᠣᠭᠤᠣᠡᠴᠣ ᠵᠣᠬᠢᠴᠠᠭᠤᠯᠬᠤ᠎ᠪᠠᠨ ᠴᠢᠩᠭᠠᠣᠡᠬᠠᠨ᠂ ᠨᠢᠭᠡ ᠪᠦᠯᠦᠭ᠎ᠢ᠎ᠨᠢ ᠠᠵᠢᠯ ᠡᠬᠢᠯᠡᠭᠦᠯᠵᠣ ᠪᠦᠳᠣᠭᠡᠨ ᠪᠠᠢᠭᠤᠯᠪᠡᠯ ᠲᠡᠷᠡ ᠨᠢᠭᠡ ᠪᠦᠯᠦᠭ᠎ᠢ᠎ᠨᠢ ᠨᠦᠭᠡᠴᠡᠯᠡᠭᠦ᠎ᠶ᠋ᠢ ᠪᠡᠶᠡᠯᠡᠭᠦᠯᠵᠣ᠂ ᠪᠣᠳᠠᠳᠣ ᠵᠦᠢᠯ᠎ᠤᠨ ᠠᠵᠢᠯ᠎ᠤᠨ ᠬᠡᠮᠵᠢᠶ᠎ᠡ᠎ᠶ᠋ᠢ ᠲᠦᠷᠭᠡᠭᠡᠨ ᠪᠣᠢ ᠪᠣᠯᠭᠠᠨ᠎ᠠ᠃

ᠬᠡᠷᠩᠯᠡᠭᠡ᠎ᠶ᠋ᠢᠨ ᠪᠠᠭ᠍ᠳᠠᠭᠠᠮᠵᠢ᠎ᠪᠠᠨ ᠦᠷᠭᠡᠣᠡᠭᠡᠨ ᠳᠡᠰ ᠳᠡᠪᠱᠢᠭᠦᠯᠭᠦ᠎ᠶ᠋ᠢ ᠦᠷᠭᠦᠯᠵᠢᠯᠡᠨ ᠠᠬᠢᠭᠤᠯᠣᠨ᠎ᠡ᠃ ᠡᠯ᠎ᠡ ᠱᠠᠲᠤᠨ᠎ᠤ ᠵᠠᠰᠠᠬ᠎ᠤᠨ ᠤᠷᠳᠤᠨ ᠠᠷᠭ᠎ᠠ ᠪᠦᠬᠦᠨ᠎ᠢ ᠰᠦᠪᠡᠭ᠌ᠴᠢᠯᠡᠵᠦ᠍ ᠪᠠᠢᠭᠠᠳ ᠦᠷᠭᠡᠨ ᠤᠯᠠᠨ ᠠᠷᠠᠳ ᠲᠦᠮᠡᠨ᠎ᠤ 《ᠵᠤᠭᠤᠰ ᠮᠦᠡᠭ᠌ᠭᠦᠨ᠎ᠤ ᠴᠦᠡᠭ᠌ᠬᠦ 》 ᠎ᠶ᠋ᠢ᠎ᠨᠢ ᠳᠦᠭᠦᠷᠭᠡᠵᠦ᠍᠂ ᠤᠯᠠᠨ ᠲᠦᠮᠡᠨ᠎ᠤ ᠭᠠᠷ ᠦᠵᠦᠭᠦᠷ ᠵᠠᠷᠤᠬᠤ ᠵᠤᠭᠤᠰ᠎ᠢ᠎ᠨᠢ ᠠᠷᠪᠢᠳᠭᠠᠪᠠᠯ ᠬᠡᠷᠡᠭ᠌ᠯᠡᠭᠡ ᠰᠠᠶᠢ ᠨᠡᠮᠡᠭ᠌ᠳᠡᠨ᠂ ᠬᠡᠷᠡᠭ᠌ᠯᠡᠭᠡ᠎ᠶ᠋ᠢᠨ ᠪᠦᠲᠦᠴᠡ ᠰᠠᠶᠢ ᠰᠠᠢᠵᠢᠷᠠᠵᠦ᠍᠂ ᠬᠡᠷᠡᠭ᠌ᠯᠡᠭᠡ᠎ᠶ᠋ᠢᠨ ᠴᠢᠨᠠᠷ ᠴᠢᠨᠰᠠᠭ᠎ᠠ ᠳᠡᠭᠡᠭ᠌ᠰᠢᠯᠡᠵᠦ᠍ ᠴᠢᠳᠠᠨ᠎ᠠ᠃ ᠲᠣᠮᠳᠡ ᠵᠢᠵᠢᠭ ᠪᠢᠴᠢᠯ ᠠᠵᠣ ᠠᠬᠤᠢᠯᠡᠯ᠂ ᠬᠤᠪᠢ᠎ᠶ᠋ᠢᠨ ᠠᠵᠣ ᠦᠢᠯᠡᠣᠡᠪᠣᠷᠢ ᠬᠤᠳᠠᠯᠳᠣᠭᠠᠨ᠎ᠤ ᠡᠷᠣᠭᠡ᠂ ᠬᠠᠮᠢᠶ᠎ᠠ ᠪᠦᠭᠦᠢ ᠦᠢᠯᠡᠴᠢᠯᠡᠭᠡᠨ᠎ᠤ ᠦᠢᠯᠡᠰ᠎ᠲᠤ ᠳᠡᠮᠵᠢᠯᠭᠡ ᠦᠵᠡᠭᠦᠯᠭᠦ᠌ ᠲᠦᠷᠣ᠎ᠶ᠋ᠢᠨ ᠪᠣᠳᠣᠯᠭ᠎ᠠ᠎ᠶ᠋ᠢ ᠦᠷᠭᠦᠯᠵᠢᠯᠡᠭᠦᠯᠭᠦ᠌ ᠪᠠ ᠳᠡᠭᠦᠯᠳᠡᠷᠵᠢᠭᠦᠯᠵᠣ᠂ ᠬᠡᠷᠩᠯᠡᠭᠡ᠎ᠶ᠋ᠢᠨ ᠨᠡᠮᠡᠭ᠌ᠳᠡᠯ᠎ᠢ ᠠᠬᠢᠭᠤᠯᠬᠤ ᠠᠷᠭ᠎ᠠ ᠬᠡᠮᠵᠢᠶ᠎ᠡ᠎ᠨᠦᠭᠦᠳ᠎ᠢ ᠲᠣᠭ᠍ᠲᠠᠭᠠᠵᠤ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠭᠦ᠌ ᠬᠢᠭᠡᠣᠨ ᠦᠢᠯᠡᠴᠢᠯᠡᠭᠡ ᠡᠵᠡᠩᠨᠡᠯᠳᠡ᠎ᠶ᠋ᠢᠨ ᠠᠵᠢᠯᠯᠠᠬᠤ ᠲᠦᠷᠢᠮᠯᠡᠯ᠎ᠢ ᠠᠵᠢᠯ ᠲᠦᠷᠣᠯ ᠬᠤᠪᠢᠶᠠᠵᠣ ᠪᠠᠢᠭᠠᠣᠨ ᠲᠡᠭᠦᠯᠳᠡᠷᠵᠢᠭᠦᠯᠵᠦ᠍᠂ ᠱᠢᠭᠤᠣᠨ ᠣᠷᠣᠯᠴᠠᠬᠤᠢ ᠬᠡᠷᠩᠯᠡᠭᠡ᠎ᠶ᠋ᠢ ᠲᠦᠷᠭᠡᠪᠴᠢᠯᠡᠨ ᠰᠡᠷᠭᠦᠭᠡᠭᠦ᠎ᠶ᠋ᠢ ᠠᠬᠢᠭᠤᠯᠵᠤ᠂ ᠠᠮᠠᠷᠠᠯᠳᠡ᠎ᠶ᠋ᠢᠨ ᠡᠳᠣᠷ᠎ᠤᠨ ᠬᠡᠷᠩᠯᠡᠭᠡ᠂ ᠵᠡᠭᠡᠯᠢ ᠲᠣᠭᠤᠷᠢᠭ᠎ᠤᠨ ᠵᠠᠬ᠎ᠠ ᠳᠡᠯᠭᠡᠭᠦᠷ᠂ ᠳᠡᠯᠭᠡᠭᠦᠷ ᠬᠤᠳᠠᠯᠳᠣᠭᠠᠨ᠎ᠤ ᠫᠦᠰᠡ᠂ ᠰᠦᠨᠢ᠎ᠶ᠋ᠢᠨ ᠠᠵᠣ ᠠᠬᠤᠢ ᠵᠡᠷᠭᠡ᠎ᠶ᠋ᠢᠨ ᠪᠦᠭᠦ᠌ ᠲᠠᠯ᠎ᠡ᠎ᠪᠠᠷ ᠭᠦᠭ᠌ᠵᠢᠭᠡᠨ᠎ᠲᠠᠢ ᠪᠣᠯᠬᠤ᠎ᠶ᠋ᠢ ᠠᠬᠢᠭᠤᠯᠣᠨ᠎ᠠ᠃ ᠪᠦᠭᠦ᠌ ᠣᠯᠣᠰ᠎ᠤᠨ ᠵᠠᠬ᠎ᠠ ᠳᠡᠯᠭᠡᠭᠦᠷ᠎ᠲᠤ ᠰᠠᠭᠤᠷᠢᠯᠡᠨ ᠵᠢᠭᠤᠯᠴᠢᠯᠡᠯ᠎ᠤᠨ ᠬᠡᠷᠩᠯᠡᠭᠡ᠂ ᠪᠣᠬᠢᠷᠳᠣᠯ ᠦᠭᠡᠢ ᠲᠠᠷᠢᠶᠠᠯᠡᠩ ᠮᠠᠯ᠎ᠤᠨ ᠠᠱᠢᠭ ᠱᠢᠮ᠎ᠡ᠎ᠶ᠋ᠢᠨ ᠪᠦᠳᠣᠭᠡᠭ᠌ᠳᠡᠭᠦᠨ᠎ᠤ ᠬᠡᠷᠩᠯᠡᠭᠡ᠎ᠶ᠋ᠢ ᠦᠷᠭᠡᠣᠡᠭᠡᠨ᠂ ᠱᠢᠨ᠎ᠡ ᠡᠨᠧᠷᠬᠢ᠎ᠶ᠋ᠢᠨ ᠮᠠᠱᠢᠨ ᠲᠡᠷᠭᠡ᠎ᠶ᠋ᠢ ᠳᠡᠯᠭᠡᠷᠡᠭᠦᠯᠣᠨ ᠬᠡᠷᠩᠯᠡᠭᠦ᠎ᠪᠠᠨ ᠠᠬᠢᠭᠤᠯᠵᠤ᠂ ᠭᠡᠷ᠎ᠤᠨ ᠪᠣᠬᠢᠷᠳᠣᠯ ᠦᠭᠡᠢ ᠣᠶᠣᠨᠴᠢ ᠴᠠᠬᠢᠯᠭᠠᠨ ᠬᠡᠷᠩᠰᠡᠯ᠎ᠢᠶᠠᠨ ᠬᠦᠳᠡᠭᠡ ᠪᠠᠭᠤᠯᠭᠠᠬᠤ᠎ᠶ᠋ᠢ ᠵᠣᠷᠢᠬ᠍ᠵᠢᠭᠤᠯᠤᠨ᠎ᠠ᠃ ᠱᠢᠨ᠎ᠡ ᠬᠡᠯᠪᠡᠷᠢ᠎ᠶ᠋ᠢᠨ ᠬᠤᠳᠠᠯᠳᠣᠭᠠᠨ᠎ᠤ ᠲᠣᠭᠤᠷᠢᠭ᠂ ᠱᠢᠶᠠᠨ᠎ᠤ ᠬᠤᠳᠡ᠎ᠶ᠋ᠢᠨ ᠶᠡᠷᠣᠩᠬᠡᠢᠯᠡᠭ᠌ᠰᠡᠨ ᠬᠤᠳᠠᠯᠳᠣᠭᠠᠨ᠎ᠤ ᠴᠣᠭ᠍ᠴᠠ᠂ ᠨᠠᠢᠭᠡᠮ ᠲᠣᠭᠤᠷᠢᠭ᠎ᠤᠨ ᠬᠤᠳᠠᠯᠳᠣᠭᠠᠨ᠎ᠤ ᠲᠦᠭᠦᠷᠵᠢᠭ᠌ᠰᠡᠨ ᠪᠡᠯᠡᠣᠡᠭᠡᠮᠵᠢ᠎ᠶ᠋ᠢᠨ ᠪᠦᠳᠣᠭᠡᠨ ᠪᠠᠢᠭᠤᠯᠣᠯᠳᠠ᠎ᠶ᠋ᠢ ᠴᠢᠩᠭᠠᠣᠡᠬᠠᠨ᠂ ᠬᠡᠷᠩᠯᠡᠭᠡ᠎ᠶ᠋ᠢᠨ ᠰᠦᠯᠵᠢᠶᠡᠨ᠎ᠳᠤ ᠪᠠ ᠰᠦᠯᠵᠢᠶᠠᠨ᠎ᠤ ᠭᠠᠳᠠᠨ᠎ᠠ ᠠᠭᠤᠰᠣᠯᠴᠠᠨ ᠭᠦᠭ᠌ᠵᠢᠭᠦ᠎ᠶ᠋ᠢ ᠠᠬᠢᠭᠤᠯᠵᠣ᠂ ᠡᠷᠬᠡ᠎ᠳᠤ ᠬᠠᠯᠳᠠᠵᠣ ᠬᠤᠳᠠᠯ ᠬᠠᠭᠤᠷᠮᠠᠭ᠎ᠢᠶᠠᠷ ᠵᠣᠬᠢᠶᠠᠬᠤ᠎ᠳᠤ ᠴᠣᠬᠢᠯᠳᠡ ᠦᠭ᠌ᠴᠦ᠂ ᠬᠡᠷᠩᠯᠡᠭᠡ᠎ᠶ᠋ᠢᠨ ᠰᠠᠢᠨ ᠰᠠᠢᠬᠠᠨ ᠣᠷᠴᠢᠨ ᠨᠦᠭᠦᠴᠡᠯ᠎ᠢ ᠪᠣᠢ ᠪᠣᠯᠭᠠᠨ᠎ᠠ᠃

ᠠᠵᠤ ᠠᠬᠤᠢ ᠮᠦᠩᠭᠦᠨ ᠭᠦᠢᠯᠭᠡᠭᠡᠨ᠎ᠤ ᠲᠦᠭ᠌ᠰᠢᠭᠦᠷᠢ᠎ᠶ᠋ᠢ ᠣᠨᠣᠴᠠᠲᠠᠢ ᠰᠡᠷᠭᠡᠢᠯᠡᠵᠣ ᠠᠷᠢᠯᠭᠠᠨ᠎ᠠ᠃ ᠦᠨᠳᠣᠰᠣᠨ ᠱᠠᠳᠣᠨ᠎ᠤ ᠵᠠᠰᠠᠭ᠎ᠤᠨ ᠣᠷᠳᠣᠨ᠎ᠤ ᠦᠷᠢ ᠥᠭ᠌ᠴᠡᠭᠡᠨ᠎ᠤ ᠳᠠᠷᠣᠭᠠᠰᠣ ᠭᠦᠨᠳᠣ ᠪᠠ ᠲᠡᠭᠦᠨ᠎ᠢ  ᠠᠷᠢᠯᠭᠠᠬᠤ᠎ᠳᠤ ᠬᠦᠴᠢᠷ ᠪᠠᠢᠭ᠎ᠠ ᠠᠰᠠᠭᠤᠳᠠᠯ᠎ᠳᠤ ᠴᠢᠭ᠌ᠯᠡᠭᠦᠯᠦᠨ᠂ ᠣᠷᠣᠨ ᠨᠤᠲᠤᠭ᠎ᠤᠨ ᠬᠠᠷᠢᠭᠤᠴᠠᠯᠭ᠎ᠠ ᠪᠠ ᠣᠨ᠎ᠤ ᠡᠭᠦᠷᠭᠡ᠎ᠶ᠋ᠢ ᠪᠣᠲᠠᠲᠠᠢᠵᠢᠭᠤᠯᠬᠤ᠎ᠶ᠋ᠢᠨ ᠬᠠᠮᠲᠤ᠌᠂ ᠦᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠨᠢᠭᠡ ᠪᠦᠯᠦᠭ᠎ᠢ᠎ᠨᠢ ᠴᠡᠪᠡᠷᠯᠡᠨ᠂ ᠨᠢᠭᠡ ᠪᠦᠯᠦᠭ᠎ᠢ᠎ᠨᠢ ᠰᠣᠯᠢᠵᠣ᠂ ᠨᠢᠭᠡ ᠪᠦᠯᠦᠭ᠎ᠲᠤ᠎ᠨᠢ ᠳᠠᠮ ᠭᠦᠣ ᠦᠭ᠌ᠴᠦ᠂ ᠨᠢᠭᠡ ᠪᠦᠯᠦᠭ᠎ᠢ᠎ᠨᠢ ᠬᠤᠪᠢᠶᠠᠷᠢᠯᠡᠨ ᠱᠢᠯᠵᠢᠭᠦᠯᠬᠦ᠌ ᠠᠷᠭ᠎ᠠ ᠬᠡᠮᠵᠢᠶ᠎ᠡ᠎ᠶ᠋ᠢ ᠠᠪᠴᠤ᠌ ᠪᠠᠢᠭᠠᠳ ᠦᠨᠳᠣᠰᠣᠨ ᠱᠠᠳᠣᠨ᠎ᠤ᠎ᠬᠢ᠎ᠶ᠋ᠢ ᠪᠦᠭᠦ᠌ ᠭᠦᠴᠣ᠎ᠪᠠᠷ᠎ᠢᠶᠠᠨ ᠬᠠᠪᠰᠣᠷᠣᠨ ᠪᠠᠢᠵᠣ ᠦᠷᠢ ᠥᠭ᠌ᠴᠡᠭᠡ᠎ᠶ᠋ᠢ᠎ᠨᠢ ᠠᠷᠢᠯᠭᠠᠨ᠎ᠠ᠃ ᠡᠳ᠋᠎ᠤᠨ ᠵᠠᠰᠠᠭ ᠠᠵᠣ ᠠᠬᠤᠢ᠎ᠶ᠋ᠢᠨ ᠰᠠᠬᠢᠯᠭ᠎ᠠ ᠪᠠᠳᠣ᠎ᠶ᠋ᠢ ᠴᠢᠩᠲᠠᠯᠠᠵᠣ᠂ ᠲᠦᠰᠣᠪ᠎ᠤᠨ ᠠᠮᠵᠢᠯᠳᠡ ᠪᠦᠳᠣᠮᠵᠢ᠎ᠶ᠋ᠢᠨ ᠬᠠᠮᠢᠶᠠᠷᠣᠯᠳᠡ᠎ᠶ᠋ᠢ ᠴᠢᠩᠲᠡᠯᠡᠨ᠂ ᠳᠠᠯᠳᠡ ᠴᠢᠨᠠᠷᠳᠠᠢ ᠦᠷᠢ ᠥᠭ᠌ᠴᠡᠭᠡ᠎ᠶ᠋ᠢᠨ ᠱᠢᠨ᠎ᠡ᠎ᠪᠠᠷ ᠨᠡᠮᠡᠭ᠌ᠳᠡᠭᠦ᠎ᠶ᠋ᠢ ᠡᠷᠡᠰ ᠬᠤᠷᠢᠭ᠍ᠯᠠᠵᠣ᠂ ᠡᠳ᠋᠎ᠤᠨ ᠵᠠᠰᠠᠭ᠎ᠤᠨ ᠪᠡᠯᠡ ᠮᠦᠩᠭᠦ᠎ᠶ᠋ᠢ ᠲᠣᠭ᠍ᠳᠠᠭᠠᠯ᠎ᠠᠴᠠ ᠵᠦᠷᠢᠴᠡᠨ ᠬᠡᠷᠩᠯᠡᠭᠦ᠂ ᠭᠠᠢᠯᠢ᠎ᠶ᠋ᠢ ᠲᠠᠷᠣᠵᠣ ᠭᠠᠢᠯᠢ ᠲᠣᠱᠢᠶᠠᠬᠤ᠎ᠠᠴᠠ ᠵᠠᠢᠯᠠᠬᠤ᠂ ᠡᠳ᠋᠎ᠤᠨ ᠶᠠᠪᠣᠳᠠᠯ᠎ᠢ ᠬᠠᠭᠤᠷᠮᠠᠭ᠎ᠢᠶᠠᠷ ᠵᠣᠬᠢᠶᠠᠬᠤ ᠵᠡᠷᠭᠡ ᠦᠢᠯᠨ ᠠᠵᠢᠯᠯᠠᠭ᠎ᠠ᠎ᠶ᠋ᠢ ᠡᠷᠡᠰ ᠬᠤᠷᠢᠭ᠍ᠯᠠᠨ᠎ᠠ᠃ ᠣᠷᠣᠨ ᠨᠤᠲᠤᠭ᠎ᠤᠨ ᠮᠦᠩᠭᠦᠨ ᠭᠦᠢᠯᠭᠡᠭᠡᠨ᠎ᠤ ᠵᠠᠰᠠᠯᠲᠠ᠎ᠶ᠋ᠢᠨ ᠲᠣᠭ᠍ᠲᠠᠯᠴᠠᠭ᠎ᠠ᠎ᠶ᠋ᠢ ᠪᠦᠷᠢᠨᠱᠢᠭᠦᠯᠵᠦ᠍᠂ ᠮᠦᠩᠭᠦᠨ ᠭᠦᠢᠯᠭᠡᠭᠡᠨ᠎ᠤ ᠬᠠᠮᠵᠢᠯᠴᠠᠨ ᠬᠢᠨᠠᠵᠤ ᠬᠠᠮᠢᠶᠠᠷᠬᠤ ᠲᠣᠭ᠍ᠲᠠᠴᠠ᠎ᠶ᠋ᠢ ᠪᠠᠢᠭᠤᠯᠤᠨ᠂ ᠠᠵᠣ ᠠᠬᠤᠢᠯᠡᠯ᠎ᠤᠨ ᠦᠪᠡᠷ᠎ᠢᠶᠠᠨ ᠲᠡᠩᠬᠡᠷᠡᠭᠦ᠌ ᠭᠤᠣᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ᠎ᠨᠢ ᠴᠢᠩᠳᠠᠯᠠᠵᠤ᠂ ᠣᠷᠣᠨ ᠨᠣᠳᠤᠭ᠎ᠤᠨ ᠬᠠᠣᠯᠢ᠎ᠶ᠋ᠢᠨ ᠡᠷᠭᠡᠳᠡᠨ᠎ᠤ ᠮᠦᠩᠭᠦᠨ ᠭᠦᠢᠯᠭᠡᠭᠡᠨ᠎ᠤ ᠪᠠᠢᠭᠤᠯᠣᠮᠵᠢ᠎ᠶ᠋ᠢᠨ ᠲᠦᠭ᠌ᠰᠢᠭᠦᠷᠢ᠎ᠶ᠋ᠢ ᠯᠠᠪᠳᠠᠭᠤᠨ᠎ᠢᠶᠠᠷ ᠠᠷᠢᠯᠭᠠᠵᠣ᠂ ᠢᠳᠡᠭᠡᠮᠵᠢ᠎ᠶ᠋ᠢᠨ ᠲᠦᠷᠣᠯ᠎ᠤᠨ ᠵᠢᠭᠡᠯᠡᠯᠭᠡ᠎ᠶ᠋ᠢᠨ ᠲᠡᠮᠳᠡᠭ᠎ᠤᠨ ᠭᠡᠷ᠎ᠡ᠎ᠠᠴᠠ ᠵᠦᠷᠢᠴᠡᠭᠦ᠌ ᠲᠦᠭ᠌ᠰᠢᠭᠦᠷᠢ᠎ᠶ᠋ᠢ ᠰᠡᠷᠭᠡᠢᠯᠡᠵᠣ ᠠᠷᠢᠯᠭᠠᠨ᠎ᠠ᠃ ᠬᠤᠳᠡ᠎ᠶ᠋ᠢᠨ ᠪᠠᠢᠳᠠᠯ᠎ᠳᠤ᠎ᠨᠢ ᠲᠣᠬᠢᠷᠠᠭᠤᠯᠣᠨ ᠪᠣᠳᠣᠯᠭ᠎ᠠ ᠬᠡᠷᠩᠵᠢᠭᠦᠯᠵᠣ ᠪᠠᠢᠭᠠᠣᠨ ᠭᠡᠷ ᠪᠠᠢᠱᠢᠩ ᠭᠠᠵᠠᠷ ᠬᠦᠷᠣᠩᠭᠡ᠎ᠶ᠋ᠢᠨ ᠲᠣᠬᠢᠷᠠᠭᠤᠯᠭ᠎ᠠ ᠡᠵᠡᠮᠳᠡᠯ᠎ᠢ ᠰᠠᠢᠳᠣᠷ ᠬᠢᠵᠣ᠂ ᠭᠡᠷ ᠪᠠᠢᠱᠢᠩ ᠭᠠᠵᠡᠷ ᠬᠦᠷᠣᠩᠭᠡ᠎ᠶ᠋ᠢᠨ ᠠᠵᠣ ᠠᠬᠤᠢᠯᠡᠯ᠎ᠤᠨ ᠭᠡᠷ᠎ᠡ ᠭᠦᠢᠴᠡᠣᠡᠭᠡᠭᠦ᠎ᠶ᠋ᠢᠨ ᠲᠦᠭ᠌ᠰᠢᠭᠦᠷᠢ᠎ᠶ᠋ᠢ ᠯᠠᠪᠳᠠᠭᠤᠨ ᠪᠠᠳᠣᠳᠠᠢ ᠱᠢᠢᠣᠡᠪᠣᠷᠢᠯᠡᠨ᠎ᠡ᠃

(ᠬᠤᠶᠠᠷ) ᠠᠵᠦ᠍ ᠦᠢᠯᠡᠰ᠎ᠢ ᠲᠣᠭ᠍ᠲᠠᠭᠤᠨ ᠪᠠᠢᠯᠭᠠᠵᠤ ᠬᠡᠯᠬᠢᠶᠡᠰᠦ᠎ᠶ᠋ᠢ ᠴᠢᠩᠭᠠᠷᠠᠭᠤᠯᠤᠨ ᠬᠦᠳᠡᠯᠭᠡᠬᠦ᠌ ᠴᠢᠳᠠᠮᠵᠢ᠎ᠶ᠋ᠢ ᠪᠣᠢ ᠪᠣᠯᠭᠠᠬᠤ᠎ᠪᠠᠷ ᠬᠦᠴᠦᠯᠡᠨ ᠴᠢᠷᠮᠠᠢᠵᠤ᠂ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠬᠦ᠌ ᠦᠨᠳᠦᠰᠦᠨ ᠰᠠᠭᠤᠷᠢ᠎ᠶ᠋ᠢ ᠪᠠᠬᠢᠵᠢᠭᠦᠯᠦᠨ᠎ᠡ᠃ ᠤᠯᠤᠰ᠎ᠤᠨ ᠡᠨᠧᠷᠬᠢ᠎ᠶ᠋ᠢᠨ ᠠᠮᠤᠷ ᠲᠦᠪᠱᠢᠨ᠂ ᠠᠮᠤ ᠪᠤᠳᠠᠭᠠᠨ᠎ᠤ ᠠᠮᠤᠷ ᠲᠦᠪᠱᠢᠨ᠂ ᠠᠵᠤ ᠦᠢᠯᠡᠰ᠎ᠤᠨ ᠠᠮᠤᠷ ᠲᠦᠪᠱᠢᠨ᠂ ᠠᠮᠢ ᠠᠬᠤᠢ᠎ᠶ᠋ᠢᠨ  ᠠᠮᠤᠷ ᠲᠦᠪᠱᠢᠨ᠎ᠢ ᠨᠡᠩ ᠰᠠᠢᠨ ᠪᠠᠲᠤᠯᠠᠬᠤ᠎ᠶ᠋ᠢᠨ ᠲᠣᠭᠤᠷᠢᠨ᠎ᠳᠤ᠂ 《ᠬᠤᠶᠠᠷ ᠰᠠᠭᠤᠷᠢᠨ ᠭᠠᠵᠠᠷ》 ᠎ᠤ᠋ᠨ ᠪᠦᠲᠦᠭᠡᠨ ᠪᠠᠢᠭᠤᠯᠤᠯᠲᠠ᠎ᠶ᠋ᠢ ᠴᠢᠩᠭ᠎ᠠ ᠠᠳᠭᠤᠨ᠂ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠭᠦᠨᠵᠡᠭᠡᠢ ᠦᠷᠨᠢᠭᠦᠯᠵᠦ᠍᠂ ᠪᠣᠬᠢᠷᠳᠤᠯ ᠦᠭᠡᠢ ᠲᠠᠷᠢᠶᠠᠯᠠᠩ ᠮᠠᠯ᠎ᠤᠨ ᠠᠱᠢᠭ ᠱᠢᠮ᠎ᠡ᠎ᠶ᠋ᠢᠨ ᠪᠦᠲᠦᠭᠡᠭ᠌ᠳᠡᠬᠦᠨ ᠡᠳ᠋ᠱᠢᠭᠦᠯᠦᠨ ᠪᠤᠯᠪᠠᠰᠤᠷᠠᠭᠤᠯᠬᠤ᠂ ᠱᠢᠨ᠎ᠡ ᠡᠨᠧᠷᠬᠢ᠂ ᠱᠢᠨ᠎ᠡ ᠮᠠᠲ᠋ᠧᠷᠢᠶᠠᠯ᠂ ᠱᠢᠨ᠎ᠡ ᠬᠡᠯᠪᠡᠷᠢ᠎ᠶ᠋ᠢᠨ ᠬᠢᠮᠢ᠎ᠶ᠋ᠢᠨ ᠠᠵᠤ ᠦᠢᠯᠡᠳᠪᠦᠷᠢ᠂ ᠣᠳᠣ ᠦᠶ᠎ᠡ᠎ᠶ᠋ᠢᠨ ᠲᠣᠨᠤᠭ ᠲᠥᠬᠦᠭᠡᠷᠦᠮᠵᠢ ᠦᠢᠯᠡᠳᠬᠦ᠂ ᠠᠮᠢᠳᠤ ᠪᠤᠳᠡᠰ᠎ᠤᠨ ᠡᠮ ᠡᠮᠨᠡᠯᠭᠡ᠂ ᠲᠣᠭᠠᠵᠢᠯᠲᠤ ᠠᠵᠤ ᠠᠬᠤᠢ᠂ ᠣᠳᠣ ᠦᠶ᠎ᠡ᠎ᠶ᠋ᠢᠨ ᠦᠢᠯᠡᠴᠢᠯᠡᠭᠡᠨ᠎ᠤ ᠦᠢᠯᠡᠰ ᠵᠡᠷᠭᠡ ᠠᠵᠤ ᠦᠢᠯᠡᠰ᠎ᠤᠨ ᠪᠦᠯᠦᠭ᠌ᠵᠢᠯ᠎ᠢ ᠲᠥᠪᠯᠡᠷᠡᠭᠦᠯᠦᠨ ᠪᠠᠢᠭᠤᠯᠵᠤ᠂ ᠭᠤᠣᠯᠳᠠᠯᠭ᠎ᠠ ᠪᠣᠯᠬᠤ 12 ᠠᠵᠤ ᠦᠢᠯᠡᠰ᠎ᠤᠨ ᠬᠡᠯᠬᠢᠶ᠎ᠡ᠎ᠶ᠋ᠢ ᠤᠷᠢᠳ᠎ᠢᠶᠠᠷ ᠪᠠᠢᠭᠤᠯᠤᠨ᠂ ᠠᠵᠤ ᠦᠢᠯᠡᠰ᠎ᠤᠨ ᠪᠦᠲᠦᠴᠡ᠎ᠶ᠋ᠢ ᠲᠣᠬᠢᠷᠠᠭᠤᠯᠵᠤ ᠱᠢᠯᠢᠳᠡᠭ᠌ᠵᠢᠭᠦᠯᠦᠨ ᠳᠡᠰ ᠳᠡᠪᠱᠢᠭᠦᠯᠬᠦ᠌᠎ᠶ᠋ᠢ ᠳᠠᠢᠴᠢᠯᠠᠨ᠎ᠠ᠃

ᠲᠠᠷᠢᠶᠠᠯᠠᠩ ᠮᠠᠯ᠎ᠤᠨ ᠠᠱᠢᠭ ᠱᠢᠮ᠎ᠡ᠎ᠶ᠋ᠢᠨ ᠪᠦᠲᠦᠭᠡᠭ᠌ᠳᠡᠬᠦᠨ᠎ᠤ ᠦᠢᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠴᠢᠨᠠᠷ ᠰᠠᠢᠲᠠᠢ ᠪᠦᠭᠡᠳ ᠦᠨᠳᠦᠷ ᠪᠦᠲᠦᠮᠵᠢᠲᠠᠢ᠎ᠪᠠᠷ ᠬᠡᠯᠪᠡᠷᠢ᠎ᠪᠠᠨ ᠬᠤᠪᠢᠷᠠᠭᠤᠯᠬᠤ᠎ᠶ᠋ᠢ ᠬᠦᠴᠦᠲᠡᠢ ᠠᠬᠢᠭᠤᠯᠤᠨ᠎ᠠ᠃ ᠪᠦᠲᠦᠭᠡᠭ᠌ᠳᠡᠬᠦᠨ᠎ᠤ ᠵᠦᠢᠯ᠎ᠢ ᠱᠢᠯᠢᠳᠡᠭ᠌ᠵᠢᠭᠦᠯᠬᠦ᠂ ᠶᠠᠰᠤ ᠴᠢᠨᠠᠷ᠎ᠢ᠎ᠨᠢ ᠳᠡᠭᠡᠭ᠌ᠰᠢᠯᠡᠭᠦᠯᠬᠦ᠂ ᠨᠡᠷᠡᠲᠦ ᠲᠡᠮᠳᠡᠭ᠎ᠢ ᠪᠣᠢ ᠪᠣᠯᠭᠠᠬᠤ᠎ᠶ᠋ᠢ ᠨᠡᠩ ᠴᠢᠬᠤᠯᠠᠴᠢᠯᠠᠨ᠂ ᠣᠳᠣ ᠦᠶ᠎ᠡ᠎ᠶ᠋ᠢᠨ ᠲᠠᠷᠢᠶᠠᠯᠠᠩ ᠮᠠᠯ ᠠᠵᠤ ᠠᠬᠤᠢ᠎ᠶ᠋ᠢᠨ ᠪᠦᠬᠦ᠌ ᠠᠵᠤ ᠦᠢᠯᠡᠰ᠎ᠤᠨ ᠬᠡᠯᠬᠢᠶ᠎ᠡ᠎ᠶ᠋ᠢᠨ ᠬᠦᠭ᠌ᠵᠢᠯᠲᠡ᠎ᠶ᠋ᠢ ᠠᠬᠢᠭᠤᠯᠵᠤ᠂ ᠲᠠᠷᠢᠶᠠᠯᠠᠩ ᠮᠠᠯ᠎ᠤᠨ ᠠᠱᠢᠭ ᠱᠢᠮ᠎ᠡ᠎ᠶ᠋ᠢᠨ ᠪᠦᠲᠦᠭᠡᠭ᠌ᠳᠡᠭᠦᠨ᠎ᠤ ᠤᠨᠠᠯᠲᠠ ᠭᠠᠷᠤᠯᠲᠠ᠎ᠶ᠋ᠢᠨ ᠲᠣᠮᠤ ᠣᠷᠣᠨ ᠪᠠᠢᠭ᠍ᠰᠠᠨ᠎ᠠᠴᠠ᠎ᠪᠠᠨ ᠲᠠᠷᠢᠶᠠᠯᠠᠩ ᠮᠠᠯ ᠠᠵᠤ ᠠᠬᠤᠢ᠎ᠶ᠋ᠢᠨ ᠶᠠᠰᠤ ᠴᠢᠨᠠᠷ᠎ᠢᠶᠠᠷ ᠣᠷᠣᠨ᠎ᠢᠶᠠᠨ ᠬᠦᠴᠦᠷᠬᠡᠭ᠌ᠵᠢᠭᠦᠯᠬᠦ᠌ ᠲᠠᠢᠰᠢ ᠳᠠᠪᠱᠢᠬᠤ᠎ᠶ᠋ᠢ ᠠᠬᠢᠭᠤᠯᠤᠨ᠎ᠠ᠃ ᠦᠷ᠎ᠡ ᠡᠭᠦᠯᠳᠡᠷ᠎ᠤᠨ ᠦᠢᠯᠡᠰ᠎ᠢ ᠬᠥᠭ᠌ᠵᠢᠭᠦᠯᠦᠨ ᠮᠠᠨᠳᠤᠭᠤᠯᠬᠤ ᠠᠵᠢᠯᠯᠠᠭᠠᠨ᠎ᠢ ᠶᠡᠭᠡ᠎ᠪᠠᠷ ᠬᠡᠷᠡᠭ᠌ᠵᠢᠭᠦᠯᠦᠨ᠂ ᠦᠷ᠎ᠡ ᠡᠳ᠋᠎ᠤᠨ ᠡᠬᠢ ᠪᠠᠶᠠᠯᠢᠭ᠎ᠢ ᠬᠠᠮᠠᠭᠠᠯᠠᠵᠤ ᠠᠱᠢᠭ᠍ᠯᠠᠬᠤ᠂ ᠰᠠᠢᠨ ᠡᠭᠦᠯᠳᠡᠷᠵᠢᠭᠦᠯᠬᠦ᠌ ᠬᠢᠷᠢ ᠲᠦᠪᠱᠢᠨ᠎ᠢ ᠳᠡᠭᠡᠭ᠌ᠰᠢᠯᠡᠭᠦᠯᠬᠦ᠂ ᠱᠢᠯᠢᠳᠡᠭ ᠳᠠᠪᠠᠭᠤᠯᠢᠭ ᠣᠨᠴᠠᠯᠢᠭ᠎ᠲᠠᠢ ᠦᠷ᠎ᠡ ᠡᠭᠦᠯᠳᠡᠷ᠎ᠢ ᠪᠤᠢᠵᠢᠭᠤᠯᠬᠤ ᠭᠤᠷᠪᠠᠨ ᠲᠣᠮᠤ ᠢᠨᠵᠧᠨᠧᠷᠢᠩ᠎ᠢ ᠲᠥᠪᠯᠡᠷᠡᠭᠦᠯᠦᠨ ᠠᠬᠢᠭᠤᠯᠤᠨ᠎ᠠ᠃ ᠰᠦ ᠰᠠᠭᠠᠯᠢ᠎ᠶ᠋ᠢᠨ ᠦᠢᠯᠡᠰ᠎ᠢ ᠬᠥᠭ᠌ᠵᠢᠭᠦᠯᠦᠨ ᠮᠠᠨᠳᠤᠭᠤᠯᠬᠤ ᠠᠵᠢᠯᠯᠠᠭᠠᠨ᠎ᠢ ᠭᠦᠨᠵᠡᠭᠡᠢ ᠬᠡᠷᠡᠭ᠌ᠵᠢᠭᠦᠯᠵᠦ᠍᠂ ᠱᠢᠯᠢᠳᠡᠭ ᠰᠠᠢᠨ ᠦᠷ᠎ᠡ᠎ᠶ᠋ᠢᠨ ᠢᠷᠡᠯᠲᠡ᠂ ᠲᠡᠵᠢᠭᠡᠯ ᠡᠪᠡᠰᠦ᠂ ᠰᠦ ᠰᠠᠭᠠᠯᠢ᠎ᠶ᠋ᠢᠨ ᠢᠷᠡᠯᠲᠡ᠎ᠶ᠋ᠢᠨ ᠰᠠᠭᠤᠷᠢᠨ ᠭᠠᠵᠠᠷ᠎ᠢ ᠪᠠᠢᠭᠤᠯᠤᠨ᠂ ᠢᠯᠢ᠎ᠶ᠋ᠢᠨ ᠣᠳᠣ ᠦᠶ᠎ᠡ᠎ᠶ᠋ᠢᠨ ᠤᠶᠤᠨᠯᠢᠭ ᠡᠷᠡᠭᠦᠯ ᠮᠡᠨᠳᠦ᠍᠎ᠶ᠋ᠢᠨ ᠵᠢᠯᠠᠭ᠎ᠠ᠂ ᠮᠧᠩ ᠨᠢᠤ ᠳᠤᠮᠳᠠᠲᠤ ᠤᠯᠤᠰ᠎ᠤᠨ ᠰᠦ᠎ᠶ᠋ᠢᠨ ᠠᠵᠤ ᠦᠢᠯᠡᠰ᠎ᠤᠨ ᠬᠦᠷᠢᠶᠡᠯᠡᠩ ᠵᠡᠷᠭᠡ ᠴᠢᠬᠤᠯᠠ ᠶᠡᠭᠡ ᠲᠥᠷᠥᠯ ᠵᠦᠢᠯ᠎ᠢ ᠰᠠᠢᠲᠤᠷ ᠪᠠᠢᠭᠤᠯᠤᠨ᠂ 《ᠨᠢᠭᠡ ᠱᠢᠷᠬᠡᠭ ᠡᠪᠡᠰᠦ᠎ᠶ᠋ᠢ ᠰᠠᠢᠨ ᠲᠠᠷᠢᠬᠤ᠎ᠠᠴᠠ ᠨᠢᠭᠡ ᠴᠣᠮᠣ ᠴᠢᠨᠠᠷ ᠰᠠᠢᠲᠠᠢ ᠰᠦ ᠤᠤᠭᠤᠬᠤ ᠬᠦᠷᠲᠡᠯᠡᠬᠢ》 ᠪᠦᠬᠦ᠌ ᠠᠵᠦ᠍ ᠦᠢᠯᠡᠰ᠎ᠤᠨ ᠬᠡᠯᠬᠢᠶ᠎ᠡ᠎ᠶ᠋ᠢᠨ ᠬᠦᠭ᠌ᠵᠢᠯᠲᠡ᠎ᠶ᠋ᠢ ᠪᠡᠶᠡᠯᠡᠭᠦᠯᠬᠦ᠌᠎ᠳᠤ ᠰᠠᠭᠤᠷᠢ᠎ᠶ᠋ᠢ ᠰᠠᠢᠨ ᠲᠠᠯᠪᠢᠨ᠎ᠠ᠃ ᠲᠠᠷᠢᠶᠠᠯᠠᠩ ᠮᠠᠯ ᠠᠵᠤ ᠠᠬᠤᠢ᠎ᠶ᠋ᠢᠨ ᠡᠷᠴᠢᠮᠵᠢᠬᠦ᠂ ᠬᠡᠪᠴᠢᠶᠡᠵᠢᠬᠦ᠂ ᠳᠡᠭᠡᠳᠦ ᠳᠡᠰᠵᠢᠬᠦ᠌ ᠬᠥᠭ᠌ᠵᠢᠯᠲᠡ᠎ᠶ᠋ᠢ ᠲᠦᠷᠭᠡᠳᠭᠡᠨ ᠠᠬᠢᠭᠤᠯᠵᠤ᠂ ᠰᠦ ᠰᠠᠭᠠᠯᠢ᠎ᠶ᠋ᠢᠨ ᠦᠢᠯᠡᠰ ᠡᠷᠳᠡᠨᠢ ᠱᠢᠰᠢ᠎ᠶ᠋ᠢᠨ ᠮᠢᠩᠭᠠᠨ ᠳ᠋ᠦᠩᠱᠢᠭᠤᠷ ᠳᠡᠰ᠎ᠤᠨ ᠬᠤᠶᠠᠷ ᠠᠵᠤ ᠦᠢᠯᠡᠰ ᠪᠠ ᠠᠯᠠᠱᠢᠨ ᠦᠬᠡᠷ᠂ ᠠᠯᠠᠱᠢᠨ ᠬᠤᠨᠢ᠂ ᠢᠮᠠᠭᠠᠨ ᠨᠤᠯᠤᠤᠭᠤᠷ᠂ ᠲᠦᠮᠦᠰᠦ ᠵᠡᠷᠭᠡ ᠵᠠᠭᠤᠨ ᠳ᠋ᠦᠩᠱᠢᠭᠤᠷ ᠳᠡᠰ᠎ᠤᠨ ᠠᠵᠤ ᠦᠢᠯᠡᠰ᠎ᠢ ᠱᠢᠯᠢᠳᠡᠭ᠌ᠵᠢᠭᠦᠯᠦᠨ ᠬᠦᠴᠦᠷᠬᠡᠭ᠌ᠵᠢᠭᠦᠯᠵᠦ᠍᠂ ᠲᠠᠷᠢᠶᠠᠯᠠᠩ ᠮᠠᠯ ᠠᠵᠤ ᠠᠬᠤᠢ᠎ᠶ᠋ᠢᠨ ᠠᠵᠤ ᠦᠢᠯᠡᠰᠵᠢᠭ᠌ᠰᠡᠨ ᠬᠦᠲᠥᠴᠢ ᠠᠵᠤ ᠠᠬᠤᠢᠯᠠᠯ᠎ᠢ ᠪᠣᠵᠠᠭᠠᠢᠷᠠᠭᠤᠯᠤᠨ ᠬᠦᠴᠦᠷᠬᠡᠭ᠌ᠵᠢᠭᠦᠯᠵᠦ᠍᠂ 《ᠥᠪᠥᠷ ᠮᠣᠩᠭᠤᠯ》 ᠨᠡᠷᠡᠮᠵᠢᠲᠦ ᠨᠡᠷᠡᠲᠦ ᠲᠡᠮᠳᠡᠭ᠎ᠤᠨ ᠮᠠᠭᠠᠳᠯᠠᠯᠲᠠ᠎ᠪᠠᠷ ᠬᠦᠲᠦᠯᠦᠭᠦᠷ ᠪᠣᠯᠭᠠᠵᠤ ᠨᠢᠭᠡ ᠪᠦᠯᠦᠭ ᠣᠷᠣᠨ ᠪᠦᠰᠡ᠎ᠶ᠋ᠢᠨ ᠨᠡᠢᠲᠡ᠎ᠶ᠋ᠢᠨ ᠬᠡᠷᠡᠭ᠌ᠯᠡᠭᠡᠨ᠎ᠤ ᠨᠡᠷᠡᠲᠦ ᠲᠡᠮᠳᠡᠭ ᠪᠠ ᠪᠦᠲᠦᠭᠡᠭ᠌ᠳᠡᠭᠦᠨ᠎ᠤ ᠨᠡᠷᠡᠲᠦ ᠲᠡᠮᠳᠡᠭ᠎ᠢ ᠠᠯᠳᠠᠷᠱᠢᠭᠤᠯᠤᠨ ᠳᠠᠭᠤᠷᠢᠰᠭᠠᠨ᠎ᠠ᠃ ᠠᠮᠤ ᠪᠤᠳᠠᠭ᠎ᠠ᠎ᠶ᠋ᠢᠨ ᠠᠮᠤᠷ ᠲᠦᠪᠱᠢᠨ᠎ᠤ ᠭᠤᠣᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠵᠤ᠂ ᠲᠠᠷᠢᠶᠠᠯᠠᠬᠤ ᠭᠠᠵᠠᠷ᠎ᠤᠨ ᠤᠯᠠᠭᠠᠨ ᠱᠣᠭᠤᠮ᠎ᠢ ᠪᠠᠲᠤ ᠰᠠᠬᠢᠨ᠂ ᠴᠢᠨᠠᠷ ᠰᠠᠢᠲᠠᠢ ᠪᠦᠭᠡᠳ ᠦᠨᠳᠦᠷ ᠪᠦᠲᠦᠮᠵᠢᠲᠠᠢ᠎ᠪᠠᠷ ᠤᠨᠠᠯᠲᠠ᠎ᠪᠠᠨ ᠨᠡᠮᠡᠭ᠌ᠳᠡᠭᠦᠯᠦᠭ᠌ᠰᠡᠨ ᠵᠢᠱ᠌ᠢᠶ᠎ᠡ ᠦᠵᠡᠭᠦᠯᠬᠦ᠌  ᠠᠵᠢᠯᠯᠠᠭᠠᠨ᠎ᠢ ᠬᠡᠷᠡᠭ᠌ᠵᠢᠭᠦᠯᠵᠦ᠍᠂ ᠠᠮᠤ ᠪᠤᠳᠠᠭᠠᠨ᠎ᠤ ᠲᠠᠷᠢᠬᠤ ᠲᠠᠯᠠᠪᠠᠢ ᠪᠠ ᠤᠨᠠᠯᠲᠠ᠎ᠶ᠋ᠢ ᠲᠣᠭ᠍ᠲᠠᠪᠤᠷᠢᠵᠢᠭᠤᠯᠤᠨ᠂ ᠱᠢᠷ᠎ᠠ ᠪᠣᠷᠴᠠᠭ᠎ᠢ 500 ᠲᠦᠮᠡᠨ ᠮᠦ᠍ ᠲᠠᠯᠠᠪᠠᠢ ᠥᠷᠭᠡᠳᠭᠡᠨ ᠲᠠᠷᠢᠬᠤ ᠡᠭᠦᠷᠭᠡ᠎ᠪᠠᠨ ᠪᠡᠶᠡᠯᠡᠭᠦᠯᠵᠦ᠍᠂ 400 ᠲᠦᠮᠡᠨ ᠮᠦ᠍ ᠦᠨᠳᠦᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠂ 1350 ᠲᠦᠮᠡᠨ ᠮᠦ᠍ ᠬᠠᠷ᠎ᠠ ᠬᠦᠷᠦᠰᠦᠲᠦ ᠭᠠᠵᠠᠷ᠎ᠤᠨ ᠬᠠᠮᠠᠭᠠᠯᠠᠬᠤ ᠴᠢᠨᠠᠷᠲᠠᠢ᠎ᠪᠠᠷ ᠲᠠᠷᠢᠶᠠᠯᠠᠬᠤ ᠡᠭᠦᠷᠭᠡ᠎ᠶ᠋ᠢ ᠰᠠᠢᠲᠤᠷ ᠠᠳᠭᠤᠨ᠂ ᠬᠤᠵᠢᠷᠱᠢᠭ᠍ᠰᠠᠨ ᠭᠠᠵᠠᠷ᠎ᠢ ᠦᠭᠡᠷᠡᠴᠢᠯᠡᠨ ᠰᠠᠢᠵᠢᠷᠠᠭᠤᠯᠵᠤ ᠠᠱᠢᠭ᠍ᠯᠠᠬᠤ᠎ᠪᠠᠨ ᠴᠢᠩᠭᠠᠳᠭᠠᠵᠤ᠂ ᠨᠡᠩ ᠣᠯᠠᠨ ᠲᠠᠷᠢᠶᠠᠨ ᠭᠠᠵᠠᠷ᠎ᠢ ᠰᠠᠢᠨ ᠲᠠᠷᠢᠶ᠎ᠠ ᠪᠣᠯᠭᠠᠨ᠎ᠠ᠃ 《ᠬᠤᠯᠢᠱᠢᠨ  ᠢᠳᠡᠭᠡ》 ᠎ᠶ᠋ᠢ  ᠲᠡᠭᠦᠯᠳᠡᠷᠵᠢᠭᠦᠯᠦᠨ᠂ ᠭᠤᠣᠯᠳᠠᠯᠭ᠎ᠠ ᠪᠣᠯᠬᠤ ᠬᠤᠲᠠ᠎ᠶ᠋ᠢᠨ ᠢᠳᠡᠱᠢᠨ ᠨᠣᠭᠤᠭ᠎ᠠ᠎ᠶ᠋ᠢᠨ ᠰᠠᠭᠤᠷᠢᠨ ᠭᠠᠵᠠᠷ᠎ᠤᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠦᠢᠯᠡᠳᠪᠦᠷᠢᠯᠡᠵᠦ᠍ ᠬᠠᠩᠭᠠᠬᠤ ᠲᠠᠯ᠎ᠠ᠎ᠶ᠋ᠢᠨ ᠥᠪᠡᠰᠦᠪᠡᠨ ᠬᠠᠩᠭᠠᠬᠤ ᠴᠢᠳᠠᠪᠤᠷᠢ᠎ᠶ᠋ᠢ ᠠᠯᠬᠤᠮ ᠠᠯᠬᠤᠮ᠎ᠢᠶᠠᠷ ᠳᠡᠭᠡᠭ᠌ᠰᠢᠯᠡᠭᠦᠯᠦᠨ᠎ᠡ᠃

ᠡᠨᠧᠷᠬᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ ᠭᠠᠵᠠᠷ᠎ᠢᠶᠠᠨ ᠱᠢᠯᠢᠳᠡᠭ᠌ᠵᠢᠭᠦᠯᠵᠦ᠍ ᠳᠡᠰ ᠳᠡᠪᠱᠢᠭᠦᠯᠬᠦ᠌᠎ᠶ᠋ᠢ ᠬᠦᠴᠦᠲᠡᠢ ᠠᠬᠢᠭᠤᠯᠤᠨ᠎ᠠ᠃ ᠡᠨᠡ ᠬᠦ᠌ ᠣᠳᠣ ᠦᠶ᠎ᠡ᠎ᠶ᠋ᠢᠨ ᠡᠨᠧᠷᠬᠢ᠎ᠶ᠋ᠢᠨ ᠠᠵᠤ ᠠᠬᠤᠢ᠎ᠶ᠋ᠢᠨ ᠠᠵᠢᠯ᠎ᠢ ᠰᠠᠢᠲᠤᠷ ᠬᠢᠵᠦ᠍᠂ 《ᠬᠤᠶᠠᠷ᠎ᠢ ᠤᠷᠢᠳ᠎ᠢᠶᠠᠷ ᠴᠣᠭ᠍ᠴᠠᠯᠠᠬᠤ》᠂ 《ᠬᠤᠶᠠᠷ᠎ᠢ ᠳᠠᠪᠠᠭᠤᠯᠬᠤ》 ᠎ᠶ᠋ᠢᠨ ᠬᠠᠷᠠᠯᠲᠠ᠎ᠳᠤ ᠴᠢᠭ᠌ᠯᠡᠭᠦᠯᠦᠨ᠂ ᠥᠪᠥᠷ ᠮᠣᠩᠭᠤᠯ᠎ᠤᠨ ᠵᠠᠭᠦᠨ ᠬᠡᠰᠡᠭ᠂ ᠥᠪᠥᠷ ᠮᠣᠩᠭᠤᠯ᠎ᠤᠨ ᠪᠠᠷᠠᠭᠤᠨ ᠬᠡᠰᠡᠭ᠎ᠲᠠᠬᠢ ᠮᠢᠩᠭᠠᠨ ᠲᠦᠮᠡᠨ ᠺᠢᠯᠤᠸᠠᠲ ᠳᠡᠰ᠎ᠤᠨ ᠱᠢᠨ᠎ᠡ ᠡᠨᠧᠷᠬᠢ᠎ᠶ᠋ᠢᠨ ᠰᠠᠭᠤᠷᠢᠨ ᠭᠠᠵᠠᠷ ᠪᠠ ᠤᠰᠤ ᠲᠠᠲᠠᠵᠤ ᠡᠨᠧᠷᠬᠢ ᠬᠠᠳᠠᠭᠠᠯᠠᠬᠤ ᠴᠠᠬᠢᠯᠭᠠᠨ ᠥᠷᠲᠡᠭᠡ᠂ ᠱᠢᠨ᠎ᠡ ᠬᠡᠯᠪᠡᠷᠢ᠎ᠶ᠋ᠢᠨ ᠡᠨᠧᠷᠬᠢ ᠨᠥᠭᠡᠴᠡᠯᠡᠬᠦ᠌ ᠪᠡᠯᠡᠳᠭᠡᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠵᠦ᠍᠂ ᠡᠯᠡᠰᠦ ᠮᠠᠩᠬ᠎ᠠ ᠭᠤᠪᠢ ᠴᠦᠯ᠎ᠤᠨ ᠪᠦᠰᠡ᠎ᠳᠠᠬᠢ ᠶᠡᠭᠡ ᠬᠡᠪᠴᠢᠶ᠎ᠡ᠎ᠪᠠᠷ ᠱᠢᠨ᠎ᠡ ᠡᠨᠧᠷᠬᠢ᠎ᠶ᠋ᠢ ᠨᠡᠭᠡᠭᠡᠨ ᠠᠱᠢᠭ᠍ᠯᠠᠬᠤ ᠲᠦᠯᠦᠪᠵᠢᠭᠦᠯᠭᠡ᠎ᠶ᠋ᠢᠨ ᠪᠠᠢᠷᠢᠱᠢᠭᠤᠯᠤᠯ᠎ᠢ ᠲᠦᠷᠭᠡᠳᠭᠡᠨ᠂ ᠴᠠᠬᠢᠯᠭᠠᠨ ᠰᠤᠷᠪᠤᠯᠵᠢ ᠪᠠ ᠲᠣᠣᠷ ᠳᠠᠭᠠᠭᠠᠴᠠ ᠨᠦᠬᠡᠴᠨ᠂ ᠰᠠᠯᠬᠢ ᠭᠡᠷᠡᠯ ᠴᠡᠨᠡᠭ ᠢᠯᠴᠢ ᠨᠦᠬᠡᠴᠨ ᠡᠨᠧᠷᠬᠢ᠎ᠶ᠋ᠢ ᠨᠢᠭᠡ ᠴᠣᠭ᠍ᠴᠠᠵᠢᠭᠤᠯᠤᠭ᠍ᠰᠠᠨ ᠶᠡᠷᠦᠩᠬᠡᠢ ᠬᠡᠷᠡᠭ᠌ᠯᠡᠭᠡᠨ᠎ᠤ ᠵᠢᠱ᠌ᠢᠶ᠎ᠡ ᠦᠵᠡᠭᠦᠯᠬᠦ᠌ ᠠᠵᠢᠯ᠎ᠢ ᠲᠦᠷᠭᠡᠳᠭᠡᠵᠦ᠍᠂ ᠰᠠᠯᠬᠢ ᠭᠡᠷᠡᠯ ᠤᠰᠦᠳᠦ᠋ᠷᠦᠭ᠌ᠴᠢ ᠨᠦᠬᠡᠴᠨ ᠡᠨᠧᠷᠬᠢ᠎ᠶ᠋ᠢᠨ ᠠᠵᠤ ᠦᠢᠯᠡᠰ᠎ᠤᠨ ᠪᠦᠯᠦᠭ᠌ᠵᠢᠯ᠎ᠢ ᠪᠣᠵᠠᠭᠠᠢᠷᠠᠭᠤᠯᠵᠤ᠂ ᠱᠢᠨ᠎ᠡ ᠬᠡᠯᠪᠡᠷᠢ᠎ᠶ᠋ᠢᠨ ᠴᠠᠬᠢᠯᠭᠠᠨ ᠬᠦᠴᠦᠨ᠎ᠤ ᠠᠮᠤᠷ ᠲᠦᠪᠱᠢᠨ᠂ ᠤᠶᠠᠨ ᠬᠠᠲᠠᠨ᠂ ᠦᠨᠳᠣᠷ ᠪᠦᠳᠣᠮᠵᠢᠳᠣ ᠱᠢᠰᠲ᠋ᠧᠮ᠎ᠢ ᠪᠠᠢᠭᠤᠯᠤᠨ᠂ ᠱᠢᠨ᠎ᠡ ᠡᠨᠧᠷᠬᠢ᠎ᠶ᠋ᠢᠨ ᠲᠣᠣᠷ᠎ᠲᠤ ᠨᠡᠢᠯᠡᠭᠦᠯᠬᠦ᠌ ᠬᠡᠪᠴᠢᠶ᠎ᠡ᠎ᠶ᠋ᠢ 2000 ᠲᠦᠮᠡᠨ ᠺᠢᠯᠤᠸᠠᠲ᠎ᠠᠴᠠ ᠳᠡᠭᠡᠭ᠌ᠰᠢ ᠱᠢᠨ᠎ᠡ᠎ᠪᠠᠷ ᠨᠡᠮᠡᠭ᠌ᠳᠡᠭᠦᠯᠵᠦ᠍᠂ ᠳᠠᠬᠢᠨ ᠡᠭᠦᠰᠴᠦ᠍ ᠪᠣᠯᠬᠤ ᠡᠨᠧᠷᠬᠢ᠎ᠶ᠋ᠢᠨ ᠮᠠᠱᠢᠨ ᠴᠣᠭ᠍ᠴᠠᠯᠠᠪᠤᠷᠢ᠎ᠶ᠋ᠢᠨ ᠬᠤᠪᠢ᠎ᠶ᠋ᠢᠨ ᠵᠢᠩ᠎ᠢ 40% ᠎ᠠ᠋ᠴᠠ ᠢᠯᠡᠭᠦᠦ ᠪᠣᠯᠭᠠᠨ ᠳᠡᠭᠡᠭ᠌ᠰᠢᠯᠡᠭᠦᠯᠦᠨ᠎ᠡ᠃ ᠱᠢᠨ᠎ᠡ ᠡᠨᠧᠷᠬᠢ᠎ᠶ᠋ᠢᠨ ᠲᠣᠨᠤᠭ ᠲᠥᠬᠦᠭᠡᠷᠦᠮᠵᠢ ᠦᠢᠯᠡᠳᠬᠦ᠌ ᠠᠵᠤ ᠦᠢᠯᠡᠰ᠎ᠤᠨ ᠬᠦᠭ᠌ᠵᠢᠯᠲᠡ᠎ᠶ᠋ᠢᠨ ᠰᠠᠭᠤᠷᠢ ᠮᠦᠩᠭᠦ᠎ᠶ᠋ᠢ ᠢᠳᠡᠪᠬᠢᠲᠡᠢ ᠪᠡᠯᠡᠳᠭᠡᠨ ᠪᠠᠢᠭᠤᠯᠵᠤ᠂ ᠱᠢᠨ᠎ᠡ ᠡᠨᠧᠷᠬᠢ᠎ᠶ᠋ᠢᠨ ᠲᠣᠨᠤᠭ ᠲᠥᠬᠦᠭᠡᠷᠦᠮᠵᠢ ᠦᠢᠯᠡᠳᠬᠦ᠌ ᠦᠢᠯᠡᠰ ᠪᠠ ᠠᠵᠢᠯᠯᠠᠭᠤᠯᠵᠤ ᠬᠠᠮᠠᠭᠠᠯᠠᠬᠤ ᠦᠢᠯᠡᠴᠢᠯᠡᠭᠡᠨ᠎ᠤ ᠦᠢᠯᠡᠰ᠎ᠢ ᠬᠦᠴᠦᠲᠠᠢ ᠬᠦᠭ᠌ᠵᠢᠭᠦᠯᠦᠨ᠂ ᠮᠢᠩᠭᠠᠨ ᠳ᠋ᠦᠩᠱᠢᠭᠤᠷ ᠳᠡᠰ᠎ᠤᠨ ᠱᠢᠨ᠎ᠡ ᠡᠨᠧᠷᠬᠢ᠎ᠶ᠋ᠢᠨ ᠲᠣᠨᠤᠭ ᠲᠥᠬᠦᠭᠡᠷᠦᠮᠵᠢ ᠦᠢᠯᠡᠳᠬᠦ᠌ ᠠᠵᠤ ᠦᠢᠯᠡᠰ᠎ᠤᠨ ᠪᠦᠯᠦᠭ᠌ᠵᠢᠯ ᠪᠠ ᠤᠰᠤᠲᠦᠢ᠍ᠷᠦᠭ᠌ᠴᠢᠲᠦ ᠡᠨᠧᠷᠭᠢ᠎ᠶ᠋ᠢᠨ ᠲᠣᠨᠤᠭ ᠲᠥᠬᠦᠭᠡᠷᠦᠮᠵᠢ᠂ ᠡᠨᠧᠷᠬᠢ ᠬᠠᠳᠠᠭᠠᠯᠠᠬᠤ ᠲᠥᠬᠦᠭᠡᠷᠦᠮᠵᠢ᠎ᠶ᠋ᠢᠨ ᠠᠵᠤ ᠦᠢᠯᠡᠰ᠎ᠤᠨ ᠰᠠᠭᠤᠷᠢᠨ ᠭᠠᠵᠠᠷ᠎ᠢ ᠲᠥᠪᠯᠡᠷᠡᠭᠦᠯᠦᠨ ᠪᠠᠢᠭᠤᠯᠤᠨ᠎ᠠ᠃ ᠡᠨᠧᠷᠬᠢ᠎ᠶ᠋ᠢᠨ ᠥᠭᠡᠷᠡᠴᠢᠯᠡᠯᠲᠡ᠎ᠶ᠋ᠢ ᠬᠠᠮᠵᠢᠯᠴᠠᠵᠤ ᠬᠤᠯᠪᠣᠭᠠᠯᠠᠨ ᠭᠦᠨᠵᠡᠭᠡᠢᠷᠡᠭᠦᠯᠵᠦ᠍᠂ ᠴᠡᠪᠡᠷ ᠡᠨᠧᠷᠬᠢ᠎ᠶ᠋ᠢ ᠪᠠᠭ᠍ᠲᠠᠭᠠᠨ ᠱᠢᠩᠭᠡᠭᠡᠬᠦ᠌ ᠤᠷᠲᠤ ᠬᠤᠭᠤᠴᠠᠭᠠᠨ᠎ᠤ ᠪᠦᠲᠦᠮᠵᠢᠲᠠᠢ ᠲᠣᠭ᠍ᠲᠠᠴᠠ᠎ᠶ᠋ᠢ ᠪᠠᠢᠭᠤᠯᠤᠨ᠂ ᠱᠢᠨ᠎ᠡ ᠡᠨᠧᠷᠬᠢ᠎ᠶ᠋ᠢᠨ ᠲᠥᠷᠥᠯ ᠵᠦᠢᠯ᠎ᠤᠨ ᠬᠠᠮᠢᠶᠠᠷᠤᠯᠲᠠ᠎ᠶ᠋ᠢᠨ ᠠᠷᠭ᠎ᠠ᠎ᠶ᠋ᠢ ᠪᠦᠷᠢᠨᠱᠢᠭᠦᠯᠵᠦ᠍᠂ ᠡᠨᠧᠷᠬᠢ᠎ᠶ᠋ᠢᠨ ᠦᠨ᠎ᠡ ᠬᠠᠩᠰᠢ ᠪᠦᠷᠢᠯᠳᠦᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ᠃ ᠴᠡᠪᠡᠷ ᠡᠨᠧᠷᠬᠢ ᠪᠠ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠢ ᠠᠭᠤᠷᠬᠠᠢ᠎ᠶ᠋ᠢᠨ ᠭᠠᠷᠤᠯᠲᠠ᠎ᠶ᠋ᠢ ᠬᠠᠢᠨ ᠪᠠᠢᠴᠠᠭᠠᠬᠤ ᠡᠷᠴᠢᠮ᠎ᠢᠶᠠᠨ ᠴᠢᠩᠭᠠᠷᠠᠭᠤᠯᠤᠨ᠂ ᠪᠠᠴᠢᠮ ᠪᠠᠢᠳᠠᠯ᠎ᠢ ᠠᠷᠭᠠᠴᠠᠭᠠᠬᠤ ᠲᠠᠯ᠎ᠠ᠎ᠳᠠᠬᠢ ᠨᠡᠭᠦᠷᠡᠰᠦᠨ᠎ᠤ ᠦᠢᠯᠡᠳᠪᠦᠷᠢᠯᠡᠬᠦ᠌ ᠴᠢᠳᠠᠮᠵᠢ᠎ᠶ᠋ᠢᠨ ᠨᠦᠬᠡᠴᠡ᠎ᠶ᠋ᠢ ᠨᠡᠮᠡᠭ᠌ᠳᠡᠭᠦᠯᠵᠦ᠍᠂ ᠣᠨᠴᠠ ᠦᠨᠳᠣᠷ ᠬᠦᠴᠣᠳᠠᠯᠳᠣ ᠴᠠᠬᠢᠯᠭᠠᠨ᠎ᠢ ᠭᠠᠳᠠᠭ᠍ᠰᠢ ᠭᠦᠷᠭᠡᠭᠦ᠌ ᠵᠠᠮ ᠬᠤᠭᠤᠯᠠᠢ ᠪᠠ ᠲᠦᠬᠦᠷᠵᠢᠭ᠌ᠰᠡᠨ ᠴᠠᠬᠢᠯᠭᠠᠨ ᠰᠣᠷᠪᠣᠯᠵᠢ᠎ᠶ᠋ᠢᠨ ᠢᠨᠵᠧᠨᠧᠷᠢᠩ᠎ᠤᠨ ᠪᠦᠳᠣᠭᠡᠨ ᠪᠠᠢᠭᠤᠯᠣᠯᠳᠡ᠎ᠶ᠋ᠢ ᠴᠢᠩᠭᠠᠣᠡᠬᠠᠨ᠂ ᠦᠪᠦᠷ ᠮᠤᠩᠭᠤᠯ᠎ᠤᠨ ᠪᠠᠷᠠᠭᠤᠨ᠎ᠳᠠᠬᠢ ᠴᠠᠬᠢᠯᠭᠠᠨ ᠬᠦᠴᠦᠨ᠎ᠤ ᠲᠤᠤᠷ᠎ᠤᠨ ᠵᠡᠭᠦᠨ ᠬᠡᠰᠡᠭ᠎ᠤᠨ ᠲᠡᠭᠦᠰᠭᠡᠯ ᠦᠵᠦᠭᠦᠷ᠎ᠤᠨ ᠴᠠᠬᠢᠯᠭᠠᠨ ᠬᠦᠴᠦᠨ᠎ᠤ ᠲᠤᠤᠷᠯᠢᠬ ᠪᠠ ᠴᠠᠬᠢᠯᠭᠠᠨ ᠰᠤᠷᠪᠤᠯᠵᠢ᠎ᠶ᠋ᠢᠨ ᠲᠤᠯᠭᠠᠭᠤᠷᠢᠯᠠᠬᠤ ᠪᠠᠢᠷᠢᠱᠢᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠴᠠᠬᠢᠯᠭᠠᠨ ᠬᠦᠴᠦᠨ᠎ᠤ ᠭᠦᠢᠴᠡᠳ ᠬᠠᠩᠭᠠᠬᠤ᠎ᠶ᠋ᠢ ᠠᠬᠢᠭᠤᠯᠤᠨ᠂ ᠨᠡᠭᠦᠷᠡᠰᠦ ᠴᠠᠬᠢᠯᠭᠠᠨ ᠬᠦᠴᠦᠨ᠎ᠤ ᠬᠠᠩᠭᠠᠯᠭ᠎ᠠ᠎ᠶ᠋ᠢ ᠪᠠᠲᠤᠯᠠᠬᠤ ᠠᠵᠢᠯ᠎ᠢᠶᠠᠨ ᠰᠠᠢᠲᠤᠷ ᠬᠢᠨ᠎ᠡ᠃ ᠬᠤᠪᠤᠷ ᠱᠢᠷᠤᠢ᠎ᠶ᠋ᠢᠨ ᠠᠵᠤ ᠦᠢᠯᠡᠰ᠎ᠤᠨ ᠬᠡᠯᠬᠢᠶᠡᠰᠦ᠎ᠶ᠋ᠢ ᠤᠷᠳᠤᠳᠭᠠᠨ᠂ ᠲᠡᠭᠡᠲᠦ ᠳᠡᠰ᠎ᠤᠨ ᠮᠠᠲ᠋ᠧᠷᠢᠶᠠᠯ ᠪᠠ ᠦᠵᠦᠭᠦᠷ᠎ᠤᠨ ᠦᠢᠯᠡᠳᠬᠦᠨ᠎ᠳᠤ ᠭᠤᠣᠯᠳᠠᠯᠭ᠎ᠠ᠎ᠲᠠᠢ ᠱᠢᠪᠲᠤᠯᠤᠯᠲᠠ ᠬᠢᠵᠦ᠍᠂ ᠨᠠᠷᠢᠯᠢᠬ ᠭᠦᠨ ᠡᠳ᠋ᠱᠢᠭᠦᠯᠦᠨ ᠪᠣᠯᠪᠠᠰᠤᠷᠠᠭᠤᠯᠬᠤ ᠬᠡᠮᠵᠢᠶ᠎ᠡ ᠪᠠ ᠶᠡᠷᠦᠩᠬᠡᠢᠯᠡᠨ ᠠᠱᠢᠭ᠍ᠯᠠᠬᠤ ᠨᠣᠷᠮ᠎ᠠ᠎ᠶ᠋ᠢ ᠳᠡᠭᠡᠭ᠌ᠰᠢᠯᠡᠭᠦᠯᠦᠨ᠎ᠡ᠃

ᠦᠢᠯᠡᠳᠬᠦ᠌ ᠦᠢᠯᠡᠰ᠎ᠤᠨ ᠳᠡᠭᠡᠲᠦ ᠳᠡᠰᠵᠢᠬᠦ᠂ ᠣᠶᠤᠨᠴᠢᠯᠠᠬᠤ ᠪᠠ ᠪᠣᠬᠢᠷᠳᠤᠯ ᠦᠭᠡᠢ᠎ᠪᠠᠷ ᠬᠥᠭ᠌ᠵᠢᠬᠦ᠌᠎ᠶ᠋ᠢ ᠬᠦᠴᠣᠯᠡᠨ ᠠᠬᠢᠭᠤᠯᠤᠨ᠎ᠠ᠃ ᠦᠢᠯᠡᠣᠡᠭᠦ᠌ ᠦᠢᠯᠡᠰ᠂ ᠲᠣᠮᠳᠡ ᠵᠢᠵᠢᠭ ᠠᠵᠣ ᠠᠬᠤᠢᠯᠡᠯ᠎ᠤᠨ ᠴᠢᠨᠠᠷ ᠰᠠᠢᠳᠠᠢ ᠭᠦᠭ᠌ᠵᠢᠯᠳᠡ᠎ᠶ᠋ᠢ ᠠᠬᠢᠭᠤᠯᠬᠤ ᠲᠦᠷᠣ᠎ᠶ᠋ᠢᠨ ᠪᠣᠳᠣᠯᠭ᠎ᠠ ᠠᠷᠭ᠎ᠠ ᠬᠡᠮᠵᠢᠶ᠎ᠠ᠎ᠨᠦᠭᠦᠳ᠎ᠢ ᠲᠣᠭ᠍ᠳᠠᠭᠠᠵᠣ᠂ ᠬᠡᠯᠬᠢᠶ᠎ᠡ᠎ᠶ᠋ᠢ᠎ᠨᠢ ᠤᠷᠳᠤᠳᠭᠠᠨ ᠬᠡᠯᠬᠢᠶ᠎ᠡ᠎ᠶ᠋ᠢ᠎ᠨᠢ ᠨᠦᠬᠦᠪᠦᠷᠢᠯᠡᠬᠦ᠌ ᠬᠡᠯᠬᠢᠶ᠎ᠡ᠎ᠶ᠋ᠢ᠎ᠨᠢ ᠴᠢᠩᠭᠠᠷᠠᠭᠤᠯᠬᠤ ᠠᠵᠢᠯᠯᠠᠭᠠᠨ᠎ᠢ ᠬᠡᠷᠡᠭ᠌ᠵᠢᠭᠦᠯᠵᠦ᠍᠂ ᠠᠵᠣ ᠦᠢᠯᠡᠰ᠎ᠤᠨ ᠰᠠᠭᠤᠷᠢ᠎ᠶ᠋ᠢ ᠳᠠᠬᠢᠨᠲᠠ ᠪᠠᠢᠭᠤᠯᠬᠤ ᠨᠢᠭᠡ ᠪᠦᠯᠦᠭ ᠢᠨᠵᠧᠨᠧᠷᠢᠩ᠎ᠤᠨ ᠲᠦᠷᠣᠯ ᠵᠦᠢᠯ᠎ᠢ ᠡᠬᠢᠯᠡᠭᠦᠯᠵᠣ᠂ ᠨᠢᠭᠡ ᠪᠦᠯᠦᠭ ᠲᠣᠰᠭᠠᠢ ᠨᠠᠷᠢᠯᠢᠬ ᠣᠨᠴᠠ ᠱᠢᠨ᠎ᠡ 《ᠬᠡᠪᠴᠢᠶ᠎ᠡ᠎ᠨᠢ ᠵᠢᠵᠢᠭ ᠪᠣᠯᠪᠠᠴᠤ᠌ ᠬᠥᠭ᠌ᠵᠢᠯᠲᠡ ᠰᠠᠢᠲᠠᠢ ᠠᠪᠤᠷᠭᠤ》 ᠠᠵᠣ ᠠᠬᠤᠢᠯᠡᠯ᠎ᠢ ᠪᠣᠢ ᠪᠣᠯᠭᠠᠨ᠂ ᠨᠢᠭᠡ ᠪᠦᠯᠦᠭ ᠮᠢᠩᠭᠠᠨ ᠳ᠋ᠦᠩᠱᠢᠭᠤᠷ ᠳᠡᠰ᠎ᠤᠨ ᠲᠠᠪᠠᠭᠤᠯᠢᠭ ᠣᠨᠴᠠᠯᠢᠭ᠎ᠲᠠᠢ ᠠᠵᠣ ᠦᠢᠯᠡᠰ᠎ᠢ ᠪᠣᠢ ᠪᠣᠯᠭᠠᠨ᠎ᠠ᠃ ᠴᠡᠷᠢᠭ᠎ᠤᠨ ᠠᠵᠤ ᠦᠢᠯᠡᠳᠪᠦᠷᠢ᠎ᠶ᠋ᠢᠨ ᠳᠠᠪᠠᠭᠤᠯᠢᠭ᠎ᠢ ᠪᠠᠳᠠᠷᠠᠭᠤᠯᠤᠨ᠂ ᠪᠤᠭᠤᠲᠤ᠎ᠶ᠋ᠢᠨ ᠴᠡᠷᠢᠭ ᠪᠠ ᠠᠷᠠᠳ᠎ᠤᠨ ᠬᠡᠷᠡᠭ᠌ᠴᠡᠭᠡ᠎ᠶ᠋ᠢ ᠠᠭᠤᠰᠤᠯᠴᠠᠭᠤᠯᠤᠭ᠍ᠰᠠᠨ ᠠᠵᠤ ᠦᠢᠯᠡᠰ᠎ᠤᠨ ᠰᠠᠭᠤᠷᠢᠨ ᠭᠠᠵᠠᠷ᠎ᠢ ᠪᠠᠢᠭᠤᠯᠤᠨ᠎ᠠ᠃ ᠡᠨᠧᠷᠬᠢ᠂ ᠬᠢᠮᠢ᠎ᠶ᠋ᠢᠨ ᠠᠵᠣ ᠦᠢᠯᠡᠣᠡᠪᠣᠷᠢ ᠵᠡᠷᠭᠡ ᠬᠦᠷᠢᠶ᠎ᠡ ᠴᠠᠷᠠᠭᠠᠨ᠎ᠳᠤ ᠠᠵᠤ ᠠᠬᠤᠢᠯᠠᠯ᠎ᠤᠨ ᠳᠡᠰ᠎ᠤᠨ᠂ ᠠᠵᠢᠯ ᠲᠦᠷᠦᠯ᠎ᠤᠨ ᠳᠡᠰ᠎ᠤᠨ᠂ ᠣᠷᠣᠨ ᠪᠦᠰᠡ᠎ᠶ᠋ᠢᠨ ᠳᠡᠰ᠎ᠤᠨ ᠠᠵᠤ ᠦᠢᠯᠡᠳᠪᠦᠷᠢ᠎ᠶ᠋ᠢᠨ ᠢᠨᠲ᠋ᠧᠷ ᠰᠦᠯᠵᠢᠶᠡᠨ᠎ᠤ ᠲᠠᠪᠴᠠᠩ᠎ᠢ 10 ᠪᠠᠢᠭᠤᠯᠵᠤ᠂ ᠣᠶᠣᠨᠴᠢᠯᠠᠭ᠍ᠰᠠᠨ ᠦᠢᠯᠡᠳᠪᠦᠷᠢ᠂ ᠲᠣᠭᠠᠵᠢᠭᠤᠯᠤᠭ᠍ᠰᠠᠨ ᠦᠢᠯᠡᠳᠪᠦᠷᠢ᠎ᠶ᠋ᠢᠨ ᠲᠠᠰᠤᠭ᠎ᠤᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠣᠨ᠎ᠠ᠃ ᠠᠵᠤ ᠦᠢᠯᠡᠳᠪᠦᠷᠢ᠎ᠶ᠋ᠢᠨ ᠬᠦᠷᠢᠶᠡᠯᠡᠩ ᠲᠣᠭᠤᠷᠢᠭ᠎ᠢ ᠡᠮᠬᠢᠯᠡᠵᠦ᠍ ᠨᠡᠢᠯᠡᠭᠦᠯᠦᠭ᠌ᠰᠡᠨ ᠦᠷ᠎ᠡ ᠪᠦᠲᠦᠭᠡᠯ᠎ᠢ ᠪᠠᠬᠢᠵᠢᠭᠦᠯᠦᠨ᠂ ᠣᠷᠣᠨ ᠪᠦᠰᠡ᠎ᠶ᠋ᠢᠨ ᠦᠨᠡᠯᠡᠨ ᠵᠢᠱ᠌ᠢᠬᠦ᠌᠎ᠶ᠋ᠢ ᠪᠡᠶᠡᠯᠡᠭᠦᠯᠵᠦ᠍᠂ ᠬᠦᠷᠢᠶᠡᠯᠡᠩ ᠲᠣᠭᠤᠷᠢᠭ ᠪᠦᠬᠦᠨ᠎ᠢ ᠤᠶᠤᠨᠯᠢᠭ ᠭᠦᠷᠢᠶᠡᠯᠡᠩ ᠲᠣᠭᠤᠷᠢᠭ ᠪᠣᠯᠭᠠᠨ᠎ᠠ᠃ ᠦᠯᠡᠭᠦᠳᠡᠭ᠌ᠰᠡᠨ ᠪᠠ ᠳᠣᠣᠷ᠎ᠠ ᠦᠷ᠎ᠡ ᠠᠱᠢᠭ᠎ᠲᠠᠢ ᠦᠢᠯᠡᠳᠪᠦᠷᠢᠯᠡᠬᠦ᠌ ᠴᠢᠳᠠᠮᠵᠢ᠎ᠶ᠋ᠢ᠎ᠨᠢ ᠪᠣᠴᠠᠭᠠᠨ ᠭᠠᠷᠭᠠᠬᠤ᠎ᠶ᠋ᠢ ᠲᠦᠷᠭᠡᠳᠭᠡᠨ᠂ ᠡᠨᠧᠷᠬᠢ ᠠᠷᠪᠢᠯᠠᠬᠤ ᠤᠰᠤ ᠠᠷᠪᠢᠯᠠᠬᠤ ᠪᠠ ᠪᠣᠬᠢᠷᠳᠤᠯ ᠡᠳ᠋᠎ᠢ ᠬᠡᠳᠦ ᠳᠣᠣᠷ᠎ᠠ ᠭᠠᠳᠠᠭ᠍ᠰᠢᠯᠠᠭᠤᠯᠬᠤ᠎ᠪᠠᠷ ᠥᠭᠡᠷᠡᠴᠢᠯᠡᠨ ᠱᠢᠨᠡᠳᠭᠡᠬᠦ᠌᠎ᠶ᠋ᠢ ᠡᠮᠬᠢ ᠵᠢᠷᠤᠮ᠎ᠲᠠᠢ ᠠᠬᠢᠭᠤᠯᠵᠤ᠂ ᠬᠦᠷᠢᠶᠡᠯᠡᠩ ᠲᠣᠭᠤᠷᠢᠭ᠎ᠲᠠᠬᠢ ᠥᠪᠡᠷ᠎ᠤᠨ ᠪᠡᠯᠡᠳᠭᠡᠯ ᠴᠠᠬᠢᠯᠭᠠᠨ᠎ᠤ ᠦᠢᠯᠡᠳᠪᠦᠷᠢ᠂ ᠡᠨᠧᠷᠬᠢ᠎ᠶ᠋ᠢᠨ ᠬᠤᠷᠣᠭ᠍ᠳᠠᠯ ᠶᠡᠬᠡᠲᠠᠢ ᠠᠵᠤ ᠠᠬᠤᠢᠯᠠᠯ᠎ᠳᠤ ᠬᠡᠷᠡᠭ᠌ᠰᠡᠬᠦ᠌ ᠴᠠᠬᠢᠯᠭᠠᠨ᠎ᠢ᠎ᠨᠢ ᠪᠣᠬᠢᠷᠳᠤᠯ ᠦᠭᠡᠢ ᠴᠠᠬᠢᠯᠭᠠᠨ᠎ᠢᠶᠠᠷ ᠣᠷᠤᠯᠠᠭᠤᠯᠬᠤ᠎ᠶ᠋ᠢ ᠬᠡᠷᠡᠭ᠌ᠵᠢᠭᠦᠯᠦᠨ᠂ ᠪᠣᠬᠢᠷᠳᠤᠯ ᠦᠭᠡᠢ ᠦᠢᠯᠡᠳᠬᠦ᠌᠎ᠶ᠋ᠢ ᠬᠦᠭ᠌ᠵᠢᠭᠦᠯᠵᠦ᠍᠂ ᠨᠢᠭᠡ ᠪᠦᠯᠦᠭ ᠨᠡᠭᠦᠷᠡᠰᠦᠲᠦᠢ᠍ᠷᠦᠭ᠌ᠴᠢ ᠪᠠᠭ᠎ᠠ ᠭᠠᠳᠠᠭ᠍ᠰᠢᠯᠠᠭᠤᠯᠬᠤ ᠬᠦᠷᠢᠶᠡᠯᠡᠩ ᠲᠣᠭᠤᠷᠢᠭ᠂ ᠨᠡᠭᠦᠷᠡᠰᠦᠲᠦᠢ᠍ᠷᠦᠭ᠌ᠴᠢ ᠦᠯᠦ᠍ ᠭᠠᠳᠠᠭ᠍ᠰᠢᠯᠠᠭᠤᠯᠬᠤ  ᠬᠦᠷᠢᠶᠡᠯᠡᠩ ᠲᠣᠭᠤᠷᠢᠭ᠎ᠢ ᠪᠠᠢᠭᠤᠯᠤᠨ᠎ᠠ᠃

ᠲᠣᠭᠠᠵᠢᠯᠲᠤ ᠥᠪᠥᠷ ᠮᠣᠩᠭᠤᠯ᠎ᠤᠨ ᠪᠦᠳᠣᠭᠡᠨ ᠪᠠᠢᠭᠤᠯᠣᠯᠳᠡ᠎ᠶ᠋ᠢ ᠭᠦᠴᠣᠯᠡᠨ ᠠᠬᠢᠭᠤᠯᠣᠨ᠎ᠠ᠃ ᠮᠡᠳᠡᠭᠡ ᠵᠠᠩᠬᠢ᠎ᠶ᠋ᠢᠨ ᠰᠠᠭᠤᠷᠢ ᠪᠡᠯᠡᠣᠡᠭᠡᠮᠵᠢ᠎ᠶ᠋ᠢ ᠪᠦᠷᠢᠨᠱᠢᠭᠦᠯᠣᠨ᠂ ᠭᠦᠬᠡᠬᠤᠳᠠ᠂ ᠪᠣᠭᠤᠳᠣ᠎ᠶ᠋ᠢᠨ 《ᠮᠢᠩᠭᠠᠨ ᠰᠠᠶ᠎ᠠ ᠰᠦᠯᠵᠢᠶᠠᠨ᠎ᠤ ᠬᠤᠳᠡ》 ᠪᠠ ᠨᠡᠭᠦᠷᠡᠰᠣ᠂ ᠬᠤᠪᠣᠷ ᠱᠢᠷᠣᠢ᠂ ᠬᠢᠮᠢ᠎ᠶ᠋ᠢᠨ ᠠᠵᠣ ᠦᠢᠯᠡᠣᠡᠪᠣᠷᠢ ᠵᠡᠷᠭᠡ ᠠᠵᠣ ᠦᠢᠯᠡᠣᠡᠪᠣᠷᠢ᠎ᠶ᠋ᠢᠨ ᠢᠨᠲ᠋ᠧᠷ ᠰᠦᠯᠵᠢᠶᠠᠨ᠎ᠤ ᠳᠡᠮᠳᠡᠭ᠎ᠤᠨ ᠵᠠᠳᠠᠯᠣᠯᠳᠡ᠎ᠶ᠋ᠢᠨ ᠬᠤᠶᠠᠳᠣᠭᠠᠷ ᠳᠡᠰ᠎ᠤᠨ ᠵᠠᠩᠬᠢᠶᠠᠰᠣ᠎ᠶ᠋ᠢ ᠪᠠᠢᠭᠤᠯᠵᠣ᠂ ᠪᠦᠭᠦ᠌ ᠣᠯᠣᠰ᠎ᠤᠨ ᠨᠢᠭᠡ ᠴᠣᠭ᠍ᠴᠠᠵᠢᠭ᠍ᠰᠠᠨ ᠱᠢᠢᠳᠪᠦᠷᠢᠯᠡᠬᠦ᠌ ᠬᠤᠷᠳᠤᠴᠠ᠎ᠶ᠋ᠢᠨ ᠲᠣᠣᠷ ᠰᠦᠯᠵᠢᠶᠠᠨ᠎ᠤ ᠣᠯᠣᠰ᠎ᠤᠨ ᠬᠦᠢᠰᠦ ᠪᠣᠯᠬᠤ ᠵᠠᠩᠭᠢᠶᠠᠰᠤ᠎ᠶ᠋ᠢ ᠪᠠᠢᠭᠤᠯᠵᠣ᠂ 5G ᠰᠠᠭᠤᠷᠢ ᠦᠷᠲᠡᠭᠡ᠎ᠶ᠋ᠢ 1 ᠲᠦᠮᠡ ᠱᠢᠨ᠎ᠡ᠎ᠪᠠᠷ ᠪᠠᠢᠭᠤᠯᠣᠨ᠎ᠡ᠃ ᠠᠵᠣ ᠦᠢᠯᠡᠰ᠎ᠤᠨ ᠲᠣᠭᠠᠵᠢᠭᠤᠯᠤᠯᠲᠠ᠎ᠶ᠋ᠢ ᠠᠬᠢᠭᠤᠯᠣᠨ᠂ ᠲᠣᠭᠠᠵᠢᠭᠤᠯᠣᠭ᠍ᠰᠠᠨ ᠬᠡᠯᠪᠡᠷᠢ᠎ᠪᠠᠷ ᠬᠤᠪᠢᠷᠠᠭᠤᠯᠬᠤ ᠠᠵᠢᠯ᠎ᠤᠨ ᠵᠠᠮ ᠱᠤᠭᠤᠮ᠎ᠢ ᠠᠵᠢᠯ ᠲᠦᠷᠣᠯ ᠬᠤᠪᠢᠶᠠᠨ ᠲᠣᠭ᠍ᠳᠠᠭᠠᠵᠣ᠂ ᠣᠯᠠᠮᠵᠢᠯᠠᠯᠳᠣ ᠠᠵᠣ ᠦᠢᠯᠡᠰ᠎ᠢ ᠪᠦᠭᠦ᠌ ᠲᠠᠯ᠎ᠡ᠎ᠪᠠᠷ᠂ ᠪᠦᠭᠦ᠌ ᠬᠡᠯᠬᠢᠶᠡᠨ᠎ᠳᠤ ᠲᠣᠭᠠᠵᠢᠭᠤᠯᠵᠤ ᠥᠭᠡᠷᠡᠴᠢᠯᠡᠨ ᠰᠠᠢᠵᠢᠷᠠᠭᠤᠯᠬᠤ ᠠᠬᠢᠴᠠ᠎ᠶ᠋ᠢ ᠲᠦᠷᠭᠡᠣᠡᠭᠡᠨ᠂ ᠭᠤᠣᠯᠳᠠᠯᠭ᠎ᠠ᠎ᠲᠠᠢ ᠬᠦᠷᠢᠶ᠎ᠡ ᠴᠠᠷᠠᠭ᠎ᠠ᠎ᠶ᠋ᠢᠨ ᠵᠠᠩᠬᠢᠯᠠᠭ᠎ᠠ᠎ᠶ᠋ᠢᠨ ᠠᠵᠢᠯᠯᠠᠬᠤ ᠳᠠᠷᠠᠭᠠᠯᠠᠯ᠎ᠤᠨ ᠲᠣᠭᠠᠵᠢᠭᠤᠯᠣᠨ ᠡᠵᠡᠮᠳᠡᠭᠦ᠌ ᠨᠣᠷᠮ᠎ᠠ ᠪᠠ ᠲᠣᠭᠠᠵᠢᠭᠤᠯᠤᠭ᠍ᠰᠠᠨ ᠰᠣᠳᠣᠯᠵᠣ ᠨᠡᠭᠡᠭᠡᠨ ᠵᠢᠷᠣᠵᠣ ᠲᠦᠯᠣᠪᠯᠡᠭᠦ᠌ ᠪᠠᠭᠠᠵᠢ᠎ᠶ᠋ᠢ ᠲᠦᠭᠡᠮᠡᠯᠵᠢᠭᠦᠯᠭᠦ᠌ ᠨᠣᠷᠮ᠎ᠠ᠎ᠪᠠᠨ ᠳᠡᠭᠡᠭ᠌ᠰᠢᠯᠡᠭᠦᠯᠦᠨ᠂ 5G+ ᠠᠵᠣ ᠦᠢᠯᠡᠣᠡᠪᠣᠷᠢ᠎ᠶ᠋ᠢᠨ ᠢᠨᠲ᠋ᠧᠷ ᠰᠦᠯᠵᠢᠶᠠᠨ᠎ᠤ ᠠᠭᠤᠰᠤᠯᠴᠠᠭᠤᠯᠤᠨ ᠬᠡᠷᠡᠭ᠌ᠯᠡᠬᠦ᠌᠎ᠶ᠋ᠢ ᠠᠬᠢᠭᠤᠯᠣᠨ᠂ 5G+ ᠣᠶᠣᠨᠯᠢᠭ ᠠᠭᠤᠷᠬᠠᠢ᠎ᠶ᠋ᠢ ᠪᠦᠳᠣᠭᠡᠨ ᠪᠠᠢᠭᠤᠯᠵᠣ᠂ ᠰᠤᠷᠭᠠᠨ ᠭᠦᠮᠣᠵᠢᠯ᠂ ᠡᠮᠴᠢᠯᠡᠭᠡ᠂ ᠵᠠᠮ ᠬᠠᠷᠢᠯᠴᠠᠭ᠎ᠠ ᠵᠡᠷᠭᠡ᠎ᠶ᠋ᠢᠨ 5G ᠳᠠᠯᠠᠪᠡᠢ ᠦᠵᠡᠭ᠌ᠳᠡᠯ᠎ᠤᠨ ᠵᠢᠱ᠌ᠢᠶ᠎ᠡ ᠦᠵᠡᠭᠦᠯᠬᠦ᠌᠎ᠶ᠋ᠢ ᠠᠬᠢᠭᠤᠯᠤᠨ᠂ ᠨᠢᠭᠡ ᠪᠦᠯᠦᠭ ᠲᠡᠷᠭᠡᠨ ᠵᠣᠭ᠍ᠰᠣᠭᠠᠯ᠎ᠤᠨ ᠣᠶᠣᠨᠴᠢ ᠦᠷᠲᠡᠭᠡ᠂ ᠴᠠᠬᠢᠯᠭᠠᠨ ᠴᠡᠨᠡᠭ᠌ᠯᠡᠭᠦ᠌ ᠱᠣᠩ᠎ᠢ ᠪᠦᠳᠣᠭᠡᠨ ᠪᠠᠢᠭᠤᠯᠣᠨ᠎ᠡ᠃ ᠲᠣᠭᠠᠵᠢᠯᠳᠣ ᠠᠵᠣ ᠦᠢᠯᠡᠰᠵᠢᠯᠳᠡ᠎ᠶ᠋ᠢ ᠠᠬᠢᠭᠤᠯᠵᠣ᠂ ᠬᠦᠭᠡᠬᠤᠳᠠ ᠪᠣᠭᠤᠳᠣ ᠤᠷᠳᠣᠰ ᠣᠯᠠᠭᠠᠨᠴᠠᠪ᠂ ᠣᠯᠠᠭᠠᠨᠬᠠᠳᠠ᠎ᠪᠠᠷ ᠭᠤᠣᠯᠳᠠᠯᠭ᠎ᠠ ᠪᠣᠯᠭᠠᠭ᠍ᠰᠠᠨ ᠦᠪᠡᠷᠮᠢᠴᠡ ᠣᠨᠴᠠᠯᠢᠭ᠎ᠲᠠᠢ ᠲᠣᠭᠠᠵᠢᠯᠳᠣ ᠠᠵᠣ ᠦᠢᠯᠡᠰ᠎ᠤᠨ ᠬᠦᠷᠢᠶᠡᠯᠡᠩ ᠲᠣᠭᠤᠷᠢᠭ᠎ᠢ ᠪᠠᠢᠭᠤᠯᠣᠨ᠂ ᠡᠭᠦᠯᠡᠨ ᠪᠣᠳᠣᠯᠳᠠ᠂ ᠬᠡᠰᠡᠭ᠎ᠤᠳ᠎ᠤᠨ ᠬᠡᠯᠬᠢᠶ᠎ᠡ᠂ ᠵᠣᠭᠢᠶᠠᠮᠠᠯ ᠣᠶᠣᠨ᠂ ᠵᠦᠭᠡᠯᠡᠨ ᠬᠡᠷᠩᠰᠡᠯ᠎ᠢ  ᠨᠡᠭᠡᠭᠡᠨ ᠠᠱᠢᠭ᠍ᠯᠠᠬᠤ ᠵᠡᠷᠭᠡ ᠲᠣᠭᠠᠵᠢᠯᠳᠣ ᠠᠵᠣ ᠦᠢᠯᠡᠰ᠎ᠢ ᠲᠦᠷᠭᠡᠣᠡᠭᠡᠨ ᠭᠦᠭ᠌ᠵᠢᠭᠦᠯᠦᠨ᠎ᠡ᠃

ᠦᠢᠯᠡᠴᠢᠯᠡᠭᠡᠨ᠎ᠤ ᠦᠢᠯᠡᠰ᠎ᠤᠨ ᠴᠢᠨᠠᠷ ᠴᠢᠨᠰᠠᠭ᠎ᠠ᠎ᠪᠠᠨ ᠳᠡᠭᠡᠭ᠌ᠰᠢᠯᠡᠭᠦᠯᠵᠦ᠍ ᠦᠷ᠎ᠡ ᠠᠱᠢᠭ᠎ᠢᠶᠠᠨ ᠨᠡᠮᠡᠭ᠌ᠳᠡᠭᠦᠯᠬᠦ᠌᠎ᠶ᠋ᠢ ᠬᠦᠴᠣᠯᠡᠨ ᠠᠬᠢᠭᠤᠯᠤᠨ᠎ᠠ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠢᠯᠡᠴᠢᠯᠡᠭᠡ᠂ ᠠᠵᠤ ᠦᠢᠯᠡᠳᠪᠦᠷᠢ᠎ᠶ᠋ᠢᠨ ᠵᠢᠷᠤᠭ ᠲᠥᠯᠥᠪᠯᠡᠭᠡ᠂ ᠬᠤᠳᠠᠯᠳᠤᠭᠠᠨ᠎ᠤ ᠶᠠᠪᠤᠳᠠᠯ᠎ᠤᠨ ᠴᠤᠭ᠍ᠯᠠᠭᠠᠨ ᠦᠵᠡᠭᠦᠯᠭᠡ ᠵᠡᠷᠭᠡ ᠱᠢᠨ᠎ᠡ᠎ᠪᠠᠷ ᠪᠣᠢ ᠪᠣᠯᠣᠭ᠍ᠰᠠᠨ ᠦᠢᠯᠡᠴᠢᠯᠡᠭᠡᠨ᠎ᠤ ᠦᠢᠯᠡᠰ᠎ᠢ ᠬᠥᠭ᠌ᠵᠢᠭᠦᠯᠦᠨ᠂ ᠪᠤᠭᠤᠲᠤ᠎ᠶ᠋ᠢᠨ ᠪᠣᠯᠣᠳ ᠲᠡᠮᠥᠷ᠂ ᠢᠯᠢ᠂ ᠤᠮᠠᠷᠠᠲᠤ᠎ᠶ᠋ᠢᠨ ᠬᠦᠨᠳᠦ ᠠᠵᠤ ᠦᠢᠯᠡᠳᠪᠦᠷᠢ ᠵᠡᠷᠭᠡ ᠣᠳᠣ ᠦᠶ᠎ᠡ᠎ᠶ᠋ᠢᠨ ᠦᠢᠯᠡᠴᠢᠯᠡᠭᠡᠨ᠎ᠤ ᠦᠢᠯᠡᠰ ᠬᠢᠭᠡᠳ ᠲᠡᠷᠢᠭᠦᠨ᠎ᠤ ᠦᠢᠯᠡᠳᠬᠦ᠌ ᠦᠢᠯᠡᠰ᠎ᠢ ᠠᠭᠤᠰᠤᠯᠴᠠᠭᠤᠯᠤᠨ ᠬᠦᠭ᠌ᠵᠢᠭᠦᠯᠬᠦ᠌ ᠲᠤᠷᠱᠢᠯᠲᠠ᠎ᠶ᠋ᠢᠨ ᠴᠡᠭ᠎ᠢ ᠰᠠᠢᠲᠤᠷ ᠠᠣᠡᠬᠤᠨ᠎ᠠ᠃ ᠪᠠᠷᠠᠭᠠᠨ᠎ᠤ ᠭᠦᠢᠯᠭᠡᠭᠡᠨ᠎ᠤ ᠦᠢᠯᠡᠰ᠎ᠤᠨ ᠣᠳᠣᠬᠢᠴᠢᠯᠠᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠤᠨ᠂ ᠬᠦᠬᠡᠬᠤᠲᠠ᠂ ᠤᠯᠠᠭᠠᠨᠴᠠᠪ — ᠡᠷᠢᠶᠡᠨ ᠬᠤᠲᠠ᠂ ᠮᠠᠨᠵᠤᠤᠷ᠎ᠲᠠᠬᠢ ᠤᠯᠤᠰ᠎ᠤᠨ ᠪᠠᠷᠠᠭᠠᠨ᠎ᠤ ᠭᠦᠢᠯᠭᠡᠭᠡᠨ᠎ᠤ ᠬᠦᠢᠰᠦ ᠪᠠ ᠪᠠᠶᠠᠨᠨᠠᠭᠤᠷ᠎ᠲᠠᠬᠢ ᠤᠯᠤᠰ᠎ᠤᠨ ᠭᠤᠣᠯᠯᠠᠬᠤ ᠬᠦᠢᠲᠡᠨ ᠬᠡᠯᠬᠢᠶᠡᠲᠦ ᠪᠠᠷᠠᠭᠠᠨ᠎ᠤ ᠭᠦᠢᠯᠭᠡᠭᠡᠨ᠎ᠤ ᠰᠠᠭᠤᠷᠢᠨ ᠭᠠᠵᠠᠷ᠎ᠤᠨ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠵᠦ᠍᠂ ᠲᠠᠷᠢᠶᠠᠯᠠᠬᠤ ᠮᠠᠯᠵᠢᠬᠤ ᠣᠷᠣᠨ᠎ᠤ ᠭᠤᠪᠢᠭᠤᠯᠵᠤ ᠢᠯᠡᠭᠡᠬᠦ᠌ ᠪᠠᠷᠠᠭᠠᠨ᠎ᠤ ᠭᠦᠢᠯᠭᠡᠭᠡᠨ᠎ᠤ ᠲᠣᠭ᠍ᠲᠠᠯᠴᠠᠭ᠎ᠠ᠎ᠶ᠋ᠢ ᠪᠦᠷᠢᠨᠱᠢᠭᠦᠯᠦᠨ᠂ ᠲᠣᠰᠭᠤᠨ ᠪᠣᠯᠭᠠᠨ᠎ᠳᠤ ᠲᠦᠷᠭᠡᠨ ᠭᠦᠷᠭᠡᠯᠳᠡ ᠨᠡᠪᠲᠡᠷᠡᠭᠦ᠎ᠶ᠋ᠢ ᠦᠨᠳᠣᠰᠣᠨ᠎ᠳᠤ᠎ᠪᠠᠨ ᠪᠡᠶᠡᠯᠡᠭᠦᠯᠣᠨ᠎ᠡ᠃ ᠮᠦᠩᠭᠦᠨ ᠭᠦᠢᠯᠭᠡᠭᠡᠨ᠎ᠢᠶᠠᠷ ᠪᠣᠳᠠᠳᠤ ᠴᠣᠭ᠍ᠴᠠ᠎ᠶ᠋ᠢᠨ ᠠᠵᠤ ᠠᠬᠤᠢ᠎ᠶ᠋ᠢᠨ ᠬᠦᠭ᠌ᠵᠢᠯᠲᠡ᠎ᠶ᠋ᠢ ᠪᠦᠲᠦᠮᠵᠢᠲᠠᠢ ᠳᠡᠮᠵᠢᠬᠦ᠌᠎ᠶ᠋ᠢ ᠠᠬᠢᠭᠤᠯᠵᠤ᠂ ᠨᠣᠭᠤᠭᠠᠨ ᠮᠦᠩᠭᠦᠨ ᠭᠦᠢᠯᠭᠡᠭᠡ᠂ ᠨᠡᠢᠳᠡᠮ ᠬᠠᠷᠠᠭᠠᠯᠵᠠᠯᠲᠤ ᠮᠦᠩᠭᠦᠨ ᠭᠦᠢᠯᠭᠡᠭᠡ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠮᠦᠩᠭᠦᠨ ᠭᠦᠢᠯᠭᠡᠭᠡ᠎ᠶ᠋ᠢ ᠶᠡᠭᠡ᠎ᠪᠠᠷ ᠬᠦᠭ᠌ᠵᠢᠭᠦᠯᠵᠦ᠍᠂ ᠳᠤᠮᠳᠠ ᠵᠢᠵᠢᠭ ᠪᠢᠴᠢᠯ ᠠᠵᠤ ᠠᠬᠤᠢᠯᠠᠯ᠎ᠤᠨ  ᠪᠡᠯᠡ ᠲᠣᠬᠢᠷᠠᠭᠤᠯᠬᠤ᠎ᠳᠤ ᠳᠦᠭᠦᠮ ᠦᠵᠡᠭᠦᠯᠬᠦ᠌ ᠬᠡᠮᠵᠢᠶ᠎ᠡ᠎ᠪᠠᠨ ᠳᠡᠭᠡᠭ᠌ᠰᠢᠯᠡᠭᠦᠯᠦᠨ᠂ ᠪᠡᠯᠡ ᠲᠣᠬᠢᠷᠠᠭᠤᠯᠬᠤ ᠲᠠᠯ᠎ᠠ᠎ᠶ᠋ᠢᠨ ᠦᠪᠡᠷ᠎ᠤᠨ ᠦᠷᠲᠡᠭ᠎ᠢ᠎ᠨᠢ ᠪᠠᠭᠤᠷᠠᠭᠤᠯᠤᠨ᠎ᠠ᠃ ᠵᠢᠭᠤᠯᠴᠢᠯᠠᠯ᠎ᠤᠨ  ᠦᠢᠯᠡᠰ᠎ᠤᠨ  ᠴᠢᠨᠠᠷ ᠰᠠᠢᠲᠠᠢ ᠬᠦᠭ᠌ᠵᠢᠯᠲᠡ᠎ᠶ᠋ᠢ ᠪᠦᠬᠦ᠌ ᠬᠦᠴᠦᠨ᠎ᠢᠶᠠᠷ᠎ᠢᠶᠠᠨ ᠠᠬᠢᠭᠤᠯᠵᠤ᠂ ᠭᠤᠣᠯᠳᠠᠯᠭ᠎ᠠ ᠪᠣᠯᠬᠤ ᠦᠵᠡᠮᠵᠢ᠎ᠶ᠋ᠢᠨ ᠣᠷᠣᠨ᠎ᠤ ᠴᠢᠨᠠᠷ ᠴᠢᠨᠰᠠᠭ᠎ᠠ᠎ᠪᠠᠨ ᠳᠡᠭᠡᠭ᠌ᠰᠢᠯᠡᠭᠦᠯᠬᠦ᠌ ᠠᠵᠢᠯᠯᠠᠭᠠᠨ ᠪᠠ ᠰᠣᠶᠣᠯ  ᠵᠢᠭᠤᠯᠴᠢᠯᠠᠯ᠎ᠤᠨ  ᠲᠣᠭᠠᠵᠢᠭᠤᠯᠤᠯᠲᠠ᠎ᠶ᠋ᠢᠨ ᠢᠨᠵᠧᠨᠧᠷᠢᠩ᠎ᠢ ᠬᠡᠷᠡᠭ᠌ᠵᠢᠭᠦᠯᠦᠨ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠵᠢᠭᠤᠯᠴᠢᠯᠠᠯ᠎ᠤᠨ ᠪᠡᠯᠡ ᠣᠷᠤᠭᠤᠯᠤᠯᠲᠠ᠎ᠶ᠋ᠢᠨ ᠪᠦᠯᠦᠭ᠌ᠯᠡᠯ᠎ᠢ ᠵᠣᠬᠢᠶᠠᠨ ᠪᠠᠢᠭᠤᠯᠵᠤ᠂ ᠬᠠᠳᠣᠨ ᠭᠤᠣᠯ᠎ᠤᠨ ᠲᠣᠬᠤᠢ᠂ ᠷᠠᠱᠢᠶᠠᠨ᠂ ᠡᠵᠡᠨ᠎ᠡ ᠵᠡᠷᠭᠡ ᠳᠠᠪᠠᠭᠤᠯᠢᠭ ᠣᠷᠣᠨ ᠬᠡᠰᠡᠭ᠎ᠤᠳ᠎ᠢ ᠣᠷᠢᠳ᠎ᠢᠶᠠᠷ ᠭᠦᠭ᠌ᠵᠢᠭᠦᠯᠭᠦ᠎ᠶ᠋ᠢ ᠳᠡᠮᠵᠢᠵᠣ᠂ ᠨᠢᠭᠡ ᠪᠦᠯᠦᠭ ᠡᠬᠢ ᠪᠠᠶᠠᠯᠢᠭ᠎ᠢᠶᠠᠨ ᠭᠦᠨᠵᠡᠭᠡᠢ ᠡᠮᠬᠢᠯᠡᠵᠦ᠍ ᠨᠡᠢᠯᠡᠭᠦᠯᠦᠭ᠌ᠰᠡᠨ ᠪᠠ ᠰᠣᠶᠣᠯ ᠵᠢᠭᠤᠯᠴᠢᠯᠠᠯ᠎ᠢᠶᠠᠨ ᠭᠦᠨᠵᠡᠭᠡᠢ ᠠᠭᠤᠰᠤᠯᠴᠠᠭᠤᠯᠤᠭ᠍ᠰᠠᠨ ᠱᠢᠨ᠎ᠡ ᠦᠯᠢᠭᠡᠷ ᠳᠠᠭᠤᠷᠢᠶᠠᠯ᠎ᠢ ᠪᠣᠢ ᠪᠣᠯᠭᠠᠨ᠂ ᠪᠦᠬᠦ᠌ ᠣᠷᠣᠨ᠎ᠤ ᠵᠢᠭᠤᠯᠴᠢᠯᠠᠯ᠎ᠢ ᠵᠠᠭᠦᠨ᠎ᠠᠴᠠ ᠪᠠᠷᠠᠭᠤᠨᠰᠢ᠎ᠪᠠᠨ ᠪᠦᠷ ᠬᠦᠭ᠌ᠵᠢᠶᠡᠨᠲᠡᠢ ᠪᠣᠯᠭᠠᠵᠣ᠂  ᠵᠢᠯ᠎ᠤᠨ ᠳᠦᠷᠪᠡᠨ ᠤᠯᠠᠷᠢᠯ᠎ᠳᠤ ᠴᠦᠮ ᠦᠷᠨᠢᠩᠭᠦᠢ ᠪᠣᠯᠭᠠᠨ᠎ᠠ᠃

(ᠭᠤᠷᠪᠠ) ᠠᠮᠢ ᠠᠬᠤᠢ ᠤᠷᠴᠢᠨ ᠲᠤᠭᠤᠷᠢᠨ᠎ᠢᠶᠠᠨ ᠬᠠᠮᠠᠭᠠᠯᠠᠵᠤ ᠵᠠᠰᠠᠬᠤ᠎ᠶ᠋ᠢ ᠬᠦᠴᠦᠯᠡᠨ ᠰᠠᠢᠳᠤᠷ ᠠᠳᠭᠤᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠠᠮᠢ ᠠᠬᠤᠢ᠎ᠶ᠋ᠢᠨ ᠠᠮᠤᠷ ᠲᠦᠪᠱᠢᠨ᠎ᠤ ᠴᠢᠬᠤᠯᠠ ᠬᠠᠯᠬᠠᠪᠴᠢ᠎ᠶ᠋ᠢ ᠪᠠᠲᠤ ᠴᠤᠭ᠍ᠴᠠᠯᠠᠨ᠎ᠠ᠃ ᠠᠮᠢ ᠠᠬᠤᠢ᠎ᠶ᠋ᠢᠨ ᠪᠤᠯᠪᠠᠰᠤᠨ᠎ᠤ ᠪᠠᠢᠭᠤᠯᠤᠯᠲᠠ᠎ᠶ᠋ᠢ ᠴᠢᠩᠭᠠᠳᠭᠠᠬᠤ ᠪᠠᠢᠯᠳᠤᠬᠤ ᠪᠤᠳᠤᠯᠭ᠎ᠠ᠎ᠶ᠋ᠢᠨ ᠲᠤᠬ᠍ᠲᠠᠯ ᠬᠦᠴᠦᠨ᠎ᠢᠶᠠᠨ ᠪᠠᠲᠤᠯᠠᠨ᠂ ᠠᠮᠢ ᠠᠬᠤᠢ ᠤᠷᠴᠢᠨ ᠲᠤᠭᠤᠷᠢᠨ᠎ᠤ ᠴᠢᠨᠠᠷ ᠴᠢᠨᠰᠠᠭ᠎ᠠ᠎ᠶ᠋ᠢ ᠦᠷᠭᠦᠯᠵᠢᠯᠡᠨ ᠰᠠᠢᠵᠢᠷᠠᠭᠤᠯᠵᠤ᠂ ᠦᠪᠣᠷ ᠮᠣᠩᠭᠤᠯ᠎ᠤᠨ ᠨᠣᠮᠢᠨ ᠨᠣᠭᠤᠭᠠᠨ᠂ ᠴᠡᠩᠬᠡᠷ ᠬᠥᠬᠡ᠂ ᠠᠷᠢᠭᠤᠨ ᠴᠡᠪᠠᠷ᠎ᠢ ᠬᠠᠮᠠᠭᠠᠯᠠᠵᠤ ᠰᠠᠬᠢᠨ᠎ᠡ᠃

ᠠᠮᠢ ᠠᠬᠤᠢ᠎ᠶ᠋ᠢᠨ ᠱᠢᠰᠲ᠋ᠧᠮ᠎ᠤᠨ ᠬᠠᠮᠠᠭᠠᠯᠠᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠨ᠎ᠠ᠃ ᠠᠢᠮᠠᠭ ᠬᠤᠲᠠ᠂ ᠬᠤᠱᠢᠭᠤ ᠱᠢᠶᠠᠨ᠎ᠤ ᠤᠯᠤᠰ᠎ᠤᠨ ᠨᠤᠲᠤᠭ ᠳᠡᠪᠢᠰᠭᠡᠷ᠎ᠤᠨ ᠤᠷᠤᠨ ᠵᠠᠢ᠎ᠶ᠋ᠢᠨ ᠲᠦᠯᠦᠪᠵᠢᠭᠦᠯᠭᠡ᠎ᠶ᠋ᠢ  ᠨᠠᠢᠷᠠᠭᠤᠯᠤᠨ ᠵᠣᠬᠢᠶᠠᠬᠤ ᠠᠵᠢᠯ᠎ᠢᠶᠠᠨ ᠪᠡᠶᠡᠯᠡᠭᠦᠯᠵᠦ᠍᠂ ᠤᠯᠤᠰ᠎ᠤᠨ ᠨᠤᠲᠤᠭ ᠳᠡᠪᠢᠰᠭᠡᠷ᠎ᠤᠨ ᠤᠷᠤᠨ ᠵᠠᠢ᠎ᠶ᠋ᠢᠨ ᠬᠡᠷᠡᠭ᠌ᠴᠡᠭᠡᠨ᠎ᠳᠤ ᠬᠠᠮᠢᠶᠠᠷᠤᠨ ᠵᠠᠬᠢᠷᠬᠤ᠎ᠶ᠋ᠢ ᠴᠢᠩᠭᠠᠷᠠᠭᠤᠯᠤᠨ᠂ 《ᠭᠤᠷᠪᠠᠨ ᠱᠤᠭᠤᠮ ᠨᠢᠭᠡ ᠳᠠᠩᠰᠠ》 ᠎ᠶ᠋ᠢᠨ ᠤᠷᠤᠨ ᠪᠦᠰᠡ ᠬᠤᠪᠢᠶᠠᠵᠤ ᠬᠠᠮᠢᠶᠠᠷᠤᠨ ᠡᠵᠡᠮᠳᠡᠭᠦ᠎ᠶ᠋ᠢ ᠬᠡᠷᠡᠭ᠌ᠵᠢᠭᠦᠯᠵᠦ᠍᠂ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠢ ᠪᠠᠲᠤ ᠰᠠᠬᠢᠨ᠎ᠠ᠃ ᠠᠭᠤᠯᠠ ᠤᠰᠤ ᠤᠢ ᠲᠠᠷᠢᠶ᠎ᠠ ᠨᠠᠭᠤᠷ ᠪᠡᠯᠴᠢᠭᠡᠷ ᠡᠯᠡᠰᠦ᠎ᠶ᠋ᠢ ᠱᠢᠰᠲ᠋ᠧᠮ᠎ᠲᠠᠢ ᠵᠠᠰᠠᠬᠤ᠎ᠶ᠋ᠢ ᠪᠠᠷᠢᠮᠳᠠᠯᠠᠵᠤ᠂ ᠲᠠᠯ᠎ᠠ ᠨᠤᠲᠤᠭ ᠪᠠ ᠤᠢ ᠱᠢᠭᠤᠢ᠎ᠶ᠋ᠢ ᠬᠠᠮᠠᠭᠠᠯᠠᠬᠤ᠎ᠪᠠᠨ ᠲᠡᠷᠢᠭᠦᠨ ᠴᠢᠬᠤᠯᠠ ᠡᠭᠦᠷᠭᠡ ᠪᠣᠯᠭᠠᠨ᠂ ᠮᠠᠯ ᠪᠠ ᠪᠡᠯᠴᠢᠭᠡᠷ᠎ᠢ ᠲᠡᠩᠴᠡᠭᠦᠷᠢᠱᠢᠭᠦᠯᠬᠦ᠌ ᠳᠦᠷᠢᠮ᠎ᠢ ᠨᠠᠢᠳᠠᠪᠤᠷᠢᠵᠢᠭᠤᠯᠵᠤ᠂ ᠤᠢ ᠱᠢᠭᠤᠢ ᠡᠪᠡᠰᠤ ᠪᠡᠯᠴᠢᠭᠡᠷ᠎ᠤᠨ ᠭᠡᠮ ᠬᠥᠨᠥᠭᠡᠯ᠎ᠢ ᠰᠡᠷᠭᠡᠢᠯᠡᠨ ᠡᠵᠡᠮᠳᠡᠭᠦ᠎ᠪᠠᠨ ᠴᠢᠩᠭᠠᠷᠠᠭᠤᠯᠵᠣ᠂ ᠨᠤᠲᠤᠭ ᠪᠡᠯᠴᠢᠭᠡᠷ ᠤᠢᠲᠤ ᠭᠠᠵᠠᠷ᠎ᠢ ᠡᠪᠳᠡᠭ᠌ᠰᠡᠨ ᠬᠠᠤᠯᠢ᠎ᠠᠴᠠ ᠵᠦᠷᠢᠴᠡᠭ᠌ᠰᠡᠨ ᠦᠢᠯᠡ ᠠᠵᠢᠯᠯᠠᠭ᠎ᠠ᠎ᠶ᠋ᠢ ᠴᠡᠭ᠌ᠴᠡᠯᠡᠨ ᠵᠠᠰᠠᠬᠤ᠎ᠪᠠᠨ ᠭᠦᠨᠵᠡᠭᠡᠢᠷᠡᠭᠦᠯᠦᠨ᠂ ᠠᠮᠢ ᠠᠬᠤᠢ ᠤᠷᠴᠢᠨ ᠲᠤᠭᠤᠷᠢᠨ᠎ᠤ ᠬᠡᠪᠡᠷᠡᠭ ᠤᠷᠤᠨ ᠬᠡᠰᠡᠭ᠎ᠲᠤ ᠠᠩᠬᠠᠷᠤᠯ᠎ᠢᠶᠠᠨ ᠴᠢᠭ᠌ᠯᠡᠭᠦᠯᠦᠭ᠌ᠰᠡᠨ ᠬᠠᠮᠠᠭᠠᠯᠠᠵᠤ ᠰᠡᠷᠭᠦᠭᠡᠬᠦ᠌ ᠴᠢᠬᠤᠯᠠ ᠶᠡᠭᠡ ᠢᠨᠵᠧᠨᠧᠷᠢᠩ᠎ᠢ ᠬᠡᠷᠡᠭ᠌ᠵᠢᠭᠦᠯᠵᠦ᠍᠂ ᠤᠯᠤᠰ᠎ᠤᠨ ᠨᠤᠲᠤᠭ ᠳᠡᠪᠢᠰᠭᠡᠷ᠎ᠢ ᠨᠤᠭᠤᠭᠠᠷᠠᠭᠤᠯᠬᠤ ᠪᠠ ᠡᠯᠡᠰᠦ᠎ᠶ᠋ᠢ ᠰᠡᠷᠭᠡᠢᠯᠡᠨ ᠵᠠᠰᠠᠬᠤ ᠠᠵᠢᠯ᠎ᠢᠶᠠᠨ ᠱᠢᠨᠵᠢᠯᠡᠬᠦ᠌ ᠤᠬᠠᠭᠠᠨᠴᠢ᠎ᠪᠠᠷ ᠠᠬᠢᠭᠤᠯᠤᠨ᠎ᠠ᠃ ᠬᠠᠲᠤᠨ ᠭᠤᠤᠯ᠎ᠢ ᠶᠡᠭᠡ᠎ᠪᠠᠷ ᠬᠠᠮᠠᠭᠠᠯᠠᠵᠦ᠍ ᠶᠡᠭᠡ᠎ᠪᠠᠷ ᠵᠠᠰᠠᠬᠤ᠎ᠪᠠᠨ ᠲᠦᠷᠦᠭᠦᠯᠡᠨ ᠬᠢᠬᠦ᠌᠎ᠶ᠋ᠢ ᠪᠠᠷᠢᠮᠲᠠᠯᠠᠨ᠂ ᠤᠷᠴᠢᠨ ᠲᠤᠭᠤᠷᠢᠨ᠎ᠤ ᠠᠰᠠᠭᠤᠳᠠᠯ᠎ᠢ ᠴᠡᠭ᠌ᠴᠡᠯᠡᠨ ᠵᠠᠰᠠᠬᠤ᠂ ᠤᠰᠤ᠎ᠶ᠋ᠢ ᠲᠤᠩ ᠰᠠᠢᠨ ᠠᠷᠪᠢᠯᠠᠬᠤ ᠪᠠ ᠡᠵᠡᠮᠳᠡᠬᠦ᠂ ᠠᠮᠢ ᠠᠬᠤᠢ᠎ᠶ᠋ᠢ ᠬᠠᠮᠠᠭᠠᠯᠠᠵᠦ᠍ ᠰᠡᠷᠭᠦᠭᠡᠬᠦ᠌ ᠱᠢᠪᠲᠤᠯᠤᠯᠲᠠ᠎ᠶ᠋ᠢᠨ ᠲᠠᠢᠯᠠᠯᠳᠤᠭᠠᠨ᠎ᠢ ᠰᠠᠢᠲᠤᠷ ᠬᠢᠵᠦ᠍᠂ ᠠᠷᠪᠠᠨ ᠲᠤᠮᠦ᠍ ᠬᠦᠨᠳᠡᠢ᠎ᠶ᠋ᠢ ᠶᠡᠷᠦᠩᠬᠡᠢᠯᠡᠨ ᠵᠠᠰᠠᠬᠤ ᠪᠠ ᠰᠠᠢᠷᠭᠠᠯ ᠭᠠᠵᠠᠷ᠎ᠲᠠᠬᠢ ᠰᠠᠭᠤᠭᠠᠯᠢ ᠠᠷᠠᠳ᠎ᠢ ᠨᠡᠭᠦᠯᠭᠡᠨ ᠱᠢᠯᠵᠢᠭᠦᠯᠬᠦ᠌᠎ᠪᠠᠨ ᠲᠦᠷᠭᠡᠳᠭᠡᠨ ᠠᠬᠢᠭᠤᠯᠵᠦ᠍᠂ ᠬᠦᠯᠦᠨ ᠨᠠᠭᠤᠷ᠂ ᠤᠯᠠᠭᠠᠨᠰᠤᠬᠠᠢ ᠨᠠᠭᠤᠷ᠂ ᠲᠠᠭ᠎ᠠ᠎ᠶ᠋ᠢᠨ ᠨᠠᠭᠤᠷ᠂ ᠴᠠᠭᠠᠨᠨᠠᠭᠤᠷ᠂ ᠪᠠᠷᠠᠭᠤᠨ ᠯᠢᠶᠣᠣ ᠾᠧ ᠭᠤᠣᠯ ᠵᠡᠷᠭᠡ ᠭᠤᠤᠯᠳᠠᠯᠭ᠎ᠠ ᠪᠤᠯᠬᠤ ᠨᠠᠭᠤᠷ ᠭᠤᠤᠯ ᠨᠤᠭᠤ ᠭᠠᠵᠠᠷ᠎ᠢ ᠶᠡᠷᠦᠩᠬᠡᠢᠯᠡᠨ ᠵᠠᠰᠠᠬᠤ᠎ᠶ᠋ᠢ ᠲᠣᠪᠤᠢᠮ᠎ᠠ ᠰᠠᠢᠳᠣᠷ ᠠᠣᠡᠬᠤᠵᠣ᠂ ᠪᠠᠷᠢᠯᠭ᠎ᠠ᠎ᠶ᠋ᠢᠨ ᠲᠦᠷᠣᠯ ᠵᠦᠢᠯ᠎ᠤᠨ ᠪᠦᠲᠦᠭᠡᠨ ᠪᠠᠢᠭᠤᠯᠤᠯᠲᠠ᠎ᠶ᠋ᠢ ᠲᠥᠷᠭᠡᠳᠭᠡᠨ ᠲᠥᠯᠥᠪᠵᠢᠭᠦᠯᠦᠨ᠎ᠡ᠃ ᠤᠢ ᠱᠢᠭᠤᠢ᠎ᠶ᠋ᠢᠨ ᠳᠠᠷᠤᠭ᠎ᠠ᠎ᠶ᠋ᠢᠨ ᠳᠦᠷᠢᠮ᠂ ᠭᠤᠤᠯ ᠮᠦᠷᠡᠨ ᠨᠠᠭᠤᠷ ᠴᠦᠬᠦᠷᠦᠮ᠎ᠤᠨ ᠳᠠᠷᠤᠭ᠎ᠠ᠎ᠶ᠋ᠢᠨ ᠳᠦᠷᠢᠮ᠎ᠢ ᠴᠢᠩᠭᠠᠷᠠᠭᠤᠯᠵᠤ᠂ ᠨᠤᠲᠤᠭ ᠪᠡᠯᠴᠢᠭᠡᠷ᠂ ᠭᠤᠤᠯ ᠮᠦᠷᠡᠨ ᠨᠠᠭᠤᠷ ᠴᠦᠬᠦᠷᠦᠮ ᠵᠡᠷᠭᠡ ᠠᠮᠢ ᠠᠬᠤᠢ᠎ᠶ᠋ᠢᠨ ᠱᠢᠰᠲ᠋ᠧᠮ᠎ᠤᠨ ᠬᠠᠮᠠᠭᠠᠯᠠᠯᠲᠠ᠎ᠶ᠋ᠢ ᠲᠣᠭᠠᠵᠢᠭᠤᠯᠵᠤ ᠬᠢᠨᠠᠨ ᠬᠠᠮᠢᠶᠠᠷᠬᠤ᠂ ᠲᠣᠣᠷᠵᠢᠭᠤᠯᠵᠤ ᠬᠠᠷᠢᠭᠤᠴᠠᠯᠭ᠎ᠠ ᠨᠠᠢᠳᠠᠪᠤᠷᠢᠵᠢᠭᠤᠯᠬᠤ᠂ ᠬᠠᠤᠯᠢᠵᠢᠭᠤᠯᠵᠤ ᠵᠢᠷᠤᠮᠵᠢᠭᠤᠯᠬᠤ ᠲᠤᠭ᠍ᠲᠠᠯᠴᠠᠭ᠎ᠠ᠎ᠶ᠋ᠢ ᠪᠠᠢᠭᠤᠯᠤᠨ᠎ᠠ᠃ ᠠᠭᠤᠷᠬᠠᠢ᠎ᠶ᠋ᠢᠨ ᠠᠮᠢ ᠠᠬᠤᠢ᠎ᠶ᠋ᠢ ᠰᠡᠷᠭᠦᠭᠡᠨ ᠵᠠᠰᠠᠬᠤ ᠡᠷᠴᠢᠮ᠎ᠢᠶᠠᠨ ᠴᠢᠩᠭᠠᠷᠠᠭᠤᠯᠤᠨ᠂ ᠪᠤᠬᠢᠷᠲᠤᠯ ᠦᠭᠡᠢ ᠠᠭᠤᠷᠬᠠᠢ᠎ᠶ᠋ᠢ 100 ᠭᠠᠷᠤᠢ ᠱᠢᠨ᠎ᠡ᠎ᠪᠠᠷ ᠪᠠᠢᠭᠤᠯᠣᠨ᠎ᠡ᠃ ᠤᠯᠤᠰ᠎ᠤᠨ ᠠᠮᠢ ᠠᠬᠤᠢ᠎ᠶ᠋ᠢᠨ ᠪᠤᠯᠪᠠᠰᠤᠨ᠎ᠤ ᠲᠤᠷᠱᠢᠯᠲᠠ᠎ᠶ᠋ᠢᠨ ᠲᠤᠭᠤᠷᠢᠭ᠎ᠢ ᠡᠭᠦᠳᠦᠨ ᠪᠠᠢᠭᠤᠯᠬᠤ᠎ᠪᠠᠨ ᠲᠦᠷᠭᠡᠳᠭᠡᠨ᠂ ᠠᠮᠢᠳᠤ ᠪᠤᠳᠠᠰ᠎ᠤᠨ ᠤᠯᠠᠨ ᠶᠠᠩᠵᠤᠲᠤ ᠴᠢᠨᠠᠷ᠎ᠤᠨ ᠬᠠᠮᠠᠭᠠᠯᠠᠯᠲᠠ᠎ᠶ᠋ᠢ ᠴᠢᠩᠭᠠᠳᠭᠠᠵᠤ᠂ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠭᠠᠵᠠᠷ᠎ᠤᠨ ᠲᠤᠭ᠍ᠲᠠᠯᠴᠠᠭ᠎ᠠ᠎ᠶ᠋ᠢ ᠢᠳᠡᠪᠬᠢᠲᠠᠢ ᠪᠠᠢᠭᠤᠯᠤᠨ᠂ ᠡᠯ᠎ᠡ ᠭᠠᠵᠠᠷ᠎ᠤᠨ ᠠᠮᠢ ᠠᠬᠤᠢ᠎ᠶ᠋ᠢᠨ ᠪᠤᠯᠪᠠᠰᠤᠨ᠎ᠤ ᠵᠢᠱ᠌ᠢᠶ᠎ᠡ ᠦᠵᠡᠭᠦᠯᠬᠦ᠌᠎ᠪᠠᠷ ᠡᠭᠦᠳᠦᠨ ᠪᠠᠢᠭᠤᠯᠬᠤ ᠠᠵᠢᠯᠯᠠᠭ᠎ᠠ ᠦᠷᠨᠢᠭᠦᠯᠬᠦ᠌᠎ᠶ᠋ᠢ ᠵᠤᠷᠢᠬ᠍ᠵᠢᠭᠤᠯᠵᠤ᠂ ᠬᠦᠮᠦᠨ ᠬᠢᠭᠡᠳ ᠪᠠᠢᠭᠠᠯᠢ᠎ᠶ᠋ᠢᠨ ᠡᠶ᠎ᠡ ᠵᠤᠬᠢᠴᠠᠯ᠎ᠲᠠᠢ ᠬᠠᠮᠲᠤ ᠤᠷᠤᠱᠢᠬᠤ ᠰᠠᠢᠨ ᠰᠠᠢᠬᠠᠨ ᠨᠤᠲᠤᠭ ᠤᠷᠤᠨ᠎ᠢ ᠬᠠᠮᠲᠤ᠎ᠪᠠᠷ ᠪᠦᠲᠦᠭᠡᠨ ᠪᠠᠢᠭᠤᠯᠤᠨ᠎ᠠ᠃

ᠪᠤᠬᠢᠷᠲᠤᠯ᠎ᠢ ᠰᠡᠷᠭᠡᠢᠯᠡᠨ ᠵᠠᠰᠠᠬᠤ ᠱᠢᠪᠲᠤᠯᠤᠯᠲᠠ᠎ᠶ᠋ᠢᠨ ᠳᠠᠢᠯᠠᠯᠳᠤᠭᠠᠨ᠎ᠢ ᠬᠦᠨ ᠭᠦᠨᠵᠡᠭᠡᠢ ᠰᠠᠢᠳᠤᠷ ᠬᠢᠨ᠎ᠡ᠃ ᠠᠭᠠᠷ᠎ᠤᠨ ᠴᠡᠪᠡᠷᠴᠡ᠎ᠶ᠋ᠢ ᠰᠠᠢᠵᠢᠷᠠᠭᠤᠯᠬᠤ ᠠᠵᠢᠯ᠎ᠢ ᠬᠦᠴᠦᠲᠠᠢ ᠠᠬᠢᠭᠤᠯᠤᠨ᠂ ᠦᠬᠠᠢ ᠵᠢᠴᠢ ᠲᠡᠭᠦᠨ᠎ᠤ ᠡᠷᠭᠢᠨ ᠲᠣᠭᠤᠷᠢᠨ᠎ᠳᠠᠬᠢ ᠭᠠᠵᠠᠷ ᠤᠷᠤᠨ ᠵᠡᠷᠭᠡ ᠭᠤᠤᠯᠳᠠᠯᠭ᠎ᠠ ᠪᠣᠯᠬᠤ ᠤᠷᠤᠨ ᠪᠦᠰᠡᠨ᠎ᠤ ᠠᠭᠠᠷ ᠮᠠᠨᠳᠠᠯ᠎ᠤᠨ ᠪᠤᠬᠢᠷᠲᠤᠯ᠎ᠢ ᠬᠤᠯᠪᠤᠭᠠᠯᠠᠨ ᠰᠡᠷᠭᠡᠢᠯᠡᠵᠦ᠍ ᠬᠠᠮᠠᠭᠠᠯᠠᠨ ᠵᠠᠰᠠᠬᠤ ᠠᠵᠢᠯ᠎ᠢ ᠭᠦᠨᠵᠡᠭᠡᠢᠷᠡᠭᠦᠯᠵᠦ᠍᠂ ᠪᠤᠯᠤᠳ ᠲᠡᠮᠦᠷ᠂ ᠦᠩᠭᠡᠲᠦ ᠲᠡᠮᠦᠷᠯᠢᠭ᠂ ᠬᠢᠮᠢ᠎ᠶ᠋ᠢᠨ ᠠᠵᠤ ᠦᠢᠯᠡᠳᠪᠦᠷᠢ ᠵᠡᠷᠭᠡ ᠭᠤᠤᠯᠳᠠᠯᠭ᠎ᠠ᠎ᠲᠠᠢ ᠠᠵᠢᠯ ᠲᠦᠷᠦᠯ᠎ᠤᠨ ᠪᠤᠬᠢᠷᠲᠤᠯ᠎ᠢ ᠭᠦᠨᠵᠡᠭᠡᠢ ᠵᠠᠰᠠᠬᠤ᠎ᠪᠠᠨ ᠠᠬᠢᠭᠤᠯᠤᠨ᠂ ᠪᠤᠬᠢᠷᠲᠤᠯ ᠡᠭᠦᠰᠭᠡᠬᠦ᠌ ᠤᠯᠠᠨ ᠪᠤᠳᠠᠰ᠎ᠢ  ᠬᠠᠮᠵᠢᠯᠴᠠᠵᠤ ᠪᠠᠢᠭᠠᠳ ᠬᠠᠮᠢᠶᠠᠷᠤᠨ ᠡᠷᠬᠡᠱᠢᠶᠡᠬᠦ᠌᠎ᠪᠠᠨ ᠴᠢᠩᠭᠠᠷᠠᠭᠤᠯᠵᠤ᠂ ᠴᠡᠪᠡᠷ ᠳᠤᠯᠠᠭᠠᠯᠠᠭ᠎ᠠ᠎ᠶ᠋ᠢ ᠲᠦᠷᠭᠡᠳᠭᠡᠨ ᠠᠬᠢᠭᠤᠯᠵᠤ᠂ ᠬᠦᠨᠳᠤ ᠪᠤᠬᠢᠷᠲᠤᠯ᠎ᠲᠠᠢ ᠴᠠᠭ ᠠᠭᠠᠷ᠎ᠢ ᠦᠨᠳᠣᠰᠣᠨ᠎ᠳᠤ᠎ᠪᠠᠨ ᠠᠷᠢᠯᠭᠠᠨ᠎ᠠ᠃ ᠤᠰᠤᠨ᠎ᠤ ᠪᠤᠬᠢᠷᠲᠤᠯ᠎ᠢ ᠰᠡᠷᠭᠡᠢᠯᠡᠨ ᠵᠠᠰᠠᠬᠤ᠎ᠪᠠᠨ ᠬᠦᠴᠦᠲᠡᠢ ᠠᠬᠢᠭᠤᠯᠵᠤ᠂ ᠭᠤᠤᠯ ᠤᠷᠤᠭᠤ ᠪᠤᠬᠢᠷᠲᠤᠯ ᠭᠠᠳᠠᠭ᠍ᠰᠢᠯᠠᠭᠤᠯᠬᠤ ᠠᠮᠠᠰᠠᠷ ᠪᠠ ᠪᠠᠷᠢᠮᠵᠢᠶ᠎ᠠ᠎ᠳᠤ ᠦᠯᠦ᠍ ᠬᠦᠷᠬᠦ᠌ ᠤᠭ᠍ᠲᠤᠯᠤᠭᠠᠰᠤ᠎ᠶ᠋ᠢᠨ ᠤᠰᠤᠨ ᠴᠤᠭ᠍ᠴᠠ᠎ᠶ᠋ᠢ ᠭᠤᠤᠯᠳᠠᠯᠭ᠎ᠠ᠎ᠲᠠᠢ ᠴᠡᠭ᠌ᠴᠡᠯᠡᠨ ᠵᠠᠰᠠᠵᠤ᠂ ᠪᠤᠵᠠᠷ ᠤᠰᠤ ᠱᠢᠢᠳᠪᠦᠷᠢᠯᠡᠬᠦ᠌ ᠦᠢᠯᠡᠳᠪᠦᠷᠢ᠎ᠶ᠋ᠢᠨ ᠪᠠᠷᠢᠮᠵᠢᠶ᠎ᠠ᠎ᠶ᠋ᠢ ᠣᠨᠣᠴᠠᠲᠠᠢ ᠳᠡᠭᠡᠭ᠌ᠰᠢᠯᠡᠭᠦᠯᠬᠦ᠌᠎ᠪᠠᠨ ᠲᠦᠷᠭᠡᠳᠭᠡᠨ ᠠᠬᠢᠭᠤᠯᠵᠤ᠂ ᠱᠢᠶᠠᠨ᠎ᠤ ᠱᠠᠲᠤᠨ᠎ᠤ  ᠬᠤᠲᠠ᠎ᠶ᠋ᠢᠨ  ᠪᠠᠢᠭᠤᠯᠤᠭ᠍ᠰᠠᠨ ᠲᠤᠭᠤᠷᠢᠭ᠎ᠲᠠᠬᠢ ᠪᠤᠬᠢᠷ ᠦᠮᠡᠬᠡᠢ ᠤᠰᠤᠨ ᠴᠤᠭ᠍ᠴᠠ᠎ᠶ᠋ᠢ᠎ᠨᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ ᠠᠵᠢᠯ᠎ᠢ ᠦᠷᠨᠢᠭᠦᠯᠦᠨ᠎ᠡ᠃ ᠬᠥᠷᠥᠰᠦ ᠱᠢᠷᠤᠢ᠎ᠶ᠋ᠢᠨ ᠲᠦᠭ᠌ᠰᠢᠭᠦᠷᠢ᠎ᠶ᠋ᠢ ᠬᠠᠮᠢᠶᠠᠷᠤᠨ ᠡᠵᠡᠮᠳᠡᠬᠦ᠌᠎ᠶ᠋ᠢ ᠬᠦᠴᠦᠲᠡᠢ ᠠᠬᠢᠭᠤᠯᠤᠨ᠂ ᠲᠠᠷᠢᠶᠠᠯᠠᠩ᠎ᠳᠤ ᠬᠡᠷᠡᠭ᠌ᠯᠡᠬᠦ᠌ ᠭᠠᠵᠠᠷ᠎ᠤᠨ ᠬᠦᠨᠳᠦ ᠲᠡᠮᠦᠷᠯᠢᠭ᠎ᠤᠨ ᠪᠣᠬᠢᠷᠳᠤᠯ᠎ᠢ ᠡᠬᠢ ᠢᠷᠡᠯᠲᠡ᠎ᠠᠴᠠ᠎ᠨᠢ ᠰᠡᠷᠭᠡᠢᠯᠡᠨ ᠵᠠᠰᠠᠬᠤ ᠠᠵᠢᠯ᠎ᠢ ᠦᠷᠨᠢᠬᠦᠯᠵᠦ᠍᠂ ᠬᠢᠮᠢ᠎ᠶ᠋ᠢᠨ  ᠪᠤᠷᠳᠤᠭᠤᠷ ᠲᠠᠷᠢᠶᠠᠨ ᠡᠮ  ᠬᠡᠷᠡᠭ᠌ᠯᠡᠬᠦ᠌ ᠬᠡᠮᠵᠢᠶ᠎ᠡ᠎ᠶ᠋ᠢ᠎ᠨᠢ ᠪᠠᠭᠠᠰᠭᠠᠨ ᠤᠨᠠᠯᠲᠠ ᠬᠤᠷᠢᠶᠠᠯᠲᠠ᠎ᠶ᠋ᠢ᠎ᠨᠢ ᠨᠡᠮᠡᠭ᠌ᠳᠡᠭᠦᠯᠬᠦ᠌ ᠪᠠ ᠲᠠᠷᠢᠶᠠᠨ᠎ᠤ ᠰᠦᠯᠢᠶᠤᠤ ᠪᠦᠷᠬᠦᠪᠴᠢ᠎ᠶ᠋ᠢ ᠪᠤᠴᠠᠭᠠᠨ ᠬᠤᠷᠢᠶᠠᠬᠤ ᠡᠷᠴᠢᠮ᠎ᠢᠶᠠᠨ ᠴᠢᠩᠭᠠᠷᠠᠭᠤᠯᠤᠨ᠂ ᠬᠤᠭ ᠨᠤᠪᠰᠢ᠎ᠶ᠋ᠢ ᠲᠦᠷᠦᠯ ᠬᠤᠪᠢᠶᠠᠬᠤ ᠪᠠ ᠡᠬᠢ ᠪᠠᠶᠠᠯᠢᠬ᠍ᠵᠢᠭᠤᠯᠬᠤ᠎ᠶ᠋ᠢ ᠠᠬᠢᠭᠤᠯᠵᠣ᠂ ᠤᠷᠳᠤᠰ᠂ ᠪᠤᠭᠤᠲᠤ᠎ᠶ᠋ᠢᠨ ᠶᠡᠭᠡ ᠬᠡᠮᠵᠢᠶᠡᠨ᠎ᠤ ᠬᠠᠳᠠᠭᠤ ᠬᠠᠶᠠᠭ᠍ᠳᠠᠮᠠᠯ ᠪᠤᠳᠠᠰ᠎ᠢ ᠶᠡᠷᠦᠩᠬᠡᠢᠯᠡᠨ ᠠᠱᠢᠭ᠍ᠯᠠᠭ᠍ᠰᠠᠨ ᠠᠵᠢᠯ᠎ᠤᠨ ᠵᠢᠱ᠌ᠢᠶ᠎ᠡ ᠦᠵᠡᠭᠦᠯᠬᠦ᠌᠎ᠶ᠋ᠢ᠎ᠨᠢ ᠳᠡᠮᠵᠢᠨ᠎ᠡ᠃

ᠠᠷᠪᠢᠯᠠᠨ ᠡᠷᠴᠢᠮᠵᠢᠭᠦᠯᠵᠦ᠍ ᠤᠷᠴᠢᠯᠳᠤᠭᠤᠯᠤᠨ ᠭᠦᠭ᠌ᠵᠢᠭᠦᠯᠬᠦ᠌᠎ᠶ᠋ᠢ ᠯᠠᠪᠳᠠᠭᠤᠨ ᠪᠠᠲᠤᠲᠠᠢ ᠠᠬᠢᠭᠤᠯᠤᠨ᠎ᠠ᠃ ᠨᠡᠭᠦᠷᠡᠰᠦᠳᠦ᠋ᠷᠦᠭ᠌ᠴᠢ᠎ᠶ᠋ᠢᠨ ᠭᠠᠳᠠᠭ᠍ᠰᠢᠯᠠᠭᠤᠯᠤᠯᠲᠠ᠎ᠶ᠋ᠢ ᠤᠷᠭᠢᠯ ᠬᠡᠮᠵᠢᠭ᠌ᠳᠡᠯ᠎ᠠᠴᠠ ᠪᠠᠭᠤᠷᠠᠭᠤᠯᠬᠤ᠂ ᠨᠡᠭᠦᠷᠡᠰᠦᠳᠦ᠋ᠷᠦᠭ᠌ᠴᠢ᠎ᠶ᠋ᠢ ᠰᠠᠭᠠᠷᠮᠠᠭ᠍ᠵᠢᠭᠤᠯᠬᠤ ᠲᠦᠷᠦ᠍᠎ᠶ᠋ᠢᠨ ᠪᠤᠳᠤᠯᠭ᠎ᠠ᠎ᠶ᠋ᠢᠨ ᠲᠤᠭ᠍ᠲᠠᠯᠴᠠᠭ᠎ᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠪᠠᠢᠭᠤᠯᠵᠤ᠂ ᠨᠡᠭᠦᠷᠡᠰᠦ᠎ᠶ᠋ᠢ ᠠᠷᠢᠭᠤᠨ ᠴᠡᠪᠡᠷ ᠪᠦᠭᠡᠳ ᠦᠨᠳᠦᠷ ᠪᠦᠲᠦᠮᠵᠢᠲᠡᠢ  ᠠᠱᠢᠭ᠍ᠯᠠᠬᠤ᠎ᠶ᠋ᠢ ᠴᠢᠩᠭᠠᠳᠭᠠᠵᠤ᠂ ᠭᠤᠤᠯᠳᠠᠯᠭ᠎ᠠ ᠪᠣᠯᠬᠤ ᠬᠦᠷᠢᠶᠡᠨ᠎ᠳᠠᠬᠢ ᠡᠨᠧᠷᠬᠢ ᠠᠷᠪᠢᠯᠠᠨ ᠨᠡᠭᠦᠷᠡᠰᠦᠳᠦ᠋ᠷᠦᠭ᠌ᠴᠢ᠎ᠶ᠋ᠢᠨ ᠭᠠᠳᠠᠭ᠍ᠰᠢᠯᠠᠭᠤᠯᠤᠯᠳᠠ᠎ᠶ᠋ᠢ ᠪᠠᠭᠤᠷᠠᠭᠤᠯᠬᠤ ᠡᠷᠴᠢᠮ᠎ᠢ᠎ᠨᠢ ᠴᠢᠩᠭᠠᠷᠠᠭᠤᠯᠤᠨ᠂ ᠭᠦᠢᠯᠭᠡᠭᠡᠨ ᠰᠠᠢᠲᠠᠢ ᠪᠠᠷᠠᠭᠠᠨ᠎ᠤ ᠳᠡᠭᠡᠭᠡᠪᠦᠷᠢ᠎ᠶ᠋ᠢᠨ 《ᠵᠠᠰᠠᠮᠠᠯ ᠵᠠᠮ᠎ᠠᠴᠠ ᠲᠡᠮᠦᠷ ᠵᠠᠮ᠎ᠳᠤ ᠱᠢᠯᠵᠢᠭᠦᠯᠬᠦ᠌》᠂ 《ᠰᠤᠯᠠ᠎ᠠᠴᠠ ᠴᠢᠩᠭᠡᠯᠢᠭ᠎ᠢᠶᠠᠷ ᠲᠡᠭᠡᠭᠡᠪᠦᠷᠢᠯᠡᠬᠦ᠌ ᠪᠣᠯᠭᠠᠨ ᠬᠤᠪᠢᠷᠠᠭᠤᠯᠬᠤ》 ᠎ᠶ᠋ᠢ ᠲᠦᠷᠭᠡᠳᠭᠡᠵᠦ᠍᠂ ᠠᠭᠤᠷ ᠠᠮᠢᠰᠭᠤᠯ᠎ᠤᠨ ᠬᠤᠪᠢᠷᠠᠯᠲᠠ᠎ᠶ᠋ᠢ ᠠᠷᠭᠠᠴᠠᠭᠠᠬᠤ ᠴᠢᠳᠠᠪᠤᠷᠢ᠎ᠪᠠᠨ ᠦᠷᠭᠦᠯᠵᠢᠯᠡᠨ ᠲᠡᠭᠡᠭ᠌ᠰᠢᠯᠡᠬᠦᠯᠦᠨ᠎ᠡ᠃ ᠡᠨᠧᠷᠭᠢ ᠬᠤᠷᠣᠭ᠍ᠳᠠᠭᠤᠯᠬᠤ ᠬᠦᠴᠦᠯᠡᠴᠡ᠎ᠶ᠋ᠢ ᠴᠢᠩᠭ᠎ᠠ ᠡᠵᠡᠮᠳᠡᠬᠦ᠂ ᠶᠡᠷᠦᠩᠭᠡᠢ ᠬᠡᠮᠵᠢᠶ᠎ᠡ᠎ᠶ᠋ᠢ᠎ᠨᠢ ᠤᠶᠠᠨ ᠬᠠᠷᠢᠮᠠᠬᠠᠢ᠎ᠪᠠᠷ ᠬᠠᠮᠢᠶᠠᠷᠬᠤ᠎ᠶ᠋ᠢ ᠬᠡᠷᠡᠭ᠌ᠵᠢᠭᠦᠯᠵᠦ᠍᠂ ᠡᠨᠧᠷᠭᠢ ᠬᠡᠷᠡᠭ᠌ᠯᠡᠬᠦ᠌ ᠲᠦᠰᠦᠪ᠎ᠤᠨ ᠬᠠᠮᠢᠶᠠᠷᠤᠯᠲᠠ᠎ᠶ᠋ᠢ ᠲᠡᠭᠦᠯᠳᠡᠷᠵᠢᠭᠦᠯᠦᠨ᠂ ᠡᠨᠧᠷᠭᠢ ᠬᠤᠷᠤᠭ᠍ᠳᠠᠯ᠎ᠤᠨ ᠬᠦᠴᠦᠯᠡᠴᠡ᠎ᠶ᠋ᠢᠨ ᠪᠠᠷᠢᠮᠵᠢᠶᠠᠯᠠᠵᠤ ᠬᠦᠲᠦᠯᠦᠨ ᠵᠢᠯᠣᠭᠤᠳᠭᠤ᠎ᠶ᠋ᠢ ᠴᠢᠩᠭᠠᠷᠠᠭᠤᠯᠵᠤ᠂ 《ᠬᠤᠶᠠᠷ ᠶᠡᠬᠡᠲᠡᠢ》 ᠲᠦᠷᠦᠯ ᠵᠦᠢᠯ᠎ᠢ ᠲᠣᠣᠷ᠎ᠡ ᠲᠦᠪᠱᠢᠨ᠎ᠲᠠᠢ᠎ᠪᠠᠷ ᠰᠤᠬᠤᠷ ᠪᠠᠯᠠᠢ᠎ᠪᠠᠷ ᠬᠦᠭ᠌ᠵᠢᠭᠦᠯᠬᠦ᠌᠎ᠶ᠋ᠢ ᠡᠷᠡᠰ ᠬᠤᠷᠢᠭ᠍ᠯᠠᠨ᠂ ᠱᠢᠨ᠎ᠡ᠎ᠪᠠᠷ ᠪᠠᠢᠭᠤᠯᠬᠤ ᠲᠦᠷᠦᠯ ᠵᠦᠢᠯ᠎ᠳᠤ ᠴᠦᠮ 《ᠬᠤᠶᠠᠷ ᠲᠡᠷᠢᠭᠦᠨ》 ᠤ᠋ ᠬᠢᠨᠠᠨ ᠪᠠᠢᠴᠠᠭᠠᠬᠤ ᠪᠠᠷᠢᠮᠵᠢᠶ᠎ᠠ᠎ᠶ᠋ᠢ ᠬᠡᠷᠡᠭ᠌ᠵᠢᠭᠦᠯᠵᠦ᠍᠂ ᠱᠢᠨ᠎ᠡ᠎ᠪᠠᠷ ᠪᠤᠢ ᠪᠤᠯᠤᠭ᠍ᠰᠠᠨ ᠡᠨᠧᠷᠭᠢ ᠬᠡᠷᠡᠭ᠌ᠯᠡᠬᠦ᠌ ᠤᠷᠤᠨ ᠵᠠᠢ᠎ᠶ᠋ᠢ ᠪᠤᠬᠢᠷᠲᠤᠯ ᠦᠭᠡᠢ ᠪᠦᠭᠡᠳ ᠣᠨᠴᠠᠯᠢᠭ᠎ᠲᠠᠢ ᠳᠠᠪᠠᠭᠤᠯᠢᠭ ᠠᠵᠤ ᠦᠢᠯᠡᠰ᠎ᠢ ᠬᠦᠭ᠌ᠵᠢᠭᠦᠯᠬᠦ᠌᠎ᠳᠤ ᠤᠷᠢᠳ᠎ᠢᠶᠠᠷ ᠬᠡᠷᠡᠭ᠌ᠯᠡᠨ᠎ᠡ᠃ ᠤᠰᠤᠨ᠎ᠤ ᠡᠬᠢ ᠰᠤᠷᠪᠤᠯᠵᠢ᠎ᠶ᠋ᠢᠨ ᠬᠠᠳᠠᠭᠤ ᠬᠢᠵᠠᠭᠠᠷᠯᠠᠯ᠎ᠤᠨ ᠳᠦᠷᠢᠮ᠎ᠢ ᠪᠠᠢᠭᠤᠯᠤᠨ ᠪᠦᠷᠢᠨᠱᠢᠭᠦᠯᠵᠦ᠍᠂ 《ᠤᠰᠤ᠎ᠪᠠᠷ ᠳᠥᠷᠪᠡ᠎ᠶ᠋ᠢ ᠲᠤᠭ᠍ᠲᠠᠭᠠᠬᠤ》 ᠵᠠᠷᠴᠢᠮ ᠪᠠ 《ᠤᠰᠤᠨ᠎ᠤ ᠬᠡᠮᠵᠢᠶ᠎ᠡ᠎ᠪᠠᠷ ᠪᠣᠳᠣᠯᠭ᠎ᠠ ᠬᠡᠷᠡᠭ᠌ᠵᠢᠭᠦᠯᠬᠦ᠌》 ᠱᠠᠭᠠᠷᠳᠠᠯᠭ᠎ᠠ᠎ᠶ᠋ᠢ ᠡᠷᠡᠰ ᠨᠠᠢᠳᠠᠪᠤᠷᠢᠵᠢᠭᠤᠯᠵᠤ᠂ ᠭᠠᠵᠠᠷ ᠳᠤᠤᠷᠠᠬᠢ ᠤᠰᠤ᠎ᠶ᠋ᠢ ᠬᠡᠲᠦᠷᠡᠲᠡᠯ᠎ᠡ ᠠᠪᠴᠤ᠌ ᠬᠡᠷᠡᠭ᠌ᠯᠡᠬᠦ᠌᠎ᠶ᠋ᠢ ᠴᠢᠩᠭ᠎ᠠ ᠠᠳᠭᠤᠵᠤ ᠵᠠᠰᠠᠨ᠂ ᠲᠠᠷᠢᠶᠠᠯᠠᠩ᠎ᠤᠨ ᠤᠰᠤ ᠠᠷᠪᠢᠯᠠᠨ ᠦᠷ᠎ᠡ ᠪᠦᠳᠣᠮᠵᠢ᠎ᠪᠠᠨ ᠳᠡᠭᠡᠭ᠌ᠰᠢᠯᠡᠭᠦᠯᠬᠦ᠂ ᠠᠵᠤ ᠦᠢᠯᠡᠳᠪᠦᠷᠢ᠎ᠶ᠋ᠢᠨ ᠤᠰᠤ ᠠᠷᠪᠢᠯᠠᠨ ᠪᠣᠬᠢᠷᠳᠤᠯ ᠡᠳ᠋ ᠭᠠᠳᠠᠭ᠍ᠰᠢᠯᠠᠭᠤᠯᠬᠤ᠎ᠪᠠᠨ ᠪᠠᠭᠠᠰᠭᠠᠬᠤ᠂ ᠬᠤᠲᠠ ᠪᠠᠯᠭᠠᠰᠤᠨ᠎ᠤ ᠤᠰᠤ ᠠᠷᠪᠢᠯᠠᠨ ᠤᠰᠤ ᠰᠦᠢᠳᠭᠡᠬᠦ᠌᠎ᠶ᠋ᠢ ᠪᠠᠭᠠᠰᠭᠠᠬᠤ᠎ᠪᠠᠨ ᠪᠦᠬᠦ᠌ ᠲᠠᠯ᠎ᠠ᠎ᠪᠠᠷ ᠴᠢᠩᠭᠠᠷᠠᠭᠤᠯᠤᠨ᠎ᠠ᠃ ᠪᠦᠳᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠤᠨ 《ᠨᠡᠮᠡᠵᠦ᠍ ᠬᠠᠳᠠᠭᠠᠯᠠᠬᠤ᠎ᠶ᠋ᠢ ᠬᠤᠯᠪᠤᠭ᠍ᠳᠠᠭᠤᠯᠬᠤ》 ᠎ᠪᠠᠨ ᠴᠢᠩᠭᠠᠳᠭᠠᠵᠤ᠂ ᠵᠦᠪᠱᠢᠶᠡᠷᠡᠭ᠌ᠰᠡᠨ ᠪᠠᠢᠳᠠᠯ᠎ᠠ ᠬᠠᠩᠭᠠᠵᠤ ᠥᠭ᠌ᠭᠦᠭᠡᠲᠦᠢ ᠪᠠ ᠰᠤᠯᠠ ᠪᠠᠢᠭ᠎ᠠ ᠭᠠᠵᠠᠷ ᠱᠢᠷᠤᠢ᠎ᠶ᠋ᠢ ᠱᠢᠢᠳᠪᠦᠷᠢᠯᠡᠬᠦ᠌ ᠡᠷᠴᠢᠮ᠎ᠢᠶᠠᠨ ᠴᠢᠩᠭᠠᠷᠠᠭᠤᠯᠤᠨ᠂ ᠠᠱᠢᠭ᠍ᠯᠠᠮᠵᠢ᠎ᠪᠠᠷ ᠪᠠᠷᠣᠭ᠍ᠳᠠᠢ ᠭᠠᠵᠠᠷ᠎ᠢ ᠳᠠᠬᠢᠨᠲᠠ ᠨᠡᠭᠡᠭᠡᠨ ᠬᠦᠭ᠌ᠵᠢᠭᠦᠯᠬᠦ᠌ ᠪᠠ ᠦᠢᠯᠡᠳᠪᠦᠷᠢ ᠠᠭᠤᠷᠬᠠᠢ᠎ᠶ᠋ᠢᠨ ᠬᠠᠶᠠᠭ᠍ᠳᠠᠮᠠᠯ ᠭᠠᠵᠠᠷ᠎ᠢ ᠳᠠᠬᠢᠨᠲᠠ ᠬᠠᠭᠠᠯᠪᠤᠷᠢᠯᠠᠵᠤ ᠠᠱᠢᠭ᠍ᠯᠠᠬᠤ᠎ᠪᠠᠨ ᠠᠬᠢᠭᠤᠯᠤᠨ᠎ᠠ᠃ ᠠᠵᠢᠯᠴᠢ ᠠᠷᠪᠢᠴᠢ ᠠᠷᠪᠢᠯᠠᠨ ᠭᠠᠮᠨᠠᠬᠤ ᠱᠢᠯᠢᠳᠡᠭ ᠣᠯᠠᠮᠵᠢᠯᠡᠯ᠎ᠢᠶᠠᠨ ᠪᠠᠳᠠᠷᠠᠭᠤᠯᠵᠣ᠂ ᠳᠦᠭᠦᠮ ᠳᠣᠬᠢᠲᠠᠢ᠂ ᠪᠤᠬᠢᠷᠲᠤᠯ ᠦᠭᠡᠢ ᠪᠦᠭᠡᠳ ᠨᠡᠭᠦᠷᠡᠰᠦᠳᠦ᠋ᠷᠦᠭ᠌ᠴᠢ ᠪᠠᠭ᠎ᠠ ᠭᠠᠳᠠᠭ᠍ᠰᠢᠯᠠᠭᠤᠯᠬᠤ ᠠᠮᠢᠳᠤᠷᠠᠯ᠎ᠤᠨ ᠠᠷᠭ᠎ᠠ ᠮᠠᠶᠢᠭ᠎ᠢ ᠰᠠᠨᠠᠭᠠᠴᠢᠯᠠᠵᠤ᠂ ᠦᠨᠳᠣᠰᠣᠳᠠᠨ᠎ᠨᠦᠭᠦᠳ᠎ᠤᠨ ᠠᠷᠠᠣᠨ  ᠲᠦᠮᠡᠨ᠎ᠢ  ᠵᠣᠷᠢᠬ᠍ᠵᠢᠭᠤᠯᠣᠨ ᠦᠵᠡᠰᠭᠦᠯᠡᠩᠲᠦ ᠰᠠᠢᠬᠠᠨ ᠦᠪᠦᠷ ᠮᠤᠩᠭᠤᠯ᠎ᠢᠶᠠᠨ ᠬᠠᠮᠲᠤ᠎ᠪᠠᠷ ᠪᠦᠲᠦᠭᠡᠨ ᠪᠠᠢᠭᠤᠯᠤᠨ᠎ᠠ᠃

(ᠳᠦᠷᠪᠡ) ᠦᠭᠡᠷᠡᠴᠢᠯᠡᠯᠲᠡ᠎ᠶ᠋ᠢ ᠬᠦᠨᠵᠡᠭᠡᠢᠷᠡᠭᠦᠯᠣᠨ ᠱᠢᠨ᠎ᠡ ᠡᠭᠦᠳᠦᠯᠲᠡ᠎ᠶ᠋ᠢ ᠠᠬᠢᠭᠤᠯᠵᠣ ᠨᠡᠭᠡᠭᠡᠯᠲᠡ ᠬᠢᠭᠦ᠎ᠶ᠋ᠢ ᠦᠷᠭᠡᠳᠭᠡᠬᠦ᠌᠎ᠪᠠᠷ ᠬᠦᠴᠦᠯᠡᠨ ᠴᠢᠷᠮᠠᠢᠵᠤ᠂ ᠵᠠᠬ᠎ᠠ ᠳᠡᠯᠭᠡᠭᠦᠷ᠎ᠤᠨ ᠭᠤᠤᠯ ᠴᠤᠭ᠍ᠴᠠ᠎ᠶ᠋ᠢᠨ ᠠᠮᠢᠵᠢᠷᠠᠯ᠎ᠤᠨ ᠬᠦᠴᠦᠨ ᠪᠠ ᠬᠦᠭ᠌ᠵᠢᠯᠲᠡ᠎ᠶ᠋ᠢᠨ ᠳᠤᠲᠤᠭᠠᠲᠤ᠎ᠳᠠᠬᠢ ᠬᠦᠳᠡᠯᠭᠡᠬᠦ᠌ ᠬᠦᠴᠦᠨ᠎ᠢ ᠬᠦᠭ᠌ᠵᠢᠬᠡᠨ᠎ᠡ᠃ ᠬᠦᠭ᠌ᠵᠢᠬᠦᠯᠬᠦ᠌᠎ᠳᠤ ᠬᠦᠴᠢᠷ ᠪᠠ ᠬᠤᠪᠢᠷᠠᠭᠤᠯᠬᠤ᠎ᠳᠤ ᠪᠡᠷᠬᠡ᠎ᠲᠠᠢ ᠪᠤᠯᠬᠤ ᠳᠤᠲᠤᠮ᠎ᠢᠶᠠᠨ ᠦᠭᠡᠷᠡᠴᠢᠯᠡᠯᠲᠡ ᠬᠢᠵᠦ᠍ ᠪᠠᠢᠭᠠᠳ ᠠᠮᠢᠵᠢᠷᠠᠯ᠎ᠤᠨ ᠬᠦᠴᠦᠨ ᠤᠯᠬᠤ᠂ ᠱᠢᠨ᠎ᠡ᠎ᠶ᠋ᠢ ᠡᠭᠦᠳᠴᠦ᠍ ᠪᠠᠢᠭᠠᠳ ᠬᠦᠳᠡᠯᠭᠡᠬᠦ᠌ ᠬᠦᠴᠦᠨ ᠤᠯᠬᠤ᠂ ᠨᠡᠭᠡᠭᠡᠯᠲᠡ ᠬᠢᠵᠦ᠍ ᠪᠠᠢᠭᠠᠳ ᠠᠱᠢᠭ ᠤᠯᠬᠤ᠎ᠶ᠋ᠢ ᠪᠠᠷᠢᠮᠲᠠᠯᠠᠨ᠎ᠠ᠃

ᠡᠵᠡᠩᠨᠡᠨ ᠬᠤᠳᠠᠯᠳᠤᠭᠠᠯᠠᠬᠤ ᠤᠷᠴᠢᠨ ᠨᠦᠬᠦᠴᠡᠯ᠎ᠢ ᠦᠷᠭᠦᠯᠵᠢᠯᠡᠨ ᠶᠡᠭᠡ᠎ᠪᠠᠷ ᠬᠦᠴᠦᠯᠡᠵᠦ᠍ ᠱᠢᠯᠢᠳᠡᠭ᠌ᠵᠢᠭᠦᠯᠦᠨ᠎ᠡ᠃ ᠲᠡᠷᠢᠭᠦᠨ᠎ᠤ᠎ᠬᠢ᠎ᠲᠠᠢ ᠬᠠᠷᠢᠴᠠᠭᠤᠯᠵᠤ᠂ ᠲᠡᠷᠢᠭᠦᠨ᠎ᠤ᠎ᠬᠢ᠎ᠠᠴᠠ ᠰᠤᠷᠤᠯᠴᠠᠵᠤ ᠪᠠᠢᠭᠠᠳ ᠡᠵᠡᠩᠨᠡᠨ ᠬᠤᠳᠠᠯᠳᠤᠭᠠᠯᠠᠬᠤ ᠤᠷᠴᠢᠨ ᠨᠦᠬᠦᠴᠡᠯ᠎ᠢᠶᠠᠨ ᠱᠢᠯᠢᠳᠡᠭ᠌ᠵᠢᠭᠦᠯᠵᠦ᠍ ᠳᠡᠰ ᠳᠡᠪᠱᠢᠭ᠌ᠰᠡᠨ ᠪᠠᠷᠯᠠᠯ᠎ᠢ ᠪᠦᠬᠦ᠌ ᠬᠦᠴᠦ᠍᠎ᠪᠠᠷ᠎ᠢᠶᠠᠨ ᠴᠤᠭ᠍ᠴᠠᠯᠠᠨ᠎ᠠ᠃ 《ᠲᠠᠯᠪᠢᠬᠤ ᠬᠠᠮᠢᠶᠠᠷᠬᠤ ᠦᠢᠯᠡᠴᠢᠯᠡᠬᠦ᠌》 ᠦᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ ᠠᠬᠢᠭᠤᠯᠵᠤ᠂ ᠬᠦᠬᠡᠬᠤᠲᠠ ᠪᠤᠭᠤᠲᠤ ᠤᠷᠳᠤᠰ ᠤᠯᠠᠭᠠᠨᠴᠠᠪ᠎ᠲᠤ ᠦᠪᠡᠷᠲᠡᠭᠡᠨ ᠵᠠᠰᠠᠬᠤ ᠤᠷᠤᠨ᠎ᠤ ᠲᠤᠰ ᠱᠠᠲᠤᠨ᠎ᠤ ᠡᠷᠬᠡ᠎ᠶ᠋ᠢᠨ ᠵᠦᠢᠯᠡᠰ᠎ᠢ ᠪᠦᠬᠦ᠌ ᠲᠠᠯ᠎ᠠ᠎ᠪᠠᠷ ᠳᠤᠷᠤᠭ᠍ᠰᠢ ᠲᠠᠯᠪᠢᠬᠤ  ᠲᠤᠷᠱᠢᠯᠲᠠ᠎ᠶ᠋ᠢᠨ ᠴᠡᠭ᠎ᠤᠨ ᠠᠵᠢᠯ᠎ᠢ ᠦᠷᠨᠢᠭᠦᠯᠦᠨ᠎ᠡ᠃ 《ᠨᠢᠭᠡ ᠯᠠ ᠰᠦᠯᠵᠢᠶ᠎ᠡ᠎ᠪᠠᠷ ᠨᠡᠢᠳᠡᠮ ᠭᠦᠢᠴᠡᠳᠭᠡᠬᠦ᠌》 ᠎ᠶ᠋ᠢ ᠱᠢᠯᠢᠳᠡᠭ᠌ᠵᠢᠭᠦᠯᠦᠨ᠂ 《ᠨᠢᠭᠡ ᠯᠠ ᠰᠦᠯᠵᠢᠶ᠎ᠡ᠎ᠪᠠᠷ ᠨᠢᠭᠡᠳᠦᠯᠲᠡᠢ ᠬᠠᠮᠢᠶᠠᠷᠬᠤ》 ᠎ᠶ᠋ᠢ ᠡᠬᠢᠯᠡᠭᠦᠯᠵᠦ᠍᠂ 《ᠮᠦᠩᠭᠡ ᠰᠤᠪᠠᠭ · ᠲᠦᠷᠪᠠ᠎ᠶ᠋ᠢ ᠭᠦᠢᠴᠡᠣᠡᠭᠡᠭᠦ᠌》 ᠦᠢᠯᠡᠴᠢᠯᠡᠭᠡ᠎ᠶ᠋ᠢ ᠭᠦᠨᠵᠡᠭᠡᠢᠷᠡᠭᠦᠯᠣᠨ᠂ ᠰᠤᠷᠭᠠᠨ ᠬᠦᠮᠦᠵᠢᠯ᠂ ᠨᠡᠢᠭᠡᠮ᠎ᠤᠨ ᠪᠠᠲᠤᠯᠠᠭ᠎ᠠ᠂ ᠡᠮᠴᠢᠯᠡᠭᠡ ᠪᠠ ᠠᠵᠤ ᠠᠬᠤᠢᠯᠠᠯ ᠨᠡᠭᠡᠭᠡᠨ ᠡᠷᠬᠢᠯᠡᠬᠦ᠂ ᠡᠵᠡᠩᠨᠡᠯᠲᠡ᠎ᠶ᠋ᠢᠨ ᠵᠦᠪᠱᠢᠶᠡᠷᠡᠯ ᠵᠡᠷᠭᠡ ᠣᠯᠠᠨᠲᠠ ᠳᠠᠪᠲᠠᠨ ᠭᠦᠢᠴᠡᠳᠭᠡᠬᠦ᠌ ᠵᠦᠢᠯᠡᠰ᠎ᠢ 《ᠨᠢᠭᠡ ᠯᠠ ᠤᠳᠠᠭ᠎ᠠ᠎ᠳᠤ ᠭᠦᠢᠴᠡᠳᠭᠡᠬᠦ᠌》᠂ 《ᠭᠠᠷ ᠤᠲᠠᠰᠤ᠎ᠪᠠᠷ ᠭᠦᠢᠴᠡᠳᠭᠡᠬᠦ᠌》᠂ 《ᠮᠤᠵᠢ ᠠᠯᠤᠰᠯᠠᠨ ᠨᠡᠢᠳᠡᠮ ᠭᠦᠢᠴᠡᠳᠭᠡᠬᠦ᠌》 ᠎ᠶ᠋ᠢ ᠪᠡᠶᠡᠯᠡᠭᠦᠯᠵᠦ᠍᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠬᠠᠯᠠᠮᠱᠢᠯ ᠤᠳᠠᠰᠤ ᠪᠣᠯᠬᠤ 12345 ᠎ᠶ᠋ᠢᠨ 《ᠨᠢᠭᠡ ᠤᠳᠠᠰᠤ᠎ᠪᠠᠷ ᠨᠡᠢᠳᠡᠮ ᠨᠡᠪᠲᠡᠷᠡᠬᠦ᠌》 ᠎ᠶ᠋ᠢ ᠠᠬᠢᠭᠤᠯᠵᠤ᠂ ᠣᠯᠠᠨ ᠲᠦᠮᠡᠨ᠎ᠤ ᠲᠤᠰᠭᠠᠭ᠍ᠰᠠᠨ ᠠᠵᠢᠯ ᠶᠠᠪᠤᠳᠠᠯ᠎ᠳᠤ ᠳᠠᠭᠠᠵᠦ᠍ ᠱᠢᠮᠳᠠᠭᠤᠯᠬᠤ ᠪᠠ ᠲᠡᠭᠦᠨ᠎ᠢ᠎ᠨᠢ ᠭᠦᠢᠴᠡᠳᠭᠡᠬᠦ᠌ ᠬᠥᠮᠥᠨ᠎ᠲᠠᠢ ᠪᠣᠯᠭᠠᠨ᠎ᠠ᠃ 《ᠬᠤᠶᠠᠷ᠎ᠢ ᠣᠭ᠍ᠲᠤ ᠭᠤᠢᠪᠢᠰᠢ ᠦᠭᠡᠢ ᠪᠠᠢᠯᠭᠠᠬᠤ》 ᠎ᠶ᠋ᠢ ᠪᠠᠷᠢᠮᠲᠠᠯᠠᠨ᠂ ᠲᠦᠪ ᠭᠤᠤᠯᠴᠢ᠎ᠪᠠᠷ ᠦᠷᠢᠰᠦᠯᠳᠦᠬᠦ᠌᠎ᠳᠤ ᠬᠢᠨᠠᠨ ᠪᠠᠢᠴᠠᠭᠠᠬᠤ ᠳᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠠᠵᠤ ᠠᠬᠤᠢᠯᠠᠯ᠎ᠳᠤ ᠬᠤᠯᠪᠣᠭ᠍ᠳᠠᠭ᠍ᠰᠠᠨ ᠰᠦᠢᠳᠭᠡᠯ ᠬᠤᠷᠢᠶᠠᠬᠤ ᠵᠦᠢᠯᠡᠰ᠎ᠢ ᠴᠢᠩᠭ᠎ᠠ ᠡᠵᠡᠮᠳᠡᠨ᠂ ᠤᠯᠤᠰ᠎ᠤᠨ  ᠭᠠᠢᠯᠢ ᠬᠦᠩᠭᠡᠷᠡᠭᠦᠯᠵᠦ᠍ ᠰᠦᠢᠳᠭᠡᠯ ᠪᠠᠭᠤᠷᠠᠭᠤᠯᠬᠤ ᠱᠢᠨ᠎ᠡ ᠲᠦᠷᠦ᠍᠎ᠶ᠋ᠢᠨ ᠪᠤᠳᠤᠯᠭ᠎ᠠ᠎ᠶ᠋ᠢ ᠴᠦᠮ ᠬᠡᠷᠡᠭ᠌ᠵᠢᠭᠦᠯᠦᠨ ᠪᠤᠲᠠᠲᠠᠢᠵᠢᠭᠤᠯᠵᠦ᠍᠂ ᠠᠷᠠᠳ᠎ᠠᠴᠠ ᠡᠵᠡᠩᠨᠡᠭ᠌ᠰᠡᠨ ᠠᠵᠤ ᠠᠬᠤᠢᠯᠠᠯ ᠪᠠ ᠳᠤᠮᠳᠠ ᠵᠢᠵᠢᠭ ᠠᠵᠤ ᠠᠬᠤᠢᠯᠠᠯ᠎ᠳᠤ ᠦᠷᠢᠲᠦᠵᠦ᠍ ᠪᠠᠢᠭ᠎ᠠ ᠮᠠᠷᠭᠤᠭᠠᠨ ᠦᠭᠡᠢ ᠳᠠᠩᠰᠠᠨ᠎ᠳᠠᠬᠢ ᠵᠤᠭᠤᠰ᠎ᠢ᠎ᠨᠢ ᠪᠦᠬᠦᠨ᠎ᠢ ᠲᠦᠯᠦᠵᠦ᠍ ᠳᠠᠭᠤᠰᠭᠠᠨ᠎ᠠ᠃ ᠤᠯᠤᠰ᠎ᠤᠨ ᠥᠮᠴᠢᠯᠡᠯᠲᠦ ᠠᠵᠤ ᠠᠬᠤᠢᠯᠠᠯ ᠪᠠ ᠠᠷᠠᠳ᠎ᠠᠴᠠ ᠡᠵᠡᠩᠨᠡᠭ᠌ᠰᠡᠨ ᠠᠵᠤ ᠠᠬᠤᠢᠯᠠᠯ᠎ᠤᠨ ᠠᠯᠢ᠎ᠨᠢ ᠴᠦ᠍ ᠭᠡᠰᠡᠨ᠂ ᠬᠦᠴᠢᠷᠳᠠᠯ᠎ᠲᠠᠢ ᠪᠣᠯᠬᠤ ᠲᠣᠳᠣᠮ᠂ ᠵᠠᠰᠠᠭ᠎ᠤᠨ ᠣᠷᠳᠣᠨ ᠤᠯᠠᠮ ᠢᠯᠡᠭᠦᠦ ᠬᠠᠪᠰᠣᠷᠴᠣ ᠬᠦᠴᠦᠨ ᠤᠯᠭᠤᠨ᠂ ᠵᠠᠰᠠᠭ᠎ᠤᠨ ᠣᠷᠳᠣᠨ ᠬᠢᠭᠡᠳ ᠠᠵᠣ ᠠᠬᠤᠢᠯᠡᠯ᠎ᠨᠢ ᠳᠣᠲᠤᠨᠤ ᠪᠤᠯᠪᠠᠴᠦ᠍ ᠳᠦᠷᠢᠮ ᠵᠥᠷᠢᠴᠡᠬᠦ᠌ ᠦᠭᠡᠢ᠂ ᠴᠢᠭᠡᠴᠢ ᠪᠤᠯᠪᠠᠴᠦ᠍ ᠬᠤᠯᠠ ᠵᠠᠢᠳᠠᠬᠤ ᠦᠭᠡᠢ ᠪᠠᠢᠵᠤ᠂ ᠢᠲᠡᠬᠡᠯ ᠲᠡᠭᠦᠯᠳᠡᠷ᠎ᠢᠶᠠᠷ ᠠᠵᠤ ᠠᠬᠤᠢᠯᠠᠯ᠎ᠤᠨ ᠡᠷᠡᠭᠦᠯ᠎ᠢᠶᠠᠷ ᠬᠥᠭ᠌ᠵᠢᠬᠦ᠌᠎ᠶ᠋ᠢ᠎ᠨᠢ ᠳᠡᠮᠵᠢᠨ᠎ᠡ᠃

ᠭᠤᠤᠯᠳᠠᠯᠭ᠎ᠠ ᠪᠣᠯᠬᠤ ᠬᠦᠷᠢᠶᠠᠨ᠎ᠳᠠᠬᠢ ᠦᠭᠡᠷᠡᠴᠢᠯᠡᠯᠳᠡ᠎ᠶ᠋ᠢ ᠦᠷᠭᠦᠯᠵᠢᠯᠡᠨ ᠭᠦᠨᠵᠡᠭᠡᠢᠷᠡᠭᠦᠯᠦᠨ᠎ᠡ᠃ ᠤᠯᠤᠰ᠎ᠤᠨ ᠦᠮᠴᠢᠯᠡᠯᠲᠦ ᠠᠵᠤ ᠠᠬᠤᠢᠯᠠᠯ᠎ᠤᠨ ᠦᠭᠡᠷᠡᠴᠢᠯᠡᠯᠲᠡ᠎ᠶ᠋ᠢᠨ ᠭᠤᠷᠪᠠᠨ ᠵᠢᠯ᠎ᠤᠨ ᠠᠵᠢᠯᠯᠠᠭᠠᠨ᠎ᠢ  ᠪᠡᠶᠡᠯᠡᠭᠦᠯᠬᠦ᠌ ᠪᠠ ᠠᠬᠢᠭᠤᠯᠵᠤ᠂ ᠠᠯᠳᠠᠭ᠍ᠳᠠᠯ᠎ᠲᠠᠢ ᠭᠤᠤᠯᠳᠠᠯᠭ᠎ᠠ ᠪᠣᠯᠬᠤ ᠠᠵᠤ ᠠᠬᠤᠢᠯᠠᠯ᠎ᠳᠤ ᠲᠤᠰᠭᠠᠢ ᠴᠡᠭ᠌ᠴᠡᠯᠡᠨ ᠵᠠᠰᠠᠬᠤ᠎ᠶ᠋ᠢ ᠪᠡᠶᠡᠯᠡᠭᠦᠯᠦᠨ᠂ ᠥᠪᠡᠷᠲᠡᠭᠡᠨ ᠵᠠᠰᠠᠬᠤ ᠤᠷᠤᠨ᠎ᠳᠤ ᠬᠠᠷᠢᠶᠠᠯᠠᠭ᠍ᠳᠠᠬᠤ ᠤᠯᠤᠰ᠎ᠤᠨ ᠦᠮᠴᠢᠯᠡᠯᠲᠦ ᠠᠵᠤ ᠠᠬᠤᠢᠯᠠᠯ᠎ᠤᠨ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠢ᠎ᠪᠠᠷ ᠳᠠᠬᠢᠨᠲᠠ ᠵᠣᠬᠢᠶᠠᠨ ᠪᠠᠢᠭᠤᠯᠬᠤ ᠪᠠ ᠲᠤᠰᠭᠠᠢᠵᠢᠭᠤᠯᠤᠨ ᠡᠮᠬᠢᠯᠡᠵᠦ᠍ ᠨᠡᠢᠯᠡᠭᠦᠯᠬᠦ᠌᠎ᠶ᠋ᠢ ᠨᠡᠩ ᠬᠦᠴᠦᠲᠡᠢ ᠠᠬᠢᠭᠤᠯᠵᠤ᠂ ᠠᠵᠢᠯ ᠲᠦᠷᠦᠯ᠎ᠤᠨ ᠲᠡᠷᠢᠭᠦᠨ᠎ᠤ ᠬᠠᠮᠢᠶᠠᠷᠤᠯᠲᠠ᠎ᠯᠤᠭ᠎ᠠ ᠪᠠᠷᠢᠮᠵᠢᠶᠠᠯᠠᠵᠤ ᠳᠡᠭᠡᠭ᠌ᠰᠢᠯᠡᠭᠦᠯᠬᠦ᠌ ᠲᠤᠰᠭᠠᠢ ᠠᠵᠢᠯᠯᠠᠭᠠᠨ᠎ᠢ ᠦᠷᠨᠢᠭᠦᠯᠣᠨ᠂ ᠤᠯᠤᠰ᠎ᠤᠨ ᠥᠮᠴᠢᠯᠡᠯᠲᠦ ᠬᠥᠷᠥᠩᠭᠡ ᠪᠠ ᠣᠯᠣᠰ᠎ᠤᠨ ᠦᠮᠴᠢᠯᠡᠯᠳᠣ ᠠᠵᠣ ᠠᠬᠤᠢᠯᠡᠯ᠎ᠢ ᠭᠤᠢᠪᠢᠰᠢ ᠦᠭᠡᠢ ᠭᠦᠴᠦᠷᠭᠡᠭ᠌ᠵᠢᠭᠦᠯᠦᠨ ᠱᠢᠯᠢᠳᠡᠭ᠌ᠵᠢᠭᠦᠯᠦᠨ᠎ᠡ᠃ ᠡᠳ᠋᠎ᠤᠨ ᠵᠠᠰᠠᠭ᠎ᠤᠨ ᠬᠠᠮᠢᠶᠠᠷᠣᠯᠲᠠ᠎ᠶ᠋ᠢᠨ ᠦᠭᠡᠷᠡᠴᠢᠯᠡᠯᠲᠡ᠎ᠶ᠋ᠢ ᠭᠦᠨᠵᠡᠭᠡᠢᠷᠡᠭᠦᠯᠵᠤ᠂ ᠪᠦᠬᠦ᠌ ᠤᠷᠤᠨ᠎ᠤ ᠨᠢᠭᠡᠳᠦᠯᠲᠡᠢ ᠲᠦᠯᠦᠪᠯᠡᠬᠦ᠌ ᠴᠢᠳᠠᠪᠤᠷᠢ᠎ᠶ᠋ᠢ ᠴᠢᠩᠭᠠᠷᠠᠭᠤᠯᠤᠨ᠂ ᠡᠳ᠋᠎ᠤᠨ ᠵᠠᠰᠠᠭ᠎ᠤᠨ ᠪᠡᠯᠡ ᠮᠦᠩᠬᠦᠨ᠎ᠤ ᠲᠠᠯ᠎ᠠ᠎ᠪᠠᠷ᠎ᠬᠢ ᠬᠦᠲᠦᠯᠦᠨ ᠳᠠᠭᠠᠭᠤᠯᠬᠤ᠂ ᠲᠤᠬᠢᠷᠠᠭᠤᠯᠤᠨ ᠡᠵᠡᠮᠳᠡᠬᠦ᠂ ᠲᠠᠢᠴᠢᠯᠠᠨ ᠬᠦᠭ᠌ᠵᠢᠭᠡᠬᠦ᠌ ᠦᠢᠯᠡᠳᠤᠯ᠎ᠢ ᠪᠠᠳᠠᠷᠠᠭᠤᠯᠵᠤ᠂ ᠦᠨᠳᠣᠰᠣᠨ ᠱᠠᠳᠣᠨ᠎ᠳᠠᠬᠢ ᠨᠢᠭᠡᠳᠣᠯᠳᠠᠢ ᠲᠦᠯᠣᠪᠯᠡᠵᠣ ᠵᠢᠭᠠᠨ ᠵᠢᠯᠣᠭᠤᠣᠡᠬᠤ᠎ᠶ᠋ᠢ ᠴᠢᠩᠭᠠᠣᠡᠬᠠᠨ᠂ ᠴᠢᠬᠤᠯᠠ ᠶᠡᠭᠡ ᠪᠠᠢᠯᠳᠤᠬᠤ ᠪᠤᠳᠤᠯᠭ᠎ᠠ᠎ᠶ᠋ᠢᠨ ᠡᠭᠦᠷᠭᠡ ᠪᠠ ᠭᠤᠣᠯᠳᠠᠯᠭ᠎ᠠ ᠪᠣᠯᠬᠤ ᠲᠦᠷᠦᠯ ᠵᠦᠢᠯ᠎ᠳᠠᠬᠢ ᠪᠠᠲᠤᠯᠠᠭ᠎ᠠ᠎ᠶ᠋ᠢ  ᠴᠢᠩᠭᠠᠣᠡᠬᠠᠨ᠎ᠠ᠃ ᠬᠤᠲᠠ᠎ᠶ᠋ᠢᠨ ᠬᠤᠳᠠᠯᠳᠤᠭᠠᠨ᠎ᠤ ᠪᠠᠩᠭᠢ᠂ ᠬᠦᠳᠡᠭᠡ ᠲᠤᠰᠭᠤᠨ᠎ᠤ ᠢᠲᠡᠭᠡᠮᠵᠢ᠎ᠶ᠋ᠢᠨ ᠬᠤᠷᠱᠢᠶ᠎ᠠ᠎ᠶ᠋ᠢᠨ ᠦᠭᠡᠷᠡᠴᠢᠯᠡᠯᠲᠡ᠎ᠶ᠋ᠢ ᠭᠦᠨᠵᠡᠭᠡᠢᠷᠡᠭᠦᠯᠵᠤ᠂ ᠠᠵᠤ ᠠᠬᠤᠢᠯᠠᠯ᠎ᠤᠨ ᠵᠠᠬ᠎ᠠ ᠳᠡᠯᠭᠡᠭᠦᠷ᠎ᠲᠤ ᠭᠠᠷᠬᠤ 《ᠲᠢᠶᠠᠨ ᠵᠢᠶᠦ᠋ᠨ ᠦᠢᠯᠡᠴᠢᠯᠡᠭᠡ》 ᠎ᠶ᠋ᠢᠨ ᠲᠦᠯᠦᠪᠯᠡᠭᠡ᠎ᠶ᠋ᠢ ᠦᠷᠬᠦᠯᠵᠢᠯᠡᠨ ᠠᠬᠢᠭᠤᠯᠵᠤ᠂ ᠠᠵᠤ ᠠᠬᠤᠢᠯᠠᠯ᠎ᠤᠨ ᠰᠲ᠋ᠣᠺ᠎ᠤᠨ ᠵᠠᠬ᠎ᠠ ᠳᠡᠯᠭᠡᠭᠦᠷ ᠪᠠ ᠵᠢᠭᠡᠯᠡᠯᠭᠡ᠎ᠶ᠋ᠢᠨ ᠳᠡᠮᠳᠡᠭ᠌ᠳᠦ᠍᠎ᠶ᠋ᠢᠨ ᠪᠡᠯᠡ ᠲᠤᠬᠢᠷᠠᠭᠤᠯᠭ᠎ᠠ᠎ᠪᠠᠨ ᠦᠷᠭᠡᠳᠭᠡᠬᠦ᠂ ᠢᠲᠡᠭᠡᠮᠵᠢᠲᠦ ᠪᠡᠯᠡ ᠲᠤᠬᠢᠷᠠᠭᠤᠯᠭ᠎ᠠ ᠦᠷᠨᠢᠭᠦᠯᠬᠦ᠌᠎ᠶ᠋ᠢ ᠳᠠᠮᠵᠢᠵᠦ᠍᠂ ᠢᠲᠡᠭᠡᠮᠵᠢᠲᠦ ᠵᠢᠭᠡᠯᠡᠯᠭᠡ᠎ᠶ᠋ᠢᠨ ᠶᠡᠷᠦᠩᠬᠡᠢ ᠬᠡᠮᠵᠢᠶ᠎ᠡ᠎ᠶ᠋ᠢ ᠦᠷᠭᠡᠳᠭᠡᠨ᠂ ᠪᠡᠯᠡ ᠲᠤᠬᠢᠷᠠᠭᠤᠯᠬᠤ ᠪᠦᠲᠦᠴᠡ᠎ᠳᠤ᠎ᠨᠢ ᠲᠤᠬᠢᠷᠠᠭᠤᠯᠤᠯᠲᠠ ᠬᠢᠨ᠎ᠡ᠃ ᠴᠠᠬᠢᠯᠭᠠᠨ᠎ᠤ ᠦᠨ᠎ᠡ᠎ᠪᠠᠨ ᠵᠠᠬ᠎ᠠ ᠳᠡᠯᠭᠡᠭᠦᠷᠴᠢᠯᠡᠬᠦ᠌ ᠦᠭᠡᠷᠡᠴᠢᠯᠡᠯᠳᠡ᠎ᠶ᠋ᠢ ᠭᠦᠨᠵᠡᠭᠡᠢᠷᠡᠭᠦᠯᠵᠤ᠂ ᠠᠷᠠᠯᠵᠢᠶᠠᠯᠠᠬᠤ ᠴᠠᠬᠢᠯᠭᠠᠨ᠎ᠤ ᠦᠨ᠎ᠡ᠎ᠶ᠋ᠢᠨ ᠬᠥᠪᠥᠮᠠᠯ ᠲᠤᠭ᠍ᠲᠠᠴᠠ᠎ᠶ᠋ᠢ ᠨᠠᠢᠳᠠᠪᠤᠷᠢᠵᠢᠭᠤᠯᠤᠨ᠎ᠠ᠃ ᠭᠠᠵᠠᠷ ᠱᠢᠷᠦᠢ ᠨᠤᠲᠤᠭ ᠪᠡᠯᠴᠢᠭᠡᠷ᠎ᠤᠨ 《ᠭᠤᠷᠪᠠᠨ ᠡᠷᠭᠡ᠎ᠶ᠋ᠢ ᠰᠠᠯᠭᠠᠨ ᠲᠣᠬᠢᠷᠠᠭᠤᠯᠬᠤ》 ᠎ᠶ᠋ᠢ ᠯᠠᠪᠳᠠᠭᠤᠨ᠎ᠢᠶᠠᠷ ᠬᠡᠷᠩᠵᠢᠭᠦᠯᠵᠣ᠂ ᠠᠮᠢᠲᠠᠨ᠎ᠤ ᠬᠢᠵᠢᠭ ᠭᠡᠮ᠎ᠢ ᠰᠡᠷᠭᠡᠢᠯᠡᠨ ᠲᠠᠷᠣᠬᠤ᠎ᠶ᠋ᠢᠨ ᠶᠠᠷᠣᠩᠬᠡᠢᠯᠡᠭ᠌ᠰᠡᠨ ᠦᠭᠡᠷᠡᠴᠢᠯᠡᠯᠳᠡ᠎ᠶ᠋ᠢ ᠱᠢᠰᠲ᠋ᠧᠮ᠎ᠲᠠᠢ ᠠᠬᠢᠭᠤᠯᠣᠨ᠎ᠠ᠃

ᠱᠢᠨ᠎ᠡ᠎ᠶ᠋ᠢ ᠡᠭᠦᠣᠡᠭᠦ᠌ ᠮᠠᠶᠢᠭ᠎ᠤᠨ ᠦᠪᠣᠷ ᠮᠣᠩᠭᠤᠯ᠎ᠢᠶᠠᠨ ᠲᠦᠷᠭᠡᠳᠭᠡᠨ ᠪᠦᠲᠦᠭᠡᠨ ᠪᠠᠢᠭᠤᠯᠤᠨ᠎ᠠ᠃ ᠤᠷᠤᠨ ᠳᠠᠶᠠᠭᠠᠷ᠎ᠲᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠶᠠᠰᠦ ᠴᠢᠨᠠᠷ᠎ᠢ ᠳᠡᠭᠡᠭ᠌ᠰᠢᠯᠡᠭᠦᠯᠬᠦ᠂ ᠴᠢᠳᠠᠪᠦᠷᠢᠲᠠᠨ᠎ᠢᠶᠠᠷ ᠦᠪᠦᠷ ᠮᠤᠩᠭᠤᠯ᠎ᠢᠶᠠᠨ ᠬᠦᠭ᠌ᠵᠢᠭᠦᠯᠬᠦ᠌ ᠬᠠᠮᠲᠦ᠍᠎ᠶ᠋ᠢᠨ ᠲᠠᠨᠢᠯᠲᠠ᠎ᠶ᠋ᠢ ᠪᠦᠷᠢᠯᠳᠦᠭᠦᠯᠦᠨ᠎ᠡ᠃ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠦᠪᠦᠷ ᠮᠤᠩᠭᠤᠯ᠎ᠢᠶᠠᠨ ᠬᠦᠭ᠌ᠵᠢᠭᠦᠯᠦᠨ ᠮᠠᠨᠳᠤᠭᠤᠯᠬᠤ》 ᠠᠵᠢᠯᠯᠠᠭᠠᠨ᠎ᠢᠶᠠᠷ ᠨᠢᠬᠡᠳᠦᠯᠳᠡᠢ ᠣᠳᠣᠷᠢᠳᠣᠮᠵᠢ ᠪᠣᠯᠭᠠᠵᠣ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠱᠢᠨ᠎ᠡ᠎ᠶ᠋ᠢ ᠡᠭᠦᠣᠡᠭᠦ᠌ ᠴᠢᠳᠠᠪᠣᠷᠢ᠎ᠪᠠᠨ ᠳᠡᠭᠡᠭ᠌ᠰᠢᠯᠡᠭᠦᠯᠭᠦ᠌ ᠱᠢᠪᠳᠣᠯᠣᠯᠳᠡ᠎ᠶ᠋ᠢᠨ ᠲᠠᠢᠯᠠᠯᠳᠣᠭᠠᠨ᠎ᠢ ᠰᠠᠢᠳᠣᠷ ᠬᠢᠵᠣ᠂ ᠱᠢᠨ᠎ᠡ ᠡᠭᠦᠳᠦᠯᠲᠡ᠎ᠪᠠᠷ ᠭᠦᠭ᠌ᠵᠢᠯᠳᠡ᠎ᠪᠠᠨ ᠲᠠᠢᠴᠢᠯᠡᠬᠤ ᠱᠢᠨ᠎ᠡ ᠳᠠᠪᠠᠭᠤᠯᠢᠭ᠎ᠢ ᠪᠣᠢ ᠪᠣᠯᠭᠠᠨ᠎ᠠ᠃ ᠵᠠᠰᠠᠭ᠎ᠤᠨ ᠤᠷᠳᠤᠨ᠎ᠤ ᠰᠤᠳᠤᠯᠤᠨ ᠨᠡᠭᠡᠭᠡᠬᠦ᠌᠎ᠳᠠᠬᠢ ᠪᠡᠯᠡ ᠤᠷᠤᠭᠤᠯᠤᠯᠲᠠ᠎ᠪᠠᠨ ᠵᠠᠢᠯᠠᠰᠢ ᠦᠭᠡᠢ ᠨᠡᠮᠡᠭ᠌ᠳᠡᠭᠦᠯᠬᠦ᠌ ᠲᠤᠭ᠍ᠲᠠᠴᠠ ᠪᠠ ᠨᠠᠢᠭᠡᠮ᠎ᠤᠨ ᠣᠯᠠᠨ ᠵᠠᠮ ᠮᠦᠷ᠎ᠢᠶᠠᠷ ᠪᠡᠯᠡ ᠣᠷᠣᠭᠤᠯᠵᠤ ᠣᠷᠮᠠᠱᠢᠭᠤᠯᠬᠤ ᠲᠣᠭ᠍ᠳᠠᠴᠨ᠎ᠶ᠋ᠢ ᠨᠠᠢᠳᠠᠪᠤᠷᠢᠵᠢᠭᠤᠯᠵᠤ᠂ ᠱᠢᠨᠵᠢᠯᠡᠭᠦ᠌ ᠣᠬᠠᠭᠠᠨ ᠲᠧᠭ᠌ᠨᠢᠭ ᠮᠠᠷᠭᠡᠵᠢᠯ᠎ᠳᠠᠬᠢ ᠡᠳ᠋᠎ᠤᠨ ᠵᠠᠰᠠᠭ᠎ᠤᠨ ᠵᠠᠷᠣᠯᠭ᠎ᠠ᠎ᠶ᠋ᠢ 36.9% ᠨᠡᠮᠡᠭ᠌ᠳᠡᠭᠦᠯᠵᠦ᠍᠂ ᠠᠵᠣ ᠠᠬᠤᠢᠯᠡᠯ᠂ ᠮᠦᠩᠭᠦᠨ ᠭᠦᠢᠯᠭᠡᠭᠡᠨ᠎ᠤ ᠬᠦᠷᠣᠩᠭᠡ ᠪᠠ ᠠᠷᠠᠣᠨ᠎ᠤᠨ ᠲᠣᠮᠳᠠᠭᠢ ᠬᠦᠷᠣᠩᠭᠡ᠎ᠶ᠋ᠢ ᠬᠥᠲᠦᠯᠦᠨ ᠵᠢᠯᠣᠭᠤᠳᠴᠤ᠌ ᠪᠠᠢᠭᠠᠳ ᠱᠢᠨᠵᠢᠯᠡᠭᠦ᠌ ᠣᠬᠠᠭᠠᠨ ᠲᠧᠭ᠌ᠨᠢᠭ ᠮᠡᠷᠭᠡᠵᠢᠯ᠎ᠤᠨ ᠰᠣᠳᠣᠯᠣᠯ᠎ᠳᠤ ᠣᠷᠣᠭᠤᠯᠣᠯᠳᠡ ᠬᠢᠬᠦ᠌᠎ᠶ᠋ᠢ᠎ᠨᠢ ᠨᠡᠮᠡᠭ᠌ᠳᠡᠭᠦᠯᠵᠦ᠍᠂ ᠰᠤᠳᠤᠯᠤᠨ ᠨᠡᠭᠡᠭᠡᠬᠦ᠌ ᠠᠵᠢᠯᠯᠠᠭ᠎ᠠ᠎ᠲᠠᠢ ᠬᠡᠪᠴᠢᠶᠡᠵᠢᠯ᠎ᠠᠴᠠ ᠳᠡᠭᠡᠭ᠌ᠰᠢᠬᠢ ᠠᠵᠤ ᠦᠢᠯᠡᠳᠪᠦᠷᠢ᠎ᠶ᠋ᠢᠨ ᠠᠵᠤ ᠠᠬᠤᠢᠯᠠᠯ᠎ᠤᠨ ᠲᠤᠭ᠎ᠠ᠎ᠶ᠋ᠢᠨ ᠬᠤᠶᠠᠷ ᠳᠠᠬᠢᠨ᠎ᠢᠶᠠᠷ ᠨᠡᠮᠡᠭ᠌ᠳᠡᠬᠦ᠌᠎ᠶ᠋ᠢ ᠪᠡᠶᠡᠯᠡᠭᠦᠯᠦᠨ᠂ ᠳᠡᠭᠡᠲᠦ ᠱᠢᠨ᠎ᠡ ᠮᠡᠷᠭᠡᠵᠢᠯ᠎ᠤᠨ ᠠᠵᠤ ᠠᠬᠤᠢᠯᠠᠯ᠎ᠢ 200 ᠱᠢᠨ᠎ᠡ᠎ᠪᠠᠷ ᠨᠡᠮᠡᠭ᠌ᠳᠡᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠮᠠᠶᠢᠭ᠎ᠤᠨ ᠳᠤᠮᠳᠠ ᠵᠢᠵᠢᠭ ᠠᠵᠤ ᠠᠬᠤᠢᠯᠠᠯ᠎ᠢ 1000 ᠎ᠠ᠋ᠴᠠ ᠲᠠᠪᠠᠭᠤᠯᠤᠨ᠎ᠠ᠃ ᠠᠵᠤ ᠦᠢᠯᠡᠰ᠎ᠤᠨ ᠬᠡᠯᠬᠢᠶ᠎ᠡ᠎ᠲᠠᠢ ᠨᠢᠭ᠍ᠳᠡ ᠤᠶᠠᠯᠳᠤᠭᠤᠯᠵᠤ ᠪᠠᠢᠭᠠᠳ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢ ᠪᠠᠢᠷᠢᠯᠠᠭᠤᠯᠵᠤ᠂ ᠱᠢᠨ᠎ᠡ ᠡᠨᠧᠷᠬᠢ᠂ ᠱᠢᠨ᠎ᠡ ᠮᠠᠲ᠋ᠧᠷᠢᠶᠠᠯ᠂ ᠰᠦ᠎ᠶ᠋ᠢᠨ ᠦᠢᠯᠡᠰ᠂ ᠨᠡᠭᠦᠷᠡᠰᠦ᠎ᠶ᠋ᠢ ᠴᠡᠪᠡᠷᠱᠢᠭᠦᠯᠦᠨ ᠦᠨᠳᠣᠷ ᠪᠦᠳᠣᠮᠵᠢᠳᠠᠢ᠎ᠪᠠᠷ ᠠᠱᠢᠭ᠍ᠯᠠᠬᠤ ᠵᠡᠷᠭᠡ ᠭᠤᠤᠯᠳᠠᠯᠭ᠎ᠠ ᠪᠣᠯᠬᠤ ᠬᠦᠷᠢᠶᠡᠨ᠎ᠳᠤ ᠠᠩᠬᠠᠷᠤᠯ᠎ᠢᠶᠠᠨ ᠴᠢᠭ᠌ᠯᠡᠭᠦᠯᠦᠨ ᠨᠢᠭᠡ ᠪᠦᠯᠦᠭ ᠵᠠᠩᠬᠢᠯᠠᠭ᠎ᠠ᠎ᠶ᠋ᠢᠨ ᠮᠡᠷᠭᠡᠵᠢᠯ᠎ᠤᠨ ᠱᠢᠪᠲᠤᠯᠤᠯᠲᠠ᠎ᠶ᠋ᠢᠨ ᠲᠦᠷᠦᠯ ᠵᠦᠢᠯ᠎ᠢ ᠬᠡᠷᠡᠭ᠌ᠵᠢᠭᠦᠯᠵᠦ᠍᠂ ᠦᠷ᠎ᠡ ᠡᠭᠦᠯᠳᠡᠷ᠎ᠤᠨ ᠦᠢᠯᠡᠰ᠂ 《ᠨᠡᠭᠦᠷᠡᠰᠦᠳᠦ᠋ᠷᠦᠭ᠌ᠴᠢ᠎ᠶ᠋ᠢᠨ ᠭᠠᠳᠠᠭ᠍ᠰᠢᠯᠠᠭᠤᠯᠤᠯᠲᠠ᠎ᠶ᠋ᠢ ᠤᠷᠭᠢᠯ ᠬᠡᠮᠵᠢᠭ᠌ᠳᠡᠯ᠎ᠠᠴᠠ ᠪᠠᠭᠤᠷᠠᠭᠤᠯᠬᠤ ᠪᠠ ᠨᠡᠭᠦᠷᠡᠰᠦᠲᠦᠢ᠍ᠷᠦᠭ᠌ᠴᠢ᠎ᠶ᠋ᠢ ᠰᠠᠭᠠᠷᠮᠠᠭ᠍ᠵᠢᠭᠤᠯᠬᠤ》 ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ ᠡᠭᠦᠳᠦᠯᠲᠡ᠎ᠶ᠋ᠢᠨ ᠴᠢᠬᠤᠯᠠ ᠶᠡᠭᠡ ᠵᠢᠱ᠌ᠢᠶ᠎ᠡ ᠦᠵᠡᠭᠦᠯᠬᠦ᠌ ᠢᠨᠵᠧᠨᠧᠷᠢᠩ᠎ᠢ ᠡᠬᠢᠯᠡᠭᠦᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠱᠢᠯᠵᠢᠭᠦᠯᠦᠨ ᠤᠯᠠᠷᠢᠭᠤᠯᠵᠤ ᠵᠢᠱ᠌ᠢᠶ᠎ᠡ ᠦᠵᠡᠭᠦᠯᠬᠦ᠌ ᠲᠤᠭᠤᠷᠢᠭ᠎ᠢ ᠪᠠᠢᠭᠤᠯᠤᠨ᠎ᠠ᠃ ᠰᠦ᠎ᠶ᠋ᠢᠨ ᠦᠢᠯᠡᠰ᠂ ᠬᠤᠪᠤᠷ ᠱᠢᠷᠤᠢ᠎ᠶ᠋ᠢᠨ ᠱᠢᠨ᠎ᠡ ᠮᠠᠲ᠋ᠧᠷᠢᠶᠠᠯ᠂ ᠠᠮᠢᠳᠠᠨ᠎ᠤ ᠸᠠᠺᠼᠢᠨ ᠵᠡᠷᠭᠡ ᠮᠡᠷᠭᠡᠵᠢᠯ᠎ᠤᠨ ᠱᠢᠨ᠎ᠡ ᠡᠭᠦᠳᠦᠯᠲᠡ᠎ᠶ᠋ᠢᠨ ᠲᠦᠪ᠎ᠢ ᠳᠡᠮᠵᠢᠵᠦ᠍ ᠪᠠᠢᠭᠠᠳ ᠮᠡᠷᠭᠡᠵᠢᠯ᠎ᠤᠨ ᠱᠢᠪᠲᠤᠯᠤᠯᠲᠠ ᠦᠷᠨᠢᠭᠦᠯᠦᠨ᠂ ᠬᠦᠬᠡᠬᠤᠲᠠ ᠪᠤᠭᠤᠲᠤ ᠤᠷᠳᠤᠰ᠎ᠲᠠᠬᠢ ᠤᠯᠤᠰ᠎ᠤᠨ ᠪᠡᠶ᠎ᠡ᠎ᠪᠠᠨ ᠳᠠᠭᠠᠭᠠᠭ᠍ᠰᠠᠨ ᠱᠢᠨ᠎ᠡ ᠡᠭᠦᠳᠦᠯᠲᠡ᠎ᠶ᠋ᠢᠨ ᠵᠢᠱ᠌ᠢᠶ᠎ᠡ ᠦᠵᠡᠭᠦᠯᠬᠦ᠌ ᠲᠤᠭᠤᠷᠢᠭ᠂ ᠪᠠᠶᠠᠨᠨᠠᠭᠤᠷ᠎ᠲᠠᠬᠢ ᠣᠯᠣᠰ᠎ᠤᠨ ᠲᠠᠷᠢᠶᠠᠯᠠᠩ ᠳᠡᠭᠡᠳᠣ ᠱᠢᠨ᠎ᠡ ᠮᠡᠷᠭᠡᠵᠢᠯ᠎ᠤᠨ ᠠᠵᠣ ᠦᠢᠯᠡᠰ᠎ᠤᠨ ᠵᠢᠱ᠌ᠢᠶ᠎ᠡ ᠦᠵᠡᠭᠦᠯᠭᠦ᠌ ᠲᠣᠭᠤᠷᠢᠭ᠂ ᠣᠯᠣᠰ᠎ᠤᠨ ᠡᠪᠡᠰᠦᠨ᠎ᠤ ᠦᠷ᠎ᠡ᠎ᠶ᠋ᠢᠨ ᠦᠢᠯᠡᠰ᠎ᠤᠨ ᠮᠡᠷᠭᠡᠵᠢᠯ᠎ᠤᠨ ᠱᠢᠨ᠎ᠡ ᠡᠭᠦᠳᠦᠯᠲᠡ᠎ᠶ᠋ᠢᠨ ᠲᠦᠪ᠎ᠤᠨ ᠡᠭᠦᠳᠦᠨ ᠪᠠᠢᠭᠤᠯᠵᠤ ᠱᠢᠪᠲᠤᠯᠤᠯᠲᠠ ᠬᠢᠬᠦ᠌ ᠠᠵᠢᠯ ᠦᠷᠨᠢᠭᠦᠯᠬᠦ᠌᠎ᠶ᠋ᠢ ᠳᠡᠮᠵᠢᠵᠤ᠂ ᠭᠤᠣᠯᠳᠠᠯᠭ᠎ᠠ ᠪᠣᠯᠬᠤ ᠲᠣᠷᠱᠢᠯᠳᠡ᠎ᠶ᠋ᠢᠨ ᠲᠠᠰᠤᠭ᠎ᠤᠨ ᠵᠡᠷᠭᠡ ᠳᠡᠰ᠎ᠢ᠎ᠨᠢ ᠳᠡᠪᠱᠢᠭᠦᠯᠭᠦ᠎ᠶ᠋ᠢ ᠳᠡᠮᠵᠢᠵᠣ᠂ ᠱᠢᠨ᠎ᠡ ᠣᠨᠣᠯᠵᠢᠬᠤᠨ᠎ᠢᠶᠠᠷ ᠤᠳᠤ ᠦᠶ᠎ᠡ᠎ᠶ᠋ᠢᠨ ᠱᠢᠨ᠎ᠡ ᠮᠠᠶᠢᠭ᠎ᠤᠨ ᠦᠪᠦᠷ ᠮᠤᠩᠭᠤᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠰᠤᠳᠤᠯᠤᠯ᠎ᠤᠨ ᠬᠦᠷᠢᠶᠡᠯᠡᠩ᠎ᠢ ᠪᠠᠢᠭᠤᠯᠤᠨ᠎ᠠ᠃ 《ᠵᠠᠷᠯᠠᠯ ᠬᠦᠯᠢᠶᠡᠵᠤ ᠬᠤᠱᠢᠭᠤᠷᠠᠨ ᠠᠵᠢᠯᠯᠠᠬᠤ》 ᠲᠦᠷᠢᠮ᠎ᠢ ᠬᠦᠴᠦᠲᠠᠢ ᠬᠡᠷᠡᠭ᠌ᠵᠢᠭᠦᠯᠵᠦ᠍᠂ ᠱᠢᠨᠵᠢᠯᠡᠬᠦ᠌ ᠤᠬᠠᠭᠠᠨ᠎ᠤ ᠰᠣᠳᠤᠯᠤᠯ᠎ᠤᠨ ᠵᠠᠷᠤᠳᠠᠯ᠎ᠤᠨ 《ᠲᠠᠯᠪᠢᠬᠤ ᠬᠠᠮᠢᠶᠠᠷᠬᠤ ᠦᠢᠯᠡᠴᠢᠯᠡᠬᠦ᠌》 ᠦᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠂ ᠶᠡᠭᠡ ᠳᠡᠭᠡᠲᠦ ᠰᠤᠷᠭᠠᠭᠤᠯᠢ ᠬᠦᠷᠢᠶᠡᠯᠡᠩ ᠭᠠᠵᠠᠷ᠎ᠤᠨ ᠡᠵᠡᠨ ᠮᠡᠳᠡᠬᠦ᠌ ᠡᠷᠬᠡ᠎ᠶ᠋ᠢ ᠦᠷᠭᠡᠳᠭᠡᠵᠤ᠂ ᠱᠢᠨᠵᠢᠯᠡᠭᠦ᠌ ᠣᠬᠠᠭᠠᠨ ᠲᠧᠭ᠌ᠨᠢᠭ ᠮᠡᠷᠭᠡᠵᠢᠯ᠎ᠤᠨ ᠬᠠᠮᠲᠤᠷᠠᠯᠴᠠᠭ᠎ᠠ᠎ᠶ᠋ᠢ ᠦᠷᠭᠡᠣᠡᠭᠡᠨ ᠬᠦᠨᠵᠡᠬᠡᠢᠷᠡᠬᠦᠯᠵᠦ᠍᠂ ᠮᠡᠳᠡᠯᠭᠡ᠎ᠶ᠋ᠢᠨ ᠦᠮᠴᠢᠯᠡᠯ᠎ᠤᠨ ᠡᠷᠬᠡ᠎ᠶ᠋ᠢᠨ ᠬᠠᠮᠠᠭᠠᠯᠠᠯᠳᠡ᠎ᠶ᠋ᠢ ᠴᠢᠩᠭᠠᠣᠡᠬᠠᠨ᠎ᠠ᠃ ᠱᠢᠨᠵᠢᠯᠡᠬᠦ᠌ ᠤᠬᠠᠭᠠᠨ᠎ᠤ ᠰᠣᠳᠣᠯᠣᠯ᠎ᠤᠨ ᠪᠠᠢᠭᠤᠯᠤᠮᠵᠢ᠎ᠶ᠋ᠢᠨ ᠴᠢᠳᠠᠪᠤᠷᠢᠲᠠᠨ᠎ᠤ ᠲᠤᠭ᠍ᠲᠠᠴᠠ᠎ᠶ᠋ᠢᠨ ᠦᠭᠡᠷᠡᠴᠢᠯᠡᠯᠲᠡ᠎ᠶ᠋ᠢ ᠠᠬᠢᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠳᠠᠭᠠᠭᠤᠯᠤᠭ᠍ᠴᠢ ᠴᠢᠳᠠᠪᠤᠷᠢᠲᠠᠨ᠎ᠤ ᠪᠦᠯᠬᠦᠮ ᠨᠡᠢᠲᠡ᠎ᠶ᠋ᠢ ᠶᠡᠭᠡ᠎ᠪᠠᠷ ᠬᠦᠲᠦᠯᠦᠨ ᠳᠠᠭᠠᠭᠤᠯᠵᠤ ᠬᠦᠮᠣᠵᠢᠭᠦᠯᠣᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ ᠡᠭᠦᠳᠦᠯᠲᠡ᠎ᠶ᠋ᠢᠨ ᠵᠠᠯᠠᠭᠤ ᠴᠢᠳᠠᠪᠤᠷᠢᠲᠠᠨ᠎ᠢ ᠬᠦᠮᠦᠵᠢᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠤᠨᠴᠠ ᠲᠤᠮᠢᠯᠠᠭ᠍ᠴᠢ᠎ᠶ᠋ᠢᠨ ᠳᠦᠷᠢᠮ᠎ᠢ ᠭᠦᠨᠵᠡᠭᠡᠢ ᠬᠡᠷᠡᠭ᠌ᠵᠢᠭᠦᠯᠦᠨ᠎ᠡ᠃

ᠨᠡᠭᠡᠭᠡᠯᠲᠡ ᠬᠢᠬᠦ᠌᠎ᠶ᠋ᠢ ᠦᠷᠭᠡᠳᠭᠡᠬᠦ᠌ ᠠᠷᠭ᠎ᠠ ᠬᠡᠮᠵᠢᠶ᠎ᠡ᠎ᠶ᠋ᠢ ᠪᠦᠲᠦᠮᠵᠢᠲᠠᠢ ᠨᠠᠢᠳᠠᠪᠤᠷᠢᠵᠢᠭᠤᠯᠤᠨ᠎ᠠ᠃ 《ᠲᠠᠯᠪᠢᠬᠤ》 ᠪᠠ 《ᠰᠡᠷᠭᠡᠢᠯᠡᠬᠦ᠌》 ᠎ᠶ᠋ᠢ ᠨᠢᠭᠡᠳᠦᠯᠲᠡᠢ ᠲᠦᠯᠦᠪᠯᠡᠵᠤ᠂ ᠨᠢᠭᠡ ᠲᠠᠯ᠎ᠠ᠎ᠪᠠᠷ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠪᠠᠨ ᠪᠤᠲᠠᠲᠠᠢ ᠠᠳᠭᠤᠨ᠂ ᠨᠦᠭᠦᠭᠡ ᠲᠠᠯ᠎ᠠ᠎ᠪᠠᠷ ᠬᠢᠯᠢ᠎ᠶ᠋ᠢᠨ ᠪᠤᠭᠤᠮᠲᠠ᠎ᠶ᠋ᠢᠨ ᠰᠠᠭᠠᠳ ᠦᠭᠡᠢ ᠨᠡᠪᠲᠡᠷᠡᠬᠦ᠌᠎ᠶ᠋ᠢ ᠰᠠᠢᠲᠤᠷ ᠠᠳᠭᠤᠨ᠎ᠠ᠂ 《ᠨᠢᠭᠡ ᠪᠦᠰᠡ ᠨᠢᠭᠡ ᠵᠠᠮ》 ᠎ᠢ᠋ ᠬᠠᠮᠲᠦ᠍᠎ᠪᠠᠷ ᠪᠠᠢᠭᠤᠯᠬᠤ᠎ᠳᠤ ᠢᠳᠡᠪᠬᠢᠲᠡᠢ ᠠᠭᠤᠰᠤᠯᠴᠠᠨ᠂ ᠤᠷᠤᠰ ᠮᠤᠩᠭᠤᠯ᠎ᠯᠤᠭ᠎ᠠ᠎ᠶ᠋ᠢᠨ ᠡᠯ᠎ᠡ ᠬᠦᠷᠢᠶᠡᠨ᠎ᠳᠠᠬᠢ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠵᠤ᠂ ᠬᠢᠯᠢ᠎ᠶ᠋ᠢᠨ ᠪᠤᠭᠤᠮᠲᠠ᠎ᠶ᠋ᠢᠨ ᠬᠦᠢᠰᠦ ᠪᠣᠯᠬᠤ ᠴᠢᠳᠠᠮᠵᠢ᠎ᠪᠠᠨ ᠦᠷᠭᠡᠳᠭᠡᠨ ᠥᠭᠡᠷᠡᠴᠢᠯᠡᠬᠦ᠂ ᠬᠤᠯᠪᠤᠭᠠᠯᠠᠨ ᠲᠡᠭᠡᠭᠡᠪᠤᠷᠢᠯᠡᠬᠦ᠌ ᠵᠠᠮ᠎ᠤᠨ ᠴᠢᠳᠠᠪᠤᠷᠢ᠎ᠶ᠋ᠢ ᠨᠡᠮᠡᠭ᠌ᠳᠡᠭᠦᠯᠦᠨ ᠴᠢᠩᠭᠠᠳᠭᠠᠬᠤ᠂ ᠲᠥᠪᠯᠡᠷᠡᠭᠦᠯᠵᠦ᠍ ᠬᠤᠪᠢᠶᠠᠷᠢᠯᠠᠨ ᠲᠡᠭᠡᠭᠡᠪᠤᠷᠢᠯᠡᠬᠦ᠌ ᠪᠡᠯᠡᠳᠭᠡᠮᠵᠢ᠎ᠶ᠋ᠢᠨ ᠳᠤᠲᠠᠭᠤᠳᠠᠯ᠎ᠢ ᠨᠦᠬᠦᠪᠦᠷᠢᠯᠡᠬᠦ᠌ ᠵᠡᠷᠭᠡ ᠪᠦᠲᠦᠭᠡᠨ ᠪᠠᠢᠭᠤᠯᠤᠯᠲᠠ᠎ᠶ᠋ᠢᠨ ᠲᠦᠷᠦᠯ ᠵᠦᠢᠯ᠎ᠢ ᠵᠤᠬᠢᠶᠠᠨ ᠪᠠᠢᠭᠤᠯᠵᠤ ᠬᠡᠷᠡᠭ᠌ᠵᠢᠭᠦᠯᠦᠨ᠂ ᠮᠠᠨ᠎ᠤ ᠤᠯᠤᠰ᠎ᠤᠨ ᠤᠮᠠᠷᠠᠰᠢ ᠨᠡᠬᠡᠭᠡᠯᠲᠡ ᠬᠢᠬᠦ᠌ ᠴᠢᠬᠤᠯᠠ ᠬᠦᠭᠦᠷᠭᠡᠨ ᠪᠠᠬᠢᠯᠡᠯᠲᠡ᠎ᠶ᠋ᠢ ᠴᠤᠭ᠍ᠴᠠᠯᠠᠬᠤ᠎ᠳᠤ ᠰᠠᠭᠤᠷᠢ᠎ᠶ᠋ᠢ᠎ᠨᠢ ᠪᠠᠬᠢᠵᠢᠭᠦᠯᠦᠨ᠎ᠡ᠃ ᠮᠠᠨᠵᠤᠤᠷ᠂ ᠡᠷᠢᠶᠡᠨ ᠬᠤᠳᠠ᠎ᠳᠠᠬᠢ ᠤᠯᠤᠰ᠎ᠤᠨ ᠭᠤᠤᠯᠳᠠᠯᠭ᠎ᠠ᠎ᠲᠠᠢ ᠨᠡᠭᠡᠭᠡᠨ ᠬᠦᠭ᠌ᠵᠢᠭᠦᠯᠵᠦ᠍ ᠨᠡᠬᠡᠭᠡᠯᠲᠡ ᠬᠢᠬᠦ᠌ ᠲᠤᠷᠱᠢᠯᠲᠠ᠎ᠶ᠋ᠢᠨ ᠲᠤᠭᠤᠷᠢᠭ᠎ᠤᠨ ᠴᠢᠳᠠᠮᠵᠢ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠦᠷᠭᠡᠨ ᠬᠡᠪᠴᠢᠶᠡᠨ᠎ᠤ ᠬᠢᠯᠢ᠎ᠶ᠋ᠢᠨ ᠪᠤᠭᠤᠮᠲᠠ᠎ᠶ᠋ᠢᠨ ᠠᠵᠤ ᠠᠬᠤᠢ᠎ᠶ᠋ᠢ ᠶᠡᠭᠡ᠎ᠪᠠᠷ ᠭᠦᠭ᠌ᠵᠢᠭᠦᠯᠦᠨ᠎ᠡ᠃ ᠭᠠᠳᠠᠭ᠍ᠰᠢᠯ ᠮᠠᠶᠢᠭ᠎ᠤᠨ ᠠᠵᠤ ᠦᠢᠯᠡᠰ᠎ᠢ ᠢᠳᠡᠪᠬᠢᠲᠡᠢ ᠪᠣᠵᠠᠭᠠᠢᠷᠠᠭᠤᠯᠤᠨ᠂ ᠳᠤᠮᠲᠠᠳᠤ ᠡᠸᠦ᠋ᠷᠦᠫᠡ᠎ᠶ᠋ᠢᠨ ᠡᠭᠡᠯᠵᠢ᠎ᠶ᠋ᠢᠨ ᠭᠠᠯᠲᠤ ᠲᠡᠷᠭᠡᠨ᠎ᠤ ᠣᠷᠣᠯᠴᠠᠴᠠ᠎ᠶ᠋ᠢ ᠳᠡᠭᠡᠭ᠌ᠰᠢᠯᠡᠭᠦᠯᠵᠦ᠍᠂ ᠭᠠᠳᠠᠭᠠᠳᠣ ᠪᠡᠯᠡ᠎ᠶ᠋ᠢ ᠲᠠᠳᠡᠨ ᠠᠪᠴᠢᠷᠠᠬᠤ ᠪᠠ ᠭᠠᠳᠠᠭᠠᠳᠣ ᠠᠷᠠᠯᠵᠢᠶᠠᠨ᠎ᠤ ᠬᠡᠪᠴᠢᠶ᠎ᠡ᠎ᠶ᠋ᠢ ᠦᠷᠭᠡᠣᠡᠭᠡᠨ᠎ᠡ᠃ ᠪᠡᠭᠡᠵᠢᠩ ᠲᠢᠶᠠᠨᠵᠢᠨ ᠾᠧᠪᠧᠢ᠂ ᠬᠦᠬᠡᠮᠦᠢ᠍ᠷᠡᠨ᠎ᠤ ᠭᠤᠷᠪᠠᠯᠵᠢᠨ ᠬᠤᠢᠭ᠂ ᠭᠤᠸᠠᠩᠳᠦ᠋ᠩ ᠱᠢᠶᠠᠩᠭᠠᠩ ᠣᠣᠮᠧᠨ ᠪᠠ ᠬᠠᠳᠣᠨ ᠭᠤᠣᠯ ᠳᠠᠭᠠᠤ᠎ᠶ᠋ᠢᠨ ᠮᠣᠵᠢ᠂ ᠭᠦᠷᠰᠢ ᠵᠡᠷᠭᠡᠯᠡᠳᠡᠭᠡ ᠮᠣᠵᠢ ᠣᠷᠣᠨ᠎ᠯᠤᠭ᠎ᠠ᠎ᠶ᠋ᠢᠨ  ᠪᠣᠳᠠᠳᠠᠢ᠎ᠶ᠋ᠢ  ᠡᠷᠬᠢᠮᠯᠡᠵᠤ ᠬᠠᠮᠳᠣᠷᠠᠨ ᠠᠵᠢᠯᠯᠠᠬᠤ᠎ᠪᠠᠨ ᠪᠦᠭᠦ᠌ ᠳᠠᠯ᠎ᠡ᠎ᠪᠠᠷ ᠭᠦᠨᠵᠡᠭᠡᠢᠷᠡᠭᠦᠯᠵᠣ᠂ ᠢᠯᠠᠩᠭᠤᠶ᠎ᠠ ᠡᠨᠧᠷᠬᠢ᠂ ᠠᠮᠢ ᠠᠬᠤᠢ᠂ ᠵᠢᠭᠤᠯᠴᠢᠯᠠᠯ᠂ ᠠᠷᠠᠯᠵᠢᠶ᠎ᠠ ᠬᠤᠳᠠᠯᠳᠤᠭ᠎ᠠ ᠪᠠ ᠱᠢᠨᠵᠢᠯᠡᠭᠦ᠌ ᠣᠬᠠᠭᠠᠨ ᠲᠧᠭ᠌ᠨᠢᠭ ᠮᠠᠷᠭᠡᠵᠢᠯ᠂ ᠰᠤᠷᠭᠠᠨ ᠬᠥᠮᠥᠵᠢᠯ᠂ ᠡᠮᠴᠢᠯᠡᠭᠡ᠂ ᠴᠢᠳᠠᠪᠣᠷᠢᠳᠠᠨ ᠵᠡᠷᠭᠡ ᠭᠤᠣᠯᠳᠠᠯᠭ᠎ᠠ ᠪᠣᠯᠬᠤ ᠬᠦᠷᠢᠶ᠎ᠡ ᠴᠠᠷᠠᠭᠠᠨ᠎ᠳᠤ ᠱᠢᠪᠳᠣᠯᠣᠯᠳᠡ ᠭᠠᠷᠭᠠᠬᠤ᠎ᠪᠠᠷ ᠰᠦᠪᠡᠭ᠌ᠴᠢᠯᠡᠨ᠂ ᠨᠢᠭᠡ᠎ᠶ᠋ᠢ ᠨᠢᠭᠡ᠎ᠳᠤ ᠴᠢᠭ᠌ᠯᠡᠬᠦᠯᠬᠦ᠌ ᠪᠠ  ᠨᠢᠭᠡ᠎ᠶ᠋ᠢ  ᠣᠯᠠᠨ᠎ᠳᠤ ᠴᠢᠭ᠌ᠯᠡᠭᠦᠯᠦᠭ᠌ᠰᠡᠨ ᠬᠠᠮᠲᠤᠷᠠᠵᠤ ᠠᠵᠢᠯᠯᠠᠬᠤ ᠵᠦᠢᠯᠡᠰ᠎ᠢ ᠣᠨᠣᠴᠠᠳᠠᠢ ᠰᠡᠳᠦᠨ ᠲᠥᠯᠥᠪᠯᠡᠵᠦ᠍᠂ ᠳᠡᠭᠡᠳᠣ ᠦᠵᠣᠭᠦᠷ᠎ᠤᠨ ᠠᠵᠣ ᠦᠢᠯᠡᠰ᠎ᠲᠠᠢ ᠵᠣᠯᠭᠠᠭᠤᠯᠬᠤ᠂ ᠳᠠᠭᠠᠭᠤᠯᠣᠭ᠍ᠴᠢ ᠠᠵᠣ ᠠᠬᠤᠢᠯᠡᠯ᠎ᠢ ᠣᠷᠣᠭᠤᠯᠣᠨ ᠠᠪᠴᠢᠷᠠᠬᠤ᠂ ᠲᠡᠷᠢᠭᠦᠨ᠎ᠤ ᠭᠦᠴᠣᠨ ᠵᠦᠢᠯ᠎ᠢ ᠱᠢᠩᠭᠡᠭᠡᠨ ᠠᠪᠬᠤ᠂ ᠬᠡᠷᠩᠯᠡᠭᠡ᠎ᠶ᠋ᠢᠨ ᠵᠠᠬ᠎ᠠ ᠳᠡᠯᠭᠡᠭᠦᠷ᠎ᠢ ᠥᠷᠭᠡᠳᠭᠡᠬᠦ᠌ ᠠᠵᠢᠯ᠎ᠢᠶᠠᠨ ᠨᠡᠩ ᠰᠠᠢᠨ ᠪᠣᠯᠭᠠᠨ᠎ᠠ᠃

(ᠲᠠᠪᠤ) ᠬᠤᠲᠠ ᠬᠦᠳᠡᠭᠡ᠎ᠶ᠋ᠢᠨ ᠤᠷᠤᠨ ᠪᠦᠰᠡ᠎ᠶ᠋ᠢᠨ ᠵᠤᠬᠢᠴᠠᠩᠭᠤᠢ ᠬᠦᠭ᠌ᠵᠢᠯᠲᠡ᠎ᠶ᠋ᠢ ᠬᠦᠴᠦᠯᠡᠨ ᠠᠬᠢᠭᠤᠯᠵᠤ᠂ ᠪᠦᠬᠦ᠌ ᠤᠷᠤᠨ᠎ᠤ ᠡᠯ᠎ᠡ ᠭᠠᠵᠠᠷ᠎ᠤᠨ ᠦᠷᠢᠰᠦᠯᠳᠦᠨ ᠬᠦᠭ᠌ᠵᠢᠭ᠌ᠰᠡᠨ ᠬᠦᠭ᠌ᠵᠢᠩᠭᠦᠢ ᠪᠠᠢᠳᠠᠯ᠎ᠢ ᠪᠤᠢ ᠪᠤᠯᠭᠠᠨ᠎ᠠ᠃ ᠱᠢᠨ᠎ᠡ ᠴᠠᠭ ᠦᠶ᠎ᠡ᠎ᠶ᠋ᠢᠨ ᠪᠠᠷᠠᠭᠤᠨ ᠣᠷᠣᠨ᠎ᠢ ᠶᠡᠭᠡ᠎ᠪᠠᠷ ᠨᠡᠭᠡᠭᠡᠨ ᠭᠦᠭ᠌ᠵᠢᠭᠦᠯᠭᠦ᠌᠂ ᠵᠡᠭᠦᠨ ᠬᠤᠢᠳᠣ ᠣᠷᠣᠨ᠎ᠢ ᠬᠦᠭ᠌ᠵᠢᠭᠦᠯᠦᠨ ᠮᠠᠨᠳᠣᠭᠤᠯᠬᠤ ᠱᠢᠨ᠎ᠡ ᠨᠢᠭᠡ  ᠡᠭᠡᠯᠵᠢ᠎ᠶ᠋ᠢᠨ  ᠪᠠᠢᠯᠳᠣᠬᠤ ᠪᠣᠳᠣᠯᠭ᠎ᠠ ᠠᠷᠭ᠎ᠠ ᠬᠡᠮᠵᠢᠶ᠎ᠠ᠎ᠶ᠋ᠢ ᠭᠦᠨᠵᠡᠭᠡᠢᠷᠡᠭᠦᠯᠦᠨ ᠨᠠᠢᠳᠠᠪᠤᠷᠢᠵᠢᠭᠤᠯᠵᠤ᠂ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠢ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠢ ᠬᠦᠭ᠌ᠵᠢᠯᠲᠡ᠎ᠶ᠋ᠢ ᠯᠠᠪᠳᠠᠭᠤᠨ  ᠪᠠᠲᠤᠲᠠᠢ ᠠᠬᠢᠭᠤᠯᠣᠨ᠂ ᠲᠥᠪᠯᠡᠷᠡᠭᠦᠯᠵᠦ᠍ ᠪᠥᠭᠡᠮᠨᠡᠷᠡᠭᠦᠯᠵᠦ᠍ ᠡᠷᠴᠢᠮᠵᠢᠭᠦᠯᠵᠦ᠍ ᠬᠥᠭ᠌ᠵᠢᠭᠦᠯᠬᠦ᠌᠎ᠶ᠋ᠢ ᠭᠦᠴᠣᠯᠡᠨ ᠠᠬᠢᠭᠤᠯᠵᠣ᠂ ᠬᠤᠲᠠ ᠬᠥᠳᠡᠭᠡ᠎ᠶ᠋ᠢᠨ ᠣᠷᠣᠨ ᠪᠦᠰᠡ᠎ᠶ᠋ᠢᠨ ᠵᠣᠬᠢᠴᠠᠩᠭᠤᠢ ᠬᠥᠭ᠌ᠵᠢᠭ᠌ᠰᠡᠨ ᠱᠢᠨ᠎ᠡ ᠪᠠᠢᠷᠢᠱᠢᠯ᠎ᠢ ᠲᠥᠷᠭᠡᠳᠭᠡᠨ ᠪᠠᠢᠭᠤᠯᠤᠨ᠎ᠠ᠃

ᠬᠦᠳᠡᠭᠡ ᠲᠤᠰᠭᠤᠨ᠎ᠢ ᠬᠦᠭ᠌ᠵᠢᠭᠦᠯᠦᠨ ᠮᠠᠨᠳᠤᠭᠤᠯᠬᠤ᠎ᠶ᠋ᠢ ᠪᠦᠬᠦ᠌ ᠲᠠᠯ᠎ᠠ᠎ᠪᠠᠷ ᠠᠬᠢᠭᠤᠯᠤᠨ᠎ᠠ᠃ ᠪᠤᠴᠠᠭᠠᠳ ᠶᠠᠳᠠᠭᠤᠷᠠᠬᠤ᠎ᠶ᠋ᠢ ᠰᠡᠷᠭᠡᠢᠯᠡᠬᠦ᠌᠎ᠪᠠᠷ ᠤᠷᠢᠳᠠᠯ ᠪᠤᠯᠭᠠᠵᠤ᠂ ᠬᠢᠨᠠᠨ ᠱᠢᠨᠵᠢᠬᠦ᠌ ᠬᠠᠪᠰᠤᠷᠤᠨ ᠳᠡᠳᠭᠦᠬᠦ᠌ ᠲᠣᠭ᠍ᠲᠠᠴᠠ᠎ᠪᠠᠨ ᠲᠡᠭᠦᠯᠳᠡᠷᠵᠢᠭᠦᠯᠦᠨ᠂ ᠭᠤᠤᠯᠳᠠᠯᠭ᠎ᠠ᠎ᠲᠠᠢ ᠬᠠᠪᠰᠤᠷᠤᠨ ᠳᠡᠳᠭᠦᠭᠦ᠌ ᠬᠤᠱᠢᠭᠤ ᠱᠢᠶᠠᠨ ᠲᠠᠢᠰᠢ ᠬᠡᠯᠪᠠᠢᠯᠭᠡᠨ ᠳᠡᠮᠵᠢᠬᠦ᠌ ᠪᠠ ᠤᠨᠳᠤᠤ ᠭᠠᠵᠠᠷ᠎ᠲᠤ ᠨᠡᠭᠦᠯᠭᠡᠭ᠌ᠰᠡᠨ᠎ᠤ ᠳᠠᠷᠠᠭ᠎ᠠ ᠦᠷᠬᠦᠯᠵᠢᠯᠡᠨ ᠳᠡᠳᠭᠦᠭᠦ᠎ᠶ᠋ᠢ ᠰᠠᠢᠲᠤᠷ ᠠᠳᠭᠤᠵᠤ᠂ ᠬᠡᠪᠴᠢᠶᠡᠵᠢᠯ᠎ᠤᠨ ᠴᠢᠨᠠᠷᠲᠠᠢ ᠪᠤᠴᠠᠭᠠᠳ ᠶᠠᠳᠠᠭᠤᠷᠠᠬᠤ ᠦᠵᠡᠭ᠌ᠳᠡᠯ ᠭᠠᠷᠬᠤ ᠦᠭᠡᠢ ᠪᠠᠢᠬᠤ᠎ᠶ᠋ᠢ ᠦᠨᠡᠨ ᠬᠦ᠌ ᠪᠠᠲᠤᠯᠠᠨ᠂ ᠶᠠᠳᠠᠭᠤ᠎ᠠᠴᠠ ᠠᠩᠭᠢᠵᠢᠷᠠᠭ᠍ᠰᠠᠨ ᠣᠯᠠᠨ ᠲᠦᠮᠡᠨ᠎ᠤ ᠠᠮᠢᠳᠤᠷᠠᠯ᠎ᠢ ᠱᠢᠨ᠎ᠡ ᠲᠦᠪᠱᠢᠨ᠎ᠳᠤ ᠬᠦᠷᠭᠡᠬᠦ᠌᠎ᠪᠠᠷ ᠴᠢᠷᠮᠠᠢᠨ᠎ᠡ᠃ ᠣᠨᠴᠠᠯᠢᠭ᠎ᠲᠠᠢ ᠲᠠᠷᠢᠵᠤ ᠤᠷᠭᠤᠭᠤᠯᠤᠨ ᠲᠡᠵᠢᠭᠡᠵᠦ᠍ ᠦᠷᠡᠵᠢᠭᠦᠯᠬᠦ᠂ ᠲᠠᠷᠢᠶᠠᠯᠠᠩ ᠮᠠᠯ᠎ᠤᠨ ᠠᠱᠢᠭ ᠱᠢᠮ᠎ᠡ᠎ᠶ᠋ᠢᠨ ᠪᠦᠲᠦᠭᠡᠭ᠌ᠲᠡᠭᠦᠨ᠎ᠢ ᠡᠳ᠋ᠱᠢᠭᠦᠯᠦᠨ ᠪᠤᠯᠪᠠᠰᠤᠷᠠᠭᠤᠯᠬᠤ᠂ ᠬᠦᠳᠡᠭᠡ ᠲᠤᠰᠭᠤᠨ᠎ᠤ ᠵᠢᠭᠤᠯᠴᠢᠯᠠᠯ ᠵᠡᠷᠭᠡ ᠠᠷᠠᠳ᠎ᠢ ᠪᠠᠶᠠᠵᠢᠭᠤᠯᠬᠤ ᠠᠵᠤ ᠦᠢᠯᠡᠰ᠎ᠢ ᠲᠤᠬᠠᠢ᠎ᠶ᠋ᠢᠨ ᠭᠠᠵᠠᠷ ᠤᠷᠤᠨ᠎ᠤ ᠪᠠᠢᠳᠠᠯ᠎ᠳᠤ᠎ᠨᠢ ᠲᠤᠬᠢᠷᠠᠭᠤᠯᠤᠨ ᠬᠦᠭ᠌ᠵᠢᠭᠦᠯᠵᠦ᠍᠂ ᠠᠵᠤ ᠦᠢᠯᠡᠰ᠎ᠤᠨ ᠬᠡᠪᠴᠢᠶ᠎ᠡ ᠪᠠ ᠶᠠᠰᠤ ᠴᠢᠨᠠᠷ᠎ᠢ ᠳᠡᠭᠡᠭ᠌ᠰᠢᠯᠡᠭᠦᠯᠦᠨ᠂ ᠠᠵᠢᠯ ᠣᠯᠭᠤᠨ ᠦᠢᠯᠡᠰ ᠪᠣᠰᠭᠠᠬᠤ ᠪᠠᠭ᠍ᠲᠠᠭᠠᠮᠵᠢ᠎ᠶ᠋ᠢ ᠦᠷᠭᠡᠳᠭᠡᠵᠤ᠂ ᠲᠠᠷᠢᠶᠠᠴᠢᠨ ᠪᠠ ᠠᠵᠤ ᠠᠬᠤᠢᠯᠠᠯ᠎ᠤᠨ ᠠᠱᠢᠭ ᠲᠤᠰᠠ᠎ᠶ᠋ᠢᠨ ᠬᠤᠯᠪᠤᠭ᠎ᠠ᠎ᠶ᠋ᠢ ᠨᠢᠭ᠍ᠲᠠᠷᠠᠭᠤᠯᠤᠨ᠂ ᠲᠠᠷᠢᠶᠠᠴᠢᠨ ᠮᠠᠯᠴᠢᠳ᠎ᠤᠨ ᠵᠤᠬᠢᠶᠠᠨ ᠪᠠᠢᠭᠤᠯᠤᠯᠲᠠ ᠪᠣᠯᠬᠤ ᠪᠠ ᠬᠤᠷᠱᠢᠶᠠᠵᠢᠯ᠎ᠤᠨ ᠵᠢᠷᠤᠮᠵᠢᠯ᠎ᠲᠠᠢ ᠪᠣᠯᠬᠤ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠎ᠡ᠃ ᠨᠤᠲᠤᠭ᠎ᠤᠨ ᠴᠢᠳᠠᠪᠤᠷᠢᠲᠠᠨ᠂ ᠱᠢᠯᠢᠳᠡᠭ ᠣᠶᠤᠲᠠᠳ᠎ᠤᠨ ᠨᠤᠲᠤᠭ  ᠲᠠᠭᠠᠨ  ᠪᠤᠴᠠᠵᠤ ᠦᠢᠯᠡᠰ ᠪᠣᠰᠭᠠᠬᠤ᠎ᠶ᠋ᠢ ᠳᠡᠮᠵᠢᠵᠤ᠂ 《ᠴᠢᠳᠠᠯᠳᠠᠨ᠎ᠤ ᠠᠵᠤ ᠠᠬᠤᠢ》 ᠎ᠶ᠋ᠢ ᠬᠦᠭ᠌ᠵᠢᠭᠦᠯᠵᠦ᠍᠂ ᠪᠡᠭᠡᠵᠢᠩ ᠪᠠ ᠦᠪᠦᠷ ᠮᠤᠩᠭᠤᠯ᠎ᠤᠨ ᠬᠠᠮᠵᠢᠯᠴᠠᠭ᠎ᠠ᠂ ᠴᠡᠭ ᠲᠣᠭ᠍ᠲᠠᠭᠠᠵᠤ ᠬᠠᠪᠰᠤᠷᠤᠨ ᠳᠡᠳᠭᠦᠭᠦ᠌ ᠪᠠ 《ᠲᠦᠮᠡᠨ ᠠᠵᠤ ᠠᠬᠤᠢᠯᠠᠯ᠎ᠢᠶᠠᠷ ᠲᠦᠮᠡᠨ ᠲᠤᠰᠭᠤᠨ᠎ᠢ ᠬᠥᠭ᠌ᠵᠢᠭᠦᠯᠤᠨ ᠮᠠᠨᠳᠤᠭᠤᠯᠬᠤ》 ᠠᠵᠢᠯᠯᠠᠭᠠᠨ᠎ᠢ ᠭᠦᠨᠵᠡᠭᠡᠢᠷᠡᠭᠦᠯᠦᠨ᠎ᠡ᠃ ᠬᠦᠳᠡᠭᠡ ᠲᠤᠰᠭᠤᠨ᠎ᠤ ᠲᠦᠯᠦᠪᠵᠢᠭᠦᠯᠭᠡ᠎ᠶ᠋ᠢ ᠨᠠᠢᠷᠠᠭᠤᠯᠤᠨ  ᠵᠤᠬᠢᠶᠠᠬᠤ᠎ᠪᠠᠨ  ᠪᠦᠬᠦ᠌ ᠲᠠᠯ᠎ᠠ᠎ᠪᠠᠷ ᠪᠡᠶᠡᠯᠡᠭᠦᠯᠵᠤ᠂ ᠤᠷᠤᠱᠢᠨ ᠰᠠᠭᠤᠷᠢᠱᠢᠬᠤ ᠤᠷᠴᠢᠨ ᠨᠦᠭᠦᠴᠡᠯ᠎ᠢ ᠴᠡᠭ᠌ᠴᠡᠯᠡᠨ ᠵᠠᠰᠠᠬᠤ ᠠᠵᠢᠯᠯᠠᠭᠠᠨ᠎ᠢ ᠯᠠᠪᠲᠠᠭᠤᠨ ᠪᠠᠳᠤᠳᠠᠢ ᠦᠷᠨᠢᠭᠦᠯᠦᠨ᠂ ᠠᠰᠠᠭᠤᠳᠠᠯ᠎ᠲᠠᠢ ᠵᠣᠷᠯᠣᠩ᠎ᠢ ᠴᠡᠭ᠌ᠴᠡᠯᠡᠨ ᠰᠠᠢᠵᠢᠷᠠᠭᠤᠯᠵᠤ᠂ ᠠᠷᠢᠭᠤᠨ ᠴᠡᠪᠡᠷ ᠵᠣᠷᠯᠣᠩ᠎ᠢ ᠱᠢᠨ᠎ᠡ᠎ᠪᠠᠷ 11 ᠲᠦᠮᠡ ᠪᠠᠢᠭᠤᠯᠤᠨ᠂ ᠠᠮᠢᠳᠤᠷᠠᠯ᠎ᠤᠨ ᠬᠤᠭ ᠨᠣᠪᠰᠢ ᠪᠣᠬᠢᠷ ᠤᠰᠤᠨ᠎ᠤ ᠵᠠᠰᠠᠯᠲᠠ᠎ᠶ᠋ᠢ ᠲᠣᠭᠤᠷᠢᠭ ᠪᠠ ᠲᠥᠷᠥᠯ ᠬᠤᠪᠢᠶᠠᠵᠤ ᠠᠬᠢᠭᠤᠯᠤᠨ᠎ᠠ᠃ ᠬᠢᠯᠢ ᠬᠢᠵᠠᠭᠠᠷ᠎ᠤᠨ ᠭᠠᠵᠠᠷ ᠤᠷᠤᠨ᠎ᠳᠠᠬᠢ ᠰᠤᠮᠤ ᠱᠢᠶᠠᠩ ᠪᠠᠯᠭᠠᠰᠦᠨ᠎ᠤ ᠰᠠᠭᠤᠷᠢ ᠪᠡᠯᠡᠳᠭᠡᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠨ᠎ᠠ᠃ ᠮᠠᠯᠵᠢᠬᠤ ᠣᠷᠣᠨ᠎ᠤ ᠣᠳᠣᠬᠢᠴᠢᠯᠠᠯᠲᠠ᠎ᠶ᠋ᠢᠨ ᠲᠤᠷᠱᠢᠯᠲᠠ᠎ᠶ᠋ᠢᠨ ᠴᠡᠭ᠎ᠤᠨ ᠦᠷ᠎ᠡ ᠪᠦᠲᠦᠭᠡᠯ᠎ᠢ ᠪᠠᠬᠢᠵᠢᠭᠦᠯᠦᠨ ᠦᠷᠭᠡᠳᠭᠡᠵᠦ᠍᠂ ᠲᠠᠷᠢᠶᠠᠯᠠᠬᠤ ᠣᠷᠣᠨ᠎ᠤ ᠣᠳᠣᠬᠢᠴᠢᠯᠠᠯᠲᠠ᠎ᠶ᠋ᠢᠨ ᠲᠤᠷᠱᠢᠯᠲᠠ᠎ᠶ᠋ᠢᠨ  ᠴᠡᠭ᠎ᠤᠨ  ᠠᠵᠢᠯ᠎ᠢ ᠭᠦᠨᠵᠡᠭᠡᠢ ᠦᠷᠨᠢᠭᠦᠯᠦᠨ᠎ᠡ᠃

ᠵᠡᠭᠦᠨ ᠳᠤᠮᠳᠠ ᠪᠠᠷᠠᠭᠤᠨ ᠣᠷᠣᠨ᠎ᠤ ᠵᠦᠷᠢᠶᠡᠵᠢᠭ᠌ᠰᠡᠨ ᠵᠣᠬᠢᠴᠠᠩᠭᠤᠢ ᠬᠥᠭ᠌ᠵᠢᠯᠲᠡ᠎ᠶ᠋ᠢ ᠨᠢᠭᠡᠳᠦᠯᠲᠡᠢ ᠲᠥᠯᠥᠪᠯᠡᠵᠦ᠍ ᠠᠬᠢᠭᠤᠯᠤᠨ᠎ᠠ᠃ ᠭᠤᠣᠯ ᠴᠣᠭ᠍ᠴᠠ᠎ᠶ᠋ᠢᠨ ᠴᠢᠳᠠᠮᠵᠢᠲᠤ ᠣᠷᠣᠨ᠎ᠤ ᠪᠠᠢᠷᠢ ᠲᠣᠭ᠍ᠲᠠᠭᠠᠯᠲᠠ ᠶᠣᠰᠣᠭᠠᠷ᠂ ᠣᠷᠣᠨ ᠪᠦᠰᠡ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠲᠣᠬᠢᠷᠠᠭᠤᠯᠤᠨ ᠲᠡᠭᠦᠯᠳᠡᠷᠵᠢᠭᠦᠯᠵᠦ᠍᠂ ᠡᠯ᠎ᠡ ᠭᠠᠵᠠᠷ᠎ᠢ ᠬᠦᠲᠦᠯᠦᠨ ᠵᠢᠯᠣᠭᠤᠳᠴᠤ᠌ ᠪᠠᠢᠭᠠᠳ ᠳᠠᠪᠠᠭᠤᠯᠢᠭ ᠪᠠ ᠣᠨᠴᠠᠯᠢᠭ᠎ᠲᠤ᠎ᠪᠠᠨ ᠰᠠᠭᠤᠷᠢᠯᠠᠨ᠂ ᠠᠵᠢᠯ ᠬᠤᠪᠢᠶᠠᠨ ᠬᠠᠮᠵᠢᠯᠴᠠᠬᠤ᠎ᠪᠠᠨ ᠴᠢᠩᠭᠠᠳᠭᠠᠵᠤ᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭ᠌ᠵᠢᠬᠦ  ᠵᠠᠮ᠎ᠢᠶᠠᠷ ᠰᠠᠢᠲᠤᠷ ᠵᠠᠮᠨᠠᠨ᠎ᠠ᠃ ᠵᠡᠭᠦᠨ ᠬᠡᠰᠡᠭ᠎ᠤᠨ ᠭᠠᠵᠠᠷ ᠣᠷᠣᠨ᠎ᠤ ᠪᠣᠬᠢᠷᠲᠤᠯ ᠦᠭᠡᠢ ᠠᠮᠢ ᠠᠬᠤᠢ᠎ᠶ᠋ᠢᠨ ᠳᠠᠪᠠᠭᠤᠯᠢᠭ᠎ᠢᠶᠠᠨ ᠲᠣᠳᠣᠷᠠᠭᠤᠯᠬᠤ ᠪᠠ ᠪᠠᠳᠠᠷᠠᠭᠤᠯᠵᠤ᠂ ᠠᠮᠢ ᠠᠬᠤᠢ᠎ᠶ᠋ᠢᠨ ᠲᠠᠷᠢᠶᠠᠯᠠᠩ ᠮᠠᠯ ᠠᠵᠤ ᠠᠬᠤᠢ᠂ ᠠᠮᠢ ᠠᠬᠤᠢ᠎ᠶ᠋ᠢᠨ ᠵᠢᠭᠤᠯᠴᠢᠯᠠᠯ᠎ᠤᠨ ᠦᠢᠯᠡᠰ᠎ᠢᠶᠠᠷ ᠲᠤᠯᠭᠠᠭᠤᠷᠢ ᠪᠣᠯᠭᠠᠵᠤ ᠪᠣᠬᠢᠷᠲᠤᠯ ᠦᠭᠡᠢ ᠠᠵᠤ ᠦᠢᠯᠡᠰ᠎ᠤᠨ ᠲᠣᠭ᠍ᠲᠠᠯᠴᠠᠭ᠎ᠠ᠎ᠶ᠋ᠢ ᠴᠣᠭ᠍ᠴᠠᠯᠠᠨ ᠪᠠᠢᠭᠤᠯᠬᠤ᠎ᠶ᠋ᠢ ᠠᠬᠢᠭᠤᠯᠤᠨ᠎ᠠ᠃ ᠤᠯᠠᠭᠠᠨᠬᠠᠳᠠ᠂ ᠲᠦᠩᠯᠢᠶᠣᠣ᠎ᠶ᠋ᠢᠨ ᠳᠠᠭᠠᠭᠠᠨ ᠠᠪᠴᠤ᠌ ᠵᠠᠯᠭᠠᠭᠤᠯᠬᠤ ᠠᠵᠤ ᠦᠢᠯᠡᠰ᠎ᠤᠨ ᠱᠢᠯᠵᠢᠯᠳᠠ᠎ᠶ᠋ᠢᠨ ᠵᠢᠱ᠌ᠢᠶ᠎ᠡ ᠦᠵᠡᠭᠦᠯᠬᠦ᠌ ᠲᠣᠭᠤᠷᠢᠭ᠎ᠢ ᠬᠠᠮᠲᠤ᠎ᠪᠠᠷ ᠪᠠᠢᠭᠤᠯᠬᠤ᠎ᠶ᠋ᠢ ᠳᠡᠮᠵᠢᠵᠦ᠍᠂ ᠬᠥᠯᠥᠨ ᠪᠤᠢᠷ᠂ ᠱᠢᠯᠢ᠎ᠶ᠋ᠢᠨ ᠭᠤᠣᠯ᠎ᠤᠨ ᠲᠡᠨᠢᠭᠡᠷ ᠲᠠᠯ᠎ᠠ ᠨᠤᠲᠤᠭ ᠭᠡᠮᠡᠬᠦ᠌ ᠨᠡᠷᠡᠲᠦ ᠲᠡᠮᠳᠡᠭ᠎ᠢ ᠪᠣᠢ ᠪᠣᠯᠭᠠᠬᠤ᠎ᠶ᠋ᠢ ᠳᠡᠮᠵᠢᠵᠦ᠍᠂ ᠬᠢᠩᠭᠠᠨ ᠠᠢᠮᠠᠭ᠎ᠤᠨ ᠷᠠᠱᠢᠶᠠᠨ᠎ᠤ ᠤᠯᠤᠰ᠎ᠤᠨ ᠳᠡᠰ᠎ᠤᠨ ᠰᠡᠯᠡᠭᠦᠴᠡᠯ ᠵᠢᠭᠤᠯᠴᠢᠯᠠᠯ᠎ᠤᠨ ᠠᠮᠠᠷᠠᠯᠲᠠ᠎ᠶ᠋ᠢᠨ ᠲᠣᠭᠤᠷᠢᠭ᠎ᠢ ᠡᠭᠦᠳᠦᠨ ᠪᠠᠢᠭᠤᠯᠬᠤ᠎ᠶ᠋ᠢ  ᠳᠡᠮᠵᠢᠨ᠎ᠡ᠃ ᠬᠥᠬᠡᠬᠤᠲᠠ ᠪᠤᠭᠤᠲᠤ ᠣᠷᠳᠣᠰ ᠤᠯᠠᠭᠠᠨᠴᠠᠪ᠎ᠢ ᠨᠢᠭᠡ ᠴᠣᠭ᠍ᠴᠠᠵᠢᠭᠤᠯᠤᠨ ᠬᠦᠭ᠌ᠵᠢᠭᠦᠯᠬᠦ᠌ ᠠᠬᠢᠴᠠ᠎ᠶ᠋ᠢ ᠲᠦᠷᠭᠡᠳᠭᠡᠵᠦ᠍᠂ ᠵᠠᠬ᠎ᠠ ᠳᠡᠯᠭᠡᠭᠦᠷ᠎ᠤᠨ ᠳᠦᠷᠢᠮ᠎ᠤᠨ ᠲᠣᠭ᠍ᠲᠠᠯᠴᠠᠭ᠎ᠠ᠎ᠶ᠋ᠢᠨ 《ᠭᠤᠷᠪᠠᠨ ᠬᠠᠮᠳᠤ ᠭᠤᠷᠪᠠᠨ ᠬᠠᠷᠢᠯᠴᠠᠨ》 ᠢᠨᠵᠧᠨᠧᠷᠢᠩ᠎ᠢ ᠬᠡᠷᠡᠭ᠌ᠵᠢᠭᠦᠯᠦᠨ᠂ ᠠᠶᠠᠨᠴᠢᠨ᠎ᠤ ᠵᠦᠭᠡᠭᠡᠪᠦᠷᠢ᠎ᠶ᠋ᠢᠨ 1 ᠴᠠᠭ᠎ᠤᠨ ᠳᠣᠲᠣᠷ᠎ᠠ ᠲᠦᠷᠭᠡᠨ ᠬᠦᠷᠬᠦ᠌ ᠲᠤᠭᠤᠷᠢᠭ᠎ᠢ ᠪᠣᠢ ᠪᠣᠯᠭᠠᠵᠤ᠂ ᠣᠶᠤᠨᠯᠢᠭ ᠬᠤᠲᠠ᠎ᠶ᠋ᠢ ᠨᠢᠭᠡ ᠴᠣᠭ᠍ᠴᠨ᠎ᠪᠠᠷ ᠪᠠᠢᠭᠤᠯᠤᠨ᠂ ᠬᠦᠴᠦᠲᠡᠢ ᠪᠦᠭᠡᠳ ᠬᠦᠭ᠌ᠵᠢᠩᠭᠦᠢ ᠨᠡᠮᠡᠭ᠌ᠳᠡᠯ᠎ᠤᠨ ᠳᠠᠢᠴᠢᠯᠠᠬᠤ ᠲᠦᠢᠯ᠎ᠢ ᠲᠦᠷᠭᠡᠳᠭᠡᠨ ᠪᠣᠢ ᠪᠣᠯᠭᠠᠨ᠎ᠠ᠃ ᠬᠦᠬᠡᠬᠤᠲᠠ᠎ᠶ᠋ᠢ ᠳᠡᠮᠵᠢᠵᠦ᠍ ᠣᠷᠣᠨ᠎ᠤ ᠲᠥᠪ᠎ᠢᠶᠠᠨ ᠬᠦᠴᠦᠷᠬᠡᠭ᠌ᠵᠢᠭᠦᠯᠬᠦ᠌ ᠢᠨᠵᠧᠨᠧᠷᠢᠩ᠎ᠢ ᠬᠡᠷᠡᠭ᠌ᠵᠢᠭᠦᠯᠦᠨ᠂ ᠴᠢᠨᠠᠷ ᠰᠠᠢᠲᠠᠢ ᠬᠦᠭ᠌ᠵᠢᠯᠲᠡ᠎ᠶ᠋ᠢ ᠬᠠᠮᠤᠭ᠎ᠤᠨ ᠲᠡᠷᠢᠭᠦᠨ᠎ᠳᠤ ᠪᠡᠶᠡᠯᠡᠭᠦᠯᠦᠨ᠎ᠡ᠂ ᠪᠤᠭᠤᠲᠤ᠎ᠶ᠋ᠢ ᠳᠡᠮᠵᠢᠵᠦ᠍ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ ᠪᠠ ᠣᠳᠣ ᠦᠶ᠎ᠡ᠎ᠶ᠋ᠢᠨ ᠲᠣᠨᠤᠭ ᠲᠥᠬᠦᠭᠡᠷᠦᠮᠵᠢ ᠦᠢᠯᠡᠳᠬᠦ᠌ ᠰᠠᠭᠤᠷᠢᠨ᠎ᠢ  ᠪᠠᠢᠭᠤᠯᠤᠨ᠎ᠠ᠂ ᠣᠷᠳᠣᠰ᠎ᠢ ᠳᠡᠮᠵᠢᠵᠦ᠍ ᠣᠳᠣ ᠦᠶ᠎ᠡ᠎ᠶ᠋ᠢᠨ ᠡᠨᠧᠷᠭᠢ᠎ᠶ᠋ᠢᠨ ᠠᠵᠤ ᠦᠢᠯᠡᠰ᠎ᠤᠨ ᠰᠠᠭᠤᠷᠢᠨ ᠎ᠢ ᠪᠠᠢᠭᠤᠯᠤᠨ᠎ᠠ᠂ ᠤᠯᠠᠭᠠᠨᠴᠠᠪ᠎ᠢ ᠳᠡᠮᠵᠢᠵᠦ᠍ ᠪᠠᠷᠠᠭᠠᠨ᠎ᠤ ᠬᠦᠢᠯᠭᠡᠭᠡᠨ᠎ᠤ ᠬᠦᠢᠰᠦ ᠪᠠ ᠬᠢᠯᠢ᠎ᠶ᠋ᠢᠨ ᠪᠣᠭᠤᠮᠲᠠ᠎ᠶ᠋ᠢᠨ ᠪᠦᠰᠡ ᠲᠣᠭᠤᠷᠢᠭ᠎ᠢ ᠪᠣᠢ ᠪᠣᠯᠭᠠᠨ᠎ᠡ᠃ ᠪᠠᠷᠠᠭᠤᠨ ᠬᠡᠰᠡᠭ᠎ᠤᠨ ᠭᠠᠵᠠᠷ ᠣᠷᠣᠨ᠎ᠤ ᠠᠮᠢ ᠠᠬᠤᠢ ᠣᠷᠴᠢᠨ ᠲᠣᠭᠤᠷᠢᠨ᠎ᠤ ᠳᠤᠲᠠᠭᠤᠳᠠᠯ᠎ᠢᠶᠠᠨ ᠨᠥᠬᠦᠪᠦᠷᠢᠯᠡᠬᠦ᠌᠎ᠶ᠋ᠢ ᠠᠬᠢᠭᠤᠯᠵᠤ᠂ ᠠᠭᠤᠷᠬᠠᠢ ᠮᠠᠯᠲᠠᠬᠤ᠂ ᠬᠡᠦᠷᠱᠢᠭᠦᠯᠬᠦ᠌ ᠵᠡᠷᠭᠡ ᠠᠵᠤ ᠦᠢᠯᠡᠰ᠎ᠢ ᠨᠡᠢᠯᠡᠭᠦᠯᠦᠨ ᠱᠢᠯᠢᠳᠡᠭ᠌ᠵᠢᠭᠦᠯᠵᠦ᠍᠂ ᠡᠷᠭᠢᠯᠲᠡᠳᠦ ᠠᠵᠤ ᠠᠬᠤᠢ᠎ᠶ᠋ᠢ ᠶᠡᠭᠡ᠎ᠪᠠᠷ ᠬᠥᠭ᠌ᠵᠢᠭᠦᠯᠦᠨ᠎ᠡ᠃ ᠪᠠᠶᠠᠨᠨᠠᠭᠤᠷ᠎ᠤᠨ ᠪᠣᠷᠤᠲᠤᠬᠤᠢ᠎ᠶ᠋ᠢᠨ ᠤᠰᠤᠯᠠᠯᠲᠠ᠎ᠶ᠋ᠢᠨ ᠣᠷᠣᠨ᠎ᠤ ᠣᠳᠣᠬᠢᠴᠢᠯᠠᠵᠤ ᠥᠭᠡᠷᠡᠴᠢᠯᠡᠨ ᠰᠠᠢᠵᠢᠷᠠᠭᠤᠯᠬᠤ ᠡᠷᠴᠢᠮ᠎ᠢᠶᠠᠨ ᠴᠢᠩᠭᠠᠷᠠᠭᠤᠯᠬᠤ᠎ᠶ᠋ᠢ ᠳᠡᠮᠵᠢᠨ᠎ᠡ᠂ ᠦᠬᠠᠢ᠎ᠶ᠋ᠢᠨ ᠡᠬᠢ ᠪᠠᠶᠠᠯᠢᠭ ᠱᠢᠪᠬᠠᠷᠤᠭ᠍ᠰᠠᠨ ᠬᠤᠲᠠ᠎ᠶ᠋ᠢᠨ ᠬᠡᠯᠪᠡᠷᠢ᠎ᠪᠠᠨ ᠲᠦᠷᠭᠡᠳᠭᠡᠨ ᠬᠤᠪᠢᠷᠠᠭᠤᠯᠬᠤ᠎ᠶ᠋ᠢ ᠳᠡᠮᠵᠢᠨ᠎ᠡ᠂  ᠠᠯᠠᠱᠠ᠎ᠶ᠋ᠢᠨ  ᠳᠠᠬᠢᠨ ᠡᠭᠦᠰᠴᠦ᠍ ᠪᠣᠯᠬᠤ ᠡᠨᠧᠷᠬᠢ᠎ᠶ᠋ᠢᠨ ᠰᠠᠭᠤᠷᠢᠨ  ᠪᠠᠢᠭᠤᠯᠬᠤ᠎ᠶ᠋ᠢ ᠳᠡᠮᠵᠢᠨ᠎ᠡ᠃

(ᠵᠢᠷᠭᠤᠭ᠎ᠠ) ᠰᠠᠭᠤᠷᠢ ᠪᠠᠲᠤᠯᠠᠭ᠎ᠠ᠎ᠶ᠋ᠢ ᠰᠠᠬᠢᠵᠤ ᠦᠨᠳᠦᠰᠦᠨ ᠵᠦᠢᠯ᠎ᠢ ᠪᠠᠲᠤᠯᠠᠨ ᠳᠤᠲᠠᠭᠤᠳᠠᠯ᠎ᠢᠶᠠᠨ ᠨᠥᠬᠦᠪᠦᠷᠢᠯᠡᠬᠦ᠌᠎ᠪᠠᠷ ᠬᠦᠴᠦᠯᠡᠨ ᠴᠢᠷᠮᠠᠢᠵᠤ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠦᠷᠭᠦᠯᠵᠢᠯᠡᠨ ᠨᠡᠮᠡᠭ᠌ᠳᠡᠭᠦᠯᠦᠨ᠎ᠡ᠃ ᠠᠵᠤ ᠠᠬᠤᠢ᠎ᠶ᠋ᠢᠨ ᠬᠥᠭ᠌ᠵᠢᠯᠲᠡ ᠪᠠ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠴᠢᠳᠠᠯ᠎ᠤᠨ᠎ᠢᠶᠠᠨ ᠬᠢᠷᠢ᠎ᠪᠠᠷ ᠴᠢᠷᠮᠠᠢᠨ ᠠᠵᠢᠯᠯᠠᠵᠤ᠂ ᠭᠤᠣᠯᠳᠠᠭᠤ ᠣᠯᠠᠨ ᠲᠦᠮᠡᠨ᠎ᠤ ᠬᠠᠮᠤᠭ᠎ᠠᠴᠠ ᠠᠩᠬᠠᠷᠴᠤ᠌ ᠪᠠᠢᠭ᠎ᠠ ᠬᠦᠷᠢᠶᠡᠨ᠎ᠳᠠᠬᠢ ᠣᠯᠠᠨ ᠨᠡᠢᠲᠡ᠎ᠶ᠋ᠢᠨ ᠦᠨᠳᠦᠰᠦᠨ ᠦᠢᠯᠡᠴᠢᠯᠡᠭᠡ᠎ᠶ᠋ᠢ ᠣᠨᠣᠴᠠᠲᠠᠢ ᠬᠠᠩᠭᠠᠵᠤ᠂ ᠬᠠᠮᠲᠤ᠎ᠪᠠᠷ ᠴᠢᠨᠡᠭᠡᠯᠢᠭ᠌ᠵᠢᠬᠦ᠌ ᠬᠠᠷᠠᠯᠲᠠ ᠲᠡᠢᠰᠢ ᠯᠠᠪᠳᠠᠭᠤᠨ ᠪᠠᠲᠤᠲᠠᠢ ᠤᠷᠤᠭ᠍ᠰᠢᠯᠠᠨ᠎ᠠ᠃

ᠠᠵᠢᠯ ᠣᠯᠭᠤᠯᠲᠠ᠎ᠶ᠋ᠢ ᠦᠨᠡᠨ ᠬᠦ᠌ ᠲᠣᠭ᠍ᠲᠠᠭᠤᠨ᠎ᠢᠶᠠᠷ ᠥᠷᠭᠡᠳᠭᠡᠨ᠎ᠡ᠃ ᠴᠢᠨᠠᠷ ᠰᠠᠢᠲᠠᠢ ᠬᠥᠭ᠌ᠵᠢᠯᠲᠡ᠎ᠶ᠋ᠢᠨ ᠶᠠᠪᠤᠴᠠ᠎ᠳᠤ ᠠᠵᠢᠯ ᠣᠯᠭᠤᠯᠲᠠ᠎ᠶ᠋ᠢ ᠲᠡᠷᠢᠭᠦᠨ᠎ᠳᠤ ᠲᠠᠯᠪᠢᠬᠤ ᠤᠳᠤᠷᠢᠳᠤᠮᠵᠢ᠎ᠶ᠋ᠢ ᠴᠢᠩᠭᠠᠷᠠᠭᠤᠯᠤᠨ᠂ ᠠᠵᠤ ᠠᠬᠤᠢᠯᠠᠯ᠎ᠢ ᠲᠣᠭ᠍ᠲᠠᠭᠤᠨ ᠪᠠᠢᠯᠭᠠᠬᠤ᠎ᠪᠠᠷ ᠠᠵᠢᠯ ᠣᠯᠭᠤᠯᠲᠠ᠎ᠶ᠋ᠢ ᠲᠣᠭ᠍ᠲᠠᠭᠤᠨ ᠪᠣᠯᠭᠠᠵᠤ᠂ ᠠᠵᠤ ᠠᠬᠤᠢᠯᠠᠯ᠎ᠢ ᠪᠠᠲᠤᠯᠠᠬᠤ᠎ᠪᠠᠷ ᠠᠵᠢᠯ ᠣᠯᠭᠤᠯᠲᠠ᠎ᠶ᠋ᠢ ᠪᠠᠲᠤᠯᠠᠵᠤ᠂ ᠠᠵᠢᠯ  ᠣᠯᠭᠤᠯᠲᠠ᠎ᠶ᠋ᠢ  ᠳᠠᠢᠴᠢᠯᠠᠬᠤ ᠬᠦᠴᠦᠨ᠎ᠢᠶᠠᠷ ᠴᠢᠩᠭ᠎ᠠ ᠪᠠᠢᠭ᠎ᠠ ᠳᠤᠮᠳᠠ ᠵᠢᠵᠢᠭ ᠪᠢᠴᠢᠯ ᠠᠵᠤ ᠠᠬᠤᠢᠯᠠᠯ᠂ ᠠᠵᠢᠯ ᠣᠯᠭᠤᠯᠲᠠ᠎ᠶ᠋ᠢ ᠳᠠᠢᠴᠢᠯᠠᠬᠤ ᠬᠡᠪᠴᠢᠶ᠎ᠡ᠎ᠪᠠᠷ ᠥᠷᠭᠡᠨ ᠪᠠᠢᠭ᠎ᠠ ᠬᠤᠪᠢ᠎ᠶ᠋ᠢᠨ ᠦᠢᠯᠡᠳᠪᠦᠷᠢ ᠬᠤᠳᠠᠯᠳᠤᠭᠠᠨ᠎ᠤ ᠡᠷᠦᠬᠡ᠎ᠶ᠋ᠢ ᠬᠦᠴᠦᠲᠠᠢ ᠲᠡᠳᠬᠦᠵᠦ᠍᠂ ᠠᠵᠢᠯ ᠣᠯᠭᠤᠯᠲᠠ᠎ᠶ᠋ᠢᠨ ᠲᠡᠯ᠎ᠠ᠎ᠳᠠᠬᠢ ᠠᠵᠤ ᠠᠬᠤᠢ᠎ᠶ᠋ᠢᠨ ᠨᠡᠮᠡᠭ᠌ᠳᠡᠯ᠎ᠤᠨ ᠳᠠᠢᠴᠢᠯᠠᠬᠤ ᠬᠦᠴᠦᠨ᠎ᠢ  ᠳᠡᠭᠡᠭ᠌ᠰᠢᠯᠡᠭᠦᠯᠦᠨ᠎ᠡ᠃ ᠶᠡᠭᠡ ᠳᠡᠭᠡᠳᠦ ᠰᠤᠷᠭᠠᠭᠤᠯᠢ ᠲᠡᠭᠦᠰᠦᠭ᠌ᠰᠡᠳ᠂ ᠴᠡᠷᠢᠭ᠎ᠤᠨ ᠠᠯᠪᠠ᠎ᠠᠴᠠ ᠬᠠᠯᠠᠭ᠍ᠳᠠᠭ᠍ᠰᠠᠳ᠂ ᠠᠵᠢᠯ ᠠᠯᠳᠠᠭ᠍ᠰᠠᠳ ᠵᠡᠷᠭᠡ ᠭᠤᠣᠯᠳᠠᠯᠭ᠎ᠠ ᠪᠣᠯᠬᠤ ᠬᠦᠮᠦᠰ᠎ᠤᠨ ᠠᠵᠢᠯ ᠣᠯᠭᠤᠯᠲᠠ᠎ᠶ᠋ᠢ ᠲᠥᠷᠥᠯ ᠬᠤᠪᠢᠶᠠᠨ ᠪᠠᠲᠤᠯᠠᠵᠤ᠂ ᠠᠵᠢᠯ ᠣᠯᠬᠤ᠎ᠳᠤ ᠬᠦᠴᠢᠷᠳᠡᠯᠲᠡᠢ ᠪᠠᠢᠭ᠎ᠠ ᠬᠥᠮᠥᠰ᠎ᠢ ᠬᠠᠪᠰᠤᠷᠤᠨ ᠲᠡᠳᠬᠦᠵᠦ᠍ ᠪᠠᠢᠭᠠᠳ ᠠᠵᠢᠯ ᠣᠯᠭᠤᠵᠤ᠂ ᠲᠠᠷᠢᠶᠠᠯᠠᠬᠤ ᠮᠠᠯᠵᠢᠬᠤ ᠣᠷᠣᠨ᠎ᠤ ᠬᠥᠳᠡᠯᠮᠦᠷᠢ ᠬᠦᠴᠦᠨ᠎ᠢ ᠨᠠᠭᠠᠳᠦ ᠵᠠᠬ᠎ᠠ᠎ᠳᠤ᠎ᠪᠠᠨ 240 ᠲᠦᠮᠡ ᠱᠢᠯᠵᠢᠭᠦᠯᠦᠨ᠎ᠡ᠃ ᠠᠮᠢᠳᠤᠯᠢᠭ᠎ᠢᠶᠠᠷ ᠠᠵᠢᠯ ᠣᠯᠭᠤᠬᠤ᠎ᠳᠤ ᠬᠥᠳᠡᠯᠮᠦᠷᠢ ᠬᠦᠴᠦᠨ᠎ᠤ ᠬᠡᠷᠡᠭ᠌ᠯᠡᠯᠳᠡ ᠪᠠ ᠨᠡᠢᠭᠡᠮ᠎ᠤᠨ ᠪᠠᠲᠤᠯᠠᠭ᠎ᠠ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠪᠦᠷᠢᠨᠱᠢᠭᠦᠯᠵᠦ᠍᠂ ᠲᠦᠷᠭᠡᠨ ᠢᠯᠡᠭᠡᠭ᠌ᠴᠢ ᠵᠠᠯᠠᠭᠤ᠂ ᠵᠠᠬᠢᠶᠠᠯᠠᠭ᠎ᠠ᠎ᠶ᠋ᠢᠨ ᠬᠤᠭᠤᠯᠠ ᠬᠦᠷᠭᠡᠭ᠌ᠴᠢ ᠵᠡᠷᠭᠡ ᠬᠦᠮᠦᠰ᠎ᠤᠨ ᠡᠷᠬᠡ ᠠᠱᠢᠭ᠎ᠢ ᠪᠠᠲᠤᠯᠠᠨ᠎ᠠ᠃ 《ᠦᠢᠯᠡᠰ ᠪᠣᠰᠭᠠᠬᠤ ᠥᠪᠥᠷ ᠮᠣᠩᠭᠤᠯ》 ᠎ᠤ᠋ᠨ ᠠᠵᠢᠯᠯᠠᠭᠠᠨ᠎ᠢ ᠭᠦᠨᠵᠡᠭᠡᠢᠷᠡᠭᠦᠯᠦᠨ᠂ ᠡᠯ᠎ᠡ ᠭᠠᠵᠠᠷ᠎ᠢ ᠳᠡᠮᠵᠢᠵᠦ᠍ ᠪᠠᠢᠭᠠᠳ ᠭᠤᠣᠯᠳᠠᠯᠭ᠎ᠠ ᠪᠣᠯᠬᠤ ᠬᠦᠮᠦᠰ᠎ᠤᠨ ᠠᠵᠢᠯ ᠣᠯᠭᠤᠯᠲᠠ᠎ᠶ᠋ᠢᠨ ᠰᠠᠭᠤᠷᠢᠨ   ᠪᠠ ᠦᠢᠯᠡᠰ ᠪᠣᠰᠭᠠᠬᠤ ᠬᠦᠷᠢᠶᠡᠯᠡᠩ ᠲᠣᠭᠤᠷᠢᠭ᠎ᠢ ᠡᠭᠦᠳᠦᠨ ᠪᠠᠢᠭᠤᠯᠵᠦ᠍᠂ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠦᠢᠯᠡᠴᠢᠯᠡᠭᠡᠨ᠎ᠤ ᠠᠵᠤ ᠦᠢᠯᠡᠰ᠎ᠤᠨ ᠬᠦᠷᠢᠶᠡᠯᠡᠩ ᠪᠠᠢᠭᠤᠯᠬᠤ᠎ᠶ᠋ᠢ ᠨᠢᠭᠡᠳᠦᠯᠲᠡᠢ ᠲᠥᠯᠥᠪᠯᠡᠵᠦ᠍ ᠠᠬᠢᠭᠤᠯᠤᠨ᠎ᠠ᠃ ᠠᠵᠢᠯ ᠮᠡᠷᠭᠡᠵᠢᠯ᠎ᠤᠨ ᠤᠷ᠎ᠠ ᠮᠡᠷᠭᠡᠱᠢᠯ᠎ᠤᠨ ᠥᠷᠭᠡᠨ ᠬᠡᠪᠴᠢᠶᠡᠨ᠎ᠤ ᠪᠣᠯᠪᠠᠰᠤᠷᠠᠯ᠎ᠢ ᠦᠷᠨᠢᠭᠦᠯᠦᠨ᠂ ᠤᠶᠤᠨᠯᠢᠭ᠎ᠢᠶᠠᠷ ᠠᠵᠢᠯ ᠣᠯᠭᠤᠬᠤ ᠦᠢᠯᠡᠴᠢᠯᠡᠭᠡᠨ᠎ᠤ ᠲᠠᠪᠴᠠᠩ᠎ᠢ ᠳᠡᠯᠭᠡᠷᠡᠭᠦᠯᠦᠨ ᠬᠡᠷᠡᠭ᠌ᠯᠡᠵᠦ᠍᠂ ᠬᠠᠩᠭᠠᠯᠭ᠎ᠠ ᠪᠠ ᠬᠡᠷᠡᠭ᠌ᠴᠡᠭᠡ᠎ᠶ᠋ᠢ ᠵᠣᠯᠭᠠᠯᠳᠤᠭᠤᠯᠬᠤ᠎ᠪᠠᠨ ᠪᠦᠲᠦᠮᠵᠢᠲᠡᠢ ᠵᠣᠬᠢᠶᠠᠨ ᠪᠠᠢᠭᠤᠯᠵᠤ᠂ ᠨᠡᠩ ᠤᠯᠠᠨ ᠬᠥᠳᠡᠯᠮᠦᠷᠢᠯᠡᠭ᠌ᠴᠢ᠎ᠶ᠋ᠢᠨ ᠠᠵᠢᠯ ᠤᠯᠵᠤ ᠦᠢᠯᠡᠰ ᠪᠤᠰᠭᠠᠬᠤ᠎ᠶ᠋ᠢ  ᠬᠠᠪᠰᠤᠷᠤᠨ ᠳᠡᠮᠵᠢᠨ᠎ᠡ᠃

ᠰᠤᠷᠭᠠᠨ ᠬᠥᠮᠥᠵᠢᠯ᠎ᠤᠨ ᠴᠢᠨᠠᠷ ᠴᠢᠨᠰᠠᠭ᠎ᠠ᠎ᠶ᠋ᠢ ᠦᠨᠡᠨ ᠬᠦ᠌ ᠳᠡᠭᠡᠭ᠌ᠰᠢᠯᠡᠭᠦᠯᠦᠨ᠎ᠡ᠃ ᠶᠣᠰᠤ ᠰᠤᠷᠲᠠᠬᠤᠨ᠎ᠢ ᠪᠣᠢ ᠪᠣᠯᠭᠠᠵᠤ ᠬᠥᠮᠥᠨ᠎ᠢ ᠬᠥᠮᠥᠵᠢᠭᠦᠯᠬᠦ᠌᠎ᠶ᠋ᠢ ᠪᠠᠷᠢᠮᠲᠠᠯᠠᠨ᠂ ᠶᠡᠭᠡ ᠳᠡᠭᠡᠲᠦ ᠰᠤᠷᠭᠠᠭᠤᠯᠢ ᠪᠠ ᠳᠤᠮᠳᠠᠳᠤ ᠪᠠᠭ᠎ᠠ ᠰᠤᠷᠭᠠᠭᠤᠯᠢ᠎ᠶ᠋ᠢᠨ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ᠎ᠤᠨ ᠨᠢᠭᠡ ᠴᠤᠭ᠍ᠴᠠᠵᠢᠭ᠍ᠰᠠᠨ ᠪᠠᠢᠭᠤᠯᠤᠯᠲᠠ᠎ᠶ᠋ᠢ ᠨᠢᠭᠡᠳᠦᠯᠲᠡᠢ ᠲᠥᠯᠥᠪᠯᠡᠵᠦ᠍ ᠠᠬᠢᠭᠤᠯᠤᠨ᠎ᠠ᠃ 《ᠬᠡᠤᠬᠡᠳ᠎ᠤᠨ ᠴᠡᠴᠡᠷᠯᠢᠭ᠎ᠲᠤ ᠣᠷᠣᠬᠤ᠎ᠳᠤ ᠬᠦᠴᠢᠷᠲᠡᠢ》 ᠪᠠᠢᠭ᠎ᠠ ᠠᠰᠠᠭᠤᠳᠠᠯ᠎ᠢ ᠣᠯᠠᠨ ᠠᠷᠭ᠎ᠠ ᠵᠠᠮ᠎ᠢᠶᠠᠷ ᠱᠢᠢᠳᠪᠦᠷᠢᠯᠡᠵᠦ᠍᠂ ᠠᠯᠪᠠᠨ ᠵᠢᠷᠤᠮ᠎ᠤᠨ ᠰᠤᠷᠭᠠᠨ ᠬᠥᠮᠥᠵᠢᠯ ᠵᠢᠴᠢ ᠰᠤᠷᠭᠠᠭᠤᠯᠢ ᠵᠢᠨ  ᠨᠠᠰᠦᠨ᠎ᠠᠴᠠ ᠡᠮᠦᠨᠡᠬᠢ ᠰᠤᠷᠭᠠᠨ ᠬᠦᠮᠦᠵᠢᠯ᠎ᠤᠨ ᠠᠯᠪᠠᠨ ᠵᠠᠷᠤᠳᠠᠯ᠎ᠤᠨ ᠣᠷᠤᠭᠤᠯᠤᠯᠲᠠ ᠪᠠ ᠠᠯᠪᠠᠨ᠎ᠠᠴᠠ ᠪᠠᠢᠭᠤᠯᠤᠭ᠍ᠰᠠᠨ ᠰᠤᠷᠭᠠᠭᠤᠯᠢ᠎ᠶ᠋ᠢᠨ ᠰᠤᠷᠤᠭ᠍ᠴᠢᠳ᠎ᠤᠨ ᠪᠠᠢᠷᠢ ᠣᠷᠣ᠎ᠶ᠋ᠢᠨ ᠬᠠᠩᠭᠠᠯᠭ᠎ᠠ᠎ᠶ᠋ᠢ ᠨᠡᠮᠡᠭ᠌ᠳᠡᠭᠦᠯᠦᠨ᠂ 《ᠬᠤᠶᠠᠷ᠎ᠢ ᠬᠥᠩᠭᠡᠷᠡᠭᠦᠯᠬᠦ᠌》 ᠦᠷ᠎ᠡ ᠪᠦᠲᠦᠮᠵᠢ᠎ᠪᠠᠨ ᠦᠷᠭᠦᠯᠵᠢᠯᠡᠨ ᠳᠡᠭᠡᠭ᠌ᠰᠢᠯᠡᠭᠦᠯᠵᠦ᠍᠂ ᠠᠷᠠᠳ᠎ᠠᠴᠠ ᠡᠷᠬᠢᠯᠡᠭ᠌ᠰᠡᠨ ᠠᠯᠪᠠᠨ ᠵᠢᠷᠤᠮ᠎ᠤᠨ ᠰᠤᠷᠭᠠᠨ ᠬᠥᠮᠥᠵᠢᠯ᠎ᠢ ᠵᠢᠷᠤᠮᠵᠢᠭᠤᠯᠤᠨ᠂ ᠱᠢᠶᠠᠨ᠎ᠤ ᠬᠡᠪᠴᠢᠶᠡᠨ᠎ᠤ ᠠᠯᠪᠠᠨ ᠵᠢᠷᠤᠮ᠎ᠤᠨ ᠰᠤᠷᠭᠠᠨ ᠬᠥᠮᠥᠵᠢᠯ᠎ᠤᠨ ᠴᠢᠨᠠᠷ ᠰᠠᠢᠲᠠᠢ ᠲᠡᠩᠴᠡᠭᠦᠷᠢᠲᠡᠢ ᠬᠦᠭ᠌ᠵᠢᠬᠦ᠌᠎ᠶ᠋ᠢ ᠠᠬᠢᠭᠤᠯᠵᠤ᠂ ᠬᠡᠦᠬᠡᠳ ᠪᠦᠬᠦᠨ᠎ᠢ ᠣᠢᠷ᠎ᠠ ᠬᠠᠪᠢ᠎ᠶ᠋ᠢᠨ ᠰᠤᠷᠭᠠᠭᠤᠯᠢ᠎ᠳᠤ᠎ᠪᠠᠨ ᠰᠠᠢᠲᠤᠷ ᠰᠤᠷᠤᠯᠴᠠᠭᠤᠯᠬᠤ᠎ᠪᠠᠷ ᠴᠢᠷᠮᠠᠢᠨ᠎ᠠ᠃ ᠳᠡᠭᠡᠲᠦ ᠰᠤᠷᠭᠠᠭᠤᠯᠢ᠎ᠶ᠋ᠢᠨ ᠨᠢᠭᠡᠳᠦᠯᠲᠡᠢ ᠱᠢᠯᠭᠠᠯᠲᠠ᠎ᠶ᠋ᠢᠨ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢ ᠡᠬᠢᠯᠡᠭᠦᠯᠵᠦ᠍᠂  ᠡᠩ᠎ᠤᠨ  ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠰᠤᠷᠭᠠᠨ ᠬᠥᠮᠥᠵᠢᠯ᠎ᠤᠨ ᠣᠯᠠᠨ ᠶᠠᠩᠵᠤ ᠬᠡᠯᠪᠡᠷᠢ᠎ᠲᠠᠢ ᠦᠪᠡᠷᠮᠢᠴᠡ ᠣᠨᠴᠠᠯᠢᠭ᠎ᠲᠠᠢ ᠬᠥᠭ᠌ᠵᠢᠬᠦ᠌᠎ᠶ᠋ᠢ ᠠᠬᠢᠭᠤᠯᠤᠨ᠎ᠠ᠃ ᠠᠵᠢᠯ ᠮᠡᠷᠭᠡᠵᠢᠯ᠎ᠤᠨ ᠰᠤᠷᠭᠠᠨ ᠬᠥᠮᠥᠵᠢᠯ᠎ᠤᠨ 《ᠬᠤᠶᠠᠷ ᠥᠨᠳᠥᠷ ᠲᠦᠪᠱᠢᠨ》᠂ 《ᠬᠤᠶᠠᠷ ᠴᠢᠨᠠᠷ ᠰᠠᠢᠳᠠᠢ》 ᠲᠥᠯᠥᠪᠯᠡᠭᠡ᠎ᠶ᠋ᠢ ᠬᠡᠷᠡᠭ᠌ᠵᠢᠭᠦᠯᠵᠦ᠍᠂ ᠶᠠᠮᠤᠨ ᠪᠠ ᠥᠪᠡᠷᠲᠡᠭᠡᠨ ᠵᠠᠰᠠᠬᠤ ᠣᠷᠣᠨ 《ᠤᠷ᠎ᠠ ᠮᠡᠷᠭᠡᠱᠢᠯᠲᠦ ᠥᠪᠥᠷ ᠮᠣᠩᠭᠤᠯ》 ᠢ᠋ ᠬᠠᠮᠲᠤ᠎ᠪᠠᠷ ᠪᠠᠢᠭᠤᠯᠬᠤ᠎ᠶ᠋ᠢ ᠠᠬᠢᠭᠤᠯᠵᠤ᠂ ᠭᠤᠣᠯᠳᠠᠯᠭ᠎ᠠ ᠪᠣᠯᠬᠤ ᠠᠵᠤ ᠦᠢᠯᠡᠰ ᠪᠠ ᠵᠠᠬ᠎ᠠ ᠳᠡᠯᠭᠡᠭᠦᠷ᠎ᠤᠨ ᠬᠡᠷᠡᠭ᠌ᠴᠡᠭᠡ ᠱᠠᠭᠠᠷᠳᠠᠯᠭ᠎ᠠ᠎ᠶ᠋ᠢ ᠵᠠᠯᠭᠠᠯᠳᠤᠭᠤᠯᠵᠤ ᠪᠠᠢᠭᠠᠳ ᠦᠢᠯᠡᠳᠪᠦᠷᠢᠯᠡᠯ ᠪᠠ ᠵᠢᠭᠠᠨ ᠰᠤᠷᠭᠠᠯᠲᠠ᠎ᠶ᠋ᠢᠨ ᠠᠭᠤᠰᠤᠯᠴᠠᠬᠤ᠂ ᠰᠤᠷᠭᠠᠭᠤᠯᠢ ᠪᠠ ᠠᠵᠤ ᠠᠬᠤᠢᠯᠠᠯ᠎ᠤᠨ ᠬᠠᠮᠲᠤᠷᠠᠯᠴᠠᠨ ᠠᠵᠢᠯᠯᠠᠬᠤ᠎ᠶ᠋ᠢ ᠭᠦᠨᠵᠡᠭᠡᠢᠷᠡᠭᠦᠯᠦᠨ᠎ᠡ᠃ ᠶᠡᠭᠡ ᠳᠡᠭᠡᠳᠦ ᠰᠤᠷᠭᠠᠭᠤᠯᠢ᠎ᠶ᠋ᠢᠨ ᠲᠣᠬᠢᠷᠠᠭᠤᠯᠤᠯᠲᠠ ᠪᠠ ᠲᠤᠰᠭᠠᠢ ᠮᠡᠷᠭᠡᠵᠢᠯ᠎ᠤᠨ ᠪᠠᠢᠷᠢᠯᠠᠭᠤᠯᠤᠯᠲᠠ᠎ᠶ᠋ᠢ ᠱᠢᠯᠢᠳᠡᠭ᠌ᠵᠢᠭᠦᠯᠦᠨ᠂ ᠶᠠᠮᠤᠨ ᠪᠠ ᠥᠪᠡᠷᠲᠡᠭᠡᠨ ᠵᠠᠰᠠᠬᠤ ᠣᠷᠣᠨ᠎ᠤ 《ᠬᠤᠣᠰ ᠲᠡᠷᠢᠭᠦᠨ ᠳᠡᠰ》 ᠎ᠤ᠋ᠨ ᠶᠡᠭᠡ ᠳᠡᠭᠡᠲᠦ ᠰᠤᠷᠭᠠᠭᠤᠯᠢ᠎ᠶ᠋ᠢ ᠬᠠᠮᠲᠤ᠎ᠪᠠᠷ ᠪᠠᠢᠭᠤᠯᠬᠤ ᠡᠷᠴᠢᠮ᠎ᠢ ᠴᠢᠩᠭᠠᠷᠠᠭᠤᠯᠤᠨ᠂ ᠴᠢᠨᠠᠷ ᠰᠠᠢᠲᠠᠢ ᠬᠥᠭ᠌ᠵᠢᠯᠲᠡ᠎ᠶ᠋ᠢᠨ ᠬᠡᠷᠡᠭ᠌ᠴᠡᠭᠡ᠎ᠳᠤ ᠰᠤᠷᠭᠠᠨ ᠬᠥᠮᠥᠵᠢᠯ᠎ᠤᠨ ᠨᠡᠩ ᠰᠠᠢᠨ ᠵᠣᠬᠢᠴᠠᠬᠤ᠎ᠶ᠋ᠢ ᠠᠬᠢᠭᠤᠯᠤᠨ᠎ᠠ᠃

ᠠᠷᠠᠳ ᠲᠦᠮᠡᠨ᠎ᠤ ᠡᠷᠡᠭᠦᠯ ᠮᠡᠨᠳᠦ᠍᠎ᠶ᠋ᠢ ᠦᠨᠡᠨ ᠬᠦ᠌ ᠪᠠᠲᠤᠯᠠᠨ᠎ᠠ᠃ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠲᠣᠭ᠍ᠳᠠᠯᠴᠠᠭ᠎ᠠ᠎ᠶ᠋ᠢᠨ ᠥᠭᠡᠷᠡᠴᠢᠯᠡᠯᠲᠡ᠎ᠶ᠋ᠢ ᠠᠬᠢᠭᠤᠯᠵᠤ᠂ ᠦᠨᠳᠦᠰᠦᠨ ᠱᠠᠲᠤᠨ᠎ᠤ ᠬᠢᠵᠢᠭ᠎ᠤᠨ ᠪᠠᠢᠳᠠᠯ᠎ᠢ ᠬᠢᠨᠠᠨ ᠱᠢᠨᠵᠢᠵᠦ᠍ ᠰᠡᠷᠡᠮᠵᠢᠯᠡᠭᠦᠯᠬᠦ᠂ ᠪᠠᠴᠢᠮ ᠪᠠᠢᠳᠠᠯ᠎ᠢ ᠠᠷᠭᠠᠴᠠᠭᠠᠵᠤ ᠱᠢᠢᠳᠪᠦᠷᠢᠯᠡᠬᠦ᠌ ᠪᠠ ᠲᠣᠭ᠍ᠲᠠᠭ᠍ᠰᠠᠨ ᠴᠡᠭ᠎ᠤᠨ ᠡᠮᠨᠡᠯᠭᠡ᠎ᠶ᠋ᠢᠨ ᠬᠤᠷᠢᠶᠠᠨ᠎ᠤ ᠡᠮᠨᠡᠨ ᠠᠪᠤᠷᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠣᠷᠣᠨ ᠪᠦᠰᠡ᠎ᠶ᠋ᠢᠨ ᠡᠮᠴᠢᠯᠡᠭᠡᠨ᠎ᠤ ᠲᠥᠪ᠎ᠤᠨ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠨ᠂ ᠠᠯᠪᠠᠨ᠎ᠠᠴᠠ ᠪᠠᠢᠭᠤᠯᠤᠭ᠍ᠰᠠᠨ ᠡᠮᠨᠡᠯᠭᠡ᠎ᠶ᠋ᠢᠨ ᠬᠤᠷᠢᠶᠠᠨ᠎ᠤ ᠴᠢᠨᠠᠷ ᠰᠠᠢᠲᠠᠢ ᠬᠥᠭ᠌ᠵᠢᠯᠲᠡ᠎ᠪᠠᠨ ᠠᠬᠢᠭᠤᠯᠬᠤ  ᠠᠵᠢᠯᠯᠠᠭᠠᠨ᠎ᠢ ᠬᠡᠷᠡᠭ᠌ᠵᠢᠭᠦᠯᠵᠦ᠍᠂ ᠱᠢᠶᠠᠨ᠎ᠤ ᠬᠡᠪᠴᠢᠶᠡᠨ᠎ᠤ ᠨᠢᠭ᠍ᠲᠠ ᠬᠠᠷᠢᠴᠠᠭᠠᠨ᠎ᠤ ᠬᠡᠯᠪᠡᠷᠢ ᠪᠦᠬᠦᠢ ᠡᠮᠴᠢᠯᠡᠭᠡᠨ᠎ᠤ ᠬᠠᠮᠲᠤ᠎ᠶ᠋ᠢᠨ ᠴᠣᠭ᠍ᠴᠠ᠎ᠶ᠋ᠢᠨ ᠲᠤᠷᠱᠢᠯᠲᠠ᠎ᠶ᠋ᠢᠨ ᠴᠡᠭ᠎ᠤᠨ ᠪᠠᠢᠭᠤᠯᠤᠯᠲᠠ᠎ᠶ᠋ᠢ ᠠᠬᠢᠭᠤᠯᠤᠨ᠂ ᠡᠮᠨᠡᠯᠭᠡ᠎ᠶ᠋ᠢᠨ  ᠠᠵᠢᠯᠲᠠᠳ᠎ᠢ  ᠬᠠᠮᠠᠭᠠᠯᠠᠵᠤ ᠬᠠᠯᠠᠮᠵᠢᠯᠠᠵᠤ ᠬᠠᠢᠷᠠᠯᠠᠬᠤ ᠤᠷᠲᠤ ᠬᠤᠭᠤᠴᠠᠭᠠᠨ᠎ᠤ ᠪᠦᠲᠦᠮᠵᠢᠲᠡᠢ ᠲᠣᠭ᠍ᠲᠠᠴᠠ᠎ᠶ᠋ᠢ ᠨᠠᠢᠳᠠᠪᠤᠷᠢᠵᠢᠭᠤᠯᠤᠨ᠎ᠠ᠃ ᠪᠡᠭᠡᠵᠢᠩ ᠪᠠ ᠥᠪᠥᠷ ᠮᠣᠩᠭᠤᠯ᠂ ᠱᠠᠩᠬᠠᠢ ᠪᠠ ᠥᠪᠥᠷ ᠮᠣᠩᠭᠤᠯ᠎ᠤᠨ ᠡᠮᠴᠢᠯᠡᠭᠡᠨ᠎ᠤ ᠪᠠᠢᠭᠤᠯᠤᠮᠵᠢ᠎ᠶ᠋ᠢᠨ ᠬᠠᠮᠲᠤᠷᠠᠯᠴᠠᠭ᠎ᠠ᠎ᠶ᠋ᠢ ᠴᠢᠩᠭᠠᠳᠭᠠᠨ᠂ ᠬᠢᠲᠡᠳ ᠡᠮ (ᠮᠣᠩᠭᠤᠯ ᠡᠮ) ᠎ᠢ᠋ ᠬᠥᠭ᠌ᠵᠢᠭᠦᠯᠦᠨ ᠮᠠᠨᠳᠤᠭᠤᠯᠬᠤ ᠴᠢᠬᠤᠯᠠ ᠶᠡᠭᠡ ᠢᠨᠵᠧᠨᠧᠷᠢᠩ᠎ᠢ ᠪᠦᠬᠦ᠌ ᠲᠠᠯ᠎ᠠ᠎ᠪᠠᠷ ᠬᠡᠷᠡᠭ᠌ᠵᠢᠭᠦᠯᠦᠨ᠎ᠡ᠃ ᠦᠷᠭᠦᠯᠵᠢ ᠲᠣᠬᠢᠶᠠᠯᠳᠤᠬᠤ ᠡᠪᠡᠳᠴᠢᠨ᠎ᠢ ᠡᠮᠨᠡᠬᠦ᠌ ᠡᠮ᠎ᠤᠨ ᠵᠦᠢᠯ ᠪᠠ ᠡᠮᠨᠡᠯᠭᠡ᠎ᠳᠤ ᠬᠡᠷᠡᠭ᠌ᠯᠡᠬᠦ᠌ ᠬᠤᠷᠣᠭ᠍ᠳᠠᠯ ᠮᠠᠲ᠋ᠧᠷᠢᠶᠠᠯ᠎ᠢ ᠲᠥᠪᠯᠡᠷᠡᠩᠭᠦᠢ᠎ᠪᠠᠷ ᠬᠡᠮᠵᠢᠶ᠎ᠡ᠎ᠲᠠᠢ ᠬᠤᠳᠠᠯᠳᠤᠨ ᠠᠪᠬᠤ ᠡᠷᠴᠢᠮ᠎ᠢᠶᠠᠨ ᠴᠢᠩᠭᠠᠷᠠᠭᠤᠯᠤᠨ᠂ ᠡᠮᠡᠭ᠌ᠲᠡᠢᠴᠦᠳ᠎ᠤᠨ 《ᠬᠤᠶᠠᠷ ᠵᠦᠢᠯ᠎ᠤᠨ ᠦᠮᠡᠨ》 ᠡᠪᠡᠳᠴᠢᠨ᠎ᠢ ᠱᠢᠭ᠌ᠰᠢᠨ ᠪᠠᠢᠴᠠᠭᠠᠬᠤ᠎ᠳᠤ ᠬᠠᠮᠤᠷᠬᠤ ᠬᠡᠪᠴᠢᠶ᠎ᠡ᠎ᠶ᠋ᠢ ᠦᠷᠭᠡᠳᠭᠡᠵᠦ᠍᠂ ᠭᠤᠤᠯᠳᠠᠯᠭ᠎ᠠ ᠪᠤᠯᠬᠤ ᠬᠦᠮᠦᠰ᠎ᠤᠨ ᠭᠡᠷ ᠪᠦᠯᠢ᠎ᠶ᠋ᠢᠨ ᠡᠮᠴᠢ᠎ᠯᠦᠭᠡ᠎ᠶ᠋ᠢᠨ ᠭᠡᠷ᠎ᠡ ᠲᠤᠬ᠍ᠲᠠᠬᠤ ᠨᠤᠷᠮ᠎ᠠ᠎ᠶ᠋ᠢ ᠳᠡᠭᠡᠭ᠌ᠰᠢᠯᠡᠭᠦᠯᠦᠨ᠂ ᠡᠮᠴᠢᠯᠡᠭᠡᠨ᠎ᠤ ᠳᠠᠭᠠᠳᠭᠠᠯ᠎ᠤᠨ ᠲᠥᠯᠥᠬᠦ᠌ ᠠᠷᠭ᠎ᠠ ᠬᠡᠯᠪᠡᠷᠢ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠣᠯᠠᠨ ᠲᠦᠮᠡᠨ᠎ᠤ ᠡᠪᠡᠳᠴᠢᠨ᠎ᠢᠶᠠᠨ ᠡᠮᠨᠡᠭᠦᠯᠬᠦ᠌ ᠳᠠᠷᠤᠭᠠᠰᠤ᠎ᠶ᠋ᠢ ᠴᠢᠷᠮᠠᠢᠨ ᠬᠥᠩᠭᠡᠷᠡᠭᠦᠯᠦᠨ᠎ᠡ᠃

ᠨᠡᠢᠭᠡᠮ᠎ᠤᠨ ᠪᠠᠲᠤᠯᠠᠭ᠎ᠠ᠎ᠶ᠋ᠢ ᠦᠨᠡᠨ ᠬᠦ᠌ ᠴᠢᠩᠭᠠᠳᠭᠠᠨ᠎ᠠ᠃ ᠪᠦᠬᠦ᠌ ᠠᠷᠠᠳ᠎ᠤᠨ ᠳᠠᠭᠠᠳᠭᠠᠯ᠎ᠳᠤ ᠣᠷᠣᠯᠴᠠᠬᠤ ᠲᠥᠯᠥᠪᠯᠡᠭᠡ᠎ᠶ᠋ᠢ ᠭᠦᠨᠵᠡᠭᠡᠢ ᠬᠡᠷᠡᠭ᠌ᠵᠢᠭᠦᠯᠵᠦ᠍᠂ ᠨᠠᠰᠤᠵᠢᠯ᠎ᠤᠨ ᠦᠨᠳᠦᠰᠦᠨ ᠳᠠᠭᠠᠳᠭᠠᠯ᠎ᠳᠤ ᠣᠷᠣᠯᠴᠠᠭ᠍ᠰᠠᠳ᠎ᠢ 40 ᠲᠦᠮᠡᠨ ᠬᠦᠮᠦᠨ ᠨᠡᠮᠡᠭ᠌ᠳᠡᠭᠦᠯᠵᠦ᠍᠂ ᠳᠠᠭᠠᠳᠭᠠᠯ᠎ᠳᠤ ᠣᠷᠣᠯᠴᠠᠭ᠍ᠰᠠᠨ ᠨᠤᠷᠮ᠎ᠠ᠎ᠶ᠋ᠢ 86% ᠎ᠠᠴᠠ ᠳᠡᠭᠡᠭ᠌ᠰᠢ ᠪᠣᠯᠭᠠᠨ᠂ ᠠᠵᠤ ᠠᠬᠤᠢᠯᠠᠯ᠎ᠤᠨ ᠠᠵᠢᠯᠲᠠᠨ ᠠᠵᠢᠯᠴᠢᠨ᠎ᠤ ᠨᠠᠰᠤᠵᠢᠯ᠎ᠤᠨ ᠦᠨᠳᠦᠰᠦᠨ ᠳᠠᠭᠠᠳᠭᠠᠯ᠎ᠤᠨ ᠪᠦᠬᠦ᠌ ᠤᠯᠤᠰ᠎ᠲᠤ ᠨᠢᠭᠡᠳᠦᠯᠲᠡᠢ ᠲᠦᠯᠦᠪᠯᠡᠬᠦ᠌ ᠳᠦᠷᠢᠮ᠎ᠢ ᠨᠠᠢᠳᠠᠪᠤᠷᠢᠵᠢᠭᠤᠯᠤᠨ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠨᠦᠬᠦᠪᠦᠷᠢᠯᠡᠬᠦ᠌ ᠰᠠᠭᠤᠷᠢ ᠮᠥᠩᠭᠦᠨ᠎ᠤ  ᠣᠷᠤᠭᠤᠯᠤᠯᠲᠠ᠎ᠶ᠋ᠢᠨ ᠤᠷᠲᠤ ᠬᠤᠭᠤᠴᠠᠭᠠᠨ᠎ᠤ ᠪᠦᠲᠦᠮᠵᠢᠲᠡᠢ ᠲᠣᠭ᠍ᠲᠠᠴᠠ᠎ᠶ᠋ᠢ ᠪᠠᠢᠭᠤᠯᠤᠨ᠎ᠠ᠃ ᠡᠮᠴᠢᠯᠡᠭᠡᠨ᠎ᠤ ᠦᠨᠳᠦᠰᠦᠨ ᠳᠠᠭᠠᠳᠭᠠᠯ᠂ ᠠᠵᠢᠯ ᠠᠯᠳᠠᠭ᠍ᠰᠠᠳ᠎ᠤᠨ ᠳᠠᠭᠠᠳᠭᠠᠯ᠎ᠢ ᠥᠪᠡᠷᠳᠡᠭᠡᠨ ᠵᠠᠰᠠᠬᠤ  ᠤᠷᠤᠨ᠎ᠤ ᠱᠠᠳᠤᠨ᠎ᠳᠤ ᠨᠢᠭᠡᠳᠦᠯᠲᠡᠢ ᠲᠦᠯᠦᠪᠯᠡᠬᠦ᠌᠎ᠶ᠋ᠢ ᠠᠬᠢᠭᠤᠯᠵᠤ᠂ ᠮᠤᠵᠢ ᠠᠯᠤᠰᠯᠠᠨ ᠣᠨᠳᠣᠣ ᠭᠠᠵᠠᠷ ᠡᠮᠨᠡᠬᠦᠯᠪᠡᠯ ᠱᠢᠭᠤᠳ ᠳ᠋ᠦᠩᠨᠡᠨ ᠪᠣᠳᠣᠬᠤ᠎ᠶ᠋ᠢ ᠱᠢᠯᠢᠳᠡᠭ᠌ᠵᠢᠭᠦᠯᠦᠨ᠎ᠡ᠃ ᠣᠯᠠᠨ ᠲᠦᠮᠡᠨ᠎ᠤ ᠣᠷᠣᠨ ᠰᠠᠭᠤᠴᠠ᠎ᠶ᠋ᠢᠨ ᠦᠨᠳᠦᠰᠦᠨ ᠬᠡᠷᠡᠭ᠌ᠴᠡᠭᠡ ᠱᠠᠭᠠᠷᠳᠠᠯᠭ᠎ᠠ᠎ᠶ᠋ᠢ ᠪᠠᠲᠤᠯᠠᠵᠤ᠂ ᠬᠤᠲᠠ ᠪᠠᠯᠭᠠᠰᠤᠨ᠎ᠤ ᠬᠠᠭᠤᠴᠢᠨ ᠰᠠᠭᠤᠭᠠᠯᠢ ᠲᠣᠭᠤᠷᠢᠭ᠎ᠲᠠᠬᠢ 21.37 ᠲᠦᠮᠡᠨ ᠡᠷᠦᠬᠡ᠎ᠶ᠋ᠢ ᠥᠭᠡᠷᠡᠴᠢᠯᠡᠨ ᠱᠢᠨᠡᠳᠭᠡᠬᠦ᠌ ᠪᠠ ᠲᠦᠬᠦᠮ ᠪᠦᠳᠦᠴᠡᠳᠦ ᠤᠷᠤᠨ  ᠰᠠᠭᠤᠴᠠ᠎ᠶ᠋ᠢᠨ  ᠲᠣᠭᠤᠷᠢᠭ᠎ᠲᠠᠬᠢ ᠲᠦᠮᠡᠨ ᠢᠵᠢ ᠭᠡᠷ ᠪᠠᠢᠱᠢᠩ᠎ᠢ ᠥᠭᠡᠷᠡᠴᠢᠯᠡᠨ ᠱᠢᠨᠡᠳᠭᠡᠬᠦ᠌᠎ᠶ᠋ᠢ ᠬᠡᠷᠡᠭ᠌ᠵᠢᠭᠦᠯᠦᠨ᠂ 1.2 ᠲᠦᠮᠡᠨ ᠢᠵᠢ ᠪᠠᠲᠤᠯᠠᠭ᠎ᠠ᠎ᠶ᠋ᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ᠎ᠶ᠋ᠢ ᠪᠠᠢᠭᠤᠯᠤᠨ᠎ᠠ᠃ 《ᠨᠠᠰᠤᠲᠠᠢᠴᠤᠳ ᠪᠠ ᠨᠢᠯᠬᠠᠰ》 ᠎ᠤ᠋ᠨ ᠠᠰᠠᠭᠤᠳᠠᠯ᠎ᠢ ᠳᠡᠭᠡᠳᠤ ᠬᠡᠮᠵᠢᠶ᠎ᠠ᠎ᠪᠠᠷ ᠴᠢᠬᠤᠯᠠᠴᠢᠯᠠᠵᠤ᠂ ᠭᠡᠷ᠎ᠲᠤ᠎ᠨᠢ ᠠᠰᠠᠷᠠᠬᠤ᠎ᠶ᠋ᠢ ᠬᠡᠷᠡᠭ᠌ᠵᠢᠭᠦᠯᠵᠦ᠍ ᠪᠦᠬᠦᠢ ᠨᠡᠢᠭᠡᠮ ᠲᠤᠭᠤᠷᠢᠭ᠎ᠤᠨ ᠪᠠᠢᠭᠤᠯᠤᠮᠵᠢ᠎ᠶ᠋ᠢᠨ ᠨᠠᠰᠤᠵᠢᠯ᠎ᠤᠨ ᠦᠢᠯᠡᠴᠢᠯᠡᠭᠡᠨ᠎ᠤ ᠵᠤᠬᠢᠴᠠᠩᠭᠤᠢ ᠬᠦᠭ᠌ᠵᠢᠯᠳᠠ᠎ᠶ᠋ᠢ ᠠᠬᠢᠭᠤᠯᠤᠨ᠂ ᠱᠢᠶᠠᠨ᠂ ᠱᠢᠶᠠᠩ᠂ ᠳᠤᠰᠭᠤᠨ ᠭᠤᠷᠪᠠᠨ ᠱᠠᠳᠤᠨ᠎ᠤ ᠨᠠᠰᠤᠵᠢᠯ᠎ᠤᠨ ᠦᠢᠯᠡᠴᠢᠯᠡᠭᠡᠨ᠎ᠤ ᠰᠦᠯᠵᠢᠶ᠎ᠠ᠎ᠶ᠋ᠢ ᠪᠠᠢᠭᠤᠯᠵᠤ᠂ ᠲᠥᠷᠥᠵᠦ᠍ ᠬᠦᠩᠭᠡᠵᠢᠬᠦ᠌ ᠲᠠᠯ᠎ᠠ᠎ᠶ᠋ᠢᠨ ᠱᠢᠨ᠎ᠡ ᠲᠦᠷᠦ᠍᠎ᠶ᠋ᠢᠨ ᠪᠤᠳᠤᠯᠭ᠎ᠠ᠎ᠶ᠋ᠢᠨ ᠪᠣᠳᠠᠲᠠᠢᠵᠢᠵᠤ ᠦᠷ᠎ᠠ ᠪᠦᠲᠦᠮᠵᠢ ᠤᠯᠬᠤ᠎ᠶ᠋ᠢ ᠠᠬᠢᠭᠤᠯᠵᠤ᠂ ᠤᠯᠠᠨ ᠲᠠᠯ᠎ᠠ᠎ᠶ᠋ᠢᠨ ᠬᠦᠴᠦᠨ᠎ᠢ ᠳᠠᠢᠴᠢᠯᠠᠵᠤ ᠪᠠᠢᠭᠠᠳ ᠨᠠᠰᠤᠵᠢᠯ᠂ ᠬᠡᠤᠬᠡᠳ ᠰᠠᠭᠠᠲᠠᠭᠤᠯᠵᠤ ᠠᠰᠠᠷᠠᠬᠤ ᠦᠢᠯᠡᠴᠢᠯᠡᠭᠡᠨ᠎ᠤ ᠬᠠᠩᠭᠠᠯᠭ᠎ᠠ᠎ᠶ᠋ᠢ ᠨᠡᠮᠡᠭ᠌ᠳᠡᠭᠦᠯᠦᠨ᠎ᠠ᠃ ᠡᠮᠡᠭ᠌ᠲᠡᠢᠴᠦᠳ ᠬᠡᠤᠬᠡᠳ᠎ᠤᠨ 《ᠬᠤᠶᠠᠷ ᠬᠦᠲᠦᠯᠪᠦᠷᠢ》 ᠎ᠶ᠋ᠢᠨ ᠬᠠᠷᠠᠯᠲᠠ ᠡᠭᠦᠷᠭᠡ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠤᠨ᠂ ᠨᠠᠰᠤᠨ᠎ᠳᠤ ᠥᠯᠥ᠍ ᠬᠦᠷᠦᠭ᠌ᠰᠡᠳ᠎ᠤᠨ ᠬᠠᠮᠠᠭᠠᠯᠠᠯᠲᠠ᠎ᠶ᠋ᠢ ᠴᠢᠩᠭᠠᠳᠭᠠᠨ᠎ᠠ᠃ ᠨᠡᠢᠭᠡᠮ᠎ᠤᠨ ᠠᠪᠤᠷᠠᠨ ᠳᠤᠰᠠᠯᠠᠬᠤ ᠲᠤᠭ᠍ᠳᠠᠯᠴᠠᠭ᠎ᠠ᠎ᠶ᠋ᠢ ᠲᠠᠭᠦᠯᠳᠡᠷᠵᠢᠭᠦᠯᠵᠦ᠍᠂ ᠨᠠᠭᠠᠳᠤ ᠵᠠᠬ᠎ᠠ᠎ᠶ᠋ᠢᠨ ᠪᠠᠲᠤᠯᠠᠭ᠎ᠠ᠂ ᠤᠨᠴᠠ ᠬᠦᠴᠢᠷᠳᠠᠯᠳᠠᠢ ᠬᠦᠮᠦᠰ᠂ ᠵᠡᠮᠳᠡᠭ᠌ᠴᠤᠳ᠂ ᠦᠨᠦᠴᠢᠨ ᠬᠡᠦᠬᠡᠳ ᠵᠡᠷᠭᠡ᠎ᠶ᠋ᠢ ᠠᠪᠤᠷᠠᠨ ᠳᠤᠰᠠᠯᠠᠬᠤ ᠪᠠᠳᠤᠯᠠᠭ᠎ᠠ᠎ᠶ᠋ᠢᠨ ᠠᠵᠢᠯ᠎ᠢ ᠰᠠᠢᠳᠦᠷ ᠬᠢᠨ᠎ᠡ᠃ ᠤᠷᠤᠱᠢᠭᠤᠯᠭ᠎ᠠ᠎ᠶ᠋ᠢᠨ ᠠᠵᠢᠯ᠎ᠤᠨ ᠦᠭᠡᠷᠡᠴᠢᠯᠡᠯᠳᠠ᠎ᠶ᠋ᠢ ᠬᠦᠨᠵᠡᠭᠡᠢᠷᠡᠭᠦᠯᠤᠨ᠂ ᠤᠷᠤᠱᠢᠭᠤᠯᠭ᠎ᠠ᠎ᠶ᠋ᠢᠨ ᠠᠵᠢᠯ᠎ᠤᠨ ᠬᠦᠷᠢᠶᠡᠨ᠎ᠳᠠᠬᠢ ᠦᠢᠯᠡᠴᠢᠯᠡᠭᠡᠨ᠎ᠤ ᠳᠤᠳᠠᠭᠤᠳᠠᠯ᠎ᠢ ᠭᠦᠢᠴᠡᠳ ᠨᠦᠬᠦᠪᠦᠷᠢᠯᠡᠨ᠎ᠡ᠃

ᠤᠯᠠᠨ ᠨᠡᠢᠳᠠ᠎ᠶ᠋ᠢᠨ ᠰᠤᠶᠤᠯ᠎ᠤᠨ ᠦᠢᠯᠡᠴᠢᠯᠡᠭᠡᠨ᠎ᠤ ᠬᠢᠷᠢ ᠲᠦᠪᠱᠢᠨ᠎ᠢ ᠳᠡᠭᠡᠭ᠌ᠰᠢᠯᠡᠭᠦᠯᠦᠨ᠎ᠠ᠃ ᠨᠡᠢᠭᠡᠮ ᠵᠢᠷᠤᠮ᠎ᠤᠨ ᠭᠤᠤᠯᠯᠠᠬᠤ ᠦᠷᠳᠡᠭ᠎ᠤᠨ ᠦᠵᠡᠯᠳᠠ᠎ᠶ᠋ᠢ ᠪᠣᠢ ᠪᠣᠯᠭᠠᠨ ᠦᠢᠯᠡᠳᠦᠯᠭᠡᠵᠢᠭᠦᠯᠵᠤ᠂ ᠪᠤᠯᠪᠠᠰᠤᠨ᠎ᠢ ᠴᠣᠭ᠍ᠴᠠᠯᠠᠨ ᠪᠠᠢᠭᠤᠯᠬᠤ᠎ᠪᠠᠨ ᠭᠦᠨᠵᠡᠭᠡᠢᠷᠡᠭᠦᠯᠤᠨ᠂ ᠱᠢᠨ᠎ᠡ ᠴᠠᠭ ᠦᠶ᠎ᠠ᠎ᠶ᠋ᠢᠨ ᠠᠷᠠᠳ ᠢᠷᠭᠡᠳ᠎ᠤᠨ ᠶᠤᠰᠤ ᠰᠤᠷᠳᠠᠬᠤᠨ᠎ᠤ ᠪᠠᠢᠭᠤᠯᠤᠯᠳᠠ᠎ᠶ᠋ᠢᠨ 《ᠠᠷᠪᠠᠨ ᠶᠡᠭᠡ ᠠᠵᠢᠯᠯᠠᠭᠠᠨ》 ᠎ᠢ᠋ ᠬᠦᠨᠵᠡᠭᠡᠢ ᠬᠡᠷᠡᠭ᠌ᠵᠢᠭᠦᠯᠤᠨ᠎ᠠ᠃ ᠭᠤᠤᠯᠳᠠᠯᠭ᠎ᠠ ᠪᠣᠯᠬᠤ ᠳᠡᠤᠬᠡ᠎ᠶ᠋ᠢᠨ ᠳᠤᠷᠠᠰᠭᠠᠯᠳᠤ ᠵᠦᠢᠯ ᠪᠠ ᠪᠤᠳᠠᠰ᠎ᠤᠨ ᠪᠤᠰᠤ ᠰᠤᠶᠤᠯ᠎ᠤᠨ ᠦᠪ᠎ᠢ ᠬᠠᠮᠠᠭᠠᠯᠠᠵᠦ᠍ ᠠᠱᠢᠬ᠍ᠯᠠᠬᠤ᠎ᠪᠠᠨ ᠴᠢᠩᠭᠠᠳᠭᠠᠵᠤ᠂ ᠤᠷᠳᠤ ᠴᠠᠭᠠᠨ ᠬᠡᠷᠡᠮ᠂ ᠬᠠᠳᠤᠨ ᠭᠤᠤᠯ᠎ᠤᠨ ᠤᠯᠤᠰ᠎ᠤᠨ ᠰᠤᠶᠤᠯ᠎ᠤᠨ ᠴᠡᠴᠡᠷᠯᠢᠭ ᠪᠠ ᠯᠢᠶᠤᠤ ᠤᠯᠤᠰ᠎ᠤᠨ ᠳᠡᠭᠡᠳᠦ ᠨᠡᠢᠰᠯᠡᠯ ᠬᠡᠮᠡᠬᠦ᠌ ᠤᠯᠤᠰ᠎ᠤᠨ ᠬᠠᠭᠤᠴᠢ  ᠰᠤᠳᠤᠯᠤᠯ᠎ᠤᠨ ᠰᠤᠶᠤᠯ᠎ᠤᠨ ᠴᠡᠴᠡᠷᠯᠢᠭ᠎ᠤᠨ ᠪᠦᠲᠦᠭᠡᠨ ᠪᠠᠢᠭᠤᠯᠤᠯᠳᠠ᠎ᠶ᠋ᠢ ᠠᠬᠢᠭᠤᠯᠤᠨ᠎ᠠ᠃ ᠤᠶᠤᠨᠯᠢᠭ ᠷᠠᠳᠢᠤ᠋ ᠲᠧᠯᠸᠢᠰ᠎ᠤᠨ ᠢᠨᠵᠧᠨᠧᠷᠢᠩ᠎ᠢ ᠬᠦᠨᠵᠡᠭᠡᠢ ᠦᠷᠭᠡᠳᠭᠡᠨ᠂ ᠤᠯᠠᠭᠠᠨᠮᠦ᠋ᠴᠢᠷ᠂ ᠰᠤᠨᠢᠨ ᠮᠡᠳᠡᠭᠡ ᠷᠠᠳᠢᠤ᠋ ᠲᠧᠯᠸᠢᠰ᠂ ᠤᠳᠭ᠎ᠠ ᠤᠷᠠᠯᠢᠭ᠎ᠤᠨ ᠵᠣᠬᠢᠶᠠᠨ ᠪᠦᠲᠦᠭᠡᠬᠦ᠌ ᠠᠵᠢᠯ ᠦᠢᠯᠡᠰ᠎ᠤᠨ ᠲᠦᠪ ᠶᠤᠰᠤ᠎ᠶ᠋ᠢ ᠪᠠᠷᠢᠮᠲᠠᠯᠠᠭ᠍ᠰᠠᠨ ᠱᠢᠨ᠎ᠡ ᠡᠭᠦᠳᠦᠯᠲᠡ᠎ᠲᠠᠢ ᠬᠦᠭ᠌ᠵᠢᠯᠳᠠ᠎ᠶ᠋ᠢ ᠳᠡᠮᠵᠢᠵᠤ᠂ ᠳᠤᠮᠳᠠᠳᠤ ᠤᠯᠤᠰ᠎ᠤᠨ ᠦᠯᠢᠭᠡᠷ᠂ ᠦᠪᠦᠷ ᠮᠤᠩᠭᠤᠯ᠎ᠤᠨ ᠦᠯᠢᠭᠡᠷ᠎ᠢ ᠰᠠᠢᠳᠦᠷ ᠶᠠᠷᠢᠨ᠎ᠠ᠃ ᠤᠯᠠᠨ ᠨᠡᠢᠳᠠ᠎ᠶ᠋ᠢᠨ ᠰᠤᠶᠤᠯ᠎ᠤᠨ ᠪᠡᠯᠡᠳᠭᠡᠮᠵᠢ᠎ᠶ᠋ᠢᠨ ᠲᠣᠣᠷ ᠰᠦᠯᠵᠢᠶ᠎ᠠ᠎ᠶ᠋ᠢ ᠲᠡᠭᠦᠯᠳᠡᠷᠵᠢᠭᠦᠯᠵᠦ᠍᠂ ᠤᠯᠠᠨ ᠲᠦᠮᠡᠨ᠎ᠤ ᠳᠡᠷᠭᠡᠳᠡᠬᠢ ᠤᠶᠤᠨ᠎ᠤ ᠰᠤᠶᠤᠯ᠎ᠤᠨ ᠭᠡᠷ ᠤᠷᠤᠨ᠎ᠢ ᠪᠠᠢᠭᠤᠯᠤᠨ᠎ᠠ᠃ ᠪᠦᠬᠦ᠌ ᠠᠷᠠᠳ᠎ᠤᠨ ᠪᠠᠶ᠎ᠠ ᠴᠢᠬᠢᠷᠠᠭ᠍ᠵᠢᠭᠤᠯᠬᠤ ᠪᠠ ᠮᠦᠰᠦ ᠴᠠᠰᠤᠨ᠎ᠤ ᠬᠦᠳᠡᠯᠭᠡᠭᠡᠨ᠎ᠢ ᠦᠷᠨᠢᠭᠦᠯᠵᠤ᠂ ᠠᠷᠪᠠᠨ ᠳᠠᠪᠤᠳᠤᠭᠠᠷ ᠬᠤᠭᠤᠴᠠᠭᠠᠨ᠎ᠤ ᠪᠦᠬᠦ᠌ ᠤᠷᠤᠨ᠎ᠤ ᠳᠠᠮᠢᠷ᠎ᠤᠨ ᠴᠤᠭ᠍ᠯᠠᠭᠠᠨ᠂ ᠵᠢᠷᠭᠤᠳᠤᠭᠠᠷ ᠬᠤᠭᠤᠴᠠᠭᠠᠨ᠎ᠤ ᠪᠦᠬᠦ᠌ ᠣᠷᠣᠨ᠎ᠤ ᠵᠡᠮᠳᠡᠭ᠌ᠴᠦᠳ᠎ᠤᠨ ᠲᠠᠮᠢᠷ᠎ᠤᠨ ᠴᠤᠭ᠍ᠯᠠᠭᠠᠨ᠎ᠢ ᠰᠠᠢᠳᠦᠷ ᠡᠷᠬᠢᠯᠡᠨ᠎ᠡ᠃

(ᠳᠤᠯᠤᠭ᠎ᠠ) ᠪᠦᠯᠬᠦᠮᠳᠡᠯ᠎ᠲᠠᠢ ᠡᠶ᠎ᠡ ᠵᠤᠬᠢᠴᠠᠩᠭᠤᠢ ᠠᠮᠤᠷ ᠲᠤᠭ᠍ᠳᠠᠭᠤᠨ ᠪᠠᠢᠳᠠᠯ᠎ᠢ ᠬᠦᠴᠦᠯᠡᠨ ᠪᠠᠬᠢᠵᠢᠭᠦᠯᠵᠦ᠍ ᠬᠦᠭ᠌ᠵᠢᠭᠦᠯᠦᠨ᠂ ᠡᠬᠡ ᠤᠯᠤᠰ᠎ᠤᠨ ᠤᠮᠠᠷᠠᠳᠤ ᠬᠢᠯᠢ᠎ᠶ᠋ᠢᠨ ᠠᠮᠤᠷ  ᠲᠦᠪᠱᠢᠨ᠎ᠤ ᠬᠠᠯᠬᠠᠪᠴᠢ᠎ᠶ᠋ᠢ ᠪᠠᠳᠤ ᠴᠤᠬ᠍ᠴᠠᠯᠠᠨ᠎ᠠ᠃ ᠤᠯᠤᠰ᠎ᠤᠨ ᠤᠳᠤᠬᠢᠴᠢᠯᠠᠬᠤ ᠪᠦᠲᠦᠭᠡᠨ ᠪᠠᠢᠭᠤᠯᠤᠯᠳᠠ᠎ᠶ᠋ᠢ ᠠᠬᠢᠭᠤᠯᠬᠤ ᠶᠡᠭᠡ ᠲᠠᠯ᠎ᠠ᠎ᠳᠠᠬᠢ ᠬᠢᠯᠢ ᠬᠢᠵᠠᠭᠠᠷ᠎ᠤᠨ ᠦᠨᠳᠦᠰᠦᠳᠡᠨ᠎ᠤ ᠭᠠᠵᠠᠷ ᠤᠷᠤᠨ᠎ᠤ ᠡᠭᠦᠷᠭᠡ ᠬᠠᠷᠢᠭᠤᠴᠠᠯᠭ᠎ᠠ᠎ᠪᠠᠨ ᠪᠠᠳᠤ ᠡᠵᠡᠮᠱᠢᠨ᠂ ᠡᠶ᠎ᠡ ᠵᠤᠬᠢᠴᠠᠩᠭᠤᠢ ᠠᠮᠤᠷ ᠲᠤᠭ᠍ᠳᠠᠭᠤᠨ᠎ᠢ ᠬᠠᠮᠠᠭᠠᠯᠠᠬᠤ ᠡᠯ᠎ᠡ ᠵᠦᠢᠯ᠎ᠤᠨ ᠠᠵᠢᠯ᠎ᠢ ᠪᠤᠳᠠᠳᠠᠢ ᠪᠦᠭᠡᠳ ᠨᠠᠷᠢᠯᠢᠬ ᠬᠢᠵᠤ᠂ ᠦᠨᠳᠦᠰᠦᠳᠡᠨ᠎ᠤ ᠪᠦᠯᠬᠦᠮᠳᠡᠯ᠎ᠤᠨ ᠴᠡᠴᠡᠭ᠎ᠢ ᠦᠨᠢ ᠡᠭᠦᠷᠢᠳᠡ ᠪᠠᠳᠠᠷᠠᠨ ᠳᠡᠯᠭᠡᠷᠡᠭᠦᠯᠵᠤ᠂ ᠡᠬᠡ ᠤᠯᠤᠰ᠎ᠤᠨ ᠬᠢᠯᠢ ᠬᠢᠵᠠᠭᠠᠷ᠎ᠤᠨ ᠲᠤᠭ᠍ᠳᠠᠭᠤᠨ ᠪᠠᠢᠳᠠᠯ᠎ᠢ ᠦᠨᠢ ᠡᠭᠦᠷᠢᠳᠠ ᠪᠠᠬᠢᠵᠢᠭᠦᠯᠦᠨ ᠪᠠᠲᠤᠳᠭᠠᠨ᠎ᠠ᠃

ᠦᠨᠳᠦᠰᠦᠳᠡᠨ᠎ᠤ ᠪᠦᠯᠬᠦᠮᠳᠡᠯ᠎ᠤᠨ ᠶᠡᠭᠡ ᠲᠠᠯ᠎ᠠ᠎ᠶ᠋ᠢ ᠦᠷᠭᠦᠯᠵᠢᠯᠡᠨ ᠪᠠᠬᠢᠵᠢᠭᠦᠯᠵᠤ ᠬᠦᠭ᠌ᠵᠢᠭᠦᠯᠤᠨ᠎ᠠ᠃ ᠳᠤᠮᠳᠠᠳᠤ᠎ᠶ᠋ᠢᠨ ᠦᠨᠳᠦᠰᠦᠳᠡᠨ᠎ᠤ ᠬᠠᠮᠳᠤ᠎ᠶ᠋ᠢᠨ ᠴᠤᠭ᠍ᠴᠠ᠎ᠶ᠋ᠢᠨ ᠤᠬᠠᠮᠰᠠᠷ᠎ᠢ ᠪᠠᠲᠤᠳᠭᠠᠵᠤ ᠦᠨᠳᠦᠰᠦᠳᠡᠨ᠎ᠤ ᠠᠵᠢᠯ᠎ᠢ ᠴᠢᠩᠭᠠᠳᠭᠠᠨ ᠰᠠᠢᠵᠢᠷᠠᠭᠤᠯᠬᠤ᠎ᠶ᠋ᠢᠨ ᠲᠤᠭᠤᠷᠢᠨ᠎ᠳᠤ ᠨᠢᠭ᠍ᠲᠠ ᠤᠶᠠᠯᠳᠤᠭᠤᠯᠤᠨ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠪᠦᠬᠦ᠌ ᠲᠠᠯ᠎ᠠ᠎ᠪᠠᠷ ᠳᠡᠯᠭᠡᠷᠡᠭᠦᠯᠤᠨ ᠲᠦᠭᠡᠮᠡᠯᠵᠢᠭᠦᠯᠵᠤ᠂ ᠤᠯᠤᠰ᠎ᠤᠨ ᠨᠢᠭᠡᠳᠦᠯᠳᠠᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠯᠠᠪᠳᠠᠭᠤᠨ ᠪᠠᠳᠤᠳᠠᠢ ᠬᠡᠷᠡᠭ᠌ᠵᠢᠭᠦᠯᠤᠨ ᠬᠡᠷᠡᠭ᠌ᠯᠡᠵᠤ᠂ ᠦᠨᠳᠦᠰᠦᠳᠡᠨ᠎ᠨᠦᠭᠦᠳ᠎ᠤᠨ ᠬᠠᠮᠳᠤ᠎ᠪᠠᠷ ᠬᠦᠷᠲᠡᠬᠦ᠌ ᠨᠡᠩ ᠣᠯᠠᠨ ᠳᠤᠮᠳᠠᠳᠤ᠎ᠶ᠋ᠢᠨ ᠰᠤᠶᠤᠯ᠎ᠤᠨ ᠳᠡᠮᠳᠡᠭ ᠪᠠ ᠳᠤᠮᠳᠠᠳᠤ᠎ᠶ᠋ᠢᠨ ᠰᠤᠶᠤᠯ᠎ᠤᠨ ᠳᠦᠷᠢ ᠳᠦᠷᠬᠦ᠌᠎ᠶ᠋ᠢ ᠤᠯᠠᠮᠵᠢᠯᠠᠨ ᠳᠡᠯᠭᠡᠷᠡᠭᠦᠯᠵᠤ᠂ 《ᠭᠤᠷᠪᠠᠨ ᠰᠠᠯᠵᠤ ᠪᠤᠯᠤᠰᠢ ᠦᠭᠡᠢ》᠂ 《ᠳᠠᠪᠤᠨ ᠮᠡᠳᠡᠷᠡᠬᠦᠢ》 ᠎ᠶ᠋ᠢᠨ ᠦᠵᠡᠯ ᠰᠠᠨᠠᠭ᠎ᠠ ᠪᠠ 《ᠲᠦᠷᠪᠡ᠎ᠶ᠋ᠢ ᠬᠠᠮᠲᠤᠳᠭᠠᠬᠤ》 ᠣᠨᠣᠯᠵᠢᠬᠤᠨ᠎ᠢ ᠦᠨᠳᠦᠰᠦᠳᠡᠨ᠎ᠨᠦᠭᠦᠳ᠎ᠤᠨ ᠠᠷᠠᠳ ᠲᠦᠮᠡᠨ᠎ᠤ ᠰᠡᠳᠭᠢᠯ᠎ᠳᠤ ᠬᠦᠨ ᠬᠠᠳᠠᠩᠱᠢᠭᠤᠯᠤᠨ᠎ᠠ᠃ ᠦᠨᠳᠦᠰᠦᠳᠡᠨ᠎ᠤ ᠪᠦᠯᠬᠦᠮᠳᠡᠯ ᠳᠠᠪᠱᠢᠯᠳᠠ᠎ᠶ᠋ᠢ ᠡᠬᠦᠳᠦᠨ ᠪᠠᠢᠭᠤᠯᠬᠤ ᠠᠵᠢᠯ᠎ᠢᠶᠠᠨ ᠬᠦᠨ ᠬᠦᠨᠵᠡᠭᠡᠢ ᠤᠳᠠᠭᠠᠨ ᠳᠠᠭᠠᠭᠠᠮᠠᠭᠠᠢ ᠦᠷᠨᠢᠭᠦᠯᠵᠤ᠂ ᠱᠢᠬᠢᠳᠭᠡᠯᠳᠤ ᠮᠠᠶᠢᠭ᠎ᠤᠨ ᠨᠡᠢᠭᠡᠮ᠎ᠤᠨ ᠪᠦᠲᠦᠴᠠ ᠪᠠ ᠨᠡᠢᠭᠡᠮ ᠲᠤᠭᠤᠷᠢᠭ᠎ᠤᠨ ᠤᠷᠴᠢᠨ ᠨᠦᠬᠦᠴᠡᠯ᠎ᠤᠨ  ᠪᠠᠢᠭᠤᠯᠤᠯᠳᠠ᠎ᠶ᠋ᠢ  ᠬᠦᠨᠵᠡᠭᠡᠢᠷᠡᠭᠦᠯᠤᠨ᠂ ᠦᠨᠳᠦᠰᠦᠳᠡᠨ᠎ᠨᠦᠭᠦᠳ᠎ᠤᠨ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠭ᠎ᠠ᠎ᠶ᠋ᠢ ᠴᠢᠩᠭᠠᠳᠭᠠᠵᠤ᠂ ᠦᠨᠳᠦᠰᠦᠳᠡᠨ᠎ᠨᠦᠭᠦᠳ ᠠᠨᠠᠷ᠎ᠤᠨ ᠦᠷ᠎ᠠ ᠮᠡᠳᠤ ᠨᠢᠭ᠍ᠳᠠᠷᠠᠨ ᠪᠦᠯᠬᠦᠮᠳᠡᠬᠦ᠌᠎ᠶ᠋ᠢ ᠠᠬᠢᠭᠤᠯᠤᠨ᠂ 《ᠵᠢᠱ᠌ᠢᠶᠡᠴᠢ ᠦᠪᠡᠷᠳᠡᠭᠡᠨ ᠵᠠᠰᠠᠬᠤ ᠤᠷᠤᠨ》 ᠎ᠤ᠋ ᠡᠷᠬᠢᠮ ᠳᠡᠭᠡᠳᠦ ᠢᠷᠠᠭᠤ ᠠᠯᠳᠠᠷ᠎ᠢᠶᠠᠨ ᠬᠠᠮᠲᠤ᠎ᠪᠠᠷ ᠬᠠᠮᠠᠭᠠᠯᠠᠨ᠎ᠠ᠃ ᠪᠦᠬᠦ᠌ ᠤᠯᠤᠰ᠎ᠤᠨ ᠱᠠᠱᠢᠨ ᠰᠤᠷᠲᠠᠬᠤᠨ᠎ᠤ ᠠᠵᠢᠯ᠎ᠤᠨ ᠬᠤᠷᠠᠯ᠎ᠤᠨ ᠵᠤᠷᠢᠭ ᠰᠠᠨᠠᠭ᠎ᠠ᠎ᠶ᠋ᠢ ᠬᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠮᠠᠨ᠎ᠤ ᠤᠯᠤᠰ᠎ᠤᠨ ᠱᠠᠱᠢᠨ ᠰᠤᠷᠲᠠᠬᠤᠨ᠎ᠤ ᠳᠤᠮᠳᠠᠳᠤ ᠤᠯᠤᠰᠴᠢᠯᠠᠬᠤ ᠴᠢᠭ᠌ᠯᠡᠯ᠎ᠢ ᠪᠠᠷᠢᠮᠳᠠᠯᠠᠨ᠂ ᠱᠠᠱᠢᠨ ᠰᠤᠷᠳᠠᠬᠤᠨ᠎ᠤ ᠬᠠᠤᠯᠢ ᠪᠤᠰᠤ ᠦᠢᠯᠡ ᠠᠵᠢᠯᠯᠠᠭ᠎ᠠ᠎ᠶ᠋ᠢ ᠴᠡᠭ᠌ᠴᠡᠯᠡᠨ ᠵᠠᠰᠠᠵᠤ᠂ ᠱᠠᠱᠢᠨ ᠰᠤᠷᠲᠠᠬᠤᠨ᠎ᠤ ᠶᠠᠪᠤᠳᠠᠯ᠎ᠢ ᠬᠠᠤᠯᠢ ᠶᠤᠰᠤᠭᠠᠷ ᠬᠠᠮᠢᠶᠠᠷᠤᠨ᠂ ᠱᠠᠱᠢᠨ ᠰᠤᠷᠲᠠᠬᠤᠨ᠎ᠤ ᠡᠶ᠎ᠡ ᠵᠤᠬᠢᠴᠠᠯ᠎ᠢ ᠳᠠᠰᠤᠷᠠᠯᠳᠠ ᠦᠭᠡᠢ ᠠᠬᠢᠭᠤᠯᠤᠨ᠎ᠠ᠃

ᠬᠢᠵᠢᠭ᠎ᠤᠨ ᠪᠠᠢᠳᠠᠯ᠎ᠢ ᠪᠦᠬᠦ᠌ ᠬᠡᠯᠬᠢᠶᠡᠰᠤ᠎ᠪᠠᠷ ᠨᠠᠷᠢᠯᠢᠬ᠍ᠵᠢᠭᠤᠯᠤᠨ ᠰᠡᠷᠭᠡᠢᠯᠡᠵᠦ᠍ ᠡᠵᠡᠮᠳᠡᠬᠦ᠌᠎ᠶ᠋ᠢ ᠱᠢᠨᠵᠢᠯᠡᠬᠦ᠌ ᠤᠬᠠᠭᠠᠨᠴᠢ᠎ᠪᠠᠷ ᠬᠦᠴᠦᠳᠠᠢ ᠰᠠᠢᠲᠤᠷ ᠠᠳᠭᠤᠨ᠎ᠠ᠃ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠱᠠᠭᠠᠷᠳᠠᠯᠭ᠎ᠠ᠎ᠶ᠋ᠢ ᠠᠵᠤ ᠠᠬᠤᠢ ᠨᠡᠢᠭᠡᠮ᠎ᠤᠨ ᠠᠯᠢᠪᠠ ᠠᠵᠢᠯᠯᠠᠭ᠎ᠠ᠎ᠳᠤ ᠨᠠᠢᠳᠠᠪᠤᠷᠢᠵᠢᠭᠤᠯᠤᠨ᠂ ᠬᠠᠮᠤᠭ ᠴᠢᠩᠭ᠎ᠠ ᠬᠠᠷᠢᠭᠤᠴᠠᠯᠭᠠᠳᠤ ᠰᠡᠳᠭᠢᠯᠭᠡ ᠪᠠ ᠬᠡᠷᠡᠭ᠌ᠵᠢᠭᠦᠯᠬᠦ᠌ ᠡᠷᠴᠢᠮ᠎ᠢᠶᠠᠷ ᠭᠠᠳᠠᠨ᠎ᠠ᠎ᠠᠴᠠ ᠬᠠᠯᠳᠠᠪᠤᠷᠢᠯᠠᠨ ᠤᠷᠤᠵᠤ ᠢᠷᠡᠬᠦ᠌᠎ᠶ᠋ᠢ ᠰᠡᠷᠭᠡᠢᠯᠡᠵᠤ᠂ ᠳᠤᠳᠤᠭᠠᠳᠤ᠎ᠳᠤ᠎ᠪᠠᠨ ᠳᠠᠬᠢᠨ ᠳᠡᠯᠭᠡᠷᠡᠬᠦ᠌᠎ᠶ᠋ᠢ  ᠨᠢ ᠰᠡᠷᠭᠡᠢᠯᠡᠬᠦ᠌᠎ᠶ᠋ᠢ ᠰᠠᠢᠳᠦᠷ ᠠᠳᠭᠤᠵᠤ᠂ ᠬᠢᠵᠢᠭ᠎ᠤᠨ ᠪᠠᠢᠳᠠᠯ ᠭᠡᠨᠡᠳᠳᠠ ᠡᠭᠦᠰᠴᠦ᠍ ᠠᠮᠤᠷ ᠳᠤᠭ᠍ᠳᠠᠭᠤᠨ᠎ᠤ ᠶᠡᠭᠡ ᠲᠠᠯ᠎ᠠ᠎ᠳᠤ ᠳᠠᠭᠠᠷᠢᠯᠳᠠ ᠪᠣᠯᠬᠤ᠎ᠶ᠋ᠢ ᠡᠷᠡᠰ ᠰᠡᠷᠭᠡᠢᠯᠡᠨ᠎ᠠ᠃ ᠬᠢᠯᠢ᠎ᠶ᠋ᠢᠨ ᠪᠤᠭᠤᠮᠳᠠ᠎ᠶ᠋ᠢᠨ ᠲᠦᠭ᠌ᠰᠢᠭᠦᠷᠢ᠎ᠶ᠋ᠢᠨ ᠳᠠᠯᠳᠠ ᠭᠡᠮ᠎ᠢ ᠳᠤᠰᠭᠠᠢ ᠪᠠᠭ ᠵᠢᠭ᠍ᠰᠠᠭᠠᠨ ᠪᠠᠢᠴᠠᠭᠠᠬᠤ᠂ ᠳᠤᠰᠭᠠᠢ ᠰᠤᠷᠢᠯᠳᠠ ᠬᠢᠬᠦ᠂ ᠳᠤᠰᠭᠠᠢ ᠮᠡᠷᠭᠡᠵᠢᠯ᠎ᠢᠶᠠᠷ ᠬᠠᠮᠢᠶᠠᠷᠤᠨ ᠡᠵᠡᠮᠳᠡᠬᠦ᠌᠎ᠶ᠋ᠢ ᠴᠢᠩᠭᠠᠷᠠᠭᠤᠯᠤᠨ᠂ ᠬᠢᠯᠢ᠎ᠶ᠋ᠢᠨ ᠪᠤᠭᠤᠮᠳᠠ᠎ᠶ᠋ᠢᠨ ᠬᠤᠳᠠ᠎ᠳᠠᠬᠢ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ᠌ ᠡᠬᠢ ᠪᠠᠶᠠᠯᠢᠭ᠎ᠤᠨ ᠪᠠᠢᠷᠢᠱᠢᠭᠤᠯᠤᠯᠲᠠ ᠪᠠ ᠪᠠᠴᠢᠮ ᠪᠠᠢᠳᠠᠯ᠎ᠢ ᠠᠷᠭᠠᠴᠠᠭᠠᠵᠤ ᠠᠪᠤᠷᠠᠨ ᠵᠠᠰᠠᠬᠤ ᠴᠢᠳᠠᠪᠤᠷᠢ᠎ᠶ᠋ᠢᠨ ᠪᠠᠢᠭᠤᠯᠤᠯᠳᠠ᠎ᠶ᠋ᠢ ᠴᠢᠩᠭᠠᠷᠠᠭᠤᠯᠵᠤ᠂ ᠬᠦᠮᠦᠨ᠂ ᠪᠤᠳᠠᠰ᠂ ᠤᠷᠴᠢᠨ ᠲᠤᠭᠤᠷᠢᠨ᠎ᠳᠤ ᠪᠢᠳᠡᠭᠦᠦ ᠴᠦᠷᠭᠡᠯᠡᠨ ᠬᠠᠮᠢᠶᠠᠷᠬᠤ᠎ᠶ᠋ᠢ ᠴᠢᠩᠭᠠᠷᠠᠭᠤᠯᠤᠨ᠎ᠠ᠃ ᠪᠠᠢᠩᠭᠤᠵᠢᠭᠤᠯᠤᠨ ᠰᠡᠷᠭᠡᠢᠯᠡᠵᠦ᠍ ᠡᠵᠡᠮᠳᠡᠬᠦ᠌ ᠠᠷᠭ᠎ᠠ ᠬᠡᠮᠵᠢᠶ᠎ᠠ᠎ᠶ᠋ᠢ ᠨᠠᠷᠢᠯᠢᠬ᠍ᠵᠢᠭᠤᠯᠤᠨ᠂ ᠤᠯᠠᠨ ᠴᠡᠭ᠎ᠤᠨ ᠬᠢᠨᠠᠨ ᠱᠢᠨᠵᠢᠵᠤ ᠰᠡᠷᠡᠮᠵᠢᠯᠡᠭᠦᠯᠬᠦ᠌ ᠲᠤᠭ᠍ᠳᠠᠴᠠ᠎ᠶ᠋ᠢ ᠪᠦᠷᠢᠨᠱᠢᠭᠦᠯᠵᠦ᠍᠂ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠭᠡᠯ ᠲᠦᠰᠦᠯ᠎ᠢ  ᠬᠥᠳᠡᠯᠦᠩᠭᠦᠢ᠎ᠪᠠᠷ ᠲᠡᠭᠦᠯᠳᠡᠷᠵᠢᠭᠦᠯᠦᠨ᠂ ᠬᠢᠵᠢᠭ᠎ᠤᠨ ᠪᠠᠴᠢᠮ ᠪᠠᠢᠳᠠᠯ᠎ᠢ ᠠᠷᠭᠠᠴᠠᠭᠠᠬᠤ ᠴᠢᠳᠠᠪᠦᠷᠢ᠎ᠶ᠋ᠢᠨ ᠪᠠᠢᠭᠤᠯᠤᠯᠳᠠ᠎ᠶ᠋ᠢ ᠴᠢᠩᠭᠠᠳᠭᠠᠵᠤ᠂ ᠬᠢᠵᠢᠭ᠎ᠤᠨ ᠪᠠᠢᠳᠠᠯ ᠡᠭᠦᠰᠭᠦ᠎ᠳᠤ ᠬᠦᠷᠪᠡᠯ ᠦᠳᠳᠡᠷ ᠲᠦᠷᠭᠡᠨ ᠬᠦᠴᠦᠳᠠᠢ ᠲᠥᠪᠬᠢᠨᠡᠭᠦᠯᠦᠨ ᠱᠢᠢᠳᠪᠦᠷᠢᠯᠡᠬᠦ᠌᠎ᠶ᠋ᠢ ᠦᠨᠡᠨ ᠬᠦ᠌ ᠪᠠᠳᠤᠯᠠᠬᠤ ᠮᠦᠷᠳᠡᠭᠡᠨ ᠦᠷᠡᠭ᠌ᠳᠡᠯ ᠰᠦᠢᠳᠦᠯ ᠪᠠ ᠮᠠᠭᠤ ᠨᠦᠯᠦᠭᠡ᠎ᠶ᠋ᠢ ᠪᠠᠭᠠᠰᠭᠠᠬᠤ᠎ᠪᠠᠷ ᠬᠦᠴᠦᠯᠡᠨ ᠴᠢᠷᠮᠠᠢᠨ᠎ᠠ᠃

ᠠᠮᠤᠭᠤᠯᠠᠩᠲᠤ ᠦᠪᠦᠷ ᠮᠤᠩᠭᠤᠯ᠎ᠤᠨ ᠪᠦᠲᠦᠭᠡᠨ ᠪᠠᠢᠭᠤᠯᠤᠯᠳᠠ᠎ᠶ᠋ᠢ ᠬᠦᠨᠵᠡᠭᠡᠢ ᠠᠬᠢᠭᠤᠯᠤᠨ᠎ᠠ᠃ ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠠᠮᠵᠢᠯᠳᠠ᠎ᠲᠠᠢ ᠬᠤᠷᠠᠯᠳᠤᠬᠤ᠎ᠳᠤ ᠰᠠᠢᠨ ᠰᠠᠢᠬᠠᠨ ᠤᠷᠴᠢᠨ ᠨᠦᠬᠦᠴᠡᠯ᠎ᠢ ᠪᠤᠢ ᠪᠤᠯᠭᠠᠬᠤ᠎ᠶ᠋ᠢ ᠳᠡᠷᠢᠭᠦᠨ ᠪᠠᠢᠷᠢᠨ᠎ᠳᠤ ᠲᠠᠯᠪᠢᠨ᠂ ᠪᠡᠭᠡᠵᠢᠩ᠎ᠤᠨ ᠡᠪᠥᠯ᠎ᠤᠨ ᠤᠯᠠᠷᠢᠯ᠎ᠤᠨ ᠣᠯᠢᠮᠫᠢᠺ᠎ᠤᠨ  ᠲᠠᠮᠢᠷ᠎ᠤᠨ ᠴᠤᠭ᠍ᠯᠠᠭᠠᠨ ᠪᠠ ᠡᠪᠦᠯ᠎ᠤᠨ ᠤᠯᠠᠷᠢᠯ᠎ᠤᠨ ᠵᠡᠮᠳᠡᠭ᠌ᠴᠦᠳ᠎ᠤᠨ ᠣᠯᠢᠮᠫᠢᠺ᠎ᠤᠨ  ᠲᠠᠮᠢᠷ᠎ᠤᠨ ᠴᠤᠭ᠍ᠯᠠᠭᠠᠨ᠎ᠳᠤ ᠦᠢᠯᠡᠴᠢᠯᠡᠭᠡ ᠪᠠᠳᠤᠯᠠᠭ᠎ᠠ᠎ᠶ᠋ᠢᠨ ᠠᠵᠢᠯ᠎ᠢ ᠪᠥᠬᠦ᠌ ᠬᠦᠴᠦᠨ᠎ᠢᠶᠠᠷ᠎ᠢᠶᠠᠨ ᠰᠠᠢᠲᠤᠷ ᠬᠢᠵᠦ᠍᠂ ᠪᠥᠬᠦ᠌ ᠠᠷᠭ᠎ᠠ ᠬᠡᠮᠵᠢᠶ᠎ᠡ᠎ᠪᠠᠨ ᠤᠷᠢᠳ᠎ᠢᠶᠠᠷ ᠪᠡᠯᠡᠳᠭᠡᠨ᠂ ᠨᠠᠢᠳᠠᠪᠤᠷᠢᠵᠢᠭᠤᠯᠵᠤ ᠪᠣᠳᠠᠲᠠᠢᠵᠢᠭᠤᠯᠤᠨ᠎ᠠ᠃ 《ᠹᠧᠩ ᠴᠢᠶᠤᠤ᠎ᠶ᠋ᠢᠨ ᠳᠤᠷᠱᠢᠯᠭ᠎ᠠ 》 ᠎ᠶ᠋ᠢ ᠦᠪᠦᠷ ᠮᠤᠩᠭᠤᠯ᠎ᠳᠤ ᠦᠢᠯᠡᠳᠦᠯᠭᠡᠵᠢᠭᠦᠯᠬᠦ᠌᠎ᠶ᠋ᠢ ᠬᠦᠨᠵᠡᠭᠡᠢᠷᠡᠭᠦᠯᠤᠨ᠂ ᠬᠤᠳᠠ᠎ᠶ᠋ᠢᠨ ᠬᠡᠪᠴᠢᠶᠠᠨ᠎ᠤ ᠨᠡᠢᠭᠡᠮ᠎ᠤᠨ  ᠵᠠᠰᠠᠯᠳᠠ᠎ᠶ᠋ᠢᠨ ᠬᠢᠷᠢ ᠲᠦᠪᠱᠢᠨ᠎ᠢ  ᠳᠡᠭᠡᠭ᠌ᠰᠢᠯᠡᠭᠦᠯᠵᠤ᠂ ᠨᠡᠢᠭᠡᠮ᠎ᠤᠨ ᠠᠵᠢᠯ᠎ᠤᠨ ᠲᠤᠭ᠍ᠳᠠᠯᠴᠠᠭ᠎ᠠ᠎ᠶ᠋ᠢ ᠪᠦᠷᠢᠨᠱᠢᠭᠦᠯᠵᠦ᠍᠂ ᠵᠠᠬᠢᠳᠠᠯ ᠰᠤᠷᠪᠤᠯᠵᠢᠯᠠᠯ᠎ᠤᠨ ᠳᠠᠷᠤᠭ᠍ᠳᠠᠮᠠᠯ ᠬᠡᠷᠡᠭ᠎ᠢ ᠪᠦᠲᠦᠮᠵᠢᠳᠠᠢ ᠠᠷᠢᠯᠭᠠᠨ᠎ᠠ᠃ ᠢᠳᠡᠭᠡᠨ ᠪᠠ ᠡᠮ᠎ᠤᠨ  ᠵᠦᠢᠯ᠎ᠤᠨ ᠠᠮᠤᠷ ᠲᠦᠪᠱᠢᠨ᠎ᠤ ᠬᠢᠨᠠᠯᠳᠠ ᠬᠠᠮᠢᠶᠠᠷᠤᠯᠳᠠ᠎ᠶ᠋ᠢ ᠴᠢᠩᠭᠠᠷᠠᠭᠤᠯᠤᠨ᠂ ᠠᠮᠢᠳᠤ ᠪᠤᠳᠠᠰ᠎ᠤᠨ ᠠᠮᠤᠷ ᠲᠦᠪᠱᠢᠨ᠎ᠤ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌᠎ᠶ᠋ᠢ ᠴᠢᠩᠭᠠᠳᠭᠠᠨ᠎ᠠ᠃ ᠠᠮᠤᠷ ᠲᠦᠪᠱᠢᠨ᠎ᠤ  ᠬᠠᠷᠢᠭᠤᠴᠠᠯᠭ᠎ᠠ᠎ᠶ᠋ᠢ  ᠨᠠᠢᠳᠠᠪᠤᠷᠢᠵᠢᠭᠤᠯᠬᠤ᠎ᠪᠠᠨ ᠴᠢᠩᠭᠠᠷᠠᠭᠤᠯᠤᠨ᠂ ᠭᠤᠤᠯᠳᠠᠯᠭ᠎ᠠ ᠪᠣᠯᠬᠤ ᠬᠦᠷᠢᠶ᠎ᠡ ᠴᠠᠷᠠᠭᠠᠨ᠎ᠳᠠᠬᠢ ᠠᠶᠤᠯ ᠦᠭᠡᠢ ᠦᠢᠯᠡᠳᠪᠦᠷᠢᠯᠡᠯ᠎ᠳᠤ ᠦᠨᠳᠦᠰᠦ᠎ᠠᠴᠠ᠎ᠨᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ᠎ᠶ᠋ᠢ ᠦᠷᠨᠢᠭᠦᠯᠵᠤ᠂ ᠠᠶᠤᠯ ᠦᠭᠡᠢ ᠦᠢᠯᠡᠳᠪᠦᠷᠢᠯᠡᠯ᠎ᠤᠨ ᠳᠤᠰᠭᠠᠢ ᠴᠡᠭ᠌ᠴᠡᠯᠡᠨ ᠵᠠᠰᠠᠬᠤ ᠭᠤᠷᠪᠠᠨ ᠵᠢᠯ᠎ᠤᠨ ᠠᠵᠢᠯᠯᠠᠭᠠᠨ᠎ᠤ ᠡᠭᠦᠷᠭᠡ᠎ᠶ᠋ᠢ ᠴᠢᠨᠠᠷ ᠰᠠᠢᠳᠠᠢ ᠪᠡᠶᠡᠯᠡᠭᠦᠯᠦᠨ᠎ᠠ᠃ ᠪᠠᠴᠢᠮ ᠪᠠᠢᠳᠠᠯ᠎ᠢ ᠠᠷᠭᠠᠴᠠᠭᠠᠵᠤ ᠠᠪᠤᠷᠠᠨ ᠳᠤᠰᠠᠯᠠᠬᠤ ᠬᠦᠴᠦᠨ᠂ ᠪᠠᠴᠢᠮ ᠪᠠᠢᠳᠠᠯ᠎ᠢ ᠠᠷᠭᠠᠴᠠᠭᠠᠬᠤ ᠡᠳ᠋ ᠪᠠᠷᠠᠭ᠎ᠠ᠎ᠶ᠋ᠢᠨ ᠨᠦᠭᠡᠴᠡ᠂ ᠤᠷᠤᠨ ᠪᠦᠰᠠ᠎ᠶ᠋ᠢᠨ ᠴᠢᠨᠠᠷᠳᠠᠢ ᠪᠠᠴᠢᠮ ᠪᠠᠢᠳᠠᠯ᠎ᠢ ᠠᠷᠭᠠᠴᠠᠭᠠᠵᠤ ᠠᠪᠤᠷᠠᠨ ᠳᠤᠰᠠᠯᠠᠬᠤ ᠰᠠᠭᠤᠷᠢᠨ   ᠪᠠ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠳᠠ᠎ᠶ᠋ᠢᠨ ᠮᠡᠳᠡᠭᠡ ᠵᠠᠩᠬᠢᠴᠢᠯᠠᠬᠤ ᠪᠠᠢᠭᠤᠯᠤᠯᠳᠠ᠎ᠶ᠋ᠢ ᠴᠢᠩᠭᠠᠳᠭᠠᠨ᠂ ᠭᠠᠮᠱᠢᠭ᠎ᠢ ᠰᠡᠷᠭᠡᠢᠯᠡᠵᠦ᠍ ᠭᠠᠮᠱᠢᠭ᠎ᠢ ᠪᠠᠭᠠᠰᠭᠠᠨ ᠭᠠᠮᠱᠢᠭ᠎ᠠᠴᠠ ᠠᠪᠤᠷᠠᠬᠤ  ᠴᠢᠳᠠᠪᠦᠷᠢ᠎ᠪᠠᠨ ᠳᠡᠭᠡᠭ᠌ᠰᠢᠯᠡᠭᠦᠯᠦᠨ᠎ᠠ᠃ ᠤᠯᠤᠰ᠎ᠤᠨ ᠪᠠᠳᠤᠯᠠᠨ ᠬᠠᠮᠠᠭᠠᠯᠠᠯᠳᠠ ᠪᠠ ᠴᠡᠷᠢᠭ ᠠᠩᠬᠢ᠎ᠶ᠋ᠢᠨ ᠪᠠᠢᠭᠤᠯᠤᠯᠳᠠ᠎ᠶ᠋ᠢ ᠳᠡᠮᠵᠢᠵᠤ᠂ ᠤᠯᠤᠰ᠎ᠤᠨ ᠪᠠᠳᠤᠯᠠᠨ ᠬᠠᠮᠠᠭᠠᠯᠠᠯᠲᠠ᠎ᠶ᠋ᠢᠨ ᠳᠠᠢᠴᠢᠯᠠᠯᠳᠠ᠂ ᠴᠡᠷᠢᠭ ᠪᠠ ᠠᠷᠠᠳ᠎ᠤᠨ ᠬᠡᠷᠡᠭ᠌ᠴᠡᠭᠡᠨ᠎ᠤ ᠠᠭᠤᠰᠤᠯᠴᠠᠯ᠂ ᠠᠷᠠᠳ᠎ᠤᠨ ᠠᠭᠠᠷ᠎ᠤᠨ ᠰᠡᠷᠭᠡᠢᠯᠡᠯᠳᠠ ᠵᠡᠷᠭᠡ ᠠᠵᠢᠯ᠎ᠢ ᠰᠠᠢᠳᠦᠷ ᠬᠢᠵᠤ᠂ ᠴᠡᠷᠢᠭ᠎ᠤᠨ ᠠᠯᠪᠠ᠎ᠠᠴᠠ ᠬᠠᠯᠠᠭ᠍ᠳᠠᠭ᠍ᠰᠠᠳ᠎ᠤᠨ ᠠᠵᠢᠯ᠎ᠤᠨ ᠲᠤᠭ᠍ᠳᠠᠯᠴᠠᠭ᠎ᠠ ᠪᠠ  ᠪᠠᠳᠤᠯᠠᠭ᠎ᠠ᠎ᠶ᠋ᠢᠨ  ᠳᠦᠷᠢᠮ᠎ᠢ ᠪᠦᠷᠢᠨᠱᠢᠭᠦᠯᠦᠨ᠂ ᠴᠡᠷᠢᠭ ᠪᠠ ᠵᠠᠰᠠᠭ᠂ ᠴᠡᠷᠢᠭ ᠪᠠ ᠠᠷᠠᠳ ᠪᠦᠯᠬᠦᠮᠳᠡᠨ ᠨᠢᠭᠡᠳᠴᠦ᠍ ᠡᠬᠡ ᠤᠯᠤᠰ᠎ᠤᠨ ᠤᠮᠠᠷᠠᠲᠤ ᠬᠢᠯᠢ᠎ᠶ᠋ᠢᠨ ᠠᠮᠤᠷ ᠲᠣᠭ᠍ᠲᠠᠭᠤᠨ᠎ᠢ ᠰᠠᠬᠢᠨ ᠬᠠᠮᠠᠭᠠᠯᠠᠨ᠎ᠠ᠃


ᠳᠦᠷᠪᠡ᠂ ᠵᠠᠰᠠᠭ᠎ᠤᠨ ᠤᠷᠳᠤᠨ᠎ᠤ ᠵᠠᠰᠠᠯᠳᠠ᠎ᠶ᠋ᠢᠨ ᠴᠢᠳᠠᠪᠦᠷᠢ ᠪᠠ ᠬᠢᠷᠢ ᠲᠦᠪᠱᠢᠨ᠎ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠦᠨ᠎ᠠ


ᠱᠢᠨ᠎ᠡ ᠴᠠᠭ ᠦᠶ᠎ᠡ᠎ᠶ᠋ᠢᠨ ᠵᠠᠰᠠᠭ᠎ᠤᠨ ᠤᠷᠳᠤᠨ᠎ᠤ ᠠᠵᠢᠯ᠎ᠳᠤ ᠵᠠᠪᠠᠯ ᠱᠢᠨ᠎ᠡ ᠪᠠᠷᠢᠮᠵᠢᠶ᠎ᠠ ᠱᠢᠨ᠎ᠡ ᠴᠢᠨᠠᠷ ᠴᠢᠨᠰᠠᠭ᠎ᠠ᠂ ᠱᠢᠨ᠎ᠡ ᠵᠢᠳᠭᠦᠯ ᠴᠢᠷᠮᠠᠢᠯᠭ᠎ᠠ ᠱᠢᠨ᠎ᠡ ᠳᠦᠷᠰᠤ ᠪᠠᠢᠳᠠᠯ᠎ᠲᠠᠢ ᠪᠠᠢᠯᠭᠠᠵᠤ᠂ ᠵᠠᠰᠠᠭ᠎ᠤᠨ ᠤᠷᠳᠤᠨ᠎ᠤ ᠲᠤᠰ ᠪᠡᠶ᠎ᠡ᠎ᠶ᠋ᠢᠨ ᠪᠠᠢᠭᠤᠯᠤᠯᠲᠠ᠎ᠳᠤ ᠵᠠᠪᠠᠯ ᠱᠢᠨ᠎ᠡ ᠴᠢᠩᠭᠠᠷᠠᠯᠲᠠ ᠱᠢᠨ᠎ᠡ ᠳᠠᠪᠱᠢᠯᠳᠠ᠎ᠲᠠᠢ ᠪᠣᠯᠭᠠᠨ᠎ᠠ᠃

ᠲᠤᠭ ᠳᠡᠮᠳᠡᠭ ᠳᠤᠳᠤᠷᠬᠠᠢ᠎ᠪᠠᠷ ᠤᠯᠤᠰ ᠲᠦᠷᠦ᠍᠎ᠶ᠋ᠢ ᠡᠷᠬᠢᠮᠯᠡᠨ᠎ᠡ᠃ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠵᠢᠷᠭᠤᠳᠤᠭᠠᠷ ᠪᠦᠬᠦᠳᠠ ᠬᠤᠷᠠᠯ᠎ᠤᠨ ᠵᠤᠷᠢᠭ ᠰᠠᠨᠠᠭ᠎ᠠ᠎ᠶ᠋ᠢ ᠬᠦᠨᠵᠡᠭᠡᠢ ᠰᠤᠷᠤᠯᠴᠠᠨ ᠳᠤᠭᠤᠱᠢᠯᠠᠭᠤᠯᠵᠤ᠂ ᠨᠠᠮ᠎ᠤᠨ ᠳᠡᠤᠬᠡ᠎ᠶ᠋ᠢᠨ ᠰᠤᠷᠤᠯᠴᠠᠯᠭ᠎ᠠ ᠬᠦᠮᠦᠵᠢᠯ᠎ᠤᠨ ᠪᠠᠢᠩᠭᠤᠵᠢᠬᠤ ᠪᠠ ᠤᠷᠲᠦ ᠬᠤᠭᠤᠴᠠᠭᠠᠨ᠎ᠤ ᠪᠦᠲᠦᠮᠵᠢᠲᠠᠢ ᠪᠠᠢᠬᠤ᠎ᠶ᠋ᠢ ᠠᠬᠢᠭᠤᠯᠵᠤ᠂ ᠨᠠᠮ᠎ᠳᠤ᠎ᠪᠠᠨ ᠦᠨᠡᠨᠴᠢ ᠱᠢᠳᠤᠷᠭᠤ ᠪᠠᠢᠬᠤ ᠬᠦᠮᠦᠵᠢᠯ᠎ᠢ ᠭᠦᠨᠵᠡᠭᠡᠢᠷᠡᠭᠦᠯᠵᠦ᠍᠂ ᠤᠯᠤᠰ ᠲᠦᠷᠦ᠍᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠦᠷᠦ᠍᠎ᠶ᠋ᠢᠨ ᠤᠢᠯᠠᠭᠠᠬᠤ ᠴᠢᠳᠠᠪᠤᠷᠢ᠂ ᠤᠯᠤᠰ ᠲᠦᠷᠦ᠍᠎ᠶ᠋ᠢᠨ ᠭᠦᠢᠴᠡᠳᠭᠡᠬᠦ᠌ ᠴᠢᠳᠠᠪᠤᠷᠢ᠎ᠪᠠᠨ ᠲᠠᠰᠤᠷᠠᠯᠳᠠ ᠦᠭᠡᠢ ᠳᠡᠭᠡᠭ᠌ᠰᠢᠯᠡᠭᠦᠯᠦᠨ᠂ 《ᠬᠤᠶᠠᠷ᠎ᠢ ᠲᠤᠭ᠍ᠳᠠᠭᠠᠬᠤ》 ᠎ᠶ᠋ᠢ ᠡᠷᠡᠰ ᠬᠦᠷᠢᠶᠡᠯᠡᠵᠦ᠍᠂ 《ᠬᠤᠶᠠᠷ᠎ᠢ ᠬᠠᠮᠠᠭᠠᠯᠠᠬᠤ》 ᠎ᠶ᠋ᠢ ᠪᠠᠳᠤ ᠴᠢᠩᠭ᠎ᠠ᠎ᠪᠠᠷ ᠪᠡᠶᠡᠯᠡᠭᠦᠯᠦᠨ᠂ ᠦᠵᠡᠯ ᠰᠠᠨᠠᠭ᠎ᠠ ᠤᠯᠤᠰ ᠲᠦᠷᠦ᠍ ᠦᠢᠯᠡ ᠠᠵᠢᠯᠯᠠᠭ᠎ᠠ ᠳᠡᠭᠡᠷ᠎ᠡ᠎ᠪᠠᠨ ᠢᠮᠠᠭ᠍ᠳᠠ ᠰᠢ᠎ᠶ᠋ᠢᠨ ᠫᠢᠩ ᠨᠦᠬᠦᠷ᠎ᠢᠶᠠᠷ ᠭᠤᠤᠯ ᠪᠤᠯᠭᠠᠭ᠍ᠰᠠᠨ ᠨᠠᠮ᠎ᠤᠨ ᠲᠦᠪ ᠬᠤᠷᠢᠶ᠎ᠠ᠎ᠲᠠᠢ ᠳᠡᠭᠡᠳᠦ ᠬᠡᠮᠵᠢᠶ᠎ᠡ᠎ᠪᠠᠷ ᠨᠢᠭᠡᠳᠦᠯᠳᠠᠢ ᠪᠠᠢᠯᠭᠠᠨ᠎ᠠ᠃

ᠨᠢᠭᠡ ᠯᠠ ᠰᠡᠳᠭᠢᠯ᠎ᠢᠶᠠᠷ ᠨᠠᠢᠳᠠᠪᠤᠷᠢᠵᠢᠭᠤᠯᠬᠤ᠎ᠶ᠋ᠢ ᠠᠳᠭᠤᠨ᠎ᠠ᠃ ᠨᠠᠮ᠎ᠤᠨ ᠲᠦᠪ ᠬᠤᠷᠢᠶᠠᠨ᠎ᠤ ᠱᠢᠢᠳᠪᠤᠷᠢᠳᠤ ᠪᠤᠳᠤᠯᠭ᠎ᠠ ᠪᠠᠢᠷᠢᠯᠠᠭᠤᠯᠤᠯᠳᠠ᠎ᠶ᠋ᠢᠨ ᠲᠣᠭᠤᠷᠢᠨ᠎ᠳᠤ ᠨᠢᠭ᠍ᠳᠠ ᠤᠶᠠᠯᠳᠤᠭᠤᠯᠤᠨ᠂ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠠᠵᠢᠯ᠎ᠤᠨ ᠱᠠᠭᠠᠷᠳᠠᠯᠭ᠎ᠠ᠎ᠶ᠋ᠢᠨ ᠶᠤᠰᠤᠭᠠᠷ᠂ ᠲᠡᠷᠡ ᠶᠤᠰᠤᠭᠠᠷ᠎ᠨᠢ ᠨᠠᠢᠳᠠᠪᠤᠷᠢᠵᠢᠭᠤᠯᠬᠤ᠎ᠶ᠋ᠢ ᠰᠠᠢᠳᠤᠷ ᠠᠳᠭᠤᠵᠦ᠍᠂ ᠨᠠᠢᠳᠠᠪᠤᠷᠢᠵᠢᠭᠤᠯᠤᠯᠳᠠ᠎ᠶ᠋ᠢ ᠴᠦᠬᠦᠷᠡᠰᠢ ᠦᠭᠡᠢ ᠠᠬᠢᠭᠤᠯᠤᠨ᠎ᠠ᠃ ᠠᠵᠢᠯ᠎ᠤᠨ ᠪᠠᠢᠷᠢ ᠪᠤᠯ ᠬᠠᠷᠢᠭᠤᠴᠠᠯᠭ᠎ᠠ᠂ ᠲᠤᠱᠢᠶᠠᠯ᠎ᠤᠨ ᠪᠠᠢᠷᠢ ᠪᠤᠯ ᠬᠠᠷᠢᠭᠤᠴᠠᠯᠭ᠎ᠠ ᠪᠤᠯᠬᠤ᠎ᠶ᠋ᠢ ᠪᠠᠷᠢᠮᠳᠠᠯᠠᠵᠦ᠍᠂ ᠨᠠᠢᠳᠠᠪᠤᠷᠢᠵᠢᠭᠤᠯᠬᠤ ᠦᠭᠡᠢ ᠪᠠ ᠪᠣᠳᠠᠲᠠᠢ ᠨᠠᠢᠳᠠᠪᠤᠷᠢᠵᠢᠭᠤᠯᠬᠤ ᠦᠭᠡᠢ ᠪᠠᠢᠬᠤ ᠦᠵᠡᠭ᠌ᠳᠡᠯ᠎ᠢ ᠡᠷᠡᠰ ᠳᠡᠪᠴᠢᠨ᠎ᠡ᠃ ᠠᠵᠢᠯ᠎ᠤᠨ ᠠᠷᠭ᠎ᠠ ᠪᠠᠷᠢᠯ᠎ᠢᠶᠠᠨ ᠨᠡᠩ ᠴᠢᠩᠭ᠎ᠠ᠂ ᠨᠡᠩ ᠨᠠᠷᠢᠯᠢᠬ᠂ ᠨᠡᠩ ᠪᠤᠳᠠᠳᠠᠢ ᠪᠤᠯᠭᠠᠨ᠂ ᠨᠢᠭᠡᠳᠦᠭᠡᠷ ᠹᠷᠤᠨᠲ᠎ᠤᠨ ᠠᠵᠢᠯ᠎ᠢ ᠪᠠᠢᠩᠭᠤᠵᠢᠭᠤᠯᠬᠤ ᠪᠠ ᠪᠢᠳᠡᠭᠦᠦ ᠴᠦᠷᠭᠡᠯᠡᠨ ᠨᠠᠢᠳᠠᠪᠤᠷᠢᠵᠢᠭᠤᠯᠬᠤ᠎ᠶ᠋ᠢ ᠤᠷᠲᠤ ᠬᠤᠭᠤᠴᠠᠭᠠᠨ᠎ᠳᠤ ᠪᠦᠲᠦᠮᠵᠢᠲᠡᠢ ᠪᠠᠢᠯᠭᠠᠵᠤ᠂ ᠦᠨᠳᠦᠰᠦᠨ ᠱᠠᠳᠤᠨ᠎ᠤ ᠳᠠᠷᠤᠭᠠᠰᠤ᠎ᠶ᠋ᠢ ᠦᠷᠭᠦᠯᠵᠢᠯᠡᠨ ᠬᠦᠩᠭᠡᠷᠡᠭᠦᠯᠵᠦ᠍᠂ ᠬᠠᠷᠢᠭᠤᠴᠠᠯᠭ᠎ᠠ ᠡᠭᠦᠷᠭᠡᠯᠡᠬᠦ᠌ ᠦᠭᠡᠢ᠂ ᠵᠢᠳᠭᠦᠯ ᠴᠢᠷᠮᠠᠢᠯᠭ᠎ᠠ ᠭᠠᠷᠭᠠᠬᠤ ᠦᠭᠡᠢ᠂ ᠠᠯᠭᠤᠷᠯᠠᠨ ᠠᠵᠢᠯᠯᠠᠬᠤ᠂ ᠦᠩᠭᠡᠪᠴᠢ ᠠᠵᠢᠯ ᠬᠢᠬᠦ᠂ ᠠᠵᠢᠯ᠎ᠢᠶᠠᠨ ᠰᠤᠬᠤᠷ ᠪᠠᠯᠠᠢ᠎ᠪᠠᠷ ᠳᠡᠯᠭᠡᠨ ᠦᠷᠦᠬᠦ᠌᠎ᠶ᠋ᠢ ᠡᠷᠡᠰ ᠡᠰᠡᠷᠭᠦᠴᠡᠵᠦ᠍᠂ ᠲᠣᠭ᠍ᠲᠠᠭ᠍ᠰᠠᠨ ᠠᠵᠢᠯ ᠶᠠᠪᠤᠳᠠᠯ᠎ᠢ ᠴᠢᠩᠭ᠎ᠠ ᠠᠳᠭᠤᠨ ᠱᠠᠯᠠᠪᠳᠠᠨ ᠭᠦᠢᠴᠡᠳᠭᠡᠵᠦ᠍᠂ ᠦᠷ᠎ᠡ ᠪᠦᠲᠦᠮᠵᠢ ᠭᠠᠷᠭᠠᠵᠤ᠂ ᠦᠷ᠎ᠡ ᠳ᠋ᠦᠩ᠎ᠲᠠᠢ ᠪᠣᠯᠭᠠᠬᠤ ᠬᠡᠷᠡᠭ᠌ᠲᠡᠢ᠃

ᠰᠡᠳᠭᠢᠯ ᠲᠠᠯᠪᠢᠵᠦ᠍ ᠪᠤᠳᠠᠳᠠᠢ ᠶᠠᠪᠤᠳᠠᠯ᠎ᠢ ᠬᠢᠴᠢᠶᠡᠩᠭᠦᠢ ᠭᠦᠢᠴᠡᠳᠭᠡᠨ᠎ᠡ᠃ ᠠᠷᠠᠳ ᠲᠦᠮᠡᠨ᠎ᠢᠶᠠᠷ ᠭᠤᠤᠯ ᠪᠤᠯᠭᠠᠬᠤ ᠬᠦᠭ᠌ᠵᠢᠯᠳᠡ᠎ᠶ᠋ᠢᠨ ᠦᠵᠡᠯ ᠰᠠᠨᠠᠭ᠎ᠠ᠎ᠶ᠋ᠢ ᠬᠢᠨᠠᠮᠠᠭᠠᠢ ᠦᠢᠯᠡᠳᠦᠯᠭᠡᠵᠢᠭᠦᠯᠵᠦ᠍᠂ ᠤᠯᠠᠨ ᠲᠦᠮᠡᠨ᠎ᠤ  ᠠᠷᠰᠠᠷ ᠤᠴᠢᠷ ᠶᠠᠪᠤᠳᠠᠯ᠎ᠢ ᠲᠣᠮᠤ ᠠᠵᠢᠯ ᠶᠠᠪᠤᠳᠠᠯ᠎ᠢᠶᠠᠷ ᠦᠵᠡᠵᠦ᠍᠂ ᠤᠯᠠᠨ ᠲᠦᠮᠡᠨ᠎ᠤ ᠶᠠᠭᠠᠷᠠᠯᠲᠠᠢ ᠤᠴᠢᠷ ᠬᠦᠴᠢᠷᠲᠡᠢ ᠶᠠᠪᠤᠳᠠᠯ᠎ᠢ ᠴᠢᠬᠤᠯᠠ ᠠᠵᠢᠯ ᠶᠠᠪᠤᠳᠠᠯ ᠪᠣᠯᠭᠠᠵᠤ᠂ 《ᠪᠢ ᠤᠯᠠᠨ ᠲᠦᠮᠡᠨ᠎ᠳᠤ ᠪᠤᠳᠠᠳᠠᠢ ᠶᠠᠪᠤᠳᠠᠯ ᠬᠢᠬᠦ᠌》 ᠎ᠶ᠋ᠢ ᠦᠷᠭᠦᠯᠵᠢᠯᠡᠨ ᠠᠬᠢᠭᠤᠯᠤᠨ᠎ᠠ᠃ ᠱᠢᠨ᠎ᠡ ᠴᠠᠭ ᠦᠶ᠎ᠡ᠎ᠶ᠋ᠢᠨ ᠨᠠᠮ᠎ᠤᠨ ᠤᠯᠠᠨ ᠲᠦᠮᠡᠨᠴᠢ ᠱᠤᠭᠤᠮ᠎ᠢᠶᠠᠷ ᠰᠠᠢᠳᠤᠷ ᠵᠠᠮᠨᠠᠵᠦ᠍᠂ ᠡᠯ᠎ᠡ ᠱᠠᠲᠤᠨ᠎ᠤ ᠵᠠᠰᠠᠭ᠎ᠤᠨ ᠣᠷᠳᠣᠨ ᠤᠳᠤᠷᠢᠳᠭᠤ   ᠺᠠᠳ᠋ᠷ᠎ᠤᠨ ᠰᠤᠷᠪᠤᠯᠵᠢᠯᠠᠯ ᠬᠦᠯᠢᠶᠡᠨ ᠠᠪᠬᠤ ᠲᠣᠭ᠍ᠲᠠᠴᠠ᠎ᠶ᠋ᠢ ᠪᠠᠢᠭᠤᠯᠤᠨ᠂ ᠣᠯᠠᠨ ᠲᠦᠮᠡᠨ᠎ᠤ ᠬᠦᠰᠡᠯ ᠱᠠᠭᠠᠷᠳᠠᠯᠭ᠎ᠠ᠎ᠶ᠋ᠢ ᠨᠢᠭᠤᠷᠳᠠᠨ ᠰᠤᠨᠤᠰᠴᠤ᠌᠂ ᠣᠯᠠᠨ ᠲᠦᠮᠡᠨ᠎ᠤ ᠠᠰᠠᠭᠤᠳᠠᠯ᠎ᠢ ᠦᠨᠡᠨ ᠪᠤᠲᠠᠲᠠᠢ᠎ᠪᠠᠷ ᠱᠢᠢᠳᠪᠦᠷᠢᠯᠡᠨ᠂ ᠠᠵᠦ᠍ ᠠᠬᠤᠢ᠌ᠯᠠᠯ᠎ᠳᠤ ᠦᠨᠡᠨ ᠰᠡᠳᠭᠢᠯ᠎ᠢᠶᠠᠷ᠎ᠢᠶᠠᠨ ᠦᠢᠯᠡᠴᠢᠯᠡᠨ᠎ᠡ᠃ 《ᠠᠯᠪᠠᠨ᠎ᠤ ᠭᠤᠷᠪᠠᠨ ᠵᠠᠷᠤᠳᠠᠯ》 ᠎ᠢ ᠴᠢᠩᠭ᠎ᠠ ᠬᠢᠵᠠᠭᠠᠷᠯᠠᠨ᠂ ᠦᠪᠡᠷᠳᠡᠭᠡᠨ ᠵᠠᠰᠠᠬᠤ ᠤᠷᠤᠨ᠎ᠤ ᠲᠤᠰ ᠱᠠᠳᠤᠨ᠎ᠤ ᠭᠤᠤᠯᠳᠠᠯᠭ᠎ᠠ᠎ᠶ᠋ᠢᠨ ᠪᠤᠰᠤ ᠪᠠ ᠵᠠᠪᠠᠯ ᠬᠡᠷᠡᠭ᠌ᠰᠡᠬᠦ᠌ ᠪᠤᠰᠤ ᠴᠢᠨᠠᠷᠲᠠᠢ  ᠵᠠᠷᠤᠯᠭ᠎ᠠ᠎ᠶ᠋ᠢᠨ  ᠲᠦᠰᠦᠪ᠎ᠢ ᠳᠠᠬᠢᠨᠲᠠ 29.5 ᠳ᠋ᠦᠩᠱᠢᠭᠤᠷ ᠲᠦᠭᠦᠷᠢᠭ ᠬᠠᠰᠤᠨ᠎ᠠ᠂ ᠡᠯ᠎ᠡ ᠱᠠᠳᠤ ᠡᠯ᠎ᠡ ᠭᠠᠵᠠᠷ᠎ᠤᠨ ᠵᠠᠷᠤᠯᠭ᠎ᠠ᠎ᠪᠠᠨ ᠠᠷᠪᠢᠯᠠᠵᠦ᠍ ᠠᠷᠪᠢᠴᠢ ᠭᠠᠮᠲᠠᠢ ᠪᠠᠢᠬᠤ᠎ᠶ᠋ᠢ ᠳᠠᠢᠴᠢᠯᠠᠵᠦ᠍᠂ ᠪᠦᠷᠢᠯᠭᠡᠨ ᠰᠦᠢᠳᠭᠡᠬᠦ᠌ ᠪᠠ ᠵᠠᠷᠤᠯᠭ᠎ᠠ ᠶᠡᠬᠡᠳᠠᠢ ᠪᠠᠢᠬᠤ᠎ᠶ᠋ᠢ ᠡᠷᠡᠰ ᠡᠰᠡᠷᠭᠦᠴᠡᠨ᠂ ᠵᠠᠷᠤᠳᠠᠯ ᠮᠦᠡᠭ᠌ᠭᠦ ᠪᠦᠭᠦᠨ᠎ᠢ ᠠᠷᠪᠢᠲᠠᠢ ᠭᠠᠮᠲᠠᠢ ᠬᠡᠷᠡᠭ᠌ᠯᠡᠵᠦ᠍᠂ ᠠᠵᠢᠯ ᠶᠠᠪᠤᠳᠠᠯ ᠪᠦᠭᠦᠨ᠎ᠢ ᠪᠦᠷᠢᠨ ᠰᠠᠢᠨ ᠭᠦᠢᠴᠡᠳᠭᠡᠨ᠎ᠡ᠃

ᠠᠷᠢᠭᠤᠨ ᠴᠢᠭᠡᠴᠢ᠎ᠪᠠᠷ ᠠᠵᠢᠯᠯᠠᠵᠤ ᠦᠢᠯᠡᠰ ᠪᠦᠲᠦᠭᠡᠨ᠎ᠡ᠃ ᠨᠠᠮ᠎ᠢ ᠬᠠᠮᠢᠶᠠᠷᠴᠤ᠌ ᠨᠠᠮ᠎ᠢ ᠵᠠᠰᠠᠬᠤ ᠬᠠᠷᠢᠭᠤᠴᠠᠯᠭ᠎ᠠ᠎ᠶ᠋ᠢᠨ ᠱᠠᠭᠠᠷᠳᠠᠯᠭ᠎ᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠦ᠍᠂ ᠲᠦᠪ᠎ᠤᠨ ᠨᠠᠢ᠍ᠮᠠᠨ ᠵᠦᠢᠯ᠎ᠤᠨ ᠲᠤᠭ᠍ᠳᠠᠭᠠᠯ᠎ᠤᠨ ᠵᠤᠷᠢᠭ ᠰᠠᠨᠠᠭ᠎ᠠ᠎ᠶ᠋ᠢ ᠴᠢᠩᠭ᠎ᠠ ᠬᠡᠷᠡᠭ᠌ᠵᠢᠭᠦᠯᠵᠦ᠍᠂ ᠡᠯ᠎ᠡ ᠵᠦᠢᠯ᠎ᠤᠨ ᠰᠠᠬᠢᠯᠭ᠎ᠠ ᠪᠠᠳᠤ ᠪᠠ ᠶᠤᠰᠤ ᠳᠦᠷᠢᠮ᠎ᠢ ᠴᠢᠩᠭ᠎ᠠ ᠵᠢᠷᠤᠮᠯᠠᠨ ᠰᠠᠬᠢᠵᠤ᠂ ᠨᠠᠮ᠎ᠤᠨ ᠳᠤᠳᠤᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠤᠨ ᠪᠤᠯᠬᠢᠴᠢᠯᠠᠬᠤ᠂ ᠠᠷᠠᠯᠵᠢᠶᠠᠴᠢᠯᠠᠬᠤ᠎ᠶ᠋ᠢ ᠰᠡᠷᠭᠡᠢᠯᠡᠨ ᠬᠤᠷᠢᠭ᠍ᠯᠠᠵᠦ᠍᠂ 《ᠳᠦᠷᠪᠡᠨ ᠰᠤᠷᠳᠠᠯ》 ᠎ᠤ᠋ᠨ ᠠᠰᠠᠭᠤᠳᠠᠯ ᠢᠯᠠᠩᠭᠤᠶ᠎ᠠ ᠬᠡᠯᠪᠡᠷᠢ᠎ᠶ᠋ᠢᠨ ᠦᠵᠡᠯ᠂ ᠨᠤᠶᠠᠨᠴᠢ ᠰᠤᠷᠳᠠᠯ᠎ᠤᠨ ᠠᠰᠠᠭᠤᠳᠠᠯ᠎ᠤᠳ ᠴᠣᠬᠤᠢᠮᠠᠭ᠍ᠴᠠ ᠳᠠᠷᠤᠵᠤ᠂ ᠢᠯᠵᠠᠷᠠᠯ᠎ᠤᠨ ᠦᠵᠡᠭ᠌ᠳᠡᠯ᠎ᠳᠤ ᠦᠴᠦᠬᠡᠨ ᠴᠦ᠍ ᠢᠯᠳᠠᠷ ᠬᠠᠶᠠᠬᠤ ᠦᠭᠡᠢ ᠪᠠᠢᠵᠦ᠍᠂ ᠴᠢᠩᠭ᠎ᠠ ᠪᠠᠢᠯᠭᠠᠬᠤ ᠭᠤᠤᠯ ᠦᠨᠳᠦᠰᠦᠨ ᠰᠠᠨᠠᠭ᠎ᠠ᠎ᠶ᠋ᠢ ᠵᠠᠰᠠᠭ᠎ᠤᠨ ᠤᠷᠳᠤᠨ᠎ᠤ ᠱᠢᠰᠲ᠋ᠧᠮ᠎ᠳᠤ ᠲᠦᠢᠯᠪᠤᠷᠢᠲᠠᠢ ᠲᠤᠭᠤᠱᠢᠯᠠᠭᠤᠯᠤᠨ᠂ ᠰᠤᠷᠲᠠᠯ ᠴᠢᠭᠡᠴᠢ ᠣᠪᠤᠷ ᠲᠥᠪ᠂ ᠠᠵᠢᠯ ᠬᠢᠵᠦ᠍ ᠦᠢᠯᠡᠰ ᠪᠦᠲᠦᠭᠡᠬᠦ᠌ ᠤᠯᠤᠰ ᠲᠦᠷᠦ᠍᠎ᠶ᠋ᠢᠨ ᠠᠮᠢ ᠠᠬᠤᠢ᠎ᠶ᠋ᠢ ᠴᠢᠷᠮᠠᠢᠨ ᠪᠣᠢ ᠪᠣᠯᠭᠠᠨ᠎ᠠ᠃ ᠬᠠᠤᠯᠢᠵᠢᠯ᠎ᠤᠨ ᠵᠠᠰᠠᠭ᠎ᠤᠨ ᠤᠷᠳᠤᠨ᠎ᠤ  ᠪᠠᠢᠭᠤᠯᠤᠯᠳᠠ᠎ᠶ᠋ᠢ ᠭᠦᠨᠵᠡᠭᠡᠢ ᠠᠬᠢᠭᠤᠯᠵᠦ᠍᠂ ᠳᠦᠷᠢᠮ᠎ᠢᠶᠠᠷ ᠡᠷᠬᠡ᠎ᠶ᠋ᠢ ᠬᠠᠮᠢᠶᠠᠷᠬᠤ᠂ ᠠᠵᠢᠯ ᠶᠠᠪᠤᠳᠠᠯ᠎ᠢ ᠬᠠᠮᠢᠶᠠᠷᠬᠤ᠂ ᠠᠵᠢᠯᠲᠠᠨ᠎ᠢᠶᠠᠨ ᠬᠠᠮᠢᠶᠠᠷᠬᠤ᠎ᠶ᠋ᠢ ᠪᠠᠷᠢᠮᠳᠠᠯᠠᠵᠦ᠍᠂ ᠢᠲᠡᠭᠡᠮᠵᠢ ᠪᠠᠢᠵᠣ ᠠᠮᠠᠯᠠᠯᠳᠠ᠎ᠪᠠᠨ ᠪᠡᠶᠡᠯᠡᠭᠦᠯᠬᠦ᠌ ᠲᠤᠭ᠍ᠳᠠᠴᠠ᠎ᠶ᠋ᠢ ᠲᠡᠭᠦᠯᠳᠡᠷᠵᠢᠭᠦᠯᠦᠨ᠂ ᠬᠡᠯᠡᠪᠡᠰᠦ ᠢᠳᠡᠭᠡᠮᠵᠢᠳᠠᠢ ᠬᠢᠪᠡᠰᠦ ᠪᠦᠲᠦᠮᠵᠢᠲᠡᠢ ᠪᠠᠢᠵᠦ᠍᠂ 《ᠱᠢᠨ᠎ᠡ ᠲᠤᠱᠢᠶᠠᠯᠲᠠᠨ᠎ᠨᠢ ᠬᠠᠭᠤᠴᠢᠨ ᠳᠠᠩᠰᠠ᠎ᠶ᠋ᠢ ᠬᠠᠮᠢᠶᠠᠷᠬᠤ ᠦᠭᠡᠢ》 ᠪᠠᠢᠵᠦ᠍ ᠣᠭ᠍ᠲᠤ ᠪᠤᠯᠬᠤ ᠦᠭᠡᠢ᠃ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠬᠢᠨᠠᠯᠳᠠ ᠲᠠᠯᠪᠢᠬᠤ᠂ ᠤᠯᠤᠰ ᠲᠦᠷᠦ᠍᠎ᠶ᠋ᠢᠨ ᠵᠦᠪᠯᠡᠯᠭᠡᠨ᠎ᠤ ᠬᠢᠨᠠᠯᠳᠠ ᠲᠠᠯᠪᠢᠬᠤ᠂ ᠬᠢᠨᠠᠨ ᠪᠠᠢᠴᠠᠭᠠᠬᠤ ᠲᠠᠯ᠎ᠠ᠎ᠶ᠋ᠢᠨ ᠬᠢᠨᠠᠯᠳᠠ ᠲᠠᠯᠪᠢᠬᠤ᠂ ᠬᠠᠤᠯᠢ ᠴᠠᠭᠠᠵᠠ᠎ᠶ᠋ᠢᠨ ᠬᠢᠨᠠᠯᠳᠠ ᠲᠠᠯᠪᠢᠬᠤ᠂ ᠲᠤᠭ᠎ᠠ ᠪᠦᠷᠢᠳᠭᠡᠯ᠎ᠤᠨ ᠬᠢᠨᠠᠯᠳᠠ ᠲᠠᠯᠪᠢᠬᠤ᠂ ᠨᠡᠢᠭᠡᠮ᠎ᠤᠨ ᠬᠢᠨᠠᠯᠳᠠ ᠲᠠᠯᠪᠢᠬᠤ᠂ ᠶᠠᠷᠢᠶ᠎ᠠ ᠬᠡᠯᠡᠯᠴᠡᠭᠡᠨ᠎ᠤ ᠬᠢᠨᠠᠯᠳᠠ ᠲᠠᠯᠪᠢᠬᠤ᠎ᠶ᠋ᠢ ᠤᠬᠠᠮᠰᠠᠷ᠎ᠠᠴᠠ᠎ᠪᠠᠨ ᠬᠦᠯᠢᠶᠡᠵᠦ᠍᠂ ᠬᠢᠨᠠᠨ ᠪᠤᠳᠤᠯᠳᠠ᠎ᠪᠠᠷ ᠬᠢᠨᠠᠯᠳᠠ ᠲᠠᠯᠪᠢᠬᠤ᠎ᠶ᠋ᠢ ᠴᠢᠩᠭᠠᠷᠠᠭᠤᠯᠤᠨ᠂ ᠬᠢᠨᠠᠯᠳᠠ ᠲᠠᠯᠪᠢᠯᠲᠠ᠎ᠶ᠋ᠢᠨ ᠳᠤᠤᠷ᠎ᠠ ᠠᠵᠢᠯ ᠦᠷᠨᠢᠭᠦᠯᠬᠦ᠌ ᠳᠠᠳᠭᠠᠯ᠎ᠲᠠᠢ ᠪᠤᠯᠵᠦ᠍᠂ ᠬᠢᠨᠠᠯᠳᠠ ᠲᠠᠯᠪᠢᠯᠲᠠ᠎ᠶ᠋ᠢᠨ ᠳᠤᠮᠳᠠ ᠡᠭᠦᠷᠭᠡ ᠬᠠᠷᠢᠭᠤᠴᠠᠯᠭ᠎ᠠ᠎ᠪᠠᠨ ᠴᠢᠳᠠᠮᠠᠭᠠᠢ ᠭᠦᠢᠴᠡᠳᠭᠡᠨ᠎ᠡ᠃

ᠲᠦᠯᠦᠭᠡᠯᠡᠭ᠌ᠴᠢᠳ ᠡ! ᠱᠢᠨ᠎ᠡ ᠴᠠᠭ ᠦᠶ᠎ᠡ ᠪᠢᠳᠠᠨ᠎ᠳᠤ ᠦᠩᠭᠡ ᠭᠡᠷᠡᠯᠳᠤ ᠬᠠᠷᠢᠭᠤᠴᠠᠯᠭ᠎ᠠ ᠡᠭᠦᠷᠭᠡᠯᠡᠯ ᠤᠯᠭᠤᠵᠦ᠍᠂ ᠱᠢᠨ᠎ᠡ ᠠᠶᠠᠨ ᠵᠠᠮ ᠪᠢᠳᠠᠨ᠎ᠢ ᠡᠷᠡᠮᠡᠬᠡᠢᠯᠡᠨ ᠤᠷᠤᠭ᠍ᠰᠢᠯᠠᠭᠤᠯᠬᠤ᠎ᠪᠠᠷ ᠤᠷᠢᠶᠠᠯᠠᠵᠦ᠍ ᠪᠠᠢᠨ᠎ᠠ! ᠪᠢᠳᠡ ᠰᠢ᠎ᠶ᠋ᠢᠨ ᠫᠢᠩ ᠨᠦᠭᠦᠷ᠎ᠢᠶᠠᠷ ᠭᠤᠤᠯ ᠪᠤᠯᠭᠠᠭ᠍ᠰᠠᠨ ᠨᠠᠮ᠎ᠤᠨ ᠲᠦᠪ ᠬᠤᠷᠢᠶᠠᠨ᠎ᠤ ᠲᠤᠭᠤᠷᠢᠨ᠎ᠳᠤ ᠨᠡᠩ ᠴᠢᠩᠭ᠎ᠠ ᠨᠢᠭ᠍ᠲᠠᠷᠠᠨ ᠪᠦᠯᠬᠦᠮᠳᠡᠵᠦ᠍᠂ ᠦᠪᠡᠷᠳᠡᠭᠡᠨ ᠵᠠᠰᠠᠬᠤ ᠤᠷᠤᠨ᠎ᠤ ᠨᠠᠮ᠎ᠤᠨ  ᠬᠤᠷᠢᠶᠠᠨ᠎ᠤ  ᠪᠦᠯᠬᠦᠮᠳᠡᠯ ᠲᠠᠭᠠᠭᠤᠯᠭ᠎ᠠ ᠳᠤᠤᠷ᠎ᠠ᠂ ᠪᠦᠬᠦ᠌ ᠤᠷᠤᠨ᠎ᠤ ᠦᠨᠳᠦᠰᠦᠳᠡᠨ᠎ᠨᠦᠭᠦᠳ᠎ᠤᠨ ᠠᠷᠠᠳ ᠲᠦᠮᠡᠨ᠎ᠲᠠᠢ ᠬᠠᠮᠳᠤ᠎ᠪᠠᠷ ᠬᠦᠰᠡᠯ ᠨᠠᠢᠳᠠᠯᠭ᠎ᠠ᠎ᠶ᠋ᠢ ᠪᠠᠳᠤ ᠴᠡᠭᠡᠵᠢᠯᠡᠨ᠂ ᠡᠨᠡᠷᠢᠯ᠎ᠳᠤ ᠲᠠᠯᠠᠷᠬᠠᠵᠤ ᠡᠷᠡᠯᠬᠡᠭ᠌ᠯᠡᠨ ᠤᠷᠤᠭ᠍ᠰᠢᠯᠠᠵᠦ᠍᠂ ᠰᠠᠬᠢᠨ ᠪᠠᠷᠠᠯᠠᠵᠦ᠍ ᠬᠠᠷᠢᠯᠴᠠᠨ ᠬᠠᠪᠰᠤᠷᠤᠯᠴᠠᠵᠦ᠍᠂ ᠪᠦᠯᠬᠦᠮᠳᠡᠨ ᠲᠡᠮᠡᠴᠡᠵᠦ᠍᠂ ᠱᠢᠯᠢᠳᠡᠭ ᠬᠢᠷᠢ ᠪᠦᠲᠦᠮᠵᠢ᠎ᠪᠠᠷ᠎ᠢᠶᠠᠨ ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠠᠮᠵᠢᠯᠲᠠ᠎ᠲᠠᠢ ᠬᠤᠷᠠᠯᠳᠤᠬᠤ᠎ᠶ᠋ᠢ ᠤᠭ᠍ᠳᠤᠵᠦ᠍᠂ ᠦᠵᠡᠰᠭᠦᠯᠡᠩᠳᠤ ᠰᠠᠢᠬᠠᠨ ᠦᠪᠦᠷ ᠮᠤᠩᠭᠤᠯ᠎ᠢᠶᠠᠨ ᠪᠦᠲᠦᠭᠡᠨ ᠪᠠᠢᠭᠤᠯᠵᠦ᠍᠂ ᠠᠭᠤᠤ ᠶᠡᠭᠡ ᠳᠤᠮᠳᠠᠳᠤ᠎ᠶ᠋ᠢᠨ ᠵᠡᠭᠦᠳᠦ᠍᠎ᠶ᠋ᠢ ᠬᠠᠮᠳᠤ᠎ᠪᠠᠷ ᠲᠡᠷᠭᠡᠯᠱᠢᠭᠦᠯᠬᠦ᠌᠎ᠳᠤ ᠨᠡᠩ ᠶᠡᠭᠡ ᠱᠢᠨ᠎ᠡ ᠬᠤᠪᠢ ᠨᠡᠮᠡᠷᠢ ᠦᠵᠡᠭᠦᠯᠦᠶ᠎ᠡ!


《ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ》 ᠎ᠤ᠋ᠨ ᠬᠤᠯᠪᠤᠭ᠍ᠳᠠᠯ ᠪᠦᠬᠦᠢ ᠨᠡᠷᠡᠰ᠎ᠤᠨ ᠳᠠᠢᠯᠪᠦᠷᠢ

1. ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ᠎ᠢ ᠱᠢᠯᠢᠳᠡᠭ᠌ᠵᠢᠭᠦᠯᠬᠦ᠌ 3.0 ᠲᠦᠰᠦᠯ᠄ ᠬᠤᠳᠠᠯᠳᠤᠭ᠎ᠠ ᠡᠷᠬᠢᠯᠡᠬᠦ  ᠤᠷᠴᠢᠨ ᠨᠦᠬᠦᠴᠡᠯ᠎ᠢ ᠱᠢᠯᠢᠳᠡᠭ᠌ᠵᠢᠭᠦᠯᠬᠦ᠌ ᠳᠡᠰ ᠳᠡᠪᠱᠢᠭ᠌ᠰᠡᠨ ᠪᠠᠷᠯᠠᠯ᠎ᠢ ᠪᠣᠢ ᠪᠣᠯᠭᠠᠬᠤ᠎ᠶ᠋ᠢᠨ ᠲᠤᠰᠠᠳᠠ᠂ 《ᠦᠪᠡᠷᠳᠡᠭᠡᠨ ᠵᠠᠰᠠᠬᠤ ᠤᠷᠤᠨ᠎ᠤ ᠬᠤᠳᠠᠯᠳᠤᠭ᠎ᠠ ᠡᠷᠬᠢᠯᠡᠬᠦ  ᠤᠷᠴᠢᠨ ᠨᠦᠬᠦᠴᠡᠯ᠎ᠢ ᠱᠢᠯᠢᠳᠡᠭ᠌ᠵᠢᠭᠦᠯᠬᠦ᠌ ᠠᠵᠢᠯ᠎ᠤᠨ ᠬᠡᠷᠡᠭ᠌ᠵᠢᠭᠦᠯᠬᠦ᠌ ᠲᠦᠰᠦᠯ》᠂ 《ᠦᠪᠡᠷᠳᠡᠭᠡᠨ ᠵᠠᠰᠠᠬᠤ  ᠤᠷᠤᠨ᠎ᠤ  ᠬᠤᠳᠠᠯᠳᠤᠭ᠎ᠠ ᠡᠷᠬᠢᠯᠡᠬᠦ  ᠤᠷᠴᠢᠨ ᠨᠦᠬᠦᠴᠡᠯ᠎ᠢ ᠱᠢᠯᠢᠳᠡᠭ᠌ᠵᠢᠭᠦᠯᠬᠦ᠌ ᠠᠵᠢᠯᠯᠠᠭᠠᠨ᠎ᠤ ᠲᠦᠰᠦᠯ》 ᠎ᠤ᠋ᠨ ᠳᠠᠷᠠᠭ᠎ᠠ᠂ 《ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠬᠤᠳᠠᠯᠳᠤᠭ᠎ᠠ ᠡᠷᠬᠢᠯᠡᠬᠦ  ᠨᠡᠩ ᠱᠢᠯᠢᠳᠡᠭ ᠤᠷᠴᠢᠨ ᠨᠦᠬᠦᠴᠡᠯ᠎ᠢᠶᠠᠷ ᠵᠠᠬ᠎ᠠ ᠳᠡᠯᠭᠡᠭᠦᠷ᠎ᠤᠨ ᠭᠤᠤᠯ ᠴᠤᠭ᠍ᠴᠠ᠎ᠳᠤ ᠦᠢᠯᠡᠴᠢᠯᠡᠬᠦ᠌ ᠠᠵᠢᠯᠯᠠᠭᠠᠨ᠎ᠤ ᠲᠦᠰᠦᠯ》 ᠢ᠋ ᠲᠣᠭ᠍ᠲᠠᠭᠠᠪᠠ᠃

2. 《ᠨᠢᠭᠡ ᠯᠠ ᠰᠦᠯᠵᠢᠶ᠎ᠠ᠎ᠪᠠᠷ ᠨᠡᠢᠳᠡᠮ ᠭᠦᠢᠴᠡᠳᠭᠡᠬᠦ᠌》 2.0 ᠪᠠᠢᠭᠤᠯᠤᠯᠳᠠ᠄ 《ᠢᠨᠲ᠋ᠧᠷ ᠰᠦᠯᠵᠢᠶ᠎ᠠ + ᠵᠠᠰᠠᠭ᠎ᠤᠨ ᠶᠠᠪᠤᠳᠠᠯ᠎ᠤᠨ ᠦᠢᠯᠡᠴᠢᠯᠡᠭᠡ》 ᠎ᠶ᠋ᠢᠨ ᠰᠠᠭᠤᠷᠢᠨ ᠳᠡᠭᠡᠷ᠎ᠠ᠂  《ᠮᠦᠩᠭᠡ  ᠰᠤᠪᠠᠭ》᠂ ᠤᠶᠤᠨᠯᠢᠬ ᠵᠠᠰᠠᠭ᠎ᠤᠨ ᠶᠠᠪᠤᠳᠠᠯ᠂ ᠠᠷᠠᠳ᠎ᠲᠤ ᠳᠦᠭᠦᠮ ᠦᠵᠡᠭᠦᠯᠬᠦ᠌ ᠬᠠᠯᠠᠮᠱᠢᠯ ᠤᠳᠠᠰᠤ 12345᠂ ᠳ᠋ᠠᠢᠲ᠋ᠠ᠎ᠶ᠋ᠢᠨ ᠠᠮᠤᠷ ᠲᠦᠪᠱᠢᠨ᠎ᠤ ᠬᠠᠮᠢᠶᠠᠷᠤᠯᠳᠠ ᠡᠵᠡᠮᠳᠡᠯ ᠵᠡᠷᠭᠡ  ᠬᠡᠷᠡᠭ᠌ᠯᠡᠭᠡᠨ᠎ᠤ ᠱᠢᠰᠲ᠋ᠧᠮ᠎ᠢ  ᠪᠠᠢᠭᠤᠯᠬᠤ᠎ᠪᠠᠷ ᠳᠠᠮᠵᠢᠨ᠂ 《ᠨᠢᠭᠡ ᠯᠠ ᠰᠦᠯᠵᠢᠶ᠎ᠠ᠎ᠪᠠᠷ ᠨᠡᠢᠳᠡᠮ ᠭᠦᠢᠴᠡᠳᠭᠡᠬᠦ᠌》 ᠎ᠶ᠋ᠢ 1.0 ᠪᠠᠷᠯᠠᠯ᠎ᠠᠴᠠ᠎ᠨᠢ 2.0 ᠪᠠᠷᠯᠠᠯ ᠪᠣᠯᠭᠠᠨ ᠠᠬᠢᠭᠤᠯᠤᠨ᠎ᠠ᠃

3. 《ᠮᠦᠩᠭᠡ ᠰᠤᠪᠠᠭ · ᠳᠦᠷᠪᠡ᠎ᠶ᠋ᠢ ᠭᠦᠢᠴᠡᠳᠭᠡᠬᠦ᠌ 》 ᠦᠢᠯᠡᠴᠢᠯᠡᠭᠡ᠄  《ᠮᠦᠩᠭᠡ ᠰᠤᠪᠠᠭ》 ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠬᠡᠷᠡᠭ᠌ᠯᠡᠭ᠌ᠴᠢᠳ᠎ᠤᠨ ᠨᠡᠭᠦᠳᠠᠯ ᠦᠵᠦᠬᠦᠷᠯᠢᠭ ᠎ᠲᠤ ᠰᠠᠭᠤᠷᠢᠯᠠᠬ᠍ᠰᠠᠨ ᠨᠢᠭᠡ ᠯᠠ ᠰᠦᠯᠵᠢᠶ᠎ᠠ᠎ᠪᠠᠷ ᠭᠦᠢᠴᠡᠳᠭᠡᠬᠦ᠂ ᠭᠠᠷ ᠤᠲᠠᠰᠤ᠎ᠪᠠᠷ ᠭᠦᠢᠴᠡᠳᠭᠡᠬᠦ᠂ ᠨᠢᠭᠡ ᠯᠠ ᠤᠳᠠᠭ᠎ᠠ᠎ᠳᠤ ᠭᠦᠢᠴᠡᠳᠭᠡᠬᠦ᠂ ᠳᠠᠨ᠎ᠢ ᠬᠠᠪᠰᠤᠷᠤᠨ ᠭᠦᠢᠴᠡᠳᠭᠡᠬᠦ᠌᠎ᠶ᠋ᠢ ᠬᠡᠯᠡᠵᠦ᠍ ᠪᠠᠢᠨ᠎ᠠ᠃

4. ᠠᠭᠠᠷ᠎ᠤᠨ ᠠᠶᠠᠯᠠᠯ᠎ᠤᠨ ᠭᠤᠤᠯ ᠱᠤᠭᠤᠮ᠎ᠢ ᠰᠠᠯᠪᠦᠷᠢ ᠱᠤᠭᠤᠮ᠎ᠯᠤᠭ᠎ᠠ ᠨᠡᠪᠲᠡᠷᠡᠭᠦᠯᠬᠦ᠂ ᠰᠠᠯᠪᠦᠷᠢ ᠱᠤᠭᠤᠮ᠎ᠢ ᠰᠠᠯᠪᠦᠷᠢ ᠱᠤᠭᠤᠮ᠎ᠯᠤᠭ᠎ᠠ ᠨᠡᠪᠳᠡᠷᠡᠭᠦᠯᠬᠦ᠂ ᠪᠦᠬᠦ᠌ ᠰᠦᠯᠵᠢᠶ᠎ᠠ᠎ᠶ᠋ᠢ ᠬᠤᠯᠪᠤᠬᠤ᠄ ᠭᠤᠤᠯ ᠱᠤᠭᠤᠮ᠎ᠤᠨ ᠨᠢᠰᠭᠡᠯ᠎ᠤᠨ ᠪᠠᠭᠤᠳᠠᠯ ᠬᠢᠭᠡᠳ ᠰᠠᠯᠪᠦᠷᠢ ᠱᠤᠭᠤᠮ᠎ᠤᠨ ᠨᠢᠰᠭᠡᠯ᠎ᠤᠨ ᠪᠠᠭᠤᠳᠠᠯ᠎ᠤᠨ ᠬᠤᠭᠤᠷᠤᠨᠳᠤ ᠠᠶᠠᠯᠠᠯ᠎ᠤᠨ ᠱᠤᠭᠤᠮ ᠨᠡᠭᠡᠭᠡᠬᠦ᠂ ᠰᠠᠯᠪᠦᠷᠢ ᠱᠤᠭᠤᠮ᠎ᠤᠨ ᠨᠢᠰᠭᠡᠯ᠎ᠤᠨ ᠪᠠᠭᠤᠳᠠᠯ ᠬᠢᠭᠡᠳ ᠰᠠᠯᠪᠦᠷᠢ ᠱᠤᠭᠤᠮ᠎ᠤᠨ ᠨᠢᠰᠭᠡᠯ᠎ᠤᠨ ᠪᠠᠭᠤᠳᠠᠯ᠎ᠤᠨ ᠬᠤᠭᠤᠷᠤᠨᠳᠤ ᠠᠶᠠᠯᠠᠯ᠎ᠤᠨ ᠱᠤᠭᠤᠮ ᠨᠡᠭᠡᠭᠡᠬᠦ᠂ ᠭᠤᠤᠯ ᠱᠤᠭᠤᠮ᠎ᠤᠨ ᠨᠢᠰᠭᠡᠯ᠎ᠤᠨ ᠪᠠᠭᠤᠳᠠᠯ᠂ ᠰᠠᠯᠪᠤᠷᠢ ᠱᠤᠭᠤᠮ᠎ᠤᠨ ᠨᠢᠰᠭᠡᠯ᠎ᠤᠨ ᠪᠠᠭᠤᠳᠠᠯ᠂ ᠨᠡᠢᠳᠡᠮ ᠬᠡᠷᠡᠭ᠌ᠯᠡᠬᠦ᠌ ᠨᠢᠰᠭᠡᠯ᠎ᠤᠨ ᠪᠠᠭᠤᠳᠠᠯ᠎ᠤᠨ ᠬᠠᠷᠢᠯᠴᠠᠨ ᠨᠡᠪᠲᠡᠷᠡᠯᠴᠡᠭ᠌ᠰᠡᠨ ᠤᠯᠠᠨ ᠨᠡᠢᠲᠡ᠎ᠶ᠋ᠢᠨ ᠠᠭᠠᠷ᠎ᠤᠨ ᠲᠡᠭᠡᠭᠡᠪᠤᠷᠢ᠎ᠶ᠋ᠢᠨ ᠲᠤᠤᠷ ᠰᠦᠯᠵᠢᠶ᠎ᠡ᠎ᠶ᠋ᠢ ᠴᠤᠭ᠍ᠴᠠᠯᠠᠨ ᠪᠠᠢᠭᠤᠯᠤᠨ᠎ᠠ᠃

5. 《ᠬᠤᠶᠠᠷ᠎ᠢ ᠬᠦᠩᠬᠡᠷᠡᠭᠦᠯᠬᠦ᠌》 ᠲᠦᠷᠦ᠍᠎ᠶ᠋ᠢᠨ ᠪᠤᠳᠤᠯᠭ᠎ᠠ᠄ ᠠᠯᠪᠠᠨ ᠵᠢᠷᠤᠮ᠎ᠤᠨ ᠰᠤᠷᠭᠠᠨ ᠬᠦᠮᠦᠵᠢᠯ᠎ᠤᠨ ᠱᠠᠲᠤᠨ᠎ᠳᠠᠬᠢ ᠰᠤᠷᠤᠭ᠍ᠴᠢᠳ᠎ᠤᠨ ᠳᠠᠰᠭᠠᠯ ᠲᠠᠭᠠᠭᠠᠯᠭᠠᠪᠤᠷᠢ᠎ᠶ᠋ᠢᠨ ᠳᠠᠷᠤᠭᠠᠰᠤ ᠪᠠ ᠰᠤᠷᠭᠠᠭᠤᠯᠢ᠎ᠶ᠋ᠢᠨ ᠭᠠᠳᠠᠨᠠᠬᠢ ᠪᠣᠯᠪᠠᠰᠤᠷᠠᠯ᠎ᠤᠨ ᠳᠠᠷᠤᠭᠠᠰᠤ᠎ᠶ᠋ᠢ ᠤᠯᠠᠮ ᠴᠢᠨᠠᠭ᠍ᠰᠢᠲᠠ ᠬᠥᠩᠭᠡᠷᠡᠭᠦᠯᠬᠦ᠌᠎ᠶ᠋ᠢ ᠬᠡᠯᠡᠵᠦ᠍ ᠪᠠᠢᠨ᠎ᠠ᠃

6. 《ᠬᠤᠶᠠᠷ᠎ᠢ ᠤᠷᠢᠳ᠎ᠢᠶᠠᠷ ᠴᠤᠬ᠍ᠴᠠᠯᠠᠬᠤ》᠂ 《ᠬᠤᠶᠠᠷ᠎ᠢ ᠳᠠᠪᠠᠭᠤᠯᠬᠤ》 ᠬᠠᠷᠠᠯᠲᠠ᠄ ᠪᠦᠬᠦ᠌ ᠤᠯᠤᠰ᠎ᠲᠤ ᠱᠢᠨ᠎ᠡ ᠡᠨᠧᠷᠬᠢ᠎ᠪᠠᠷ ᠭᠤᠤᠯ ᠴᠤᠭ᠍ᠴᠠ ᠪᠤᠯᠭᠠᠭ᠍ᠰᠠᠨ ᠡᠨᠧᠷᠬᠢ᠎ᠶ᠋ᠢᠨ ᠬᠠᠩᠭᠠᠯᠭ᠎ᠠ᠎ᠶ᠋ᠢᠨ  ᠲᠤᠭ᠍ᠲᠠᠯᠴᠠᠭ᠎ᠠ᠎ᠶ᠋ᠢ ᠤᠷᠢᠳ᠎ᠢᠶᠠᠷ ᠪᠠᠢᠭᠤᠯᠵᠤ᠂ ᠱᠢᠨ᠎ᠡ ᠡᠨᠧᠷᠬᠢ᠎ᠪᠠᠷ ᠭᠤᠤᠯ ᠴᠤᠭ᠍ᠴᠠ ᠪᠤᠯᠭᠠᠭ᠍ᠰᠠᠨ ᠱᠢᠨ᠎ᠡ ᠮᠠᠶᠢᠭ᠎ᠤᠨ ᠴᠠᠬᠢᠯᠭᠠᠨ ᠬᠦᠴᠦᠨ᠎ᠤ ᠱᠢᠰᠲ᠋ᠧᠮ᠎ᠢ ᠤᠷᠢᠳ᠎ᠢᠶᠠᠷ ᠴᠤᠭ᠍ᠴᠠᠯᠠᠨ ᠪᠠᠢᠭᠤᠯᠤᠨ᠎ᠠ; 2025 ᠤᠨ ᠪᠤᠯᠬᠤ᠎ᠳᠤ ᠱᠢᠨ᠎ᠡ ᠡᠨᠧᠷᠬᠢ᠎ᠶ᠋ᠢᠨ ᠮᠠᠱᠢᠨ ᠴᠣᠭ᠍ᠴᠠᠯᠠᠪᠤᠷᠢ᠎ᠶ᠋ᠢᠨ ᠬᠡᠪᠴᠢᠶ᠎ᠡ᠎ᠶ᠋ᠢ ᠢᠯᠴᠢ᠎ᠶ᠋ᠢᠨ ᠴᠠᠬᠢᠯᠭᠠᠨ᠎ᠤ ᠮᠠᠱᠢᠨ ᠴᠣᠭ᠍ᠴᠠᠯᠠᠪᠤᠷᠢ᠎ᠶ᠋ᠢᠨ ᠬᠡᠪᠴᠢᠶ᠎ᠡ᠎ᠠᠴᠠ ᠳᠠᠪᠠᠭᠤᠯᠵᠤ᠂ 2030 ᠤᠨ ᠪᠤᠯᠬᠤ᠎ᠳᠤ ᠱᠢᠨ᠎ᠡ ᠡᠨᠧᠷᠬᠢ᠎ᠪᠠᠷ ᠴᠠᠬᠢᠯᠭᠠᠨ ᠭᠠᠷᠭᠠᠬᠤ ᠶᠡᠷᠦᠩᠭᠡᠢ ᠬᠡᠮᠵᠢᠶ᠎ᠡ᠎ᠶ᠋ᠢ ᠢᠯᠴᠢ᠎ᠶ᠋ᠢᠨ ᠴᠠᠬᠢᠯᠭᠠᠨ᠎ᠢᠶᠠᠷ ᠴᠠᠬᠢᠯᠭᠠᠨ ᠭᠠᠷᠭᠠᠬᠤ ᠶᠡᠷᠦᠩᠭᠡᠢ ᠬᠡᠮᠵᠢᠶ᠎ᠡ᠎ᠠᠴᠠ ᠳᠠᠪᠠᠭᠤᠯᠬᠤ ᠪᠤᠯᠤᠨ᠎ᠠ᠃

7. 《ᠮᠢᠩᠭᠠᠨ ᠰᠠᠶ᠎ᠠ ᠰᠦᠯᠵᠢᠶᠡᠨ᠎ᠤ ᠬᠤᠲᠠ》᠄ ᠮᠢᠩᠭᠠᠨ ᠰᠠᠶ᠎ᠠ 5G ᠪᠠ ᠮᠢᠩᠭᠠᠨ ᠰᠠᠶ᠎ᠠ ᠭᠡᠷᠡᠯ᠎ᠤᠨ ᠲᠤᠤᠷ ᠰᠦᠯᠵᠢᠶ᠎ᠡ᠎ᠶ᠋ᠢᠨ ᠵᠤᠬᠢᠴᠠᠯᠳᠤᠨ ᠬᠠᠮᠵᠢᠯᠴᠠᠨ ᠬᠥᠭ᠌ᠵᠢᠭ᠌ᠰᠡᠨ ᠨᠡᠢᠲᠡᠯᠢᠭ ᠬᠤᠲᠠ᠃

8. 《ᠭᠤᠷᠪᠠᠨ ᠱᠤᠭᠤᠮ ᠨᠢᠭᠡ ᠲᠠᠩᠰᠠ》᠄ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠂ ᠤᠷᠴᠢᠨ ᠲᠤᠭᠤᠷᠢᠨ᠎ᠤ ᠶᠠᠰᠤ ᠴᠢᠨᠠᠷ᠎ᠤᠨ ᠬᠤᠷᠢᠭ᠎ᠠ ᠱᠤᠭᠤᠮ᠂ ᠡᠬᠢ ᠪᠠᠶᠠᠯᠢᠭ᠎ᠤᠨ ᠠᠱᠢᠭ᠍ᠯᠠᠯᠲᠠ᠎ᠶ᠋ᠢᠨ ᠳᠡᠭᠡᠲᠦ ᠱᠤᠭᠤᠮ ᠪᠠ ᠠᠮᠢ ᠠᠬᠤᠢ ᠤᠷᠴᠢᠨ ᠲᠤᠭᠤᠷᠢᠨ᠎ᠤ ᠵᠦᠪᠱᠢᠶᠡᠷᠡᠨ ᠤᠷᠤᠭᠤᠯᠬᠤ ᠨᠠᠷᠢᠨ ᠳᠠᠩᠰᠠ᠃

9. 《ᠵᠠᠰᠠᠮᠠᠯ ᠵᠠᠮ᠎ᠠᠴᠠ ᠲᠡᠮᠦᠷ ᠵᠠᠮ᠎ᠳᠤ ᠱᠢᠯᠵᠢᠭᠦᠯᠬᠦ᠌》᠂ 《ᠰᠤᠯᠠ᠎ᠠᠴᠠ ᠴᠢᠩᠬᠡᠯᠢᠭ᠎ᠢᠶᠠᠷ ᠲᠡᠭᠡᠭᠡᠪᠦᠷᠢᠯᠡᠬᠦ᠌ ᠪᠤᠯᠭᠠᠨ ᠬᠤᠪᠢᠷᠠᠭᠤᠯᠬᠤ》᠄ ᠵᠠᠰᠠᠮᠠᠯ ᠵᠠᠮ᠎ᠤᠨ ᠲᠡᠭᠡᠭᠡᠪᠦᠷᠢ᠎ᠠᠴᠠ ᠲᠡᠮᠦᠷ ᠵᠠᠮ᠎ᠤᠨ ᠲᠡᠭᠡᠭᠡᠪᠦᠷᠢ ᠪᠤᠯᠭᠠᠨ ᠱᠢᠯᠵᠢᠭᠦᠯᠬᠦ᠂ ᠰᠤᠯᠠ᠎ᠪᠠᠷ ᠤᠪᠤᠭᠠᠯᠠᠨ ᠲᠡᠭᠡᠭᠡᠪᠦᠷᠢᠯᠡᠬᠦ᠌᠎ᠶ᠋ᠢ ᠴᠢᠩᠬᠡᠯᠢᠭ᠎ᠢᠶᠠᠷ ᠲᠡᠭᠡᠭᠡᠪᠤᠷᠢᠯᠡᠬᠦ᠌ ᠪᠤᠯᠭᠠᠨ ᠬᠤᠪᠢᠷᠠᠭᠤᠯᠤᠨ᠎ᠠ᠃

10. 《ᠬᠤᠶᠠᠷ ᠲᠡᠷᠢᠭᠦᠨ》 ᠤ᠋ ᠬᠢᠨᠠᠨ ᠪᠠᠢᠴᠠᠭᠠᠬᠤ ᠪᠠᠷᠢᠮᠵᠢᠶ᠎ᠠ᠄ ᠱᠢᠨ᠎ᠡ᠎ᠪᠠᠷ ᠪᠠᠢᠭᠤᠯᠤᠭ᠍ᠰᠠᠨ ᠵᠢᠴᠢ ᠥᠭᠡᠷᠡᠴᠢᠯᠡᠨ ᠦᠷᠭᠡᠳᠭᠡᠵᠦ᠍ ᠪᠠᠢᠭᠤᠯᠤᠭ᠍ᠰᠠᠨ ᠡᠨᠧᠷᠭᠢ᠎ᠶ᠋ᠢᠨ ᠬᠤᠷᠣᠭ᠍ᠳᠠᠯ ᠶᠡᠬᠡᠲᠠᠢ ᠲᠥᠷᠥᠯ ᠵᠦᠢᠯ᠎ᠤᠨ ᠤᠷ᠎ᠠ ᠮᠡᠷᠭᠡᠵᠢᠯ᠎ᠤᠨ ᠲᠤᠨᠤᠬ ᠲᠦᠭᠦᠭᠡᠷᠦᠮᠵᠢ᠎ᠶ᠋ᠢ ᠤᠯᠤᠰ᠎ᠤᠨ ᠳᠣᠲᠣᠭᠠᠳᠤ᠎ᠶ᠋ᠢᠨ ᠢᠵᠢᠯ ᠠᠵᠢᠯ ᠲᠥᠷᠥᠯ᠎ᠤᠨ ᠲᠡᠷᠢᠭᠦᠨ᠎ᠤ ᠬᠢᠷᠢ ᠲᠦᠪᠱᠢᠨ᠎ᠳᠤ ᠬᠦᠷᠭᠡᠨ᠎ᠡ; ᠡᠨᠧᠷᠬᠢ᠎ᠶ᠋ᠢᠨ ᠠᠱᠢᠭ᠍ᠯᠠᠮᠵᠢ᠎ᠨᠢ ᠡᠷᠭᠡᠪᠰᠢ ᠤᠯᠤᠰ᠎ᠤᠨ ᠳᠣᠲᠣᠭᠠᠳᠤ᠎ᠶ᠋ᠢᠨ ᠢᠵᠢᠯ ᠠᠵᠢᠯ ᠲᠥᠷᠥᠯ᠎ᠤᠨ ᠲᠡᠷᠢᠭᠦᠨ᠎ᠤ ᠬᠢᠷᠢ ᠲᠦᠪᠱᠢᠨ᠎ᠳᠤ ᠬᠦᠷᠦᠭ᠌ᠰᠡᠨ ᠪᠠᠢᠬᠤ ᠪᠤᠶᠤ ᠤᠯᠤᠰ᠎ᠤᠨ ᠡᠨᠧᠷᠬᠢ᠎ᠶ᠋ᠢᠨ ᠬᠤᠷᠣᠭ᠍ᠳᠠᠯ᠎ᠤᠨ ᠬᠢᠵᠠᠭᠠᠷᠯᠠᠬᠤ ᠪᠠᠷᠢᠮᠵᠢᠶ᠎ᠠ᠎ᠶ᠋ᠢᠨ ᠲᠡᠷᠢᠭᠦᠨ᠎ᠤ ᠬᠡᠮᠵᠢᠭ᠌ᠳᠡᠯ᠎ᠳᠤ ᠬᠦᠷᠦᠭ᠌ᠰᠡᠨ ᠪᠠᠢᠬᠤ᠃

11. 《ᠤᠰᠤ᠎ᠪᠠᠷ ᠳᠥᠷᠪᠡ᠎ᠶ᠋ᠢ ᠲᠣᠭ᠍ᠲᠠᠭᠠᠬᠤ》 ᠵᠠᠷᠴᠢᠮ᠄ ᠤᠰᠤ᠎ᠪᠠᠷ ᠬᠤᠲᠠ ᠬᠦᠷᠢᠶ᠎ᠡ᠎ᠶ᠋ᠢ ᠲᠤᠭ᠍ᠲᠠᠭᠠᠵᠤ᠂ ᠤᠰᠤ᠎ᠪᠠᠷ ᠭᠠᠵᠠᠷ ᠲᠠᠷᠢᠶ᠎ᠠ᠎ᠶ᠋ᠢ ᠲᠤᠭ᠍ᠲᠠᠭᠠᠵᠤ᠂ ᠤᠰᠤ᠎ᠪᠠᠷ ᠬᠦᠮᠦᠨ ᠠᠮᠠ᠎ᠶ᠋ᠢ ᠲᠤᠭ᠍ᠲᠠᠭᠠᠵᠤ᠂ ᠤᠰᠤ᠎ᠪᠠᠷ ᠤᠨᠠᠯᠲᠠ ᠭᠠᠷᠤᠯᠲᠠ᠎ᠶ᠋ᠢ ᠲᠤᠭ᠍ᠲᠠᠭᠠᠨ᠎ᠠ᠃

12. 《ᠲᠢᠶᠠᠨ ᠵᠢᠶᠦ᠋ᠨ ᠦᠢᠯᠡᠴᠢᠯᠡᠭᠡ》 ᠎ᠶ᠋ᠢᠨ ᠲᠦᠯᠦᠪᠯᠡᠭᠡ᠄ ᠠᠵᠤ ᠠᠬᠤᠢᠯᠠᠯ᠎ᠳᠤ ᠦᠢᠯᠡᠴᠢᠯᠡᠵᠤ ᠵᠠᠬ᠎ᠠ ᠳᠡᠯᠭᠡᠭᠦᠷ᠎ᠲᠤ ᠭᠠᠷᠭᠠᠬᠤ ᠲᠦᠯᠦᠪᠯᠡᠭᠡ ᠪᠣᠯᠣᠨ᠎ᠠ᠂ ᠰᠲ᠋ᠤᠺ ᠎ᠤᠨ ᠵᠠᠬ᠎ᠠ ᠎ᠳᠤ  ᠭᠠᠷᠭᠠᠬᠤ ᠪᠡᠯᠡᠳᠭᠡᠯ ᠠᠵᠤ ᠠᠬᠤᠢᠯᠠᠯ᠎ᠢ ᠬᠦᠳᠡᠯᠦᠩᠭᠦᠢ᠎ᠪᠠᠷ ᠠᠭᠤᠳᠠᠯᠵᠤ ᠱᠢᠯᠢᠨ ᠰᠤᠩᠭᠤᠬᠤ᠎ᠪᠠᠷ ᠳᠠᠮᠵᠢᠵᠤ᠂ 《ᠠᠵᠤ ᠠᠬᠤᠢᠯᠠᠯ᠎ᠨᠢ ᠰᠠᠨᠠᠭᠠᠴᠢᠯᠠᠭ᠎ᠠ᠎ᠲᠠᠢ ᠪᠠᠢᠬᠤ᠂ ᠵᠠᠰᠠᠭ᠎ᠤᠨ ᠤᠷᠳᠤᠨ᠎ᠠᠴᠠ ᠠᠬᠢᠭᠤᠯᠬᠤ᠂ ᠪᠠᠢᠭᠤᠯᠤᠮᠵᠢ᠎ᠠᠴᠠ ᠳᠠᠢᠴᠢᠯᠠᠬᠤ᠂ ᠨᠡᠢᠭᠡᠮ᠎ᠤᠨ᠎ᠬᠢᠨ ᠬᠤᠯᠪᠣᠭᠠᠯᠠᠨ ᠬᠦᠳᠡᠯᠦᠯᠴᠡᠬᠦ᠌》 ᠲᠤᠭ᠍ᠲᠠᠴᠠ᠎ᠶ᠋ᠢ ᠬᠡᠷᠡᠭ᠌ᠵᠢᠭᠦᠯᠵᠦ᠍᠂ 《ᠨᠢᠭᠡ ᠪᠦᠯᠦᠭ᠎ᠢ ᠪᠤᠶ ᠪᠤᠯᠭᠠᠬᠤ᠂ ᠨᠢᠭᠡ ᠪᠦᠯᠦᠭ᠎ᠢ ᠬᠠᠪᠰᠤᠷᠤᠨ ᠵᠢᠯᠤᠭᠤᠳᠭᠤ᠂ ᠨᠢᠭᠡ ᠪᠦᠯᠦᠭ᠎ᠢ ᠭᠤᠶᠤᠴᠢᠯᠠᠨ ᠮᠡᠳᠡᠭᠦᠯᠬᠦ᠂ ᠨᠢᠭᠡ ᠪᠦᠯᠦᠭ᠎ᠢ ᠰᠲ᠋ᠤᠺ ᠎ᠤᠨ ᠵᠠᠬ᠎ᠠ  ᠎ᠳᠤ  ᠭᠠᠷᠭᠠᠬᠤ》 ᠱᠠᠲᠤᠯᠢᠭ᠎ᠢ ᠪᠣᠢ ᠪᠣᠯᠭᠠᠵᠤ᠂ ᠠᠵᠦ᠍ ᠠᠬᠤᠢ᠌ᠯᠠᠯ᠎ᠤᠨ 《ᠴᠢᠬᠢ ᠲᠠᠷᠢᠬᠤ᠂ ᠴᠢᠬᠢ ᠰᠤᠩᠭᠤᠬᠤ᠂ ᠴᠢᠬᠢ ᠪᠤᠢᠵᠢᠭᠤᠯᠬᠤ᠂ ᠴᠢᠬᠢ ᠬᠦᠷᠭᠡᠬᠦ᠌》 ᠪᠠᠢᠷᠢᠱᠢᠯ᠎ᠢ ᠴᠣᠭ᠍ᠴᠠᠯᠠᠨ ᠪᠠᠢᠭᠤᠯᠤᠨ᠎ᠠ᠃

13. 《ᠲᠦᠮᠡᠨ ᠠᠵᠤ ᠠᠬᠤᠢᠯᠠᠯ᠎ᠢᠶᠠᠷ ᠲᠦᠮᠡᠨ ᠲᠤᠰᠭᠤᠨ᠎ᠢ ᠬᠦᠭ᠌ᠵᠢᠭᠦᠯᠦᠨ ᠮᠠᠨᠳᠤᠭᠤᠯᠬᠤ》 ᠠᠵᠢᠯᠯᠠᠭᠠᠨ᠄ ᠪᠦᠬᠦ᠌ ᠤᠯᠤᠰ᠎ᠲᠤ ᠨᠢᠭᠡᠲᠦᠯᠲᠡᠢ ᠦᠷᠨᠢᠭᠦᠯᠵᠦ᠍ ᠪᠠᠢᠭ᠎ᠠ ᠠᠷᠠᠳ᠎ᠠᠴᠠ ᠡᠵᠡᠩᠨᠡᠭ᠌ᠰᠡᠨ ᠠᠵᠤ ᠠᠬᠤᠢᠯᠠᠯ᠎ᠢ ᠬᠦᠳᠡᠭᠡ ᠲᠤᠰᠭᠤᠨ ᠎ᠢ  ᠬᠦᠭ᠌ᠵᠢᠭᠦᠯᠦᠨ ᠮᠠᠨᠳᠤᠭᠤᠯᠬᠤ᠎ᠳᠤ ᠣᠷᠣᠯᠴᠠᠭᠤᠯᠬᠤ ᠠᠵᠢᠯᠯᠠᠭᠠᠨ᠃

14. 《ᠭᠤᠷᠪᠠᠨ ᠬᠠᠮᠲᠤ ᠭᠤᠷᠪᠠᠨ ᠬᠠᠷᠢᠯᠴᠠᠨ》 ᠢᠨᠵᠧᠨᠧᠷᠢᠩ᠄ ᠳᠦᠷᠢᠮ᠎ᠤᠨ ᠲᠤᠭ᠍ᠲᠠᠯᠴᠠᠭ᠎ᠠ᠎ᠶ᠋ᠢ ᠬᠠᠮᠲᠤ᠎ᠪᠠᠷ ᠪᠠᠢᠭᠤᠯᠬᠤ᠂ ᠱᠢᠨ᠎ᠡ᠎ᠶ᠋ᠢ ᠡᠭᠦᠳᠬᠦ᠌ ᠵᠠᠭ᠍ᠪᠤᠷ᠎ᠢ ᠬᠠᠮᠲᠤ᠎ᠪᠠᠷ ᠠᠬᠢᠭᠤᠯᠬᠤ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢ ᠬᠠᠮᠲᠤ᠎ᠪᠠᠷ ᠵᠠᠰᠠᠬᠤ ᠪᠠ ᠭᠦᠢᠯᠭᠡᠭᠡᠨ᠎ᠤ ᠪᠡᠯᠡᠳᠭᠡᠮᠵᠢ᠎ᠶ᠋ᠢ ᠬᠠᠷᠢᠯᠴᠠᠨ ᠬᠤᠯᠪᠤᠭᠠᠯᠠᠬᠤ᠂ ᠵᠠᠬ᠎ᠠ ᠳᠡᠯᠭᠡᠭᠦᠷ᠎ᠤᠨ ᠮᠡᠳᠡᠭᠡ ᠵᠠᠩᠭᠢ᠎ᠶ᠋ᠢ ᠬᠠᠷᠢᠯᠴᠠᠨ ᠨᠡᠪᠲᠡᠷᠡᠭᠦᠯᠬᠦ᠂  ᠢᠲᠡᠭᠡᠮᠵᠢ᠎ᠶ᠋ᠢᠨ  ᠲᠣᠭ᠍ᠲᠠᠯᠴᠠᠭ᠎ᠠ᠎ᠶ᠋ᠢ ᠬᠠᠷᠢᠯᠴᠠᠨ ᠮᠡᠳᠡᠷᠡᠬᠦ᠌ ᠢᠨᠵᠧᠨᠧᠷᠢᠩ᠃

15. 《ᠦᠢᠯᠡᠰ ᠪᠤᠰᠭᠠᠬᠤ ᠦᠪᠦᠷ ᠮᠤᠩᠭᠤᠯ》 ᠎ᠤ᠋ᠨ ᠠᠵᠢᠯᠯᠠᠭᠠᠨ᠄ ᠦᠪᠡᠷᠲᠡᠭᠡᠨ ᠵᠠᠰᠠᠬᠤ ᠤᠷᠤᠨ ᠤᠯᠠᠨ᠎ᠢᠶᠠᠷ᠎ᠢᠶᠠᠨ ᠦᠢᠯᠡᠰ ᠪᠣᠰᠭᠠᠵᠤ᠂ ᠤᠯᠠᠨ᠎ᠢᠶᠠᠷ᠎ᠢᠶᠠᠨ ᠱᠢᠨ᠎ᠡ᠎ᠶ᠋ᠢ ᠡᠭᠦᠳᠬᠦ᠌᠎ᠳᠤ ᠠᠩᠬᠠᠷᠤᠯ᠎ᠢᠶᠠᠨ ᠴᠢᠭ᠌ᠯᠡᠭᠦᠯᠦᠨ ᠲᠤᠭ᠍ᠲᠠᠭᠠᠵᠦ᠍ ᠬᠡᠷᠡᠭ᠌ᠵᠢᠭᠦᠯᠦᠭ᠌ᠰᠡᠨ ᠦᠢᠯᠡᠰ ᠪᠣᠰᠭᠠᠵᠤ ᠠᠵᠢᠯ ᠤᠯᠭᠤᠬᠤ ᠠᠵᠢᠯᠯᠠᠭᠠᠨ᠎ᠤ ᠲᠦᠯᠦᠪᠯᠡᠭᠡ᠃

16. ᠠᠵᠢᠯ ᠮᠡᠷᠭᠡᠵᠢᠯ᠎ᠤᠨ ᠰᠤᠷᠭᠠᠨ ᠬᠦᠮᠦᠵᠢᠯ᠎ᠤᠨ 《ᠬᠤᠶᠠᠷ ᠦᠨᠳᠦᠷ ᠲᠦᠪᠱᠢᠨ》᠂ 《ᠬᠤᠶᠠᠷ ᠴᠢᠨᠠᠷ ᠰᠠᠢᠲᠠᠢ》᠄ 《ᠬᠤᠶᠠᠷ ᠦᠨᠳᠦᠷ ᠲᠦᠪᠱᠢᠨ》 ᠪᠤᠯ ᠳᠤᠮᠳᠠᠳᠤ ᠤᠯᠤᠰ᠎ᠤᠨ ᠤᠨᠴᠠᠯᠢᠭ᠎ᠲᠠᠢ ᠦᠨᠳᠦᠷ ᠬᠢᠷᠢ ᠲᠦᠪᠱᠢᠨ ᠪᠦᠬᠦᠢ ᠳᠡᠭᠡᠲᠦ ᠵᠡᠷᠭᠡ᠎ᠶ᠋ᠢᠨ ᠠᠵᠢᠯ ᠮᠡᠷᠭᠡᠵᠢᠯ᠎ᠤᠨ ᠰᠤᠷᠭᠠᠭᠤᠯᠢ ᠪᠠ ᠲᠤᠰᠭᠠᠢ ᠮᠡᠷᠭᠡᠵᠢᠯ᠎ᠤᠨ ᠪᠠᠢᠭᠤᠯᠤᠯᠲᠠ᠎ᠶ᠋ᠢᠨ ᠲᠦᠯᠦᠪᠯᠡᠭᠡ᠎ᠶ᠋ᠢ ᠵᠢᠭᠠᠨ᠎ᠠ; 《ᠬᠤᠶᠠᠷ ᠴᠢᠨᠠᠷ ᠰᠠᠢᠲᠠᠢ》 ᠪᠤᠯ ᠴᠢᠨᠠᠷ ᠰᠠᠢᠲᠠᠢ ᠳᠤᠮᠳᠠ ᠵᠡᠷᠭᠡ᠎ᠶ᠋ᠢᠨ ᠠᠵᠢᠯ ᠮᠡᠷᠭᠡᠵᠢᠯ᠎ᠤᠨ ᠰᠤᠷᠭᠠᠭᠤᠯᠢ ᠪᠠ ᠲᠤᠰᠭᠠᠢ ᠮᠡᠷᠭᠡᠵᠢᠯ᠎ᠤᠨ ᠪᠠᠢᠭᠤᠯᠤᠯᠲᠠ᠎ᠶ᠋ᠢᠨ ᠲᠦᠯᠦᠪᠯᠡᠭᠡ᠎ᠶ᠋ᠢ ᠵᠢᠭᠠᠨ᠎ᠠ᠃

17. ᠶᠠᠮᠤᠨ ᠪᠠ ᠥᠪᠡᠷᠲᠡᠭᠡᠨ ᠵᠠᠰᠠᠬᠤ ᠤᠷᠤᠨ 《ᠤᠷ᠎ᠠ ᠮᠡᠷᠭᠡᠱᠢᠯᠲᠦ ᠦᠪᠦᠷ ᠮᠤᠩᠭᠤᠯ》 ᠎ᠢ᠋ ᠬᠠᠮᠲᠤ᠎ᠪᠠᠷ ᠪᠠᠢᠭᠤᠯᠬᠤ᠄ ᠰᠤᠷᠭᠠᠨ ᠬᠦᠮᠦᠵᠢᠯ᠎ᠤᠨ ᠶᠠᠮᠤᠨ ᠪᠠ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ ᠬᠠᠮᠲᠤ᠎ᠪᠠᠷ ᠪᠠᠢᠭᠤᠯᠬᠤ 《ᠤᠷ᠎ᠠ ᠮᠡᠷᠭᠡᠱᠢᠯᠲᠦ ᠨᠡᠢᠭᠡᠮ》 ᠎ᠤ᠋ᠨ ᠲᠦᠷᠦᠯ ᠵᠦᠢᠯ᠃

18. ᠡᠮᠡᠭ᠌ᠲᠡᠢᠴᠦᠳ ᠬᠡᠦᠬᠡᠳ᠎ᠤᠨ 《ᠬᠤᠶᠠᠷ ᠬᠦᠳᠦᠯᠪᠦᠷᠢ》 ᠄ 《ᠡᠮᠡᠭ᠌ᠲᠡᠢᠴᠦᠳ᠎ᠤᠨ ᠬᠦᠭ᠌ᠵᠢᠯᠲᠡ᠎ᠶ᠋ᠢᠨ ᠬᠦᠳᠦᠯᠪᠦᠷᠢ (2021 — 2030 ᠤᠨ ) 》 ᠪᠠ 《ᠬᠡᠦᠬᠡᠳ᠎ᠤᠨ ᠬᠦᠭ᠌ᠵᠢᠯᠲᠡ᠎ᠶ᠋ᠢᠨ ᠬᠦᠳᠦᠯᠪᠦᠷᠢ ( 2021— 2030 ᠤᠨ ) 》᠃ 

19. ᠱᠢᠨ᠎ᠡ ᠴᠠᠭ ᠦᠶ᠎ᠡ᠎ᠶ᠋ᠢᠨ ᠠᠷᠠᠳ ᠢᠷᠭᠡᠳ᠎ᠤᠨ ᠶᠤᠰᠤ ᠰᠤᠷᠲᠠᠬᠤᠨ᠎ᠤ ᠪᠠᠢᠭᠤᠯᠤᠯᠲᠠ᠎ᠶ᠋ᠢᠨ 《ᠠᠷᠪᠠᠨ ᠶᠡᠭᠡ ᠠᠵᠢᠯᠯᠠᠭᠠᠨ》᠄ ᠰᠤᠷᠤᠯᠴᠠᠯᠭ᠎ᠠ ᠬᠦᠮᠦᠵᠢᠯ᠎ᠤᠨ ᠠᠵᠢᠯᠯᠠᠭᠠᠨ᠂ ᠤᠯᠤᠰ᠎ᠢᠶᠠᠨ ᠬᠠᠢᠷᠠᠯᠠᠵᠤ ᠨᠤᠲᠤᠭ᠎ᠢᠶᠠᠨ ᠬᠠᠢᠷᠠᠯᠠᠬᠤ ᠠᠵᠢᠯᠯᠠᠭᠠᠨ᠂ ᠲᠤᠭ᠍ᠲᠠᠭᠠᠯ᠎ᠢ ᠵᠢᠷᠤᠮᠯᠠᠨ ᠬᠠᠦᠯᠢ᠎ᠶ᠋ᠢ ᠰᠠᠬᠢᠬᠤ ᠠᠵᠢᠯᠯᠠᠭᠠᠨ᠂ ᠶᠤᠰᠤᠯᠠᠯ ᠶᠤᠰᠤ ᠳᠦᠷᠢᠮ᠎ᠤᠨ ᠠᠵᠢᠯᠯᠠᠭᠠᠨ᠂ ᠠᠵᠢᠯ ᠦᠢᠯᠡᠰ᠎ᠢᠶᠠᠨ ᠡᠷᠬᠢᠮᠯᠡᠨ ᠬᠠᠢᠷᠠᠯᠠᠬᠤ ᠠᠵᠢᠯᠯᠠᠭᠠᠨ᠂ ᠦᠨᠡᠨᠴᠢ ᠢᠲᠡᠭᠡᠮᠵᠢᠲᠡᠢ ᠨᠦᠬᠦᠷᠰᠡᠭ ᠪᠠᠢᠬᠤ ᠠᠵᠢᠯᠯᠠᠭᠠᠨ᠂ ᠨᠠᠰᠤᠲᠠᠨ᠎ᠢᠶᠠᠨ ᠠᠴᠢᠯᠠᠵᠤ ᠲᠦᠷᠦᠯ ᠰᠠᠲᠤᠨ᠎ᠢᠶᠠᠨ ᠬᠠᠢᠷᠠᠯᠠᠬᠤ ᠠᠵᠢᠯᠯᠠᠭᠠᠨ᠂ ᠡᠷᠡᠭᠦᠯ ᠮᠡᠨᠳᠦ ᠠᠮᠢᠳᠤᠷᠠᠯ᠎ᠤᠨ ᠠᠵᠢᠯᠯᠠᠭᠠᠨ᠂ ᠠᠮᠢ ᠠᠬᠤᠢ᠎ᠶ᠋ᠢᠨ ᠪᠤᠯᠪᠠᠰᠤᠨ᠎ᠤ ᠠᠵᠢᠯᠯᠠᠭᠠᠨ᠂ ᠰᠠᠢᠨ ᠳᠤᠷ᠎ᠠ᠎ᠶ᠋ᠢᠨ ᠦᠢᠯᠡᠴᠢᠯᠡᠭᠡᠨ᠎ᠤ ᠠᠵᠢᠯᠯᠠᠭᠠᠨ᠃

20. 《ᠭᠤᠷᠪᠠᠨ ᠰᠠᠯᠵᠤ ᠪᠣᠯᠣᠰᠢ ᠦᠭᠡᠢ》᠂ 《ᠲᠠᠪᠤᠨ ᠮᠡᠳᠡᠷᠡᠬᠦᠢ》᠄ ᠬᠢᠲᠠᠳ ᠦᠨᠳᠦᠰᠦᠲᠡᠨ ᠴᠥᠭᠡᠨ ᠲᠣᠭᠠᠲᠤ ᠦᠨᠳᠦᠰᠦᠲᠡᠨ᠎ᠠᠴᠠ ᠰᠠᠯᠵᠤ ᠪᠣᠯᠣᠰᠢ ᠦᠭᠡᠢ᠂ ᠴᠥᠭᠡᠨ ᠲᠣᠭᠠᠲᠤ ᠦᠨᠳᠦᠰᠦᠲᠡᠨ ᠬᠢᠲᠠᠳ ᠦᠨᠳᠦᠰᠦᠲᠡᠨ᠎ᠠᠴᠠ ᠰᠠᠯᠵᠤ ᠪᠣᠯᠣᠰᠢ ᠦᠭᠡᠢ᠂ ᠴᠥᠭᠡᠨ ᠲᠣᠭᠠᠲᠤ ᠦᠨᠳᠦᠰᠦᠲᠡᠨ᠎ᠨᠦᠭᠦᠳ ᠬᠤᠭᠤᠷᠤᠨᠳᠤ᠎ᠪᠠᠨ ᠬᠠᠷᠢᠯᠴᠠᠨ ᠰᠠᠯᠵᠤ ᠪᠣᠯᠣᠰᠢ ᠦᠭᠡᠢ; ᠠᠭᠤᠤ ᠶᠡᠭᠡ ᠡᠬᠡ ᠤᠯᠤᠰ᠎ᠤᠨ ᠲᠤᠬᠠᠢ ᠮᠡᠳᠡᠷᠡᠬᠦᠢ᠂ ᠳᠤᠮᠳᠠᠳᠤ᠎ᠶ᠋ᠢᠨ ᠦᠨᠳᠦᠰᠦᠲᠡᠨ᠎ᠤ ᠲᠤᠬᠠᠢ ᠮᠡᠳᠡᠷᠡᠬᠦᠢ᠂ ᠳᠤᠮᠳᠠᠳᠤ᠎ᠶ᠋ᠢᠨ ᠰᠣᠶᠣᠯ᠎ᠤᠨ ᠲᠤᠬᠠᠢ ᠮᠡᠳᠡᠷᠡᠬᠦᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠤᠬᠠᠢ ᠮᠡᠳᠡᠷᠡᠬᠦᠢ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠲᠤᠬᠠᠢ ᠮᠡᠳᠡᠷᠡᠬᠦᠢ᠃


( ᠦᠪᠡᠷᠳᠡᠭᠡᠨ ᠵᠠᠰᠠᠬᠣ ᠣᠷᠣᠨ ᠤ᠋ ᠠᠷᠠᠳ ᠤ᠋ᠨ ᠵᠠᠰᠠᠭ ᠤ᠋ᠨ ᠣᠷᠳᠣᠨ ᠤ᠋ ᠠᠯᠪᠠᠨ ᠲᠢᠩᠬᠢᠮ ᠤ᠋ᠨ ᠣᠷᠴᠢᠭᠣᠯᠭ᠎ᠠ ᠵᠢᠨ ᠭᠠᠵᠠᠷ ᠣᠷᠴᠢᠭᠣᠯᠪᠠ )

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号