ᠰᠢ ᠵᠢᠨ ᠫᠢᠩ ᠴᠠᠭᠠᠨ ᠰᠠᠷ᠎ᠠ ᠡᠴᠡ ᠡᠮᠦᠨᠡᠬᠡᠨ ᠱᠠᠨ ᠰᠢ᠎ᠳᠦ ᠬᠦᠷᠴᠦ᠍ ᠦᠨᠳᠦᠰᠦᠨ ᠱᠠᠲᠤᠨ᠎ᠤ ᠺᠠᠳ᠋ᠷ ᠤᠯᠠᠨ ᠲᠦᠮᠡᠨ᠎ᠢ ᠡᠷᠬᠢᠨ ᠦᠵᠡᠵᠦ ᠲᠣᠬᠣᠨᠢᠭᠤᠯᠵᠥ ᠪᠦᠬᠦ᠌ ᠤᠯᠤᠰ᠎ᠤᠨ ᠡᠯ᠎ᠡ ᠦᠨᠳᠦᠰᠦᠲᠡᠨ᠎ᠦ ᠠᠷᠠᠳ ᠲᠦᠮᠡᠨ᠎ᠳᠦ ᠴᠠᠭᠠᠨ ᠰᠠᠷ᠎ᠠ᠎ᠶ᠋ᠢᠨ ᠰᠠᠢᠨ ᠰᠠᠢᠬᠠᠨ ᠵᠥᠩᠨᠡᠯ ᠳᠡᠪᠱᠢᠭᠦᠯᠵᠤ ᠡᠯ᠎ᠠ ᠦᠨᠳᠦᠰᠦᠲᠡᠨ᠎ᠦ ᠠᠷᠠᠳ ᠲᠦᠮᠡᠨ᠎ᠤ ᠵᠣᠯ ᠵᠢᠷᠭᠠᠯ᠎ᠲᠠᠶ ᠠᠮᠤᠷ ᠠᠮᠤᠭᠤᠯᠠᠩ ᠪᠠᠢᠬᠤ ᠪᠠ ᠠᠭᠤᠤ ᠶᠡᠬᠡ ᠡᠬᠡ ᠤᠯᠤᠰ᠎ᠤᠨ ᠴᠡᠴᠡᠭᠯᠡᠨ ᠬᠦᠭᠵᠢᠵᠥ ᠪᠠᠶᠠᠵᠢᠨ ᠬᠦᠴᠦᠷᠬᠡᠭᠵᠢᠬᠦ᠎ᠶ᠋ᠢ ᠵᠥᠩᠨᠡᠪᠡ
2022-01-28 07:49:08
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆


QQ图片20220128073938.png


1 ᠰᠠᠷ᠎ᠠ᠎ᠶ᠋ᠢᠨ 26 ᠡᠴᠡ 27 ᠤ᠋ ᠡᠳᠤᠷ ᠪᠤᠯᠳᠠᠯ᠎ᠠ᠂ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭ᠌ᠴᠢ ᠰᠢ ᠵᠢᠨ ᠫᠢᠩ ᠱᠠᠨ ᠰᠢ᠎ᠳᠦ ᠬᠦᠷᠴᠦ᠍᠂ ᠦᠨᠳᠦᠰᠦᠨ ᠱᠠᠲᠤᠨ᠎ᠤ ᠺᠠᠳ᠋ᠷ ᠤᠯᠠᠨ ᠲᠦᠮᠡᠨ᠎ᠢ ᠡᠷᠬᠢᠨ ᠦᠵᠡᠵᠦ ᠲᠣᠬᠣᠨᠢᠭᠤᠯᠪᠠ᠃ ᠵᠢᠷᠤᠭ ᠪᠤᠯ 26 ᠤ᠋ ᠦᠳᠡ᠎ᠶ᠋ᠢᠨ ᠬᠣᠢᠨ᠎ᠠ᠂  ᠰᠢ᠎ᠶ᠋ᠢᠨ ᠫᠢᠩ ᠯᠢᠨᠹᠸᠨ ᠬᠤᠳᠠ ᠵᠢᠨ ᠹᠸᠨ᠋ᠰᠢ ᠱᠢᠶᠠᠨ᠎ᠤ ᠰᠸᠩ ᠨᠢᠶᠠᠨ ᠪᠠᠯᠭᠠᠰᠤᠨ᠎ᠤ ᠳ᠋ᠤᠸᠠᠨ ᠼᠦᠨ ᠲᠣᠰᠭᠣᠨ᠎ᠤ ᠰᠣᠶᠣᠯ᠎ᠤᠨ ᠠᠭᠤᠳᠠᠮ ᠲᠠᠯᠠᠪᠠᠢ᠎ᠳᠤ ᠨᠤᠲᠤᠭ᠎ᠤᠨ ᠠᠬ᠎ᠠ ᠳᠡᠭᠦᠦ᠍᠎ᠨᠡᠷ᠎ᠲᠦ᠍ ᠰᠢᠨ᠎ᠠ ᠵᠢᠨ ᠮᠡᠨᠲᠤᠴᠢᠯᠡᠯ ᠲᠡᠪᠰᠢᠬᠥᠯᠵᠥ ᠂ ᠪᠦᠬᠦ ᠤᠯᠤᠰ᠎ᠤᠨ ᠡᠯ᠎ᠡ ᠦᠨᠳᠦᠰᠦᠳᠡᠨ᠎ᠤ ᠠᠷᠠᠳ ᠳᠦᠮᠡᠨ᠂  ᠱᠢᠶᠠᠩᠭᠠᠩ ᠣᠣᠮᠧᠨ ᠲᠠᠢᠸᠠᠨ᠎ᠤ ᠠᠬ᠎ᠠ ᠳᠡᠭᠦᠦ᠍᠎ᠨᠡᠷ ᠪᠣᠯᠤᠨ ᠭᠠᠳᠠᠭᠠᠳᠤ᠎ᠳᠤ ᠰᠠᠭᠤᠭ᠎ᠠ ᠳᠤᠮᠳᠠᠳᠤ᠎ᠶ᠋ᠢᠨ ᠬᠠᠷᠢᠶᠠᠲᠤ ᠠᠬ᠎ᠠ ᠳᠡᠭᠦᠦ᠍᠎ᠨᠡᠷ᠎ᠲᠦ ᠴᠠᠭᠠᠨ ᠰᠠᠷ᠎ᠠ ᠵᠢᠨ ᠰᠠᠢ᠌ᠨ ᠰᠠᠢᠬᠠᠨ ᠵᠥᠩᠨᠡᠯ ᠳᠡᠪᠱᠢᠭᠦᠯᠪᠠ ᠃

            ᠰᠢᠨᠬᠤᠸᠠ ᠬᠤᠷᠢᠶᠠᠨ᠎ᠤ ᠰᠤᠷᠪᠤᠯᠵᠢᠯᠠᠬᠴᠢ ᠯᠢ ᠰᠢᠤᠸᠠᠢ ᠷᠸᠨ ᠰᠡᠬᠦᠳᠡᠷᠯᠡᠪᠡ


QQ图片20220128073945.png


1 ᠰᠠᠷ᠎ᠠ᠎ᠶ᠋ᠢᠨ 26 ᠡᠴᠡ 27 ᠤ᠋ ᠡᠳᠤᠷ ᠪᠤᠯᠳᠠᠯ᠎ᠠ᠂ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭ᠌ᠴᠢ ᠰᠢ ᠵᠢᠨ ᠫᠢᠩ ᠱᠠᠨ ᠰᠢ᠎ᠳᠦ ᠬᠦᠷᠴᠦ᠍᠂ ᠦᠨᠳᠦᠰᠦᠨ ᠱᠠᠲᠤᠨ᠎ᠤ ᠺᠠᠳ᠋ᠷ ᠤᠯᠠᠨ ᠲᠦᠮᠡᠨ᠎ᠢ ᠡᠷᠬᠢᠨ ᠦᠵᠡᠵᠦ ᠲᠣᠬᠣᠨᠢᠭᠤᠯᠪᠠ᠃ ᠵᠢᠷᠤᠬ ᠪᠤᠯ 27 ᠤ᠋ ᠦᠳᠡ ᠵᠢᠨ ᠬᠤᠢᠨ᠎ᠠ ᠂ ᠰᠢ ᠵᠢᠨ ᠫᠢᠩ ᠱᠠᠨ ᠰᠢ᠎ᠶ᠋ᠢᠨ ᠷᠦᠢ ᠭᠤᠸᠠᠩ ᠢᠯᠴᠢ ᠵᠢᠨ ᠴᠠᠬᠢᠯᠭᠠᠨ᠎ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠢᠨ ᠨᠡᠭᠦᠷᠡᠰᠦ ᠨᠥᠭᠡᠴᠡᠯᠡᠬᠦ᠌ ᠲᠠᠯᠠᠪᠠᠢ᠎ᠳᠤ ᠬᠦᠷᠴᠦ᠍᠂ ᠨᠡᠭᠦᠷᠡᠰᠦᠨ ᠲᠠᠯᠠᠪᠠᠢ᠎ᠶ᠋ᠢᠨ ᠨᠡᠭᠦᠷᠡᠰᠦ ᠨᠥᠭᠡᠴᠡᠯᠡᠵᠦ ᠪᠠᠢᠭ᠎ᠠ ᠪᠠᠢᠳᠠᠯ᠎ᠢ ᠪᠠᠢᠴᠠᠭᠠᠨ ᠦᠵᠡᠵᠥ ᠪᠠᠢᠭ᠎ᠠ ᠨᠢ᠃

            ᠰᠢᠨᠬᠤᠸᠠ ᠬᠤᠷᠢᠶᠠᠨ᠎ᠤ ᠰᠤᠷᠪᠤᠯᠵᠢᠯᠠᠬᠴᠢ ᠰᠢᠶᠸ ᠬᠤᠸᠠᠨ ᡂᠢ ᠰᠡᠬᠦᠳᠡᠷᠯᠡᠪᠡ

 

ᠱᠢᠨᠬᠤᠸᠠ ᠬᠣᠷᠢᠶᠠᠨ᠎ᠤ ᠲᠠᠢᠶᠤᠸᠠᠨ᠎ᠤ 1 ᠰᠠᠷ᠎ᠠ᠎ᠶ᠋ᠢᠨ 27 ᠤ᠋ ᠴᠠᠬᠢᠯᠭᠠᠨ ᠮᠡᠳᠡᠭᠡ  ᠳᠤᠮᠳᠠᠳᠤ᠎ᠶ᠋ᠢᠨ ᠦᠨᠳᠦᠰᠦᠲᠡᠨ᠎ᠦ ᠤᠯᠠᠮᠵᠢᠯᠠᠯᠲᠤ ᠪᠠᠶᠠᠷ᠎ᠴᠠᠭᠠᠨ ᠰᠠᠷ᠎ᠠ ᠬᠦᠷᠴᠦ᠍ ᠢᠷᠡᠬᠦ᠌ ᠲᠠᠱᠢᠷᠠᠮ᠎ᠢᠶᠠᠷ᠂ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭ᠌ᠴᠢ ᠰᠢ ᠵᠢᠨ ᠫᠢᠩ ᠱᠠᠨ ᠰᠢ᠎ᠳᠦ ᠬᠦᠷᠴᠦ᠍᠂ ᠦᠨᠳᠦᠰᠦᠨ ᠱᠠᠲᠤᠨ᠎ᠤ ᠺᠠᠳ᠋ᠷ ᠤᠯᠠᠨ ᠲᠦᠮᠡᠨ᠎ᠢ ᠡᠷᠬᠢᠨ ᠦᠵᠡᠵᠦ ᠲᠣᠬᠣᠨᠢᠭᠤᠯᠵᠤ᠂ ᠪᠦᠬᠦ᠌ ᠤᠯᠤᠰ᠎ᠤᠨ ᠡᠯ᠎ᠡ ᠦᠨᠳᠦᠰᠦᠲᠡᠨ᠎ᠤ ᠠᠷᠠᠳ ᠲᠦᠮᠡᠨ᠂ ᠱᠢᠶᠠᠩᠭᠠᠩ ᠣᠣᠮᠧᠨ ᠲᠠᠢᠸᠠᠨ᠎ᠤ ᠠᠬ᠎ᠠ ᠳᠡᠭᠦᠦ᠍᠎ᠨᠡᠷ ᠪᠣᠯᠤᠨ ᠭᠠᠳᠠᠭᠠᠳᠤ᠎ᠳᠤ ᠰᠠᠭᠤᠭ᠎ᠠ ᠳᠤᠮᠳᠠᠳᠤ᠎ᠶ᠋ᠢᠨ ᠬᠠᠷᠢᠶᠠᠲᠤ ᠠᠬ᠎ᠠ ᠳᠡᠭᠦᠦ᠍᠎ᠨᠡᠷ᠎ᠲᠦ ᠴᠠᠭᠠᠨ ᠰᠠᠷ᠎ᠠ ᠵᠢᠨ ᠰᠠᠢ᠌ᠨ ᠰᠠᠢᠬᠠᠨ ᠵᠥᠩᠨᠡᠯ ᠳᠡᠪᠱᠢᠭᠦᠯᠵᠦ᠍᠂ ᠤᠯᠠᠨ᠎ᠤ ᠪᠡᠶ᠎ᠡ ᠮᠠᠬᠠᠪᠣᠳ ᠡᠷᠡᠭᠦᠯ ᠴᠢᠭᠢᠷᠠᠭ᠂ ᠠᠵᠢᠯ ᠦᠢᠯᠡᠰ ᠤᠷᠤᠭ᠍ᠰᠢᠲᠠᠢ᠂ ᠭᠡᠷ ᠬᠣᠲᠠᠯᠠᠭᠠᠷ᠎ᠢᠶᠠᠨ ᠵᠣᠯ ᠵᠢᠷᠭᠠᠯ᠎ᠲᠠᠶ᠂ ᠪᠠᠷᠰ ᠵᠢᠯ᠎ᠳᠡᠭᠡᠨ ᠰᠠᠢ᠌ᠨ ᠰᠠᠢᠬᠠᠨ ᠪᠠᠢᠬᠤ᠎ᠶ᠋ᠢ ᠵᠥᠩᠨᠡᠪᠡ! ᠠᠭᠤᠤ ᠶᠡᠬᠡ ᠡᠬᠡ ᠤᠯᠤᠰ᠎ᠤᠨ ᠠᠭᠤᠯᠠ ᠤᠰᠤ ᠦᠵᠡᠰᠭᠦᠯᠡᠩᠲᠦ ᠰᠠᠢᠬᠠᠨ᠂ ᠬᠤᠷ᠎ᠠ ᠪᠣᠷᠣᠭᠠᠨ ᠲᠡᠭ᠌ᠰᠢ᠂ ᠲᠦᠷᠦ᠍ ᠲᠦᠪᠱᠢᠨ ᠲᠦᠮᠡᠨ ᠠᠮᠤᠭᠤᠯᠠᠩ᠂ ᠴᠡᠴᠡᠭ᠌ᠯᠡᠨ ᠬᠥᠭ᠌ᠵᠢᠵᠦ᠍ ᠪᠠᠶᠠᠵᠢᠨ ᠬᠦᠴᠦᠷᠬᠡᠭ᠌ᠵᠢᠬᠦ᠌᠎ᠶ᠋ᠢ ᠵᠥᠩᠨᠡᠪᠡ!

1 ᠰᠠᠷ᠎ᠠ᠎ᠶ᠋ᠢᠨ 26 ᠡᠴᠡ 27 ᠤ᠋ ᠡᠳᠦᠷ ᠪᠣᠯᠲᠠᠯ᠎ᠠ᠂ ᠰᠢ ᠵᠢᠨ ᠫᠢᠩ ᠱᠠᠨ ᠰᠢ ᠮᠤᠵᠢ᠎ᠶ᠋ᠢᠨ ᠨᠠᠮ᠎ᠤᠨ ᠬᠣᠷᠢᠶᠠᠨ᠎ᠤ ᠱᠦᠵᠢ ᠯᠢᠨ ᠡᠸ᠋ ᠪᠣᠯᠤᠨ ᠮᠤᠵᠢ᠎ᠶ᠋ᠢᠨ ᠳᠠᠷᠤᠭ᠎ᠠ ᠯᠠᠨ ᠹᠥᠸᠸ  ᠠᠨ᠎ᠤ ᠪᠠᠷ᠎ᠠ ᠪᠣᠯᠣᠯᠭ᠎ᠠ᠎ᠲᠠᠶ᠎ᠪᠠᠷ ᠯᠢᠨᠹᠸᠨ᠂ ᠵᠢᠨᠵᠦ᠋ᠩ ᠵᠡᠷᠭᠡ ᠭᠠᠵᠠᠷ᠎ᠲᠤ ᠬᠦᠷᠴᠦ᠍᠂ ᠬᠥᠳᠡᠭᠡ ᠲᠣᠰᠭᠣᠨ᠂ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠬᠠᠮᠠᠭᠠᠯᠠᠯᠲᠠ᠎ᠶ᠋ᠢᠨ ᠨᠢᠭᠡᠴᠢ᠂ ᠠᠵᠤ ᠠᠬᠤᠢᠯᠠᠯ ᠵᠡᠷᠭᠡ᠎ᠪᠡᠷ ᠭᠦᠨᠵᠡᠭᠡᠢᠷᠡᠨ ᠪᠠᠢᠴᠠᠭᠠᠨ ᠰᠤᠳᠤᠯᠤᠯᠲᠠ ᠬᠢᠵᠦ᠍᠂ ᠦᠨᠳᠦᠰᠦᠨ ᠱᠠᠲᠤᠨ᠎ᠤ ᠺᠠᠳ᠋ᠷ ᠣᠯᠠᠨ ᠲᠦᠮᠡᠨ᠎ᠳᠦ ᠨᠠᠮ᠎ᠤᠨ ᠲᠥᠪ ᠬᠣᠷᠢᠶᠠᠨ᠎ᠤ ᠬᠠᠯᠠᠮᠵᠢᠯᠠᠯ ᠪᠠ ᠲᠣᠬᠣᠨᠢᠭᠤᠯᠤᠯ᠎ᠢ ᠬᠦᠷᠭᠡᠪᠡ᠃

26 ᠤ᠋ ᠦᠳᠡ᠎ᠶ᠋ᠢᠨ ᠬᠣᠢᠨ᠎ᠠ᠂ ᠰᠢ ᠵᠢᠨ ᠫᠢᠩ ᠴᠠᠰᠤᠨ ᠳᠤᠮᠳᠠᠭᠤᠷ  ᠯᠢᠨᠹᠸᠨ ᠬᠤᠳᠠ᠎ᠳᠤ ᠱᠢᠨᠵᠢᠯᠡᠨ ᠪᠠᠢᠴᠠᠭᠠᠪᠠ᠃ ᠨᠢᠳᠤᠨᠤᠨ᠎ᠤ 10 ᠰᠠᠷ᠎ᠠ᠎ᠳᠤ ᠱᠠᠨ ᠰᠢ᠎ᠳᠦ ᠴᠠᠭ ᠠᠭᠤᠷ᠎ᠤᠨ ᠲᠡᠮᠳᠡᠭ᠌ᠯᠡᠯ᠎ᠲᠡᠶ ᠪᠣᠯᠤᠭ᠍ᠰᠠᠨ ᠡᠴᠡ ᠨᠠᠭᠠᠱᠢᠬᠢ ᠬᠠᠮᠤᠭ᠎ᠤᠨ ᠶᠡᠬᠡ ᠨᠠᠮᠤᠷ᠎ᠤᠨ ᠦᠶᠡᠷ ᠭᠠᠷᠴᠤ᠌᠂ ᠪᠦᠬᠦ᠌ ᠮᠤᠵᠢ᠎ᠶ᠋ᠢᠨ 11 ᠬᠣᠲᠠ ᠭᠠᠮᠱᠢᠭ᠍ᠳᠠᠭ᠍ᠰᠠᠨ ᠪᠠᠢᠨ᠎ᠠ᠃ ᠾᠦᠸᠸᠵᠸᠤ ᠬᠤᠳᠠ᠎ᠶ᠋ᠢᠨ ᠱ᠌ᠢ ᠵᠤᠸᠠᠩ ᠱᠢᠶᠠᠩ᠎ᠤᠨ ᠹᠸᠩ ᠨᠠᠨ ᠶᠤᠸᠠᠨ ᠲᠣᠰᠭᠣᠨ ᠪᠣᠯ ᠯᠢᠨᠹᠸᠨ ᠬᠤᠳᠠ᠎ᠶ᠋ᠢᠨ ᠲᠠᠷᠢᠶᠠᠴᠢᠳ᠎ᠤᠨ ᠭᠡᠷ ᠪᠠᠢᠱᠢᠩ ᠨᠡᠯᠢᠶᠡᠳ ᠬᠦᠨᠳᠦ ᠨᠣᠴᠢᠲᠠᠢ ᠡᠪᠳᠡᠭ᠌ᠳᠡᠭ᠌ᠰᠡᠨ ᠲᠣᠰᠭᠣᠨ᠎ᠤ ᠨᠢᠭᠡ ᠪᠣᠯᠤᠨ᠎ᠠ᠂ ᠰᠢ ᠵᠢᠨ ᠫᠢᠩ ᠲᠤᠰᠭᠠᠢᠯᠠᠨ ᠡᠨᠳᠡ ᠢᠷᠡᠵᠦ᠍ ᠭᠠᠮᠱᠢᠭ᠍ᠳᠠᠭ᠍ᠰᠠᠨ ᠤᠯᠠᠨ ᠲᠦᠮᠡᠨ᠎ᠢ ᠡᠷᠬᠢᠨ ᠦᠵᠡᠵᠦ ᠲᠣᠬᠣᠨᠢᠭᠤᠯᠪᠠ᠃ ᠲᠡᠷᠡ ᠱᠠᠨ ᠰᠢ᠎ᠶ᠋ᠢᠨ ᠭᠠᠮᠱᠢᠭ᠎ᠤᠨ ᠳᠠᠷᠠᠭ᠎ᠠ ᠰᠡᠷᠭᠦᠭᠡᠵᠦ᠍ ᠳᠠᠬᠢᠨ ᠪᠥᠲᠥᠭᠡᠨ ᠪᠠᠢᠭᠤᠯᠬᠤ᠂ ᠨᠠᠮᠤᠷ ᠡᠪᠦᠯ᠎ᠦᠨ ᠨᠥᠬᠥᠵᠦ᠍ ᠳᠠᠷᠢᠬᠤ᠂ ᠣᠯᠠᠨ ᠲᠦᠮᠡᠨ᠎ᠦ ᠠᠮᠤᠷ ᠲᠦᠪᠱᠢᠨ ᠳᠤᠯᠠᠭᠠᠨ ᠪᠦᠯᠢᠶᠡᠨ ᠡᠪᠦᠯᠵᠢᠬᠦ᠌᠎ᠶ᠋ᠢ ᠪᠠᠲᠤᠯᠠᠬᠤ᠂ ᠭᠠᠮᠱᠢᠭ᠎ᠢ ᠰᠡᠷᠭᠡᠢᠯᠡᠵᠦ᠍ ᠭᠠᠮᠱᠢᠭ᠎ᠢ ᠪᠠᠭᠠᠰᠭᠠᠬᠤ ᠪᠠ ᠪᠠᠴᠢᠮ ᠪᠠᠢᠳᠠᠯ᠎ᠢ ᠠᠷᠭᠠᠴᠠᠭᠠᠬᠤ ᠱᠢᠰᠲ᠋ᠧᠮ᠎ᠦᠨ ᠪᠠᠢᠭᠤᠯᠤᠯᠲᠠ᠎ᠶ᠋ᠢ ᠴᠢᠩᠭᠠᠳᠭᠠᠬᠰᠠᠨ ᠵᠡᠷᠭᠡ ᠪᠠᠢᠳᠠᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠳᠠᠷᠠᠭ᠎ᠠ᠎ᠨᠢ ᠭᠠᠮᠱᠢᠭ᠍ᠳᠠᠭ᠍ᠰᠠᠨ ᠲᠣᠰᠭᠣᠨ᠎ᠤ ᠠᠷᠠᠳ᠎ᠱᠢ ᠬᠤᠩ ᠪᠢᠩ᠎ᠦᠨ ᠬᠡᠷ᠎ᠲᠦ ᠬᠦᠷᠴᠦ᠍ ᠡᠷᠬᠢᠵᠦ ᠦᠵᠡᠪᠡ᠃

ᠱᠢ ᠬᠤᠩ ᠪᠢᠩ᠎ᠦᠨ 4 ᠲᠠᠰᠤᠯᠭ᠎ᠠ ᠨᠦᠬᠡᠨ ᠭᠡᠷ ᠨᠢ ᠨᠢᠳᠤᠨᠤᠨ ᠱᠢᠷᠦᠭᠦᠨ ᠪᠣᠷᠣᠭᠠᠨ ᠡᠴᠡ ᠪᠤᠯᠵᠤ ᠪᠦᠬᠦᠨ᠎ᠢᠶᠡᠷ᠎ᠢᠶᠡᠨ ᠨᠤᠷᠠᠵᠤ᠂ ᠵᠠᠰᠠᠭ᠎ᠤᠨ ᠣᠷᠳᠣᠨ᠎ᠤ ᠨᠥᠬᠥᠪᠥᠷᠢ ᠪᠠ ᠡᠯ᠎ᠡ ᠲᠠᠯ᠎ᠠ᠎ᠶ᠋ᠢᠨ ᠳᠡᠮᠵᠢᠯᠭᠡ ᠳᠣᠣᠷ᠎ᠠ 2 ᠲᠠᠰᠤᠯᠭ᠎ᠠ ᠤᠭ᠍ᠰᠠᠷᠠᠮᠠᠯ ᠮᠠᠶᠢᠭ᠎ᠤᠨ ᠣᠷᠣᠨ ᠰᠠᠭᠤᠴᠠ᠎ᠶ᠋ᠢ ᠲᠠᠬᠢᠨ ᠪᠠᠢᠭᠤᠯᠵᠤ᠂ ᠣᠳᠣ  ᠪᠦᠬᠦ᠌ ᠭᠡᠷ᠎ᠢᠶᠡᠷ᠎ᠢᠶᠡᠨ ᠨᠡᠭᠦᠵᠦ ᠤᠷᠤᠪᠠ᠃ ᠰᠢ ᠵᠢᠨ ᠫᠢᠩ ᠬᠦᠷᠢᠶ᠎ᠡ ᠬᠠᠱᠢᠶ᠎ᠠ᠂ ᠣᠷᠣᠨ ᠰᠠᠭᠤᠴᠠ᠎ᠶ᠋ᠢ ᠨᠢ ᠨᠠᠷᠢᠨ ᠪᠠᠢᠴᠠᠭᠠᠨ ᠦᠵᠡᠪᠡ᠃ ᠱᠢ ᠬᠤᠩ ᠪᠢᠩ᠎ᠦᠨ ᠨᠢᠭᠡ ᠭᠡᠷ᠎ᠢᠶᠡᠷ᠎ᠢᠶᠡᠨ ᠶᠠᠭ ᠴᠠᠭᠠᠨ ᠰᠠᠷ᠎ᠠ᠎ᠶ᠋ᠢᠨ ᠮᠠᠨᠲᠠᠤ ᠬᠢᠵᠦ᠍ ᠪᠠᠢᠬᠰᠠᠨ ᠲᠠᠢ ᠬᠠᠷᠭᠤᠵᠤ ᠰᠢ ᠵᠢᠨ ᠫᠢᠩ  ᠭᠤᠯᠢᠷ ᠵᠢᠡᠷ ᠴᠢᠪᠠᠭ᠎ᠠ ᠵᠢᠨ ᠬᠤᠸᠠᠷ ᠴᠢᠮᠬᠢᠵᠦ᠍᠂ ᠭᠤᠯᠢᠷ᠎ᠲᠤ ᠤᠯᠠᠭᠠᠨ ᠴᠢᠪᠠᠭ᠎ᠠ ᠬᠢᠵᠦ᠍ ᠥᠭ᠌ᠪᠡ᠃ ᠬᠥᠷ ᠨᠠᠷᠭᠢᠶᠠᠨ ᠳᠤᠮᠳᠠ ᠴᠠᠭᠠᠨ ᠰᠠᠷ᠎ᠠ ᠵᠢᠨ ᠮᠠᠨᠳᠡᠤ ᠵᠢ ᠨᠢᠭᠡ ᠨᠢᠭᠡ᠎ᠪᠡᠷ ᠬᠢᠵᠦ᠍ ᠭᠠᠷᠭᠠᠵᠤ᠂ ᠣᠨᠴᠠᠭᠠᠢ ᠪᠠᠶᠠᠷ ᠬᠥᠷ᠎ᠲᠡᠶ ᠪᠠᠢᠪᠠ᠃

ᠰᠢ ᠵᠢᠨ ᠫᠢᠩ ᠱᠢ ᠬᠤᠩ ᠪᠢᠩ᠎ᠦᠨ ᠨᠢᠭᠡ ᠭᠡᠷ᠎ᠦᠨ ᠬᠥᠮᠦᠰ᠎ᠲᠡᠶ ᠵᠣᠭᠣᠭ᠍ᠳᠠᠵᠤ᠂ ᠳᠡᠳᠡᠨ᠎ᠦ ᠳᠠᠬᠢᠨ ᠪᠠᠢᠭᠤᠯᠤᠭ᠍ᠰᠠᠨ ᠣᠷᠣᠨ ᠰᠠᠭᠤᠴᠠ᠎ᠶ᠋ᠢᠨ ᠶᠠᠰᠤ ᠴᠢᠨᠠᠷ ᠰᠠᠢ᠌ᠨ ᠡᠰᠡᠬᠦ᠌᠂ ᠴᠠᠭᠠᠨ ᠰᠠᠷ᠎ᠠ᠎ᠶ᠋ᠢᠨ ᠪᠠᠷᠠᠭ᠎ᠠ᠎ᠪᠠᠨ ᠪᠦᠬᠦᠨ᠎ᠢ ᠬᠤᠳᠠᠯᠳᠤᠨ ᠠᠪᠤᠭ᠍ᠰᠠᠨ ᠡᠰᠡᠬᠦ᠌᠂ ᠪᠠᠰᠠ ᠶᠠᠮᠠᠷ ᠬᠦᠴᠢᠷᠳᠡᠯ ᠪᠠᠢᠬᠤ᠎ᠶ᠋ᠢ ᠳᠣᠲᠣᠨᠣ᠎ᠪᠠᠷ ᠠᠰᠠᠭᠤᠪᠠ᠃ ᠱᠢ ᠬᠤᠩ ᠪᠢᠩ ᠶᠡᠷᠦᠩᠬᠡᠢ ᠱᠦᠵᠢ᠎ᠳᠦ  ᠡᠨᠡ ᠪᠠᠢᠰᠢᠩ  ᠪᠥᠬᠡ ᠮᠥᠷᠲᠡᠭᠡᠨ ᠳᠤᠯᠠᠭᠠᠬᠠᠨ᠂ ᠨᠢᠭᠡ ᠭᠡᠷ᠎ᠢᠶᠡᠷ᠎ᠢᠶᠡᠨ ᠰᠠᠨᠠᠭ᠎ᠠ ᠠᠮᠤᠷ ᠱᠢᠨᠡᠯᠡᠵᠦ᠍ ᠳᠡᠢᠯᠬᠦ ᠪᠤᠯᠪᠠ᠂ ᠨᠠᠮ ᠪᠣᠯᠤᠨ ᠵᠠᠰᠠᠭ᠎ᠤᠨ ᠣᠷᠳᠣᠨ᠎ᠳᠤ ᠴᠢᠩ ᠰᠡᠳᠭᠢᠯ᠎ᠡᠴᠡ᠎ᠪᠡᠨ ᠲᠠᠯᠠᠷᠬᠠᠵᠤ ᠪᠠᠢᠨ᠎ᠠ ᠭᠡᠵᠦ᠍ ᠬᠡᠯᠡᠪᠡ᠃ ᠰᠢ ᠵᠢᠨ ᠫᠢᠩ᠂ ᠪᠢ ᠭᠠᠮᠱᠢᠭ᠍ᠳᠠᠭ᠍ᠰᠠᠨ ᠣᠷᠣᠨ᠎ᠤ ᠤᠯᠠᠨ ᠲᠦᠮᠡᠨ᠎ᠦ ᠲᠥᠯᠥᠭᠡ ᠰᠠᠨᠠᠭᠠᠱᠢᠷᠠᠭ᠍ᠰᠠᠭᠠᠷ ᠢᠷᠡᠵᠡᠢ᠂ ᠡᠨᠡ ᠡᠳᠤᠷ ᠱᠠᠨ ᠰᠢ ᠳ᠋ᠤ ᠢᠷᠡᠮᠡᠭᠴᠡ ᠪᠠᠨ ᠤᠷᠢᠳ ᠵᠢᠡᠷ ᠡᠨᠳᠡ ᠬᠦᠷᠴᠦ᠍ ᠢᠷᠡᠭ᠌ᠰᠡᠨ ᠨᠢ ᠭᠠᠮᠱᠢᠭ᠎ᠤᠨ ᠳᠠᠷᠠᠭᠠᠬᠢ ᠰᠡᠷᠭᠦᠭᠡᠵᠦ᠍ ᠲᠠᠬᠢᠨ ᠪᠦᠳᠦᠭᠡᠨ ᠪᠠᠢᠭᠤᠯᠤᠭ᠍ᠰᠠᠨ ᠪᠠᠢᠳᠠᠯ᠎ᠢ ᠲᠤᠬᠠᠢ᠎ᠶ᠋ᠢᠨ ᠭᠠᠵᠠᠷ᠎ᠲᠤᠨᠢ ᠢᠷᠡᠵᠥ ᠦᠵᠡᠬᠦ᠌᠎ᠶ᠋ᠢᠨ ᠲᠥᠯᠥᠭᠡ ᠶᠤᠮ᠃ ᠲᠣᠰᠭᠣᠨ᠎ᠤ ᠳᠦᠷᠰᠦ ᠪᠠᠢᠳᠠᠯ ᠴᠡᠪᠡᠷ ᠴᠡᠮᠴᠡᠭᠡᠷ᠂ ᠦᠶ᠋ᠯᠡᠳᠪᠦᠷᠢᠯᠡᠯ ᠠᠮᠢᠳᠤᠷᠠᠯ᠎ᠤᠨ ᠡᠮᠬᠢ ᠳᠢᠭ᠌ᠯᠢᠮ ᠰᠡᠷᠭᠦᠵᠦ᠍᠂ ᠳᠠᠬᠢᠨ ᠪᠠᠢᠭᠤᠯᠵᠤ ᠰᠡᠯᠪᠢᠨ ᠵᠠᠰᠠᠭ᠍ᠰᠠᠨ ᠬᠡᠷ ᠪᠠᠢᠱᠢᠩ ᠠᠮᠤᠷ ᠲᠦᠪᠱᠢᠨ ᠳᠤᠯᠠᠭᠠᠬᠠᠨ᠂ ᠠᠢᠯ ᠡᠷᠦᠬᠡ ᠪᠤᠯᠭᠠᠨ ᠴᠥᠮ ᠴᠠᠭᠠᠨ ᠰᠠᠷ᠎ᠠ  ᠵᠢᠨ ᠪᠡᠯᠡᠳᠭᠡᠯ ᠳ᠋ᠡᠭᠡᠨ ᠶᠠᠭᠠᠷᠠᠵᠤ᠂ ᠱᠢᠨ᠎ᠡ᠎ᠶ᠋ᠢᠨ ᠪᠠᠷᠠᠭ᠎ᠠ᠎ᠪᠠᠨ ᠴᠤ᠌ ᠪᠦᠷᠢᠨ ᠭᠦᠶ᠋ᠴᠡᠳ ᠪᠡᠯᠡᠳᠭᠡᠵᠦ᠍᠂ ᠲᠠᠷᠢᠶᠠᠨ ᠭᠠᠵᠠᠷ᠎ᠲᠤ ᠠᠮᠢᠵᠢᠷᠠᠯ᠎ᠤᠨ ᠬᠦᠴᠦᠨ ᠪᠢᠯᠬᠠᠵᠤ ᠪᠠᠢᠬᠤ᠎ᠶ᠋ᠢ ᠬᠠᠷᠠᠭᠠᠳ ᠪᠢ ᠮᠠᠰᠢ ᠪᠠᠶᠠᠷᠯᠠᠵᠤ ᠪᠠᠢᠨ᠎ᠠ᠃ ᠨᠤᠲᠤᠭ᠎ᠤᠨ ᠠᠬ᠎ᠠ ᠳᠡᠭᠦᠦ᠍᠎ᠨᠡᠷ ᠦᠢᠯᠡᠳᠪᠦᠷᠢᠯᠡᠯ ᠠᠮᠢᠳᠤᠷᠠᠯ᠎ᠤᠨ ᠲᠠᠯ᠎ᠠ᠎ᠪᠠᠷ ᠪᠠᠰᠠ ᠶᠠᠮᠠᠷ ᠬᠦᠴᠢᠷᠳᠡᠯ ᠪᠠᠢᠪᠠᠯ  ᠨᠠᠮ ᠪᠣᠯᠤᠨ ᠵᠠᠰᠠᠭ᠎ᠤᠨ ᠣᠷᠳᠣᠨ ᠡᠴᠡ ᠦᠷᠭᠦᠯᠵᠢᠯᠡᠨ ᠬᠠᠪᠰᠤᠷᠤᠨ ᠱᠢᠢᠳᠪᠦᠷᠢᠯᠡᠵᠦ᠍ ᠥᠭ᠌ᠬᠦ ᠬᠡᠷᠡᠭ᠌ᠲᠡᠢ᠃ ᠭᠠᠮᠱᠢᠭ᠎ᠤᠨ ᠳᠠᠷᠠᠭ᠎ᠠ ᠰᠡᠷᠭᠦᠭᠡᠨ ᠳᠠᠬᠢᠨ ᠪᠥᠲᠥᠭᠡᠨ ᠪᠠᠢᠭᠤᠯᠬᠤ ᠪᠠ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠨᠢᠭᠡᠳᠦᠯᠲᠡᠶ ᠲᠥᠯᠥᠪᠵᠢᠭᠦᠯᠵᠦ᠍᠂ ᠰᠠᠪᠠ ᠭᠠᠵᠠᠷ᠎ᠤᠨ ᠶᠡᠷᠦᠩᠬᠡᠢᠯᠡᠭ᠌ᠰᠡᠨ ᠵᠠᠰᠠᠯᠲᠠ᠎ᠶ᠋ᠢ ᠴᠢᠩᠭᠠᠳᠭᠠᠵᠤ᠂ ᠭᠠᠮᠱᠢᠭ᠎ᠢ ᠰᠡᠷᠭᠡᠢᠯᠡᠬᠦ᠌ ᠰᠠᠭᠤᠷᠢ ᠲᠥᠬᠥᠭᠡᠷᠦᠮᠵᠢ᠎ᠶ᠋ᠢᠨ ᠳᠤᠲᠠᠭᠤᠳᠠᠯ᠎ᠢ ᠨᠥᠬᠥᠪᠥᠷᠢᠯᠡᠵᠦ᠍᠂ ᠭᠠᠮᠱᠢᠭ᠎ᠢ ᠰᠡᠷᠭᠡᠢᠯᠡᠵᠥ ᠭᠠᠮᠱᠢᠭ᠎ᠢ ᠪᠠᠭᠠᠰᠭᠠᠬᠤ ᠭᠠᠮᠱᠢᠭ ᠡᠴᠡ ᠠᠪᠤᠷᠬᠠᠸ᠋ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠠᠷᠠᠳ ᠣᠯᠠᠨ᠎ᠢ ᠳᠠᠭᠠᠭᠤᠯᠤᠨ ᠠᠵᠢᠯᠴᠢ ᠬᠥᠳᠡᠯᠮᠦᠷᠢᠴᠢ ᠬᠣᠶᠠᠷ ᠭᠠᠷ᠎ᠢᠶᠠᠷ᠎ᠢᠶᠠᠨ ᠰᠠᠢᠨ ᠰᠠᠢᠬᠠᠨ ᠬᠡᠷ ᠣᠷᠣᠨ᠎ᠢᠶᠠᠨ ᠳᠠᠬᠢᠨ ᠪᠦᠳᠦᠬᠡᠨ ᠪᠠᠢᠭᠤᠯᠵᠤ᠂ ᠴᠥᠬᠥᠷᠡᠰᠢ ᠥᠬᠡᠶ ᠲᠡᠮᠡᠴᠡᠬᠦ ᠪᠡᠷ ᠳᠠᠮᠵᠢᠨ ᠵᠣᠯ ᠵᠢᠷᠭᠠᠯᠲᠤ ᠠᠮᠢᠳᠤᠷᠠᠯ᠎ᠢᠶᠠᠨ ᠴᠣᠭ᠍ᠴᠠᠯᠠᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃

ᠲᠣᠰᠭᠣᠨ᠎ᠡᠴᠡ ᠠᠶᠠᠷᠯᠠᠬᠤ  ᠦᠶ᠎ᠡ᠎ᠳᠦ᠂ ᠲᠣᠰᠭᠣᠨ᠎ᠤ ᠠᠷᠠᠳ ᠥᠨᠳᠥᠷ ᠳᠠᠭᠤᠨ᠎ᠢᠶᠠᠷ ᠶᠡᠷᠦᠩᠬᠡᠢ ᠱᠦᠵᠢ᠎ᠶ᠋ᠢᠨ ᠠᠮᠤᠷ᠎ᠢ ᠠᠰᠠᠭᠤᠪᠠ᠃ ᠰᠢ᠎ᠶ᠋ᠢᠨ ᠫᠢᠩ ᠨᠤᠲᠤᠭ᠎ᠤᠨ ᠠᠬ᠎ᠠ ᠳᠡᠭᠦᠦ᠍᠎ᠨᠡᠷ᠎ᠲᠦ ᠱᠢᠨ᠎ᠡ᠎ᠶ᠋ᠢᠨ ᠵᠣᠯᠭᠠᠯᠲᠠ ᠬᠢᠵᠦ᠍᠂ ᠤᠯᠠᠨ᠎ᠢᠶᠠᠷ᠎ᠢᠶᠠᠨ ᠢᠷᠮᠠᠬᠦᠨ ᠭᠠᠪᠰᠢᠭᠠᠢ᠂ ᠤᠮᠤᠭ ᠰᠦᠷ ᠪᠠᠳᠠᠷᠠᠩᠭᠤᠢ ᠡᠷᠴᠢ ᠵᠣᠷᠢᠭ᠎ᠢᠶᠠᠷ ᠠᠮᠢᠳᠤᠷᠠᠯ᠎ᠢᠶᠠᠨ ᠤᠯᠠᠮ᠎ᠡᠴᠡ ᠤᠯᠠᠮ ᠰᠠᠢᠵᠢᠷᠠᠭᠤᠯᠬᠤ᠎ᠶ᠋ᠢ ᠬᠦᠰᠡᠪᠠ᠃

ᠳᠠᠷᠠᠭ᠎ᠠ᠎ᠳᠤᠨᠢ᠂ ᠰᠢ᠎ᠶ᠋ᠢᠨ ᠫᠢᠩ ᠮᠠᠱᠢᠨ ᠲᠡᠷᠭᠡ᠎ᠪᠡᠷ ᠹᠸᠨ᠋ᠰᠢ ᠱᠢᠶᠠᠨ᠎ᠤ ᠰᠸᠩ ᠨᠢᠶᠠᠨ ᠪᠠᠯᠭᠠᠰᠤᠨ᠎ᠤ ᠳ᠋ᠤᠸᠠᠨ ᠼᠦᠨ ᠲᠣᠰᠭᠣᠨ᠎ᠳᠤ ᠬᠦᠷᠴᠦ᠍᠂ ᠲᠤᠬᠠᠢ᠎ᠶ᠋ᠢᠨ ᠭᠠᠵᠠᠷ᠎ᠤᠨ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠬᠰᠡᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠭᠰᠡᠨ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠦᠷᠭᠦᠯᠵᠢᠯᠡᠨ ᠠᠬᠢᠭᠤᠯᠤᠭ᠍ᠰᠠᠨ᠂ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶ᠋ᠢ ᠴᠢᠩᠭᠠᠳᠭᠠᠭ᠍ᠰᠠᠨ ᠵᠡᠷᠭᠡ ᠪᠠᠢᠳᠠᠯ᠎ᠢ ᠱᠢᠨᠵᠢᠯᠡᠨ ᠪᠠᠢᠴᠠᠭᠠᠪᠠ᠃ ᠠᠷᠠᠳ᠎ᠲᠤ ᠲᠥᠬᠥᠮ ᠦᠵᠡᠭᠦᠯᠬᠦ᠌ ᠦᠶ᠋ᠯᠡᠴᠢᠯᠡᠭᠡᠨ᠎ᠦ ᠲᠥᠪ᠎ᠲᠦ᠂ ᠲᠣᠰᠭᠣᠨ᠎ᠤ ᠺᠠᠳ᠋ᠷ ᠰᠢ᠎ᠶ᠋ᠢᠨ ᠫᠢᠩ ᠳ᠋ᠤ ᠲᠠᠳᠠᠨ᠎ᠤ ᠠᠷᠠᠳ ᠲᠦᠮᠡᠨ᠎ᠳᠦ ᠦᠶ᠋ᠯᠡᠴᠢᠯᠡᠬᠦ᠌᠂ ᠦᠨᠳᠦᠰᠦᠨ ᠱᠠᠲᠤᠨ᠎ᠤ ᠵᠠᠰᠠᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌᠂ ᠳᠠᠬᠢᠨ ᠶᠠᠳᠠᠭᠤᠷᠠᠬᠤ᠎ᠶ᠋ᠢ ᠰᠡᠷᠭᠡᠢᠯᠡᠬᠦ᠌ ᠪᠠᠢᠳᠠᠯ᠎ᠢ ᠬᠢᠨᠠᠨ ᠬᠡᠮᠵᠢᠬᠦ᠌ ᠪᠠ ᠬᠠᠪᠰᠤᠷᠤᠨ ᠲᠡᠳᠬᠦᠬᠦ᠌ ᠵᠡᠷᠭᠡ ᠠᠷᠭ᠎ᠠ ᠬᠢᠳᠡᠯ᠎ᠢ ᠲᠠᠨᠢᠯᠴᠠᠭᠤᠯᠪᠠ᠃ ᠲᠣᠰᠭᠣᠨ᠎ᠤ ᠠᠷᠠᠳ ᠼᠠᠢ ᠸᠸᠨ ᠮᠢᠩ᠎ᠦᠨ ᠬᠡᠷ᠎ᠲᠦ᠂ ᠰᠢ᠎ᠶ᠋ᠢᠨ ᠫᠢᠩ ᠲᠣᠭᠣᠭᠠᠨ ᠬᠡᠷ᠂ ᠤᠨᠲᠠᠬᠤ ᠥᠷᠥᠭᠡ ᠪᠣᠯᠤᠨ ᠬᠣᠨᠢᠨ ᠬᠠᠱᠢᠶ᠎ᠠ᠎ᠶ᠋ᠢ ᠨᠢ ᠨᠢᠭᠡᠳ ᠨᠢᠭᠡ᠎ᠪᠡᠷ ᠪᠠᠢᠴᠠᠭᠠᠨ ᠦᠵᠡᠵᠦ᠍᠂ ᠬᠡᠷ ᠪᠦᠯᠢ᠎ᠶ᠋ᠢᠨ ᠣᠷᠣᠯᠭ᠎ᠠ ᠨᠢ ᠬᠡᠳᠦᠶ᠂ ᠠᠮᠢᠳᠤᠷᠠᠯ ᠨᠢ ᠶᠠᠮᠠᠷ ᠵᠡᠷᠭᠡ ᠪᠠᠢᠬᠤ᠎ᠶ᠋ᠢ ᠨᠠᠷᠢᠨ ᠠᠰᠠᠭᠤᠨ ᠯᠠᠪᠯᠠᠵᠠᠶ᠃ ᠨᠢᠭᠡ ᠬᠡᠷ᠎ᠢᠶᠡᠷ᠎ᠢᠶᠡᠨ 2016 ᠣᠨ᠎ᠤ ᠰᠡᠭᠦᠯᠴᠢ᠎ᠪᠡᠷ ᠶᠠᠳᠠᠭᠤ᠎ᠡᠴᠡ ᠠᠩᠭᠢᠵᠢᠷᠠᠭ᠍ᠰᠠᠨ᠎ᠤ ᠲᠠᠷᠠᠭ᠎ᠠ ᠤᠳᠤ ᠬᠤᠨᠢ ᠲᠡᠵᠢᠭᠡᠬᠦ᠌᠂ ᠭᠠᠳᠠᠭ᠍ᠰᠢ ᠭᠠᠷᠴᠤ᠌ ᠬᠥᠯᠥᠰᠥᠨ ᠠᠵᠢᠯ ᠬᠢᠬᠦ᠌ ᠵᠡᠷᠭᠡ᠎ᠳᠤ ᠲᠦᠰᠢᠭᠯᠡᠵᠤ ᠠᠮᠢᠳᠤᠷᠠᠯ ᠨᠢ ᠤᠯᠠᠮ᠎ᠡᠴᠡ ᠤᠯᠠᠮ ᠰᠠᠢᠵᠢᠷᠠᠭᠰᠠᠨ᠎ᠢ ᠰᠤᠨᠤᠰᠤᠭᠠᠳ ᠰᠢ᠎ᠶ᠋ᠢᠨ ᠫᠢᠩ  ᠲᠤᠩ ᠪᠠᠶᠠᠷᠯᠠᠪᠠ᠃ ᠲᠡᠷᠡ᠂ ᠠᠷᠠᠳ ᠤᠯᠠᠨ᠎ᠢ ᠵᠣᠯ ᠵᠢᠷᠭᠠᠯ ᠳᠠᠢ ᠠᠮᠢᠳᠤᠷᠠᠭᠤᠯᠬᠤ ᠪᠣᠯ ᠮᠠᠨ᠎ᠤ ᠨᠠᠮ᠎ᠤᠨ ᠵᠠᠭᠤᠨ ᠵᠢᠯ᠎ᠦᠨ ᠲᠤᠷᠱᠢᠬᠢ ᠴᠥᠬᠥᠷᠡᠰᠢ ᠦᠭᠡᠢ ᠬᠥᠭᠡᠭᠡᠴᠡᠯᠳᠦᠯ ᠮᠥᠨ᠂ ᠪᠢᠳᠡ ᠤᠭ ᠰᠠᠨᠠᠭ᠎ᠠ᠎ᠪᠠᠨ ᠦᠯᠦ᠍ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠦᠶ᠎ᠡ᠎ᠶ᠋ᠢᠨ ᠦᠶ᠎ᠡ᠎ᠳᠡᠭᠡᠨ ᠵᠠᠯᠭᠠᠮᠵᠢᠯᠠᠨ ᠠᠵᠢᠯᠯᠠᠬᠤ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃

ᠲᠣᠰᠭᠣᠨ᠎ᠤ ᠰᠣᠶᠣᠯ᠎ᠤᠨ ᠠᠭᠤᠳᠠᠮ ᠲᠠᠯᠠᠪᠠᠢ᠎ᠳᠤ ᠬᠦᠷ ᠬᠥᠭ᠌ᠵᠢᠶᠡᠨ᠎ᠢᠶᠡᠷ ᠪᠢᠯᠬᠠᠵᠤ᠂ ᠲᠣᠰᠭᠣᠨ᠎ᠤ ᠠᠷᠠᠳ ᠬᠡᠩᠭᠡᠷᠭᠡ ᠴᠠᠩ ᠳᠡᠯᠡᠳᠴᠦ᠍᠂ ᠶᠠᠩᠭᠠᠷ ᠪᠦᠵᠢᠭ ᠪᠥᠵᠢᠭ᠌ᠯᠡᠨ ᠪᠠᠶᠠᠷ᠎ᠤᠨ ᠡᠳᠦᠷ ᠵᠢᠡᠨ ᠪᠡᠯᠭᠡᠯᠡᠵᠠᠭᠡᠨ᠎ᠠ᠃ ᠶᠡᠷᠦᠩᠬᠡᠢ ᠱᠦᠵᠢ᠎ᠶᠢ ᠬᠠᠷᠠᠭᠠᠳ ᠬᠥᠮᠦᠰ ᠪᠠᠶᠠᠷᠯᠠᠨ ᠬᠠᠰᠭᠢᠷᠤᠯᠳᠤᠪᠠ᠃ ᠰᠢ᠎ᠶ᠋ᠢᠨ ᠫᠢᠩ ᠨᠤᠲᠤᠭ᠎ᠤᠨ ᠠᠬ᠎ᠠ ᠳᠡᠭᠦᠦ᠍᠎ᠨᠡᠷ᠎ᠲᠦ᠍᠂ ᠮᠠᠨ᠎ᠤ ᠨᠠᠮ᠎ᠤᠨ ᠦᠨᠳᠦᠰᠦᠨ ᠵᠣᠷᠢᠯᠲᠠ ᠪᠣᠯ ᠳᠠᠷᠤᠢ ᠠᠷᠠᠳ ᠤᠯᠠᠨ᠎ᠳᠤ ᠰᠠᠢ᠌ᠨ ᠶᠠᠪᠤᠳᠠᠯ ᠬᠢᠵᠦ᠍᠂ ᠠᠷᠠᠳ ᠤᠯᠠᠨ᠎ᠤ ᠵᠣᠯ ᠵᠢᠷᠭᠠᠯᠲᠤ ᠠᠮᠢᠳᠤᠷᠠᠯ᠎ᠤᠨ ᠲᠥᠯᠥᠭᠡ ᠡᠷᠡᠮᠡᠭᠡᠢᠯᠡᠨ ᠲᠡᠮᠡᠴᠡᠵᠦ᠍᠂ ᠬᠤᠪᠢ ᠨᠡᠮᠡᠷᠢ ᠦᠵᠡᠭᠦᠯᠵᠦ᠍᠂ ᠦᠢᠯᠡᠴᠢᠯᠡᠬᠦ᠌ ᠶᠠᠪᠤᠳᠠᠯ ᠪᠣᠯᠤᠨ᠎ᠠ᠃ ᠪᠢᠳᠡ ᠲᠣᠭ᠍ᠲᠠᠭ᠍ᠰᠠᠨ ᠬᠤᠭᠤᠴᠠᠭᠠᠨ᠎ᠳᠤ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠣᠯᠵᠤ᠂ ᠲᠣᠭ᠍ᠲᠠᠭ᠍ᠰᠠᠨ ᠬᠤᠭᠤᠴᠠᠭᠠᠨ᠎ᠳᠤ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠬᠠᠷᠠᠯᠲᠠ᠎ᠶ᠋ᠢ ᠪᠡᠶᠡᠯᠡᠭᠦᠯᠪᠡ᠂ ᠤᠳᠤ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠮᠣᠷᠳᠠᠯ᠎ᠠ᠃ ᠣᠳᠣᠬᠢᠴᠢᠯᠠᠭ᠍ᠰᠠᠨ ᠤᠯᠤᠰ᠎ᠢ ᠪᠦᠳᠦᠭᠡᠨ ᠪᠠᠢᠭᠤᠯᠬᠤ᠎ᠳᠤ ᠬᠥᠳᠡᠭᠡ ᠠᠵᠤ ᠠᠬᠤᠢ ᠬᠥᠳᠡᠭᠡ ᠲᠣᠰᠭᠣᠨ᠎ᠤ ᠣᠳᠣᠬᠢᠴᠢᠯᠠᠯᠲᠠ᠎ᠡᠴᠡ ᠰᠠᠯᠵᠤ ᠴᠢᠳᠠᠬᠤ ᠦᠭᠡᠢ᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠬᠰᠡᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠵᠦ᠍᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠯᠠᠪᠳᠠᠭᠤᠨ᠎ᠢᠶᠠᠷ ᠠᠬᠢᠭᠤᠯᠵᠤ᠂ ᠤᠯᠠᠨ ᠲᠦᠮᠡᠨ᠎ᠦ ᠠᠮᠢᠳᠤᠷᠠᠯ᠎ᠢ ᠨᠡᠩ ᠰᠠᠢᠵᠢᠷᠠᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠭᠣᠨ᠎ᠤ ᠣᠳᠣᠬᠢᠴᠢᠯᠠᠯᠲᠠ᠎ᠶ᠋ᠢ ᠠᠬᠢᠭᠤᠯᠬᠤ ᠳᠤᠮᠳᠠ ᠶᠠᠪᠤᠬᠤ ᠲᠤᠳᠤᠮ ᠥᠭᠡᠳᠡᠯᠡᠬᠦ᠌ ᠡᠷᠡᠮᠡᠯᠵᠡᠯ᠎ᠲᠡᠶ ᠪᠣᠯᠬᠤ ᠬᠡᠷᠡᠭ᠌ᠲᠡᠢ ᠭᠡᠵᠦ᠍ ᠬᠡᠯᠡᠪᠡ᠃

ᠰᠢ᠎ᠶ᠋ᠢᠨ ᠫᠢᠩ 27 ᠎ᠤ᠋ ᠡᠳᠦᠷ ᠵᠢᠨᠵᠦ᠋ᠩ ᠬᠣᠲᠠ᠎ᠳᠤ ᠰᠢᠨᠵᠢᠯᠠᠨ ᠪᠠᠢᠴᠠᠭᠠᠵᠤ ᠪᠠᠢᠴᠠᠭᠠᠨ ᠰᠤᠳᠤᠯᠪᠠ᠃ ᠲᠤᠬᠠᠢ᠎ᠶ᠋ᠢᠨ ᠡᠳᠦᠷ᠎ᠦᠨ ᠦᠳᠡ᠎ᠶ᠋ᠢᠨ ᠡᠮᠦᠨ᠎ᠡ᠂ ᠲᠡᠷᠡ ᠫᠢᠩᠶᠣᠣ᠎ᠶ᠋ᠢᠨ ᠡᠷᠲᠡᠨ᠎ᠦ ᠬᠤᠳᠠ᠎ᠳᠤ ᠬᠦᠷᠴᠦ᠍᠂ ᠶᠢᠩ ᠰᠢᠶᠦ᠋ᠨ ᠮᠸᠨ ᠬᠠᠭᠠᠯᠭ᠎ᠠ ᠪᠡᠷ ᠠᠯᠬᠤᠨ ᠬᠤᠳᠠ᠎ᠳᠤ ᠣᠷᠣᠵᠤ᠂ ᠬᠤᠳᠠ᠎ᠶ᠋ᠢᠨ ᠬᠡᠷᠡᠮ᠎ᠳᠦ ᠭᠠᠷᠴᠤ᠌ ᠪᠦᠬᠦ᠌ ᠬᠤᠳᠠ ᠵᠢᠨ ᠪᠠᠢᠳᠠᠯ᠎ᠢ ᠠᠵᠢᠭ᠍ᠯᠠᠪᠠ᠂ ᠲᠠᠷᠠᠭ᠎ᠠ ᠨᠢ ᠲᠡᠷᠭᠡᠨ᠎ᠳᠦ ᠰᠠᠭᠤᠵᠤ ᠫᠢᠩᠶᠣᠣ᠎ᠶ᠋ᠢᠨ ᠱᠢᠶᠠᠨ᠎ᠤ ᠵᠠᠬᠢᠷᠭ᠎ᠠ᠎ᠳᠤ ᠬᠦᠷᠴᠦ᠍᠂ ᠡᠷᠲᠡᠨ᠎ᠦ ᠬᠤᠳᠠ᠎ᠶ᠋ᠢᠨ ᠲᠡᠦᠬᠡᠨ ᠤᠯᠠᠷᠢᠯ ᠬᠤᠪᠢᠰᠤᠯ᠂ ᠪᠠᠷᠢᠯᠭ᠎ᠠ᠎ᠶ᠋ᠢᠨ ᠪᠠᠢᠷᠢᠱᠢᠭᠤᠯᠤᠯᠲᠠ᠂ ᠰᠣᠶᠣᠯ᠎ᠤᠨ ᠥᠪ᠎ᠦᠨ ᠬᠠᠮᠠᠭᠠᠯᠠᠯᠲᠠ ᠤᠯᠠᠮᠵᠢᠯᠠᠯ ᠵᠡᠷᠭᠡ ᠪᠠᠢᠳᠠᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠴᠠᠢ᠃ ᠫᠢᠡᠭ᠌ᠶᠤᠤ ᠵᠢᠨ ᠡᠷᠲᠡᠨ᠎ᠦ ᠬᠣᠲᠠ ᠨᠢ ᠳᠡᠯᠡᠬᠡᠶ᠎ᠶ᠋ᠢᠨ ᠰᠣᠶᠣᠯ᠎ᠤᠨ ᠥᠪ᠎ᠦᠨ ᠨᠡᠷᠡᠰ᠎ᠦᠨ ᠵᠢᠭ᠍ᠰᠠᠭᠠᠯᠲᠠ᠎ᠳᠤ ᠣᠷᠣᠵᠤ᠂ ᠳᠤᠮᠳᠠᠳᠤ ᠤᠯᠤᠰ᠎ᠤᠨ ᠬᠠᠮᠤᠭ᠎ᠤᠨ ᠪᠦᠷᠢᠨ ᠪᠦᠲᠦᠨ ᠬᠠᠳᠠᠭᠠᠯᠠᠭ᠍ᠳᠠᠵᠤ ᠪᠠᠢᠭ᠎ᠠ ᠡᠷᠲᠡᠨ᠎ᠦ ᠬᠣᠲᠠ᠎ᠶ᠋ᠢᠨ ᠨᠢᠭᠡ ᠪᠣᠯᠤᠨ᠎ᠠ᠃ ᠰᠢ᠎ᠶ᠋ᠢᠨ ᠫᠢᠩ᠂ ᠲᠡᠸ᠋ᠬᠡ ᠰᠣᠶᠣᠯ᠎ᠤᠨ ᠥᠪ ᠨᠢ ᠳᠤᠮᠳᠠᠳᠤ᠎ᠶ᠋ᠢᠨ ᠦᠨᠳᠦᠰᠦᠲᠡᠨ᠎ᠦ ᠤᠳᠤᠮᠰᠢᠯ ᠪᠠ ᠴᠢᠰᠤ ᠮᠢᠬᠠᠨ᠎ᠤ ᠪᠠᠷᠢᠯᠳᠤᠯᠭ᠎ᠠ ᠵᠢ ᠠᠴᠢᠶᠠᠯᠠᠵᠤ ᠪᠠᠢᠳᠠᠭ᠂ ᠮᠠᠨ᠎ᠤ ᠡᠨᠡ ᠨᠢᠭᠡ ᠦᠶ᠎ᠡ᠎ᠶ᠋ᠢᠨ ᠬᠥᠮᠦᠰ᠎ᠦᠨ ᠬᠢ ᠪᠣᠯᠬᠤ᠎ᠪᠦᠭᠡᠳ ᠪᠠᠰᠠ ᠴᠸ᠋ ᠦᠷ᠎ᠡ ᠬᠣᠢᠴᠢᠰ᠎ᠤᠨ ᠬᠢ ᠶᠤᠮ᠃ ᠲᠡᠦᠬᠡ ᠵᠢ ᠪᠢᠰᠢᠷᠡᠨ ᠬᠦᠨᠳᠤᠳᠭᠡᠵᠤ᠂ ᠰᠣᠶᠣᠯ᠎ᠢ ᠪᠢᠰᠢᠷᠡᠨ ᠬᠦᠨᠳᠤᠳᠭᠡᠵᠤ᠂ ᠠᠮᠢ ᠠᠬᠤᠢ᠎ᠵᠢ ᠪᠢᠰᠢᠷᠡᠨ ᠬᠦᠨᠳᠤᠳᠭᠡᠵᠤ᠂ ᠲᠡᠦᠬᠡ ᠰᠣᠶᠣᠯ᠎ᠤᠨ ᠥᠪ᠎ᠢ ᠪᠦᠬᠦ᠌ ᠲᠠᠯ᠎ᠠ᠎ᠪᠠᠷ ᠰᠠᠢᠲᠤᠷ ᠬᠠᠮᠠᠭᠠᠯᠠᠵᠤ᠂ ᠵᠢᠭᠤᠯᠴᠢᠯᠠᠯ᠎ᠤᠨ ᠬᠥᠭ᠌ᠵᠢᠯᠲᠡ᠂ ᠤᠨᠴᠠᠯᠢᠬ᠍ᠳᠤ ᠡᠵᠡᠩᠨᠡᠯᠲᠡ᠂ ᠡᠷᠲᠡᠨ᠎ᠦ ᠬᠤᠳᠠ᠎ᠶ᠋ᠢᠨ ᠬᠠᠮᠠᠭᠠᠯᠠᠯᠲᠠ᠎ᠶ᠋ᠢ ᠨᠢᠭᠡᠳᠦᠯᠲᠡᠢ ᠲᠥᠯᠥᠪᠵᠢᠭᠦᠯᠵᠦ᠍᠂ ᠲᠡᠦᠬᠡ᠎ᠶ᠋ᠢᠨ ᠳᠤᠷᠠᠰᠭᠠᠯᠲᠤ ᠵᠦᠢᠯ᠎ᠤᠨ ᠠᠮᠤᠷ ᠲᠦᠪᠱᠢᠨ᠎ᠦ ᠬᠣᠷᠢᠭ᠎ᠠ ᠱᠤᠭᠤᠮ᠎ᠢ ᠪᠠᠲᠤ ᠴᠤᠬᠴᠠᠯᠠᠵᠤ᠂ ᠤᠷᠢᠳᠤᠬᠢ ᠬᠥᠮᠦᠰ᠎ᠦᠨ ᠪᠢᠳᠡᠨ᠎ᠳᠦ ᠦᠯᠡᠳᠡᠭᠡᠵᠦ᠍ ᠥᠭ᠌ᠭᠦᠭ᠌ᠰᠡᠨ ᠡᠷᠬᠢᠮ ᠨᠠᠨᠳᠢᠨ ᠦᠪ ᠬᠦᠷᠦᠩᠬᠡ᠎ᠶ᠋ᠢ ᠰᠠᠢᠲᠤᠷ ᠰᠠᠬᠢᠨ ᠬᠠᠮᠠᠭᠠᠯᠠᠬᠤ ᠬᠡᠷᠡᠭ᠌ᠲᠡᠢ ᠭᠡᠵᠤ ᠵᠢᠭᠠᠵᠤ ᠭᠠᠷᠭᠠᠪᠠ᠃

ᠫᠢᠩᠶᠣᠣ ᠪᠣᠯ ᠱᠠᠨ ᠰᠢ᠎ᠶ᠋ᠢᠨ ᠬᠤᠳᠠᠯᠳᠤᠭᠠᠴᠢᠨ᠎ᠤ ᠡᠭᠦᠰᠦᠯ᠎ᠦᠨ ᠭᠠᠵᠠᠷ᠂ ᠰᠣᠶᠣᠯ᠎ᠤᠨ ᠰᠠᠭᠤᠷᠢ ᠨᠢ ᠭᠦᠨ ᠵᠤᠵᠠᠭᠠᠨ᠂ ᠿᠢ ᠱᠧᠩ ᠴᠠᠩ  ᠵᠤᠭᠤᠰᠤᠨ ᠫᠦᠰᠡ ᠨᠢ ᠮᠠᠨ᠎ᠤ ᠤᠯᠤᠰ᠎ᠤᠨ ᠮᠥᠩᠭᠥᠨ ᠭᠦᠶ᠋ᠯᠭᠡᠭᠡᠨ᠎ᠦ ᠦᠶ᠋ᠯᠡᠰ᠎ᠦᠨ ᠬᠥᠭ᠌ᠵᠢᠯᠲᠡ᠎ᠶ᠋ᠢᠨ ᠠᠩᠬᠠᠨ᠎ᠤ ᠵᠠᠮ᠎ᠢ ᠨᠡᠭᠡᠭᠡᠭ᠌ᠰᠡᠨ ᠶᠤᠮ᠃ ᠿᠢ ᠱᠧᠩ ᠴᠠᠩ  ᠵᠤᠭᠤᠰᠤᠨ ᠫᠦᠰᠡ ᠵᠢᠨ ᠮᠦᠽᠧᠢ᠎ᠳᠦ᠂ ᠰᠢ᠎ᠶ᠋ᠢᠨ ᠫᠢᠩ ᠱᠠᠨ ᠰᠢ᠎ᠶ᠋ᠢᠨ ᠬᠤᠳᠠᠯᠳᠤᠭᠠᠴᠢᠨ᠎ᠤ ᠰᠣᠶᠣᠯ ᠪᠣᠯᠤᠨ ᠱᠠᠨ ᠰᠢ᠎ᠶ᠋ᠢᠨ ᠬᠤᠳᠠᠯᠳᠤᠭᠠᠴᠢᠨ᠎ᠤ ᠵᠣᠷᠢᠭ ᠰᠠᠨᠠᠭᠠᠨ᠎ᠤ ᠡᠭᠦᠰᠦᠯ᠂ ᠬᠥᠭ᠌ᠵᠢᠯᠲᠡ ᠵᠡᠷᠭᠡ ᠪᠠᠢᠳᠠᠯ᠎ᠢ ᠣᠢᠯᠠᠭᠠᠪᠠ᠃ ᠲᠡᠷᠡ᠂ ᠰᠣᠶᠣᠯ᠎ᠤᠨ ᠢᠲᠡᠭᠡᠯ᠎ᠢᠶᠡᠨ ᠪᠠᠲᠤᠳᠭᠠᠵᠤ᠂ ᠱᠠᠨ ᠰᠢ᠎ᠶ᠋ᠢᠨ ᠬᠤᠳᠠᠯᠳᠤᠭᠠᠴᠢᠨ᠎ᠤ ᠰᠣᠶᠣᠯ᠎ᠤᠨ ᠠᠭᠤᠯᠤᠭ᠍ᠳᠠᠬᠤᠨ᠎ᠢ ᠭᠦᠨᠵᠡᠭᠡᠢ ᠠᠭᠤᠳᠠᠯᠵᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠨᠡᠩ ᠰᠠᠢᠲᠤᠷ ᠪᠠᠳᠠᠷᠠᠭᠤᠯᠵᠤ᠂ ᠠᠵᠤ ᠠᠬᠤᠢ ᠨᠡᠢᠭᠡᠮ᠎ᠦᠨ ᠬᠥᠭ᠌ᠵᠢᠯᠲᠡ ᠪᠣᠯᠤᠨ ᠠᠷᠠᠳ ᠲᠦᠮᠡᠨ᠎ᠦ ᠥᠨᠳᠥᠷ ᠴᠢᠨᠠᠷ ᠴᠢᠨᠰᠠᠭ᠎ᠠ᠎ᠲᠠᠶ ᠠᠮᠢᠳᠤᠷᠠᠯ᠎ᠳᠤ ᠨᠡᠩ ᠰᠠᠢᠲᠤᠷ ᠦᠢᠯᠡᠴᠢᠯᠡᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃

ᠡᠷᠲᠡᠨ᠎ᠦ ᠬᠣᠲᠠ᠎ᠶ᠋ᠢᠨ ᠡᠮᠦᠨ᠎ᠡ ᠶᠡᠬᠡ ᠵᠡᠭᠡᠯᠢ᠎ᠳᠦ ᠴᠠᠭᠠᠨ ᠰᠠᠷ᠎ᠠ᠎ᠶ᠋ᠢᠨ ᠠᠭᠤᠷ ᠠᠮᠢᠰᠬᠤᠯ ᠪᠢᠯᠬᠠᠮ᠎ᠠ ᠪᠠᠢᠯ᠎ᠠ᠃ ᠰᠢ᠎ᠶ᠋ᠢᠨ ᠫᠢᠩ ᠵᠡᠭᠡᠯᠢ ᠭᠤᠳᠤᠮᠵᠢ᠎ᠪᠠᠷ ᠡᠷᠲᠡᠨ᠎ᠦ ᠬᠤᠳᠠ᠎ᠶ᠋ᠢᠨ ᠳᠦᠷᠰᠦ ᠪᠠᠢᠳᠠᠯ᠎ᠢ ᠪᠠᠢᠴᠠᠭᠠᠨ ᠦᠵᠡᠵᠦ᠍᠂ ᠫᠢᠩᠶᠣᠣ ᠵᠢᠨ ᠦᠬᠡᠷ᠎ᠦᠨ ᠮᠢᠬᠠᠨ᠎ᠤ ᠳᠡᠯᠭᠡᠭᠦᠷ᠂ ᠬᠢᠯᠠᠢᠯᠭᠠᠬᠰᠡᠨ ᠱᠢᠷᠳᠡᠮᠡᠯ ᠡᠳ᠋ᠯᠡᠯ᠎ᠤᠨ ᠳᠡᠯᠭᠡᠭᠦᠷ᠂ ᠳ᠋ᠦᠩ ᠬᠣ᠌ ᠵᠢᠨ ᠬᠠᠭᠤᠴᠢᠨ ᠼᠤᠤ᠎ᠶ᠋ᠢᠨ ᠦᠢᠯᠡᠳᠭᠡᠯ᠎ᠦᠨ ᠭᠠᠵᠠᠷ᠎ᠲᠤ ᠬᠦᠷᠴᠦ᠍᠂ ᠲᠤᠬᠠᠢ᠎ᠶ᠋ᠢᠨ ᠭᠠᠵᠠᠷ᠎ᠤᠨ ᠰᠣᠶᠣᠯ᠎ᠤᠨ ᠥᠪ᠎ᠢ ᠬᠠᠮᠠᠭᠠᠯᠠᠵᠤ ᠠᠱᠢᠭ᠍ᠯᠠᠭ᠍ᠰᠠᠨ ᠪᠠ ᠤᠨᠴᠠᠯᠢᠬ᠍ᠳᠤ ᠡᠵᠡᠩᠨᠡᠯᠲᠡ᠎ᠶ᠋ᠢ ᠥᠷᠨᠢᠭᠦᠯᠵᠦ᠍ ᠪᠠᠢᠭ᠎ᠠ ᠪᠠᠢᠳᠠᠯ᠎ᠢ ᠤᠢ᠍ᠢᠯᠠᠭᠠᠭ᠍ᠰᠠᠨ ᠪᠥᠭᠡᠳ ᠫᠢᠩᠶᠣᠣ ᠵᠢᠨ ᠦᠬᠡᠷ᠎ᠦᠨ ᠮᠢᠬ᠎ᠠ᠂ ᠪᠠᠩᠰᠢ ᠵᠢᠨ ᠼᠤᠤ ᠵᠡᠷᠭᠡ ᠱᠢᠨ᠎ᠡ ᠵᠢᠯ᠎ᠦᠨ ᠪᠠᠷᠠᠭ᠎ᠠ᠎ᠶ᠋ᠢ ᠬᠤᠳᠠᠯᠳᠤᠨ ᠠᠪᠤᠭ᠍ᠰᠠᠨ ᠪᠥᠭᠡᠳ ᠪᠠᠰᠠ ᠤᠲᠠᠭᠠᠨ ᠬᠠᠲᠠᠭᠠᠯᠠᠬᠰᠠᠨ ᠼᠤᠤ ᠢᠰᠭᠡᠵᠦ᠍ ᠨᠠᠷᠬᠠᠳᠠᠬᠤ᠎ᠳᠤ ᠣᠷᠣᠯᠴᠠᠵᠠᠢ᠃ ᠲᠡᠷᠡ᠂ ᠤᠯᠠᠮᠵᠢᠯᠠᠯᠲᠤ ᠰᠣᠶᠣᠯ᠎ᠤᠨ ᠱᠢᠯᠢᠳᠡᠭ ᠤᠯᠠᠮᠵᠢᠯᠠᠭ᠍ᠴᠢ ᠪᠣᠯᠵᠤ᠂ ᠬᠢᠯᠠᠢᠯᠭᠠᠬᠰᠡᠨ ᠱᠢᠷᠳᠡᠮᠡᠯ ᠡᠳ᠋ᠯᠡᠯ ᠵᠡᠷᠭᠡ ᠰᠣᠶᠣᠯ᠎ᠤᠨ ᠦᠨᠡᠲᠦ ᠡᠷᠳᠡᠨᠢ᠎ᠶ᠋ᠢ ᠰᠠᠢᠲᠤᠷ ᠬᠠᠮᠠᠭᠠᠯᠠᠵᠤ᠂ ᠦᠨᠳᠦᠰᠦᠲᠡᠨ᠎ᠦ ᠣᠨᠴᠠᠯᠢᠭ ᠪᠦᠬᠦᠢ ᠤᠯᠠᠮᠵᠢᠯᠠᠯᠲᠤ ᠰᠣᠶᠣᠯ᠎ᠤᠨ ᠠᠵᠤ ᠦᠢᠯᠡᠰ᠎ᠢ ᠪᠠᠳᠠᠷᠠᠭᠤᠯᠤᠨ ᠳᠡᠯᠭᠡᠷᠡᠭᠦᠯᠵᠦ᠍᠂ ᠳᠡᠯᠡᠬᠡᠶ ᠳ᠋ᠠᠬᠢᠨ᠎ᠳᠤ ᠳᠡᠯᠭᠡᠷᠡᠭᠦᠯᠬᠦ᠌ ᠬᠡᠷᠡᠭ᠌ᠲᠡᠶ ᠭᠡᠵᠤ ᠵᠢᠭᠠᠵᠤ ᠭᠠᠷᠭᠠᠪᠠ᠃ ᠲᠤᠬᠠᠢ᠎ᠶ᠋ᠢᠨ ᠲᠠᠯᠠᠪᠠᠢ᠎ᠶ᠋ᠢᠨ ᠤᠯᠠᠨ ᠲᠦᠮᠡᠨ ᠪᠦᠬᠦᠳᠡᠭᠡᠷ ᠶᠡᠷᠦᠩᠬᠡᠢ ᠱᠦᠵᠢ᠎ᠶ᠋ᠢᠨ ᠠᠮᠤᠷ᠎ᠢ ᠠᠰᠠᠭᠤᠵᠤ᠂ ᠰᠢ᠎ᠶ᠋ᠢᠨ ᠫᠢᠩ ᠤᠯᠠᠨ᠎ᠤ ᠵᠦᠭ ᠭᠠᠷ ᠳᠠᠯᠠᠯᠤᠨ ᠮᠡᠨᠳᠦᠴᠢᠯᠡᠵᠤ᠂ ᠤᠯᠠᠨ᠎ᠳᠤ ᠱᠢᠨ᠎ᠡ᠎ᠶ᠋ᠢᠨ ᠮᠡᠨᠳᠦᠴᠢᠯᠡᠯ ᠲᠠᠪᠰᠢᠬᠦᠯᠵᠠᠢ᠃

ᠰᠢ ᠵᠢᠨ ᠫᠢᠩ᠂ ᠣᠳᠣᠬᠠᠨ᠎ᠳᠤ᠂ ᠪᠦᠬᠦ᠌ ᠪᠥᠮᠪᠥᠷᠴᠡᠭ᠎ᠦᠨ ᠬᠢᠵᠢᠭ᠎ᠦᠨ ᠪᠠᠢᠳᠠᠯ ᠮᠥᠨ ᠬᠦ᠌ ᠦᠷᠪᠢᠰᠦᠨ ᠳᠡᠯᠭᠡᠷᠡᠵᠦ᠍ ᠪᠠᠢᠬᠤ ᠪᠥᠭᠡᠳ ᠱᠢᠨ᠎ᠡ ᠣᠨᠴᠠᠯᠢᠭ ᠢᠯᠡᠷᠡᠵᠦ᠍᠂ ᠱᠢᠨ᠎ᠡ ᠬᠡᠯᠪᠡᠷᠢ᠎ᠶ᠋ᠢᠨ ᠣᠨᠳᠣᠣᠱᠢᠭ᠍ᠰᠠᠨ ᠸᠢᠷᠦᠶ᠋ᠰ ᠤ᠋ᠨ ᠰᠠᠭᠤᠷᠢ᠎ᠶ᠋ᠢᠨ ᠲᠠᠷᠬᠠᠯᠲᠠ ᠲᠦᠷᠭᠡᠨ᠂ ᠬᠠᠯᠳᠠᠪᠤᠷᠢᠯᠠᠬᠤ ᠬᠦᠴᠦᠨ ᠴᠢᠩᠭ᠎ᠠ ᠪᠠᠢᠬᠤ᠎ᠶ᠋ᠢᠨ ᠳᠡᠭᠡᠷ᠎ᠡ ᠡᠪᠦᠯ᠎ᠦᠨ ᠤᠯᠠᠷᠢᠯ ᠎ᠳᠤ  ᠡᠯ᠎ᠡ ᠲᠦᠷᠦᠯ᠎ᠦᠨ ᠬᠠᠯᠳᠠᠪᠤᠷᠢᠲᠤ ᠡᠪᠡᠳᠴᠢᠨ ᠤᠯᠠᠨ ᠡᠭᠦᠰᠴᠦ᠍᠂ ᠰᠡᠷᠭᠡᠢᠯᠡᠨ ᠡᠵᠡᠮᠳᠡᠬᠦ᠌ ᠠᠵᠢᠯ ᠎ᠳᠤ ᠠᠶᠤᠯ ᠲᠦᠭ᠌ᠰᠢᠭᠦᠷᠢ ᠨᠡᠮᠡᠭ᠌ᠳᠡᠵᠦ᠍ ᠪᠠᠢᠨ᠎ᠠ᠃ ᠡᠯ᠎ᠡ ᠱᠠᠲᠤᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠢᠮᠠᠭ᠍ᠲᠠ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠷᠴᠢᠮ᠎ᠢᠶᠡᠨ ᠴᠢᠩᠭᠠᠷᠠᠭᠤᠯᠵᠤ᠂ ᠰᠡᠷᠭᠡᠢᠯᠡᠬᠦ᠌᠎ᠪᠡᠷ ᠭᠣᠣᠯ ᠪᠣᠯᠭᠠᠬᠤ᠎ᠶ᠋ᠢ ᠪᠠᠷᠢᠮᠲᠠᠯᠠᠵᠤ᠂ ᠭᠠᠳᠠᠨ᠎ᠠ᠎ᠠᠴᠠ ᠬᠠᠯᠳᠠᠪᠤᠷᠢᠯᠠᠨ ᠣᠷᠣᠵᠤ ᠢᠷᠡᠬᠦ᠌᠎ᠶ᠋ᠢ ᠰᠡᠷᠭᠡᠢᠯᠡᠬᠦ᠌᠂ ᠳᠣᠲᠣᠭᠠᠳᠤ᠎ᠳᠠᠭᠠᠨ ᠲᠠᠬᠢᠨ ᠳᠡᠯᠭᠡᠷᠡᠬᠦ᠌᠎ᠶ᠋ᠢ ᠰᠡᠷᠭᠡᠢᠯᠡᠬᠦ᠌ ᠠᠵᠢᠯ᠎ᠢ ᠦᠷᠭᠦᠯᠵᠢᠯᠡᠨ ᠴᠢᠩᠭ᠎ᠠ ᠪᠣᠳᠠᠲᠠᠢ ᠨᠠᠷᠢᠯᠢᠭ ᠠᠳᠭᠤᠵᠤ᠂ ᠰᠡᠷᠭᠡᠢᠯᠡᠨ ᠡᠵᠡᠮᠳᠡᠬᠦ᠌ ᠠᠵᠢᠯ᠎ᠤᠨ ᠱᠢᠨᠵᠢᠯᠡᠬᠦ᠌ ᠤᠬᠠᠭᠠᠨᠴᠢ ᠴᠢᠨᠠᠷ᠂ ᠤᠨᠤᠴᠠᠲᠤ  ᠴᠢᠨᠠᠷ᠎ᠢ ᠳᠡᠭᠡᠭ᠌ᠰᠢᠯᠡᠭᠦᠯᠬᠦ᠌ ᠬᠡᠷᠡᠭ᠌ᠲᠡᠢ᠃ ᠤᠯᠠᠨ ᠲᠦᠮᠡᠨ᠎ᠦ ᠡᠪᠡᠳᠴᠢᠨ ᠦᠵᠡᠭᠦᠯᠬᠦ᠌᠂ ᠬᠠᠩᠭᠠᠯᠭ᠎ᠠ᠂  ᠶᠠᠪᠤᠵᠤ ᠰᠠᠭᠤᠬᠤ ᠵᠡᠷᠭᠡ ᠲᠠᠯ᠎ᠠ᠎ᠪᠠᠷ ᠪᠠᠰᠠ  ᠤᠢᠯᠡᠴᠢᠯᠡᠬᠡ  ᠴᠦ᠍ ᠲᠠᠭᠠᠵᠤ ᠠᠮᠵᠢᠵᠤ᠂  ᠠᠷᠠᠳ ᠲᠦᠮᠡᠨ᠎ᠦ ᠠᠮᠢ ᠨᠠᠰᠤᠨ᠎ᠤ ᠠᠮᠤᠷ ᠲᠦᠪᠱᠢᠨ ᠪᠣᠯᠤᠨ ᠦᠨᠳᠦᠰᠦᠨ ᠠᠮᠢᠳᠤᠷᠠᠯ᠎ᠤᠨ ᠬᠡᠷᠡᠭ᠌ᠴᠡᠭᠡ᠎ᠶ᠋ᠢ ᠰᠠᠢᠲᠤᠷ ᠪᠠᠲᠤᠯᠠᠬᠤ ᠬᠡᠷᠡᠭ᠌ᠲᠡᠢ ᠬᠡᠵᠤ ᠴᠢᠬᠤᠯᠠᠴᠢᠯᠠᠪᠠ᠃

ᠰᠢ ᠵᠢᠨ ᠫᠢᠩ ᠡᠪᠦᠯ᠎ᠦᠨ ᠤᠯᠠᠷᠢᠯ᠎ᠤᠨ ᠴᠠᠬᠢᠯᠭᠠᠨ ᠬᠠᠩᠭᠠᠬᠤ ᠢᠯᠴᠢ ᠬᠠᠩᠭᠠᠬᠤ ᠪᠠᠲᠤᠯᠠᠭ᠎ᠠ᠎ᠶ᠋ᠢᠨ ᠠᠵᠢᠯ᠎ᠢ ᠮᠠᠰᠢ ᠬᠠᠯᠠᠮᠵᠢᠯᠠᠵᠤ ᠪᠠᠢᠯ᠎ᠠ᠃ 27 ᠤ᠋᠎ᠦᠳᠡ᠎ᠶ᠋ᠢᠨ ᠬᠣᠢᠨ᠎ᠠ᠂ ᠲᠡᠷᠡ ᠱᠠᠨ ᠰᠢ᠎ᠶ᠋ᠢᠨ ᠷᠦᠢ ᠭᠤᠸᠠᠩ ᠢᠯᠴᠢ ᠵᠢᠨ  ᠴᠠᠬᠢᠯᠭᠠᠨ᠎ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠳᠤ ᠬᠦᠷᠴᠦ᠍ ᠱᠢᠨᠵᠢᠯᠡᠨ ᠪᠠᠢᠴᠠᠭᠠᠪᠠ᠃ ᠣᠢᠷ᠎ᠠ᠎ᠶ᠋ᠢᠨ ᠵᠢᠯ ᠤ᠋ᠨ ᠲᠤᠷᠰᠢ᠂ ᠲᠣᠰ ᠠᠵᠤ ᠠᠬᠤᠢᠯᠠᠯ ᠤ᠋ᠨ ᠬᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠠᠵᠤ ᠠᠬᠤᠢᠯᠠᠯ᠎ᠤᠨ ᠬᠥᠭ᠌ᠵᠢᠯᠲᠡ᠎ᠶ᠋ᠢ ᠬᠥᠲᠥᠯᠥᠨ ᠳᠠᠭᠠᠭᠤᠯᠬᠤ᠎ᠶ᠋ᠢ ᠪᠠᠷᠢᠮᠲᠠᠯᠠᠵᠤ᠂ ᠨᠡᠭᠦᠷᠡᠰᠦ ᠱᠢᠲᠠᠭᠠᠬᠤ ᠮᠠᠱᠢᠨ ᠴᠣᠭ᠍ᠴᠠᠯᠠᠪᠤᠷᠢ᠎ᠶ᠋ᠢᠨ ᠬᠡᠲᠦ ᠳᠤᠤᠷ᠎ᠠ ᠭᠠᠳᠠᠭ᠍ᠰᠢᠯᠠᠭᠤᠯᠤᠯᠲᠠ᠎ᠶ᠋ᠢᠨ ᠥᠭᠡᠷᠡᠴᠢᠯᠡᠯᠲᠡ᠂ ᠦᠯᠡᠳᠡᠪᠦᠷᠢ ᠢᠯᠴᠢ᠎ᠶ᠋ᠢ ᠱᠠᠲᠤᠯᠢᠭ  ᠠᠱᠢᠭ᠍ᠯᠠᠬᠤ᠂ ᠬᠠᠲᠠᠭᠤ ᠪᠡᠶᠡᠲᠦ ᠬᠠᠶᠠᠭ᠍ᠳᠠᠮᠠᠯ ᠪᠣᠳᠠᠰ᠎ᠢ ᠶᠡᠷᠦᠩᠬᠡᠢᠯᠡᠨ ᠠᠱᠢᠭ᠍ᠯᠠᠬᠤ᠂ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠢ ᠬᠤᠷᠢᠶᠠᠬᠤ ᠵᠡᠷᠭᠡ ᠲᠠᠯ᠎ᠠ᠎ᠪᠠᠷ ᠢᠳᠡᠪᠬᠢᠲᠡᠶ ᠦᠷ᠎ᠡ ᠪᠦᠲᠦᠮᠵᠢ ᠤᠯᠪᠠ᠃ ᠰᠢ ᠵᠢᠨ ᠫᠢᠩ ᠡᠩ ᠲᠡᠷᠢᠭᠦᠨ᠎ᠳᠦ ᠱᠠᠨ ᠰᠢ ᠮᠤᠵᠢ᠎ᠶ᠋ᠢᠨ ᠡᠨᠧᠷᠭᠢ᠎ᠶ᠋ᠢᠨ ᠬᠤᠪᠢᠰᠭᠠᠯ᠎ᠤᠨ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢᠨ ᠲᠤᠷᠱᠢᠯᠲᠠ᠎ᠶ᠋ᠢᠨ ᠴᠡᠭ ᠪᠣᠯᠤᠨ ᠠᠵᠤ ᠠᠬᠤᠢᠯᠠᠯ᠎ᠤᠨ ᠨᠡᠭᠦᠷᠡᠰᠦ᠎ᠶ᠋ᠢ ᠠᠷᠢᠭᠤᠨ ᠴᠡᠪᠡᠷ ᠥᠨᠳᠥᠷ ᠪᠦᠲᠦᠮᠵᠢᠲᠡᠢ ᠠᠱᠢᠭ᠍ᠯᠠᠬᠤ᠎ᠶ᠋ᠢ ᠠᠬᠢᠭᠤᠯᠵᠤ᠂ ᠤᠯᠠᠮᠵᠢᠯᠠᠯᠲᠤ ᠠᠵᠤ ᠦᠢᠯᠡᠰ᠎ᠦᠨ ᠬᠡᠯᠪᠡᠷᠢ᠎ᠶ᠋ᠢ ᠬᠤᠪᠢᠷᠠᠭᠤᠯᠤᠨ ᠲᠡᠰ ᠳᠡᠪᠱᠢᠭᠦᠯᠬᠦ᠌᠎ᠶ᠋ᠢ ᠲᠦᠷᠭᠡᠳᠭᠡᠭᠰᠡᠨ ᠵᠡᠷᠭᠡ ᠠᠵᠢᠯ᠎ᠤᠨ ᠲᠠᠨᠢᠯᠴᠠᠭᠤᠯᠭ᠎ᠠ᠎ᠶ᠋ᠢ ᠰᠣᠨᠣᠰᠪᠠ᠃ ᠠᠵᠤ ᠠᠬᠤᠢᠯᠠᠯ᠎ᠤᠨ ᠢᠯᠴᠢ ᠵᠢᠨ ᠴᠠᠬᠢᠯᠭᠠᠨ᠎ᠤ ᠮᠠᠱᠢᠨ ᠴᠣᠭ᠍ᠴᠠᠯᠠᠪᠤᠷᠢ᠎ᠶ᠋ᠢᠨ ᠦᠢᠯᠡᠳᠪᠦᠷᠢᠯᠡᠯ᠎ᠦᠨ ᠲᠥᠪᠯᠡᠷᠡᠭᠦᠯᠦᠨ ᠡᠵᠡᠮᠳᠡᠬᠦ᠌ ᠲᠠᠰᠤᠭ᠂ ᠱᠢᠲᠠᠭᠠᠯᠭ᠎ᠠ᠎ᠶ᠋ᠢᠨ ᠤᠶᠤᠨᠴᠢᠯᠠᠬ᠍ᠰᠠᠨ ᠬᠠᠮᠢᠶᠠᠷᠤᠨ ᠡᠵᠡᠮᠳᠡᠬᠦ᠌ ᠲᠥᠪ᠂ ᠮᠠᠱᠢᠨ ᠬᠥᠮᠦᠨ᠎ᠦ ᠠᠦ᠋ᠲ᠋ᠣ᠋ ᠱᠢᠨᠵᠢᠯᠡᠨ ᠱᠢᠯᠭᠠᠬᠤ ᠲᠠᠰᠤᠭ᠎ᠲᠤ᠂ ᠰᠢ ᠵᠢᠨ ᠫᠢᠩ ᠦᠢᠯᠡᠳᠪᠦᠷᠢᠯᠡᠯ᠎ᠦᠨ ᠠᠵᠢᠯᠯᠠᠭᠠᠨ᠎ᠤ ᠲᠣᠭ᠎ᠠ ᠪᠠᠷᠢᠮᠲᠠ᠎ᠶ᠋ᠢ ᠪᠠᠢᠴᠠᠭᠠᠨ ᠦᠵᠡᠵᠦ᠍᠂ ᠲᠤᠬᠠᠢ᠎ᠶ᠋ᠢᠨ ᠲᠠᠯᠠᠪᠠᠢ᠎ᠶ᠋ᠢᠨ ᠮᠡᠷᠭᠡᠵᠢᠯᠲᠡᠨ᠎ᠡᠴᠡ ᠠᠵᠤ ᠠᠬᠤᠢᠯᠠᠯ᠎ᠤᠨ ᠡᠨᠧᠷᠭᠢ ᠠᠷᠪᠢᠯᠠᠵᠤ ᠪᠣᠬᠢᠷᠲᠤᠯ᠎ᠢ ᠪᠠᠭᠠᠰᠭᠠᠬᠤ᠂ ᠦᠢᠯᠡᠳᠪᠦᠷᠢᠯᠡᠯ᠎ᠦᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌ ᠪᠠ ᠠᠶᠤᠯᠭᠦᠢ ᠦᠢᠯᠡᠳᠪᠦᠷᠢᠯᠡᠯ᠎ᠦᠨ ᠪᠠᠲᠤᠯᠠᠭ᠎ᠠ ᠵᠡᠷᠭᠡ ᠪᠠᠢᠳᠠᠯ᠎ᠢ ᠣᠢᠯᠠᠭᠠᠪᠠ᠃ ᠳᠠᠷᠠᠭ᠎ᠠ ᠨᠢ ᠰᠢ ᠵᠢᠨ ᠫᠢᠩ ᠠᠵᠤ ᠠᠬᠤᠢᠯᠠᠯ᠎ᠤᠨ ᠨᠡᠭᠦᠷᠡᠰᠦ ᠨᠥᠭᠡᠴᠡᠯᠡᠬᠦ᠌ ᠲᠠᠯᠠᠪᠠᠢ᠎ᠳᠤ ᠬᠦᠷᠴᠦ᠍᠂ ᠨᠡᠭᠦᠷᠡᠰᠦᠨ ᠲᠠᠯᠠᠪᠠᠢ᠎ᠶ᠋ᠢᠨ ᠨᠡᠭᠦᠷᠡᠰᠦ ᠨᠥᠭᠡᠴᠡᠯᠡᠵᠦ ᠪᠠᠢᠭ᠎ᠠ ᠵᠡᠷᠭᠡ ᠪᠠᠢᠳᠠᠯ᠎ᠢ ᠪᠠᠢᠴᠠᠭᠠᠨ ᠦᠵᠡᠪᠡ᠃ ᠲᠡᠷᠡ᠂ ᠱᠠᠨ ᠰᠢ ᠪᠦᠬᠦ᠌ ᠤᠯᠤᠰ᠎ᠤᠨ ᠡᠨᠧᠷᠭᠢ᠎ᠶ᠋ᠢᠨ ᠬᠦᠨᠳᠦ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠰᠠᠭᠤᠷᠢᠨ ᠪᠣᠯᠤᠭ᠍ᠰᠠᠨ᠎ᠤ ᠬᠤᠪᠢ᠎ᠳᠤ᠂ ᠤᠯᠤᠰ᠎ᠤᠨ ᠬᠥᠭ᠌ᠵᠢᠯᠲᠡ᠎ᠳᠦ ᠴᠢᠬᠤᠯᠠ ᠬᠤᠪᠢ ᠨᠡᠮᠡᠷᠢ ᠦᠵᠡᠭᠦᠯᠪᠡ᠃  ᠨᠡᠭᠦᠷᠡᠰᠦᠲᠥ᠋ᠷᠥᠭ᠌ᠴᠢ ᠵᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ ᠳ᠋ᠦ ᠬᠦᠷᠬᠦ  ᠨᠡᠭᠦᠷᠡᠰᠦᠲᠥ᠋ᠷᠥᠭ᠌ᠴᠢ ᠵᠢ ᠰᠠᠭᠠᠷᠮᠠᠭ᠍ᠵᠢᠭᠤᠯᠬᠤ᠎ᠶ᠋ᠢ ᠠᠬᠢᠭᠤᠯᠬᠤ᠎ᠠᠵᠢᠯ᠎ᠢ ᠪᠤᠰᠤᠳ ᠬᠥᠮᠦᠨ ᠪᠢᠳᠡᠨ᠎ᠢᠶᠡᠷ ᠬᠢᠯᠭᠡᠬᠦ᠌ ᠭᠡᠰᠡᠨ ᠶᠠᠪᠤᠳᠠᠯ ᠪᠢᠰᠢ᠂ ᠬᠠᠷᠢᠨ ᠪᠢᠳᠡ ᠥᠪᠡᠷ᠎ᠢᠶᠡᠷ ᠵᠠᠪᠠᠯ ᠬᠢᠬᠦ᠌ ᠬᠡᠷᠡᠭ᠌ᠲᠡᠶ᠂ ᠭᠡᠪᠡᠴᠦ᠍ ᠡᠨᠡ᠎ᠨᠢ ᠠᠮᠠᠷᠬᠠᠨ ᠪᠡᠶᠡᠯᠡᠭᠦᠯᠵᠦ᠍ ᠳᠡᠢᠯᠬᠦ᠌ ᠶᠠᠪᠤᠳᠠᠯ ᠪᠢᠰᠢ᠂ ᠬᠦᠯᠢᠶᠡᠵᠦ᠍ ᠪᠣᠯᠬᠤ ᠦᠭᠡᠢ᠂ ᠶᠠᠭᠠᠷᠠᠵᠤ ᠴᠦ᠍ ᠪᠣᠯᠬᠤ ᠦᠭᠡᠢ᠃ ᠡᠷᠬᠡᠪᠰᠢ ᠪᠤᠰᠤᠳᠴᠢ ᠵᠢᠮ᠎ᠡ ᠶᠣᠰᠣ᠎ᠶ᠋ᠢ ᠬᠦᠨᠳᠦᠳᠭᠡᠵᠦ᠍᠂ ᠠᠯᠬᠤᠮ ᠳᠠᠷᠠᠭᠠᠯᠠᠯ ᠠᠢᠵᠠᠮ᠎ᠢ ᠡᠵᠡᠮᠳᠡᠵᠦ᠍᠂ ᠤᠷᠢᠳ᠎ᠢᠶᠠᠷ ᠪᠠᠢᠭᠤᠯᠵᠤ ᠳᠠᠷᠠᠭ᠎ᠠ ᠨᠢ ᠡᠪᠳᠡᠵᠦ᠍᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠳᠠᠪᠱᠢᠬᠤ ᠬᠡᠷᠡᠭ᠌ᠲᠡᠢ᠃ ᠨᠡᠭᠦᠷᠡᠰᠦ ᠡᠯᠪᠡᠭ᠂ ᠴᠢᠯᠠᠭᠤᠨ ᠲᠤᠰᠤ ᠬᠤᠮᠰᠠ᠂ ᠱᠢᠲᠠᠮᠠᠬᠠᠢ ᠬᠡᠢ ᠴᠥᠭᠡᠨ ᠪᠠᠢᠬᠤ ᠪᠣᠯ ᠮᠠᠨ᠎ᠤ ᠤᠯᠤᠰ᠎ᠤᠨ ᠤᠯᠤᠰ᠎ᠤᠨ ᠪᠠᠢᠳᠠᠯ ᠮᠥᠨ ᠂ ᠤᠯᠤᠰ᠎ᠤᠨ ᠳᠣᠲᠣᠭᠠᠳᠤ᠎ᠶ᠋ᠢᠨ ᠡᠨᠧᠷᠭᠢ᠎ᠶ᠋ᠢᠨ ᠦᠢᠯᠡᠳᠪᠦᠷᠢᠯᠡᠯ᠎ᠦᠨ ᠰᠠᠭᠤᠷᠢ᠎ᠶ᠋ᠢ ᠪᠡᠬᠢᠵᠢᠭᠦᠯᠵᠦ᠍᠂ ᠨᠡᠭᠦᠷᠡᠰᠦᠨ᠎ᠦ ᠬᠠᠩᠭᠠᠯᠭ᠎ᠠ᠎ᠶ᠋ᠢᠨ ᠠᠮᠤᠷ ᠲᠦᠪᠱᠢᠨ᠎ᠢ ᠪᠠᠲᠤᠯᠠᠵᠤ᠂ ᠨᠡᠭᠦᠷᠡᠰᠦᠨ᠎ᠦ ᠠᠷᠢᠭᠤᠨ ᠴᠡᠪᠡᠷ ᠨᠡᠭᠦᠷᠡᠰᠦᠲᠥ᠋ᠷᠥᠭ᠌ᠴᠢ ᠪᠠᠭ᠎ᠠ ᠬᠥᠭ᠌ᠵᠢᠯᠲᠡ᠎ᠶ᠋ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠠᠳᠭᠤᠵᠤ᠂ ᠤᠯᠠᠨ ᠡᠱᠢᠴᠢᠯᠡᠨ ᠠᠱᠢᠭ᠍ᠯᠠᠵᠤ᠂ ᠶᠡᠷᠦᠩᠬᠡᠢᠯᠡᠨ ᠬᠠᠳᠠᠭᠠᠯᠠᠵᠤ ᠵᠥᠭᠡᠭᠡᠪᠦᠷᠢᠯᠡᠬᠦ᠌ ᠡᠨᠡ ᠬᠦ᠌ ᠶᠡᠬᠡ ᠶᠠᠪᠤᠳᠠᠯ᠎ᠢ ᠰᠠᠢᠲᠤᠷ ᠠᠳᠭᠤᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭ᠌ᠴᠢ ᠪᠠᠭ᠎ᠠ ᠮᠡᠷᠭᠡᠵᠢᠯ᠎ᠦᠨ ᠪᠣᠭᠣᠮᠲᠠ ᠱᠢᠪᠲᠤᠯᠬᠤ᠎ᠶ᠋ᠢ ᠲᠦᠷᠭᠡᠳᠭᠡᠵᠦ᠍᠂ ᠠᠵᠤ ᠦᠢᠯᠡᠰ᠎ᠦᠨ ᠪᠦᠲᠦᠴᠡ᠎ᠶ᠋ᠢ ᠱᠢᠯᠢᠳᠡᠭ᠌ᠵᠢᠭᠦᠯᠦᠨ ᠲᠡᠰ ᠳᠡᠪᠱᠢᠭᠦᠯᠬᠦ᠌᠎ᠶ᠋ᠢ ᠦᠷᠭᠦᠯᠵᠢᠯᠡᠨ ᠠᠬᠢᠭᠤᠯᠬᠤ ᠬᠡᠷᠡᠭ᠌ᠲᠡᠢ᠃ ᠨᠡᠭᠦᠷᠡᠰᠦᠲᠥ᠋ᠷᠥᠭ᠌ᠴᠢ᠎ᠵᠢᠨ ᠭᠠᠳᠠᠬᠰᠢᠯᠠᠭᠤᠯᠤᠯᠳᠠ ᠤᠷᠬᠢᠯ ᠭᠡᠮᠵᠢᠭᠳᠡᠯ ᠳ᠋ᠦ ᠬᠦᠷᠬᠦ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ ᠬᠠᠷᠠᠯᠲᠠ᠎ᠶ᠋ᠢ ᠪᠡᠶᠡᠯᠡᠭᠦᠯᠬᠦ᠌᠎ᠶ᠋ᠢ ᠢᠳᠡᠪᠬᠢᠲᠡᠢ ᠯᠠᠪᠳᠠᠭᠤᠨ᠎ᠢᠶᠠᠷ ᠠᠬᠢᠭᠤᠯᠵᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠶ᠋ᠢ ᠠᠬᠢᠭᠤᠯᠬᠤ᠎ᠳᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠡᠨ ᠦᠵᠡᠭᠦᠯᠬᠦ᠌ ᠬᠡᠷᠡᠭ᠌ᠲᠡᠢ ᠬᠡᠵᠤ ᠴᠢᠬᠤᠯᠠᠴᠢᠯᠠᠪᠠ᠃

ᠠᠵᠤ ᠠᠬᠤᠢᠯᠠᠯ᠎ᠤᠨ ᠠᠵᠢᠯᠳᠠᠨ ᠠᠵᠢᠯᠴᠢᠨ ᠶᠡᠷᠦᠩᠬᠡᠢ ᠱᠦᠵᠢ᠎ᠲᠡᠶ ᠲᠤᠳᠤᠨᠤᠰᠤᠭ ᠮᠡᠨᠳᠦᠴᠢᠯᠡᠵᠦ᠂ ᠰᠢ ᠵᠢᠨ ᠫᠢᠩ ᠤᠯᠠᠨ᠎ᠳᠤ ᠴᠠᠭᠠᠨ ᠰᠠᠷ᠎ᠠ᠎ᠶ᠋ᠢᠨ ᠮᠡᠨᠳᠦᠴᠢᠯᠡᠯ ᠳᠡᠪᠱᠢᠭᠦᠯᠪᠡ᠃ ᠲᠡᠷᠡ᠂ ᠴᠠᠬᠢᠯᠭᠠᠨ ᠬᠠᠩᠭᠠᠬᠤ ᠢᠯᠴᠢ ᠬᠠᠩᠭᠠᠬᠤ᠎ᠨᠢ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠪᠥᠬᠥ᠌ ᠲᠠᠯ᠎ᠠ ᠪᠠ ᠨᠡᠢᠭᠡᠮ᠎ᠦᠨ ᠲᠣᠭ᠍ᠲᠠᠭᠤᠨ᠎ᠤ ᠶᠡᠬᠡ ᠲᠠᠯ᠎ᠠ᠎ᠳᠤ ᠬᠣᠯᠪᠣᠭ᠍ᠳᠠᠵᠤ᠂ ᠠᠷᠠᠳ᠎ᠤᠨ ᠠᠮᠢᠳᠤᠷᠠᠯ᠎ᠳᠤ ᠬᠣᠯᠪᠣᠭ᠍ᠳᠠᠬᠤ ᠶᠡᠬᠡ ᠶᠠᠪᠤᠳᠠᠯ ᠪᠣᠯᠤᠨ᠎ᠠ᠃ ᠡᠨᠧᠷᠭᠢ᠎ᠶ᠋ᠢᠨ ᠬᠠᠩᠭᠠᠯᠭ᠎ᠠ᠎ᠶ᠋ᠢ ᠪᠠᠲᠤᠯᠠᠬᠤ ᠲᠤᠬᠠᠶ ᠨᠠᠮ᠎ᠤᠨ ᠲᠥᠪ ᠬᠣᠷᠢᠶᠠᠨ᠎ᠤ ᠡᠯ᠎ᠡ ᠵᠦᠶ᠋ᠯ᠎ᠦᠨ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠣᠯᠠᠨ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠬᠡᠷᠡᠭ᠌ᠯᠡᠨ ᠬᠠᠩᠭᠠᠯᠭ᠎ᠠ ᠬᠡᠷᠡᠭ᠌ᠴᠡᠭᠡ᠎ᠶ᠋ᠢ ᠲᠣᠬᠢᠷᠠᠭᠤᠯᠬᠤ᠎ᠶ᠋ᠢ ᠴᠢᠩᠭᠠᠳᠭᠠᠵᠤ᠂ ᠡᠨᠧᠷᠭᠢ᠎ᠶ᠋ᠢᠨ ᠬᠠᠩᠭᠠᠯᠭ᠎ᠠ᠎ᠶ᠋ᠢ ᠪᠠᠲᠤᠯᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠵᠤ᠂ ᠲᠣᠮᠣ ᠠᠵᠤ ᠠᠬᠤᠢᠯᠠᠯ ᠢᠯᠠᠩᠭᠤᠶ᠎ᠠ ᠤᠯᠤᠰ᠎ᠤᠨ ᠥᠮᠴᠢᠯᠡᠯ᠎ᠦᠨ ᠠᠵᠤ ᠠᠬᠤᠢᠯᠠᠯ ᠲᠦᠷᠦᠭᠦᠯᠡᠨ ᠬᠠᠩᠭᠠᠯᠭ᠎ᠠ᠎ᠶ᠋ᠢ ᠪᠠᠲᠤᠯᠠᠵᠤ ᠦᠨ᠎ᠡ ᠬᠠᠩᠰᠢ᠎ᠶ᠋ᠢ ᠲᠣᠭ᠍ᠲᠠᠪᠤᠷᠢᠵᠢᠭᠤᠯᠵᠤ᠂ ᠠᠷᠠᠳ᠎ᠤᠨ ᠠᠮᠢᠳᠤᠷᠠᠯ᠎ᠤᠨ ᠡᠨᠧᠷᠭᠢ ᠬᠡᠷᠡᠭ᠌ᠯᠡᠬᠦ᠌ ᠬᠠᠩᠭᠠᠯᠭ᠎ᠠ᠎ᠶ᠋ᠢ ᠪᠠᠲᠤᠯᠠᠬᠤ ᠬᠠᠷᠢᠭᠤᠴᠠᠯᠭ᠎ᠠ᠎ᠶ᠋ᠢ ᠴᠢᠩᠭᠠᠳᠭᠠᠵᠤ᠂ ᠠᠷᠠᠳ ᠣᠯᠠᠨ᠎ᠤ ᠠᠮᠤᠷ ᠲᠦᠪᠱᠢᠨ ᠬᠠᠯᠠᠭᠤᠨ ᠳᠤᠯᠠᠭᠠᠨ ᠡᠪᠦᠯᠵᠢᠬᠦ᠌᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ ᠬᠡᠵᠤ ᠵᠢᠭᠠᠵᠤ ᠭᠠᠷᠭᠠᠪᠠ᠃

ᠰᠢ ᠵᠢᠨ ᠫᠢᠩ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠠᠴᠠ ᠨᠠᠭᠠᠱᠢᠬᠢ ᠱᠠᠨ ᠰᠢ᠎ᠶ᠋ᠢᠨ ᠡᠯ᠎ᠡ ᠵᠦᠢᠯ᠎ᠦᠨ ᠠᠵᠢᠯ ᠳ᠋ᠦ ᠣᠯᠤᠭ᠍ᠰᠠᠨ ᠠᠮᠵᠢᠯᠲᠠ ᠪᠦᠲᠦᠮᠵᠢ᠎ᠶ᠋ᠢ ᠭᠦᠢᠴᠡᠳ ᠨᠤᠲᠠᠯᠠᠵᠤ᠂ ᠱᠠᠨ ᠰᠢ ᠮᠤᠵᠢ᠎ᠶ᠋ᠢᠨ ᠬᠢᠨ ᠨᠠᠮ᠎ᠤᠨ ᠲᠥᠪ ᠬᠣᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂  ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠬᠦᠢᠴᠡᠳ᠂ ᠣᠨᠣᠪᠴᠢᠲᠠᠶ᠂ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠢᠳᠡᠪᠬᠢᠲᠡᠶ ᠦᠶ᠋ᠯᠡᠴᠢᠯᠡᠨ ᠠᠭᠤᠰᠤᠯᠴᠠᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢ ᠨᠢᠭᠡᠳᠦᠯᠲᠡᠢ ᠲᠥᠯᠥᠪᠵᠢᠭᠦᠯᠵᠤ᠂ ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠶ ᠲᠥᠯᠥᠪᠵᠢᠬᠦᠯᠵᠤ᠂ 《ᠵᠢᠷᠭᠤᠭ᠎ᠠ᠎ᠶ᠋ᠢ ᠲᠣᠭ᠍ᠲᠠᠪᠤᠷᠢᠵᠢᠭᠤᠯᠬᠤ》᠂ 《ᠵᠢᠷᠭᠤᠭ᠎ᠠ᠎ᠶ᠋ᠢ ᠪᠠᠲᠤᠯᠠᠬᠤ 》 ᠠᠵᠢᠯ ᠢ᠋ ᠦᠷᠭᠦᠯᠵᠢᠯᠡᠨ ᠰᠠᠢᠲᠤᠷ ᠬᠢᠵᠤ᠂ ᠠᠷᠠᠳ᠎ᠤᠨ ᠠᠮᠢᠳᠤᠷᠠᠯ᠎ᠢ ᠦᠷᠭᠦᠯᠵᠢᠯᠡᠨ ᠰᠠᠢᠵᠢᠷᠠᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢᠨ ᠲᠠᠯ᠎ᠠ᠎ᠪᠠᠷ ᠲᠠᠰᠤᠷᠠᠯᠲᠠ ᠥᠬᠡᠶ ᠱᠢᠨ᠎ᠡ ᠱᠢᠪᠲᠤᠯᠤᠯᠲᠠ᠎ᠲᠠᠶ ᠪᠣᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠶ᠋ᠢ ᠤᠭ᠍ᠲᠤᠨ᠂  ᠱᠠᠨ ᠰᠢ᠎ᠶ᠋ᠢᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠢ ᠦᠢᠯᠡᠳᠦᠯᠭᠡᠵᠢᠭᠦᠯᠬᠦ᠌ ᠱᠢᠨ᠎ᠡ ᠬᠠᠭᠤᠳᠠᠰᠤ᠎ᠶ᠋ᠢ ᠦᠷᠭᠦᠯᠵᠢᠯᠡᠨ ᠪᠢᠴᠢᠭ᠌ᠯᠡᠬᠦ ᠵᠢ ᠬᠦᠰᠡᠪᠡ᠃

ᠳ᠋ᠢᠩ ᠱᠢᠤᠸᠠᠢ ᠱᠢᠶᠠᠩ᠂ ᠯᠢᠦ ᠾᠧ᠂ ᠴᠧᠨ ᠰᠢ᠂ ᠾᠧ ᠯᠢ ᠹᠧᠩ ᠪᠣᠯᠤᠨ ᠲᠥᠪ᠎ᠦᠨ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠨᠥᠬᠥᠳ ᠪᠠᠷ᠎ᠠ ᠪᠣᠯᠵᠤ ᠱᠢᠨᠵᠢᠯᠡᠨ ᠪᠠᠢᠴᠠᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号