ᠰᠢ ᠵᠢᠨ ᠫᠢᠩ ᠮᠠᠯᠳ᠋ᠠᠢ᠌ᠹ᠎ᠤᠨ ᠶᠡᠷᠦᠩᠬᠡᠢᠯᠡᠭ᠌ᠴᠢ ᠰᠠᠯᠢᠾᠸ ᠳ᠋ᠤ ᠲᠣᠬᠣᠨᠢᠭᠤᠯᠬᠤ ᠴᠠᠬᠢᠯᠭᠠᠨ ᠴᠢᠮᠡᠭᠡ ᠶᠠᠪᠤᠭᠤᠯᠪᠠ
2022-01-28 07:48:03
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠱᠢᠨᠬᠤᠸᠠ ᠬᠣᠷᠢᠶᠠᠨ᠎ᠤ ᠪᠡᠭᠡᠵᠢᠩ᠎ᠦᠨ 1 ᠰᠠᠷ᠎ᠠ᠎ᠶ᠋ᠢᠨ 27 ᠤ᠋ ᠴᠠᠬᠢᠯᠭᠠᠨ ᠮᠡᠳᠡᠭᠡ  1 ᠰᠠᠷ᠎ᠠ᠎ᠶ᠋ᠢᠨ 27 ᠤ᠋ ᠡᠳᠦᠷ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠮᠠᠯᠳ᠋ᠠᠢ᠌ᠹ᠎ᠤᠨ ᠶᠡᠷᠦᠩᠬᠡᠢᠯᠡᠭ᠌ᠴᠢ ᠰᠠᠯᠢᡁᠸ ᠳ᠋ᠤ ᠴᠠᠬᠢᠯᠭᠠᠨ ᠴᠢᠮᠡᠭᠡ ᠶᠠᠪᠤᠭᠤᠯᠵᠤ᠂ ᠰᠠᠯᠢᡁᠸ ᠵᠢᠨ ᠱᠢᠨ᠎ᠡ ᠲᠢᠲᠢᠮᠯᠢᠭ ᠸᠢᠷᠦ᠋ᠰ᠎ᠲᠦ ᠬᠠᠯᠳᠠᠪᠤᠷᠢᠯᠠᠭ᠍ᠳᠠᠭ᠍ᠰᠠᠨ᠎ᠳᠤ ᠲᠣᠬᠣᠨᠢᠭᠤᠯᠪᠠ᠃

ᠰᠢ ᠵᠢᠨ ᠫᠢᠩ᠂ ᠱᠢᠨ᠎ᠡ ᠲᠢᠲᠢᠮᠯᠢᠭ ᠸᠢᠷᠦ᠋ᠰ᠎ᠲᠦ ᠬᠠᠯᠳᠠᠪᠤᠷᠢᠯᠠᠭ᠍ᠳᠠᠭ᠍ᠰᠠᠨ᠎ᠢ ᠲᠠᠨᠢ ᠤᠯᠵᠤ ᠮᠡᠳᠡᠭᠡᠳ ᠲᠠᠨ᠎ᠢ ᠴᠢᠩ ᠰᠡᠳᠭᠢᠯ ᠡᠴᠡ ᠲᠣᠬᠣᠨᠢᠭᠤᠯᠵᠦ᠍ ᠪᠠᠢᠨ᠎ᠠ᠂ ᠲᠠᠨ᠎ᠤ ᠡᠷᠲᠡᠬᠡᠨ ᠡᠷᠡᠭᠦᠯᠵᠢᠬᠦ᠌᠎ᠶ᠋ᠢ ᠵᠥᠩᠨᠡᠵᠦ᠍ ᠪᠠᠢᠨ᠎ᠠ᠃ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ ᠭᠠᠷᠤᠭ᠍ᠰᠠᠨ᠎ᠤ ᠳᠠᠷᠠᠭ᠎ᠠ ᠳᠤᠮᠳᠠᠳᠤ ᠮᠠᠯᠳᠠᠢᠹ  ᠬᠣᠶᠠᠷ ᠤᠯᠤᠰ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠴᠠᠭ᠎ᠤᠨ ᠪᠡᠷᠬᠡ᠎ᠶ᠋ᠢ ᠬᠠᠮᠲᠤ᠎ᠪᠠᠷ ᠲᠤᠭᠤᠯᠪᠠ᠃ ᠳᠤᠮᠳᠠᠳᠤ ᠤᠯᠤᠰ ᠤ᠋ᠨ ᠬᠢᠨ ᠮᠠᠯᠳᠠᠢᠹ ᠤ᠋ᠨ ᠬᠢᠵᠢᠭ᠎ᠲᠡᠶ ᠲᠡᠮᠡᠴᠡᠬᠦ᠌᠎ᠲᠡᠮᠡᠴᠡᠯ᠎ᠢ ᠦᠷᠭᠦᠯᠵᠢᠯᠡᠨ ᠡᠷᠡᠰ ᠳᠡᠮᠵᠢᠨ᠎ᠡ᠃ ᠪᠢ ᠳᠤᠮᠳᠠᠳᠤ ᠮᠠᠯᠳᠠᠢᠹ ᠤ᠋ᠨ ᠬᠠᠷᠢᠯᠴᠠᠭ᠎ᠠ᠎ᠶ᠋ᠢᠨ ᠬᠥᠭ᠌ᠵᠢᠯᠲᠡ᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠳᠤᠷᠠᠲᠠᠶ᠎ᠠ ᠶᠡᠷᠦᠩᠬᠡᠢᠯᠡᠭ᠌ᠴᠢ ᠰᠠᠯᠢᠾᠸ᠎ᠲᠠᠢ ᠬᠠᠮᠲᠤ᠎ᠪᠠᠷ ᠴᠢᠷᠮᠠᠢᠵᠤ ᠪᠠᠢᠭᠠᠳ ᠬᠣᠶᠠᠷ ᠤᠯᠤᠰ᠎ᠤᠨ ᠬᠠᠷᠢᠯᠴᠠᠭ᠎ᠠ᠎ᠶ᠋ᠢᠨ ᠲᠣᠭ᠍ᠲᠠᠭᠤᠨ᠎ᠢᠶᠠᠷ ᠤᠷᠤᠭ᠍ᠰᠢ ᠬᠥᠭ᠌ᠵᠢᠬᠦ᠌᠎ᠶ᠋ᠢ ᠠᠬᠢᠭᠤᠯᠵᠤ᠂ ᠬᠣᠶᠠᠷ ᠤᠯᠤᠰ ᠪᠣᠯᠤᠨ ᠬᠣᠶᠠᠷ ᠤᠯᠤᠰ᠎ᠤᠨ ᠠᠷᠠᠳ ᠲᠦᠮᠡᠨ᠎ᠳᠦ ᠪᠤᠶᠠᠨ ᠦᠶ᠋ᠯᠡᠳᠦᠨ᠎ᠡ ᠭᠡᠵᠦ᠍ ᠢᠯᠡᠳᠬᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号