1
ᠰᠠᠷ᠎ᠠ᠎ᠶ᠋ᠢᠨ
27
ᠤ᠋
ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ
ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ ᠡᠷᠬᠢᠯᠡᠭ᠌ᠴᠢ ᠱ᠌ᠢ ᠲᠠᠢ ᠹᠸᠩ ᠤᠯᠠᠭᠠᠨᠴᠠᠪ ᠬᠤᠳᠠ᠎ᠳᠤ ᠬᠦᠷᠴᠦ᠍᠂
ᠬᠤᠳᠠ᠎ᠶ᠋ᠢᠨ ᠨᠠᠮ᠎ᠤᠨ ᠬᠣᠷᠢᠶᠠᠨ᠎ᠤ ᠤᠳᠤᠷᠢᠳᠭᠤ ᠪᠠᠭ᠎ᠤᠨ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ
ᠲᠤᠰᠭᠠᠢ ᠰᠡᠳᠦᠪᠲᠦ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠳᠤ ᠣᠷᠣᠯᠴᠠᠵᠥ ᠵᠢᠭᠠᠨ ᠵᠢᠯᠣᠭᠣᠳᠪᠠ᠃ ᠲᠡᠷᠡ᠂
ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠤᠨ ᠦᠷ᠎ᠡ ᠪᠦᠲᠦᠭᠡᠯ᠎ᠢ ᠦᠨᠡᠨ ᠬᠦ᠌ ᠰᠠᠢᠲᠤᠷ ᠠᠱᠢᠭ᠍ᠯᠠᠵᠤ᠂ ᠨᠠᠮ᠎ᠤᠨ
ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠣᠯᠤᠨ ᠲᠡᠦᠬᠡᠨ ᠲᠤᠷᠱᠢᠯᠭ᠎ᠠ᠎ᠶ᠋ᠢ ᠦᠷᠭᠦᠯᠵᠢᠯᠡᠨ
ᠭᠦᠨᠵᠡᠭᠡᠢ ᠰᠤᠷᠤᠯᠴᠠᠨ ᠣᠢᠯᠠᠭᠠᠵᠤ᠂ ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠬᠦ᠌ ᠵᠣᠷᠢᠭ ᠰᠠᠨᠠᠭ᠎ᠠ ᠪᠣᠯᠤᠨ
ᠬᠢᠳᠤᠭᠠᠨᠤ ᠢᠷ᠎ᠢ ᠲᠤᠳᠤᠭᠰᠢ ᠬᠠᠨᠳᠤᠭᠤᠯᠬᠤ ᠰᠥᠰᠥ᠍ ᠵᠣᠷᠢᠭ᠎ᠢᠶᠠᠷ
ᠵᠥᠷᠢᠶ᠎ᠡ ᠪᠠ ᠬᠦᠷᠤᠯᠴᠡᠬᠦ᠌ ᠦᠬᠡᠢ ᠲᠠᠯ᠎ᠠ᠎ᠪᠠᠨ ᠪᠠᠢᠴᠠᠭᠠᠨ ᠦᠵᠡᠵᠦ᠍᠂ ᠲᠤᠪᠤᠢ᠌ᠮ᠎ᠠ ᠠᠰᠠᠭᠤᠳᠠᠯ᠎ᠢ ᠴᠡᠭ᠌ᠴᠡᠯᠡᠨ
ᠰᠠᠢᠵᠢᠷᠠᠭᠤᠯᠵᠤ᠂ ᠲᠤᠰ ᠪᠡᠶ᠎ᠡ᠎ᠶ᠋ᠢᠨ ᠪᠠᠢᠭᠤᠯᠤᠯᠲᠠ᠎ᠪᠠᠨ ᠨᠡᠩ ᠰᠠᠢᠲᠤᠷ ᠴᠢᠩᠭᠠᠳᠭᠠᠨ᠂ ᠠᠵᠢᠯ ᠦᠢᠯᠡᠰ᠎ᠦᠨ
ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃
ᠬᠤᠷᠠᠯ ᠳᠡᠭᠡᠷ᠎ᠡ᠂ ᠤᠯᠠᠭᠠᠨᠴᠠᠪ ᠬᠣᠲᠠ᠎ᠶ᠋ᠢᠨ ᠨᠠᠮ᠎ᠤᠨ ᠬᠣᠷᠢᠶᠠᠨ᠎ᠤ ᠱᠦᠵᠢ
ᠰᠦᠶ ᠸᠧᠶ ᠵᠢᠶᠦ᠋ᠨ ᠬᠣᠲᠠ᠎ᠶ᠋ᠢᠨ ᠨᠠᠮ᠎ᠤᠨ ᠬᠣᠷᠢᠶᠠᠨ᠎ᠤ ᠤᠳᠤᠷᠢᠳᠭᠤ ᠪᠠᠭ᠎ᠤᠨ ᠡᠮᠦᠨ᠎ᠡ᠎ᠡᠴᠡ ᠬᠠᠷᠭᠤᠭᠤᠯᠤᠨ
ᠪᠠᠢᠴᠠᠭᠠᠵᠤ᠂ ᠥᠪᠡᠷ᠎ᠢ᠎ᠪᠡᠨ ᠵᠠᠳᠠᠯᠤᠨ ᠱᠢᠨᠵᠢᠯᠡᠪᠡ᠃ ᠤᠳᠤᠷᠢᠳᠭᠤ ᠪᠠᠭ᠎ᠤᠨ ᠪᠤᠰᠤᠳ ᠪᠦᠷᠢᠯᠳᠦᠬᠦᠨ ᠨᠢᠭᠡᠳ
ᠨᠢᠭᠡ᠎ᠪᠡᠷ ᠦᠬᠡ ᠬᠡᠯᠡᠵᠥ᠂ ᠱᠢᠭᠦᠮᠵᠢᠯᠡᠯ ᠪᠠ ᠥᠪᠡᠷ᠎ᠦᠨ ᠱᠢᠭᠦᠮᠵᠢᠯᠡᠯ ᠥᠷᠨᠢᠭᠦᠯᠪᠡ᠃
ᠬᠣᠲᠠ᠎ᠶ᠋ᠢᠨ ᠨᠠᠮ᠎ᠤᠨ ᠬᠣᠷᠢᠶᠠᠨ᠎ᠤ ᠤᠳᠤᠷᠢᠳᠭᠤ ᠪᠠᠭ᠎ᠤᠨ ᠪᠦᠷᠢᠯᠳᠦᠬᠦᠨ᠎ᠦ
ᠶᠠᠷᠢᠶ᠎ᠠ᠎ᠶ᠋ᠢ ᠬᠢᠨᠠᠮᠠᠭᠠᠶ ᠰᠣᠨᠣᠰᠤᠭ᠍ᠰᠠᠨ᠎ᠤ ᠳᠠᠷᠠᠭ᠎ᠠ
ᠱ᠌ᠢ ᠲᠠᠢ ᠹᠸᠩ᠂ ᠡᠨᠡ ᠤᠳᠠᠭ᠎ᠠ᠎ᠶ᠋ᠢᠨ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠨᠢ ᠭᠤᠤᠯ ᠰᠡᠳᠦᠪ᠎ᠢᠶᠡᠨ ᠴᠢᠩᠭ᠎ᠠ
ᠡᠵᠡᠮᠳᠡᠵᠦ᠂ ᠲᠥᠪ ᠴᠢᠩᠭ᠎ᠠ ᠨᠠᠷᠢᠨ ᠨᠢᠬᠳᠠ ᠪᠠᠢᠵᠤ᠂ ᠣᠯᠠᠨ᠎ᠢᠶᠠᠷ᠎ᠢᠶᠠᠨ ᠥᠪᠡᠷ᠎ᠦᠨ ᠪᠡᠶ᠎ᠡ᠂ ᠲᠤᠱᠢᠶᠠᠯ ᠬᠠᠷᠢᠭᠤᠴᠠᠯᠭ᠎ᠠ
ᠪᠣᠯᠤᠨ ᠠᠵᠢᠯ᠎ᠲᠠᠢ ᠪᠠᠨ ᠤᠶᠠᠯᠳᠤᠭᠤᠯᠵᠤ᠂ ᠣᠷᠣᠱᠢᠵᠤ ᠪᠠᠢᠭ᠎ᠠ ᠲᠣᠪᠣᠢᠮ᠎ᠠ ᠠᠰᠠᠭᠤᠳᠠᠯ᠎ᠢ ᠭᠦᠨᠵᠡᠭᠡᠶ ᠪᠠᠢᠴᠠᠭᠠᠨ
ᠳᠡᠯᠭᠡᠵᠦ᠍᠂ ᠬᠠᠷᠢᠯᠴᠠᠨ ᠱᠢᠭᠦᠮᠵᠢᠯᠡᠬᠦ᠌ ᠶ᠋ᠢ ᠴᠢᠩᠭ᠎ᠠ ᠥᠷᠨᠢᠭᠦᠯᠵᠦ᠍᠂ ᠴᠡᠭ᠌ᠴᠡᠯᠡᠨ ᠰᠠᠢᠵᠢᠷᠠᠭᠤᠯᠬᠤ ᠠᠷᠭ᠎ᠠ
ᠬᠡᠮᠵᠢᠶ᠎ᠡ᠎ᠶ᠋ᠢ ᠲᠣᠳᠣᠷᠬᠠᠶ ᠳᠤᠷᠠᠳᠴᠤ᠌᠂ ᠦᠵᠡᠯ ᠰᠠᠨᠠᠭ᠎ᠠ᠎ᠪᠠᠨ ᠰᠣᠯᠢᠯᠴᠠᠨ ᠪᠦᠯᠬᠦᠮᠳᠡᠯ᠎ᠢᠶᠡᠨ ᠴᠢᠩᠭᠠᠳᠭᠠᠵᠤ᠂
ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠱᠢᠯᠭᠠᠨ ᠪᠠᠢᠴᠠᠭᠠᠵᠠᠢ᠂ ᠭᠡᠪᠡᠴᠦ᠍
ᠦᠵᠡᠯ ᠰᠠᠨᠠᠭ᠎ᠠ ᠲᠠᠨᠢᠯᠲᠠ᠎ᠶ᠋ᠢᠨ ᠦᠨᠳᠦᠷᠴᠡ᠂ ᠠᠰᠠᠭᠤᠳᠠᠯ᠎ᠢ ᠪᠠᠢᠴᠠᠭᠠᠨ ᠳᠡᠯᠭᠡᠬᠦ᠌ ᠭᠦᠨᠴᠡ ᠵᠡᠷᠭᠡ ᠲᠠᠯ᠎ᠠ᠎ᠪᠠᠷ
ᠪᠠᠰᠠ ᠡᠳᠦᠶ ᠲᠡᠳᠦᠶ ᠬᠦᠷᠦᠯᠴᠡᠬᠦ᠌ ᠥᠬᠡᠶ ᠲᠠᠯ᠎ᠠ ᠣᠷᠣᠱᠢᠵᠤ ᠪᠠᠢᠨ᠎ᠠ᠃ ᠬᠣᠲᠠ᠎ᠶ᠋ᠢᠨ ᠨᠠᠮ᠎ᠤᠨ ᠬᠣᠷᠢᠶᠠᠨ᠎ᠤ
ᠤᠳᠤᠷᠢᠳᠭᠤ ᠪᠠᠭ᠎ᠤᠨ᠎ᠬᠢᠨ᠎ᠳᠤ ᠲᠠᠨᠢᠯᠲᠠ᠎ᠪᠠᠨ ᠲᠠᠰᠤᠷᠠᠯᠲᠠ ᠥᠬᠡᠶ ᠭᠦᠨᠵᠡᠭᠡᠢᠷᠡᠭᠦᠯᠵᠦ᠍᠂ ᠦᠷᠭᠦᠯᠵᠢᠯᠡᠨ ᠰᠠᠢᠵᠢᠷᠠᠭᠤᠯᠤᠨ ᠳᠡᠭᠡᠭ᠌ᠰᠢᠯᠡᠭᠦᠯᠵᠦ᠍᠂ ᠨᠠᠮ᠎ᠤᠨ
ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠤᠨ ᠤᠯᠤᠰ ᠳᠦᠷᠦᠴᠢ ᠴᠢᠨᠠᠷ᠂ ᠴᠠᠭ ᠦᠶᠡᠴᠢ ᠴᠢᠨᠠᠷ᠂ ᠵᠠᠷᠴᠢᠮᠲᠤ
ᠴᠢᠨᠠᠷ᠂ ᠳᠠᠢᠴᠢᠨ ᠴᠢᠨᠠᠷ᠎ᠢ ᠦᠨᠡᠨ ᠬᠦ᠌ ᠴᠢᠩᠭᠠᠳᠭᠠᠬᠤ᠎ᠶ᠋ᠢ ᠬᠦᠰᠡᠵᠦ᠍ ᠪᠠᠢᠨ᠎ᠠ᠃ ᠤᠯᠤᠰ ᠲᠦᠷᠦ᠍᠎ᠶ᠋ᠢᠨ ᠦᠨᠳᠦᠷᠴᠡ
ᠡᠴᠡ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠎ᠶ᠋ᠢ ᠰᠠᠢᠲᠤᠷ ᠠᠳᠭᠤᠵᠤ᠂ ᠲᠥᠰᠦᠯ᠎ᠢ ᠰᠤᠳᠤᠯᠤᠨ ᠲᠣᠭ᠍ᠲᠠᠭᠠᠵᠤ᠂
ᠠᠷᠭ᠎ᠠ ᠬᠡᠮᠵᠢᠶ᠎ᠡ᠎ᠶ᠋ᠢ ᠨᠠᠷᠢᠯᠢᠬ᠍ᠵᠢᠭᠤᠯᠤᠨ ᠲᠡᠭᠦᠯᠳᠡᠷᠵᠢᠭᠦᠯᠵᠦ᠍᠂ ᠬᠠᠷᠢᠭᠤᠴᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂
ᠪᠠᠢᠴᠠᠭᠠᠨ ᠳᠡᠯᠭᠡᠵᠦ᠍ ᠢᠯᠡᠷᠡᠭᠦᠯᠦᠭ᠌ᠰᠡᠨ ᠠᠰᠠᠭᠤᠳᠠᠯ᠎ᠢ ᠡᠷᠡᠰ ᠪᠣᠳᠠᠲᠠᠢ ᠴᠡᠭ᠌ᠴᠡᠯᠡᠨ ᠰᠠᠢᠵᠢᠷᠠᠭᠤᠯᠬᠤ ᠬᠡᠷᠡᠭ᠌ᠲᠡᠢ ᠬᠡᠵᠥ
ᠵᠢᠭᠠᠵᠥ ᠭᠠᠷᠭᠠᠪᠠ᠃
ᠱ᠌ᠢ᠎ᠲᠡᠶ ᠹᠸᠩ᠂ ᠨᠠᠮ᠎ᠤᠨ ᠵᠠᠭᠤᠨ ᠵᠢᠯ᠎ᠦᠨ ᠲᠡᠦᠬᠡ᠎ᠡᠴᠡ ᠦᠵᠡᠪᠡᠯ ᠪᠣᠯᠪᠠᠰᠤᠷᠠᠩᠭᠤᠶ
ᠲᠣᠭ᠍ᠲᠠᠭᠤᠨ ᠨᠠᠮ᠎ᠤᠨ ᠲᠥᠪ ᠬᠣᠷᠢᠶᠠᠨ᠎ᠤ ᠤᠳᠤᠷᠢᠳᠤᠯᠭ᠎ᠠ ᠪᠣᠯ ᠮᠠᠨ᠎ᠤ ᠨᠠᠮ᠎ᠤᠨ ᠴᠢᠬᠤᠯᠠ ᠶᠡᠬᠡ ᠴᠠᠭ ᠮᠥᠴᠡ᠎ᠳᠦ
ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠵᠤ᠂ ᠡᠷᠡᠰ ᠱᠢᠭᠤᠷᠬᠠᠶ ᠰᠣᠩᠭᠣᠯᠲᠠ ᠬᠢᠬᠦ᠌᠎ᠶ᠋ᠢᠨ ᠵᠠᠩᠭᠢᠯᠠᠭ᠎ᠠ
ᠮᠥᠨ᠂ ᠮᠠᠨ᠎ᠤ ᠨᠠᠮ᠎ᠤᠨ ᠪᠦᠯᠬᠦᠮᠳᠡᠨ ᠨᠢᠭᠡᠳᠴᠤ᠂ ᠢᠯᠠᠯᠲᠠ᠎ᠲᠠᠶ᠎ᠪᠠᠷ ᠤᠷᠤᠭ᠍ᠰᠢᠯᠠᠬᠤ᠎ᠶ᠋ᠢᠨ ᠴᠢᠬᠤᠯᠠ ᠪᠠᠲᠤᠯᠠᠭ᠎ᠠ
ᠮᠥᠨ᠃ 《ᠬᠣᠶᠠᠷ᠎ᠢ ᠲᠣᠭ᠍ᠲᠠᠭᠠᠬᠤ》 ᠨᠢ ᠪᠦᠬᠦ᠌ ᠨᠠᠮ᠎ᠤᠨ
ᠵᠣᠷᠢᠭ ᠰᠠᠨᠠᠭ᠎ᠠ᠎ᠶ᠋ᠢ ᠢᠯᠡᠷᠡᠭᠦᠯᠵᠦ᠍᠂ ᠠᠷᠠᠳ ᠲᠦᠮᠡᠨ᠎ᠦ ᠬᠦᠰᠡᠯ ᠰᠠᠨᠠᠭ᠎ᠠ᠎ᠶ᠋ᠢ ᠲᠤᠰᠭᠠᠵᠤ᠂ ᠴᠠᠭ ᠦᠶ᠎ᠡ᠎ᠶ᠋ᠢᠨ
ᠤᠷᠢᠶᠠᠯᠠᠭ᠎ᠠ᠂ ᠲᠡᠦᠬᠡ᠎ᠶ᠋ᠢᠨ ᠰᠣᠩᠭᠣᠯᠲᠠ᠂ ᠠᠷᠠᠳ᠎ᠤᠨ ᠰᠡᠳᠭᠢᠯ᠎ᠦᠨ ᠬᠠᠨᠳᠤᠰᠢ ᠪᠤᠯᠵᠤ᠂ ᠴᠢᠬᠤᠯᠠ ᠶᠡᠬᠡ ᠲᠡᠦᠬᠡ᠎ᠶ᠋ᠢᠨ
ᠳ᠋ᠦᠩᠨᠡᠯᠲᠡ ᠪᠣᠯᠬᠤ᠎ᠪᠦᠭᠡᠳ ᠪᠠᠰᠠ ᠴᠢᠬᠤᠯᠠ ᠶᠡᠬᠡ ᠦᠢᠯᠡᠳᠦᠯᠭᠡ᠎ᠶ᠋ᠢᠨ ᠱᠠᠭᠠᠷᠳᠠᠯᠭ᠎ᠠ ᠪᠤᠯᠵᠤ᠂ ᠱᠢᠨ᠎ᠡ ᠴᠠᠭ
ᠦᠶ᠎ᠡ᠎ᠶ᠋ᠢᠨ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ
ᠶᠡᠬᠡ ᠰᠡᠷᠭᠦᠨ ᠮᠠᠨᠳᠤᠯᠲᠠ᠎ᠶ᠋ᠢᠨ ᠲᠡᠦᠬᠡᠨ ᠠᠬᠢᠴᠠ᠎ᠶ᠋ᠢ ᠠᠬᠢᠭᠤᠯᠬᠤ᠎ᠳᠤ ᠱᠢᠢᠳᠪᠦᠷᠢᠯᠡᠭᠦ ᠴᠢᠨᠠᠷᠲᠠᠢ ᠠᠴᠢ
ᠬᠣᠯᠪᠣᠭ᠍ᠳᠠᠯ᠎ᠲᠠᠶ ᠶᠤᠮ᠃ ᠬᠣᠲᠠ᠎ᠶ᠋ᠢᠨ ᠨᠠᠮ᠎ᠤᠨ ᠬᠣᠷᠢᠶᠠᠨ᠎ᠤ ᠤᠳᠤᠷᠢᠳᠭᠤ ᠪᠠᠭ ᠵᠢᠴᠢ ᠪᠦᠷᠢᠯᠳᠦᠬᠦᠨ ᠨᠢᠭᠡ
ᠪᠦᠷᠢ ᠤᠯᠤᠰ ᠲᠥᠷᠥ᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠵᠦ᠍᠂ ᠦᠵᠡᠯ ᠰᠠᠨᠠᠭ᠎ᠠ ᠲᠠᠨᠢᠯᠲᠠ᠎ᠪᠠᠨ ᠭᠦᠨᠵᠡᠭᠡᠢᠷᠡᠭᠦᠯᠦᠨ᠂
《ᠬᠣᠶᠠᠷ᠎ᠢ ᠲᠣᠭ᠍ᠲᠠᠭᠠᠬᠤ》 ᠶ᠋ᠢ
ᠡᠷᠡᠰ ᠬᠦᠷᠢᠶᠡᠯᠡᠬᠦ᠌᠂《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠬᠦ᠌ ᠤᠯᠤᠰ ᠲᠥᠷᠥ᠎ᠶ᠋ᠢᠨ ᠤᠬᠠᠮᠰᠠᠷ ᠦᠵᠡᠯ ᠰᠠᠨᠠᠭᠠᠨ᠎ᠤ ᠤᠬᠠᠮᠰᠠᠷ
ᠦᠶ᠋ᠯᠡ ᠠᠵᠢᠯᠯᠠᠭ᠎ᠠ᠎ᠶ᠋ᠢᠨ ᠤᠬᠠᠮᠰᠠᠷ᠎ᠢᠶᠠᠨ ᠦᠨᠡᠨ ᠬᠦ᠌ ᠴᠢᠩᠭᠠᠳᠭᠠᠵᠤ᠂ ᠡᠨᠡ ᠬᠦ᠌ ᠦᠨᠳᠦᠰᠦᠨ ᠤᠯᠤᠰ ᠲᠥᠷᠥ᠎ᠶ᠋ᠢᠨ
ᠵᠠᠷᠴᠢᠮ᠎ᠤᠨ ᠠᠰᠠᠭᠤᠳᠠᠯ ᠳᠡᠭᠡᠷ᠎ᠡ ᠢᠮᠠᠭ᠍ᠲᠠ ᠲᠠᠷᠢᠬᠢ ᠲᠣᠯᠣᠭᠠᠶ ᠣᠨᠴᠠᠭᠠᠶ ᠰᠡᠷᠭᠡᠭ᠂ ᠣᠪᠣᠷ ᠣᠨᠴᠠᠭᠠᠶ ᠢᠯᠡ
ᠲᠣᠳᠣ᠂ ᠦᠶ᠋ᠯᠡ ᠠᠵᠢᠯᠯᠠᠭ᠎ᠠ ᠣᠨᠴᠠᠭᠠᠶ ᠱᠢᠭᠤᠷᠬᠠᠶ ᠪᠠᠢᠬᠤ ᠬᠡᠷᠡᠭ᠌ᠲᠡᠶ᠃ ᠨᠡᠩ ᠶᠡᠬᠡ ᠬᠦᠴᠦ᠍ ᠣᠷᠣᠭᠤᠯᠵᠤ
ᠪᠠᠢᠭᠠᠳ ᠤᠨᠤᠯ᠎ᠢᠶᠠᠷ ᠵᠡᠪᠰᠡᠭ᠌ᠯᠡᠬᠦ᠌᠎ᠶ᠋ᠢ ᠴᠢᠩᠭᠠᠳᠭᠠᠵᠤ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ
ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠴᠥᠬᠥᠷᠡᠰᠢ ᠦᠭᠡᠢ ᠭᠦᠨᠵᠡᠭᠡᠢ
ᠰᠤᠷᠤᠯᠴᠠᠨ ᠣᠢᠯᠠᠭᠠᠵᠤ᠂ ᠦᠨᠡᠨ ᠬᠦ᠌ ᠰᠤᠷᠤᠯᠴᠠᠬᠤ᠂ ᠦᠨᠡᠨ ᠬᠦ᠌ ᠣᠢᠯᠠᠭᠠᠬᠤ᠂ ᠦᠨᠡᠨ ᠬᠦ᠌ ᠢᠲᠡᠭᠡᠬᠦ᠌᠂ ᠦᠨᠡᠨ
ᠬᠦ᠌ ᠬᠡᠷᠡᠭ᠌ᠯᠡᠬᠦ᠌᠎ᠶ᠋ᠢ ᠪᠡᠶᠡᠯᠡᠭᠦᠯᠵᠦ᠍᠂ ᠰᠤᠷᠤᠯᠴᠠᠯᠭ᠎ᠠ᠎ᠶ᠋ᠢᠨ ᠦᠷ᠎ᠡ ᠪᠦᠲᠦᠭᠡᠯ᠎ᠢ ᠰᠡᠳᠭᠢᠬᠦᠢ᠎ᠶ᠋ᠢᠨ
ᠳᠠᠳᠭᠠᠯ᠂ ᠠᠵᠢᠯᠯᠠᠭᠠᠨ᠎ᠤ ᠤᠬᠠᠮᠰᠠᠷ ᠪᠣᠯᠭᠠᠨ ᠬᠤᠪᠢᠷᠠᠭᠤᠯᠵᠤ᠂ ᠤᠯᠤᠰ ᠲᠦᠷᠦ᠍᠎ᠶ᠋ᠢᠨ ᠴᠢᠳᠠᠪᠤᠷᠢ᠂ ᠲᠤᠬᠠᠢᠯᠠᠭ᠍ᠰᠠᠨ
ᠠᠵᠢᠯ᠎ᠤᠨ ᠴᠢᠳᠠᠪᠤᠷᠢ ᠪᠣᠯᠭᠠᠨ ᠬᠤᠪᠢᠷᠠᠭᠤᠯᠵᠤ᠂ ᠬᠥᠭ᠌ᠵᠢᠯᠲᠡ᠎ᠶ᠋ᠢᠨ ᠰᠡᠳᠬᠢᠴᠠ᠂ ᠠᠵᠢᠯ᠎ᠤᠨ ᠠᠷᠭ᠎ᠠ ᠬᠡᠮᠵᠢᠶ᠎ᠡ
ᠪᠣᠯᠭᠠᠨ ᠬᠤᠪᠢᠷᠠᠭᠤᠯᠬᠤ ᠬᠡᠷᠡᠭ᠌ᠲᠡᠢ᠃ 《ᠬᠣᠶᠠᠷ᠎ᠢ ᠬᠠᠮᠠᠭᠠᠯᠠᠬᠤ》 ᠶ᠋ᠢ ᠪᠣᠳᠠᠲᠤ ᠠᠵᠢᠯᠯᠠᠭ᠎ᠠ ᠳᠡᠭᠡᠷ᠎ᠡ᠎ᠪᠡᠨ ᠨᠠᠢᠳᠠᠪᠤᠷᠢᠵᠢᠭᠤᠯᠵᠤ᠂ ᠠᠵᠢᠯ᠎ᠤᠨ ᠳᠤᠮᠳᠠ᠎ᠪᠠᠨ
ᠢᠯᠡᠷᠡᠭᠦᠯᠵᠦ᠍᠂ ᠡᠷᠡᠰ ᠰᠢᠭᠤᠷᠬᠠᠢ ᠬᠦᠴᠦᠲᠡᠶ ᠠᠷᠭ᠎ᠠ ᠬᠡᠮᠵᠢᠶ᠎ᠡ᠎ᠪᠡᠷ ᠨᠠᠮ᠎ᠤᠨ ᠲᠥᠪ ᠬᠣᠷᠢᠶᠠᠨ᠎ᠤ ᠱᠢᠶ᠋ᠳᠪᠦᠷᠢᠲᠦ
ᠪᠣᠳᠣᠯᠭ᠎ᠠ ᠪᠠᠢᠷᠢᠯᠠᠭᠤᠯᠤᠯᠲᠠ ᠪᠣᠯᠤᠨ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠴᠢᠬᠤᠯᠠ
ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠲᠡᠷᠡ ᠬᠡᠪ ᠵᠢᠡᠷ ᠪᠣᠳᠠᠲᠠᠶ
ᠨᠠᠢᠳᠠᠪᠤᠷᠢᠵᠢᠭᠤᠯᠬᠤ᠎ᠶ᠋ᠢ ᠠᠬᠢᠭᠤᠯᠬᠤ ᠬᠡᠷᠡᠭ᠌ᠲᠡᠶ ᠭᠡᠵᠤ ᠵᠢᠭᠠᠵᠤ ᠭᠠᠷᠭᠠᠪᠠ᠃
ᠱ᠌ᠢ ᠲᠠᠢ ᠹᠸᠩ᠂ ᠨᠠᠮ᠎ᠤᠨ ᠵᠠᠭᠤᠨ ᠵᠢᠯ᠎ᠦᠨ ᠲᠡᠦᠬᠡ ᠪᠣᠯ ᠳᠠᠷᠤᠶ ᠨᠠᠮ ᠪᠣᠯᠤᠨ
ᠠᠷᠠᠳ ᠲᠦᠮᠡᠨ ᠰᠡᠳᠭᠢᠯ ᠵᠢᠷᠦᠬᠡ᠎ᠪᠡᠨ ᠬᠣᠯᠪᠣᠵᠤ᠂ ᠬᠤᠪᠢ
ᠵᠠᠶᠠᠭ᠎ᠠ᠎ᠪᠠᠨ ᠬᠠᠮᠲᠤᠳᠭᠠᠭ᠍ᠰᠠᠨ ᠲᠡᠦᠬᠡ ᠮᠥᠨ᠂ ᠲᠥᠷᠥ᠍ ᠵᠠᠰᠠᠭ ᠪᠣᠯ ᠳᠠᠷᠤᠶ ᠠᠷᠠᠳ ᠲᠦᠮᠡᠨ ᠮᠥᠨ ᠂ ᠠᠷᠠᠳ
ᠲᠦᠮᠡᠨ ᠪᠣᠯ ᠳᠠᠷᠤᠶ ᠲᠥᠷᠥ᠍ ᠵᠠᠰᠠᠭ ᠮᠥᠨ ᠭᠡᠬᠦ᠌ ᠶᠣᠰᠣ ᠤᠴᠢᠷ᠎ᠢ ᠭᠦᠨᠵᠡᠭᠡᠶ ᠣᠢᠯᠠᠭᠠᠵᠤ᠂ ᠠᠷᠠᠳ ᠲᠦᠮᠡᠨ᠎ᠢᠶᠡᠷ
ᠭᠤᠤᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠦᠨᠡᠨ ᠬᠦ᠌ ᠨᠡᠪᠲᠡᠷᠡᠲᠡᠯ᠎ᠡ ᠤᠢᠯᠠᠭᠠᠨ᠂ ᠭᠦᠨᠵᠡᠭᠡᠶ
ᠦᠶ᠋ᠯᠡᠳᠦᠯᠭᠡᠵᠢᠭᠦᠯᠵᠦ᠍᠂ ᠱᠢᠨ᠎ᠡ ᠴᠠᠭ ᠦᠶ᠎ᠡ᠎ᠶ᠋ᠢᠨ ᠨᠠᠮ᠎ᠤᠨ ᠣᠯᠠᠨ ᠲᠦᠮᠡᠨᠴᠢ ᠱᠤᠭᠤᠮ᠎ᠢᠶᠠᠷ ᠯᠠᠪᠳᠠᠭᠤᠨ
ᠪᠠᠲᠤᠲᠠᠶ ᠰᠠᠢᠲᠤᠷ ᠵᠠᠮᠨᠠᠵᠤ᠂ ᠠᠷᠠᠳ ᠣᠯᠠᠨ᠎ᠤ ᠠᠮᠤᠷ ᠲᠦᠪᠱᠢᠨ ᠠᠶᠤᠯ ᠲᠦᠭ᠌ᠰᠢᠭᠦᠷᠢ ᠬᠦᠴᠢᠷ ᠵᠤᠪᠠᠭᠤᠷᠢ ᠂
ᠠᠮᠤᠷ ᠵᠢᠮᠤᠷ ᠠᠵᠤ ᠲᠦᠷᠦᠭᠦ᠎ᠶ᠋ᠢ ᠢᠮᠠᠭ᠍ᠲᠠ ᠰᠡᠳᠭᠢᠯ᠎ᠳᠡᠭᠡᠨ ᠪᠤᠳᠤᠵᠤ᠂ ᠢᠳᠡᠪᠬᠢᠲᠡᠶ ᠰᠠᠨᠠᠭᠠᠴᠢᠯᠠᠭ᠎ᠠ᠎ᠡᠴᠡ᠎ᠪᠠᠨ
ᠠᠷᠠᠳ᠎ᠤᠨ ᠰᠠᠨᠠᠭ᠎ᠠ᠎ᠶ᠋ᠢ ᠰᠣᠨᠣᠰᠴᠤ᠌᠂ ᠠᠷᠠᠳ᠎ᠤᠨ ᠰᠠᠨᠠᠭ᠎ᠠ᠎ᠶ᠋ᠢ ᠳᠠᠭᠠᠵᠤ᠂ ᠠᠷᠠᠳ᠎ᠤᠨ ᠵᠣᠪᠠᠭᠤᠷᠢ᠎ᠶ᠋ᠢ ᠠᠷᠢᠯᠭᠠᠬᠤ
ᠬᠡᠷᠡᠭ᠌ᠲᠡᠶ᠃ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ᠎ᠢ ᠪᠡᠬᠢᠵᠢᠭᠦᠯᠬᠦ᠌
ᠪᠠ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠲᠦᠮᠵᠢᠲᠡᠢ ᠵᠣᠯᠭᠠᠭᠤᠯᠬᠤ᠎ᠶ᠋ᠢ ᠦᠷᠭᠦᠯᠵᠢᠯᠡᠨ
ᠬᠦᠴᠦᠯᠡᠨ ᠠᠬᠢᠭᠤᠯᠵᠤ᠂ ᠤᠯᠠᠨ ᠲᠦᠮᠡᠨ᠎ᠦ ᠠᠩᠬᠠᠷᠴᠤ᠌ ᠪᠠᠢᠭ᠎ᠠ ᠠᠵᠢᠯ ᠣᠯᠭᠣᠯᠲᠠ᠂ ᠰᠤᠷᠭᠠᠨ ᠬᠥᠮᠦᠵᠢᠯ᠂ ᠡᠮ
ᠡᠮᠨᠡᠯᠭᠡ᠂ ᠣᠷᠣᠨ ᠰᠠᠭᠤᠴᠠ ᠵᠡᠷᠭᠡ ᠲᠤᠰ ᠪᠡᠶ᠎ᠡ᠎ᠶ᠋ᠢᠨ ᠠᠱᠢᠭ ᠲᠤᠰᠠ᠎ᠶ᠋ᠢᠨ ᠠᠰᠠᠭᠤᠳᠠᠯ᠎ᠢ ᠦᠨᠡᠨ ᠬᠦ᠌ ᠰᠠᠢᠲᠤᠷ
ᠱᠢᠢᠳᠪᠦᠷᠢᠯᠡᠵᠦ᠍᠂ ᠠᠷᠠᠳ᠎ᠤᠨ ᠠᠮᠢᠳᠤᠷᠠᠯ᠎ᠤᠨ ᠬᠦᠴᠢᠷ ᠠᠰᠠᠭᠤᠳᠠᠯ᠎ᠢ ᠱᠢᠢᠳᠪᠦᠷᠢᠯᠡᠬᠦ᠌᠂ ᠠᠷᠠᠳ᠎ᠤᠨ ᠠᠮᠢᠳᠤᠷᠠᠯ᠎ᠤᠨ
ᠳᠤᠲᠠᠭᠤᠳᠠᠯ᠎ᠢ ᠨᠥᠬᠥᠪᠥᠷᠢᠯᠡᠬᠦ᠌ ᠲᠠᠯ᠎ᠠ᠎ᠪᠠᠷ ᠦᠷᠭᠦᠯᠵᠢᠯᠡᠨ ᠦᠨᠡᠨ ᠰᠡᠳᠭᠢᠯ ᠵᠢᠨᠷ ᠂ ᠪᠣᠳᠠᠲᠠᠢ ᠠᠷᠭ᠎ᠠ
ᠬᠡᠮᠵᠢᠶ᠎ᠡ ᠠᠪᠴᠤ᠌᠂ ᠪᠣᠳᠠᠲᠤ ᠦᠷ᠎ᠡ ᠪᠦᠲᠦᠮᠵᠢ ᠤᠯᠬᠤ᠎ᠶ᠋ᠢ ᠡᠷᠬᠢᠮᠯᠡᠬᠦ᠌ ᠬᠡᠷᠡᠭ᠌ᠲᠡᠢ᠃ ᠵᠥᠪ ᠬᠥᠭ᠌ᠵᠢᠯᠲᠡ᠎ᠶ᠋ᠢᠨ
ᠦᠵᠡᠯᠲᠡ ᠪᠠ ᠠᠵᠢᠯ᠎ᠤᠨ ᠪᠦᠲᠦᠮᠵᠢ᠎ᠶ᠋ᠢᠨ ᠦᠵᠡᠯᠲᠡ᠎ᠶ᠋ᠢ ᠪᠤᠢ ᠪᠣᠯᠭᠠᠵᠤ᠂ ᠠᠷᠠᠳ᠎ᠤᠨ ᠠᠮᠢᠳᠤᠷᠠᠯ᠎ᠤᠨ ᠲᠠᠯ᠎ᠠ
ᠵᠢᠨ ᠠᠵᠢᠯ᠎ᠢ ᠠᠬᠢᠭᠤᠯᠬᠤ᠎ᠳᠠᠭᠠᠨ ᠡᠷᠬᠡᠪᠰᠢ ᠪᠣᠳᠠᠲᠠᠢ ᠡᠴᠡ ᠡᠭᠦᠰᠭᠦ᠎ᠶ᠋ᠢ ᠪᠠᠷᠢᠮᠲᠠᠯᠠᠨ᠂ ᠪᠤᠰᠤᠳᠴᠢ ᠵᠢᠮ᠎ᠡ
ᠶᠣᠰᠣ ᠪᠠ ᠤᠯᠠᠨ ᠲᠦᠮᠡᠨ᠎ᠦ ᠬᠡᠷᠡᠭ᠌ᠴᠡᠭᠡ᠎ᠶ᠋ᠢ ᠬᠦᠨᠳᠦᠳᠭᠡᠵᠤ᠂ ᠶᠠᠭᠠᠬᠢᠭ᠍ᠰᠠᠨ ᠴᠤ᠌ ᠳᠤᠷ᠎ᠠ᠎ᠪᠠᠷ᠎ᠢᠶᠠᠨ ᠦᠢᠯᠡᠳᠴᠤ ᠯᠠᠷᠵᠢᠶ᠎ᠠ ᠶᠠᠩᠪᠠ ᠲᠠᠲᠠᠵᠤ ᠪᠤᠯᠬᠤ ᠦᠭᠡᠢ᠂ ᠡᠯ᠎ᠡ ᠵᠦᠢᠯ᠎ᠦᠨ
ᠠᠵᠢᠯ᠎ᠢᠶᠠᠨ ᠤᠯᠠᠨ ᠲᠦᠮᠡᠨ᠎ᠦ ᠰᠡᠳᠭᠢᠯ ᠳᠦ ᠰᠠᠭᠤᠭᠳᠠᠳᠠᠯ᠎ᠠ
ᠰᠠᠢᠳᠤᠷ ᠬᠢᠬᠦ ᠬᠡᠷᠡᠭ᠌ᠲᠡᠢ ᠭᠡᠵᠤ ᠴᠢᠬᠤᠯᠠᠴᠢᠯᠠᠪᠠ᠃
ᠱ᠌ᠢ᠎ᠲᠡᠶ ᠹᠸᠩ᠂ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ
ᠠᠮᠵᠢᠯᠲᠠ ᠪᠦᠲᠦᠮᠵᠢ ᠪᠣᠯᠤᠨ ᠲᠡᠦᠬᠡᠨ ᠲᠤᠷᠱᠢᠯᠭ᠎ᠠ᠎ᠡᠴᠡ ᠣᠶᠤᠨ ᠤᠬᠠᠭᠠᠨ ᠪᠣᠯᠤᠨ ᠬᠦᠴᠦᠨ ᠴᠢᠳᠠᠯ ᠣᠯᠵᠤ᠂ ᠬᠠᠷᠢᠭᠤᠴᠠᠯᠭ᠎ᠠ
ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠦᠨᠡᠨ ᠬᠦ᠌ ᠠᠳᠭᠤᠨ ᠪᠣᠳᠠᠲᠠᠶ ᠠᠵᠢᠯᠯᠠᠵᠤ᠂ ᠡᠷᠡᠮᠡᠬᠡᠢᠯᠡᠨ
ᠤᠷᠤᠭ᠍ᠰᠢᠯᠠᠵᠤ᠂ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ
ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ
ᠠᠷᠪᠠᠨ ᠨᠢᠭᠡᠳᠦᠭᠡᠷ ᠬᠤᠭᠤᠴᠠᠭᠠᠨ᠎ᠤ ᠬᠣᠶᠠᠳᠤᠭᠠᠷ ᠪᠥᠬᠥᠳᠡ ᠬᠤᠷᠠᠯ ᠵᠢᠴᠢ ᠪᠥᠬᠥ᠌ ᠣᠷᠣᠨ᠎ᠤ ᠠᠵᠤ ᠠᠬᠤᠶ᠎ᠶ᠋ᠢᠨ
ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠡᠯ᠎ᠡ ᠵᠦᠶ᠋ᠯ᠎ᠦᠨ
ᠠᠵᠢᠯ ᠦᠶ᠋ᠯᠡᠰ᠎ᠦᠨ ᠬᠥᠭ᠌ᠵᠢᠯᠲᠡ ᠲᠠᠰᠤᠷᠠᠯᠲᠠ ᠥᠬᠡᠶ ᠱᠢᠨ᠎ᠡ ᠦᠷ᠎ᠡ ᠪᠦᠲᠦᠮᠵᠢ ᠤᠯᠬᠤ᠎ᠶ᠋ᠢ ᠴᠢᠷᠮᠠᠢᠨ ᠠᠬᠢᠭᠤᠯᠬᠤ
ᠬᠡᠷᠡᠭ᠌ᠲᠡᠶ᠃ ᠪᠦᠬᠦ᠌ ᠬᠦᠴᠦᠨ᠎ᠢᠶᠡᠷ᠎ᠢᠶᠡᠨ ᠨᠡᠮᠡᠭ᠌ᠳᠡᠯ᠎ᠢ ᠲᠣᠭ᠍ᠲᠠᠪᠤᠷᠢᠵᠢᠭᠤᠯᠵᠤ᠂ ᠡᠯ᠎ᠡ ᠵᠦᠢᠯ᠎ᠦᠨ ᠠᠵᠢᠯ᠎ᠢᠶᠠᠨ
ᠤᠷᠤᠭ᠍ᠰᠢ ᠠᠬᠢᠭᠤᠯᠵᠤ᠂ ᠪᠣᠳᠠᠲᠠᠢ ᠬᠢᠵᠦ᠍᠂ ᠠᠷᠠᠯᠵᠢᠶᠠᠴᠢᠨ ᠤᠷᠢᠬᠤ᠎ᠶ᠋ᠢ ᠠᠳᠭᠤᠵᠤ᠂ ᠲᠦᠷᠦᠯ ᠵᠦᠢᠯ᠎ᠢ ᠠᠳᠭᠤᠵᠤ᠂
ᠪᠡᠯᠡ ᠣᠷᠣᠭᠤᠯᠤᠯᠲᠠ᠎ᠶ᠋ᠢ ᠠᠳᠭᠤᠵᠤ᠂ ᠠᠵᠤ ᠦᠢᠯᠡᠰ᠎ᠢ ᠠᠳᠭᠤᠵᠤ᠂ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ᠎ᠵᠢᠨ
《 ᠬᠤᠷᠳᠤᠴᠠ ᠵᠢ ᠲᠦᠷᠭᠡᠳᠭᠡᠬᠦ᠌ 》 ᠪᠡᠷ ᠠᠵᠤ ᠠᠬᠤᠢ᠎ᠶ᠋ᠢᠨ
ᠲᠣᠭ᠍ᠲᠠᠭᠤᠨ ᠡᠷᠬᠢᠯᠲᠡ ᠵᠢᠨ 《 ᠶᠠᠰᠤ ᠴᠢᠨᠠᠷ ᠦᠷ᠎ᠡ ᠠᠱᠢᠭ 》 ᠢ᠋ ᠳᠡᠭᠡᠭ᠌ᠰᠢᠯᠡᠭᠦᠯᠬᠦ᠌ ᠬᠡᠷᠡᠭ᠌ᠲᠡᠢ᠃ ᠪᠦᠬᠦ᠌ ᠬᠦᠴᠦᠨ᠎ᠢᠶᠡᠷ᠎ᠢᠶᠡᠨ ᠬᠢᠵᠢᠭ᠎ᠦᠨ ᠪᠠᠢᠳᠠᠯ᠎ᠢ
ᠰᠡᠷᠭᠡᠢᠯᠡᠵᠦ᠍᠂ ᠬᠠᠮᠤᠭ᠎ᠤᠨ ᠴᠢᠩᠭ᠎ᠠ ᠰᠣᠨᠣᠷ ᠰᠡᠷᠡᠮᠵᠢ᠂ ᠬᠠᠮᠤᠭ᠎ᠤᠨ ᠴᠢᠩᠭ᠎ᠠ ᠬᠠᠷᠢᠭᠤᠴᠠᠯᠭᠠᠲᠤ ᠰᠡᠳᠭᠢᠯᠭᠡ᠎ᠪᠡᠷ
ᠭᠠᠳᠠᠨ᠎ᠠ᠎ᠡᠴᠡ ᠬᠠᠯᠳᠠᠪᠤᠷᠢᠯᠠᠨ ᠣᠷᠣᠵᠤ ᠢᠷᠡᠬᠦ᠌ᠪᠠ ᠳᠣᠲᠣᠭᠠᠳᠤ᠎ᠳᠠᠭᠠᠨ ᠲᠠᠬᠢᠨ ᠳᠡᠯᠭᠡᠷᠡᠬᠦ᠌᠎ᠶ᠋ᠢ ᠰᠡᠷᠭᠡᠢᠯᠡᠬᠦ᠌
ᠠᠵᠢᠯ᠎ᠢ ᠰᠠᠢᠲᠤᠷ ᠠᠳᠭᠤᠵᠤ᠂ ᠬᠢᠵᠢᠭ᠎ᠦᠨ ᠪᠠᠢᠳᠠᠯ᠎ᠤᠨ ᠡᠨᠡ ᠬᠦ᠌ ᠬᠤᠪᠢᠰᠤᠭ᠍ᠴᠢ ᠬᠡᠮᠵᠢᠭ᠌ᠳᠡᠬᠦᠨ ᠤ᠋ ᠬᠥᠭ᠌ᠵᠢᠯᠲᠡ᠎ᠶ᠋ᠢᠨ
ᠶᠡᠬᠡ ᠲᠠᠯ᠎ᠠ᠎ᠶ᠋ᠢ ᠨᠥᠯᠥᠭᠡᠯᠡᠬᠦ᠌᠎ᠶ᠋ᠢ ᠡᠷᠡᠰ ᠰᠡᠷᠭᠡᠢᠯᠡᠬᠦ᠌ ᠬᠡᠷᠡᠭ᠌ᠲᠡᠢ᠃ ᠲᠣᠭ᠍ᠲᠠᠭᠤᠨ᠎ᠢ ᠪᠦᠬᠦ᠌ ᠬᠦᠴᠦᠨ᠎ᠢᠶᠡᠷ᠎ᠢᠶᠡᠨ
ᠪᠠᠲᠤᠯᠠᠵᠤ᠂ ᠵᠥᠷᠢᠴᠡᠯ ᠵᠠᠭᠤᠷᠠᠯᠳᠤᠭᠠᠨ᠎ᠢ ᠪᠠᠢᠴᠠᠭᠠᠨ ᠱᠢᠢᠳᠪᠦᠷᠢᠯᠡᠬᠦ᠌ ᠠᠵᠢᠯ᠎ᠢ ᠯᠠᠪᠳᠠᠭᠤᠨ ᠪᠠᠲᠤᠲᠠᠢ
ᠰᠠᠢᠲᠤᠷ ᠬᠢᠵᠦ᠍᠂ ᠤᠯᠠᠨ ᠨᠡᠢᠲᠡ᠎ᠶ᠋ᠢᠨ ᠠᠮᠤᠷ ᠲᠦᠪᠱᠢᠨ᠎ᠦ ᠠᠶᠤᠯ ᠲᠦᠭ᠌ᠰᠢᠭᠦᠷᠢ ᠭᠡᠮ ᠰᠣᠭᠣᠭ᠎ᠢ ᠬᠦᠴᠦᠯᠡᠨ
ᠴᠡᠭ᠌ᠴᠡᠯᠡᠨ ᠵᠠᠰᠠᠬᠤ ᠪᠠ ᠠᠷᠢᠯᠭᠠᠵᠤ᠂ ᠨᠡᠢᠭᠡᠮ᠎ᠦᠨ ᠡᠶ᠎ᠡ ᠵᠣᠬᠢᠴᠠᠩᠭᠤᠢ ᠲᠣᠭ᠍ᠲᠠᠭᠤᠨ᠎ᠢ ᠦᠨᠡᠨ ᠬᠦ᠌ ᠪᠠᠲᠤᠯᠠᠬᠤ
ᠬᠡᠷᠡᠭ᠌ᠲᠡᠢ ᠭᠡᠵᠦ ᠴᠢᠬᠤᠯᠠᠴᠢᠯᠠᠪᠠ᠃
ᠱ᠌ᠢ ᠲᠠᠢ ᠹᠸᠩ᠂ ᠮᠠᠨ᠎ᠤ ᠨᠠᠮ ᠵᠠᠭᠤᠨ ᠵᠢᠯ᠎ᠦᠨ ᠬᠤᠪᠢᠷᠠᠯᠲᠠ᠎ᠶ᠋ᠢ ᠥᠩᠭᠡᠷᠡᠭᠡᠭᠡᠳ
ᠨᠡᠩ ᠢᠯᠡᠭᠦᠦ ᠠᠮᠢᠵᠢᠷᠠᠯ᠎ᠤᠨ ᠬᠦᠴᠦᠨ᠎ᠲᠡᠶ ᠪᠣᠯᠤᠭᠰᠠᠨ ᠤ᠋ ᠵᠠᠩᠭᠢᠯᠠᠭ᠎ᠠ ᠨᠢ ᠨᠠᠮ ᠨᠢ ᠨᠠᠮ᠎ᠢᠶᠠᠨ ᠬᠠᠮᠢᠶᠠᠷᠬᠤ᠂
ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠰᠤᠯᠠᠷᠠᠭᠤᠯᠤᠯ ᠦᠭᠡᠢ ᠠᠳᠬᠤᠬᠤ᠎ᠶ᠋ᠢ ᠢᠮᠠᠭ᠍ᠲᠠ ᠪᠠᠷᠢᠮᠲᠠᠯᠠᠵᠤ᠂
ᠨᠡᠢᠭᠡᠮ᠎ᠦᠨ ᠬᠤᠪᠢᠰᠭᠠᠯ᠎ᠢ ᠠᠬᠢᠭᠤᠯᠬᠤ᠎ᠶ᠋ᠢᠨ ᠵᠡᠷᠭᠡ᠎ᠪᠡᠷ ᠥᠪᠡᠷ᠎ᠦᠨ ᠪᠡᠶ᠎ᠡ᠎ᠳᠡᠭᠡᠨ ᠲᠤᠢᠯᠪᠤᠷᠢᠲᠠᠢ ᠬᠤᠪᠢᠰᠭᠠᠯ
ᠬᠢᠭᠰᠡᠨ ᠳ᠋ᠦ ᠪᠤᠢ᠃ ᠬᠣᠲᠠ᠎ᠶ᠋ᠢᠨ ᠨᠠᠮ᠎ᠤᠨ ᠬᠣᠷᠢᠶ᠎ᠠ ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠬᠦ᠌ ᠵᠣᠷᠢᠭ
ᠰᠠᠨᠠᠭ᠎ᠠ᠎ᠶ᠋ᠢ ᠪᠠᠳᠠᠷᠠᠭᠤᠯᠵᠤ᠂ ᠨᠠᠮ᠎ᠢ ᠬᠠᠮᠢᠶᠠᠷᠴᠤ᠌ ᠨᠠᠮ᠎ᠢ ᠵᠠᠰᠠᠬᠤ ᠡᠨᠡ ᠬᠦ᠌ ᠴᠢᠬᠤᠯᠠ ᠶᠡᠬᠡ ᠤᠯᠤᠰ
ᠲᠥᠷᠥ᠎ᠶ᠋ᠢᠨ ᠬᠠᠷᠢᠭᠤᠴᠠᠯᠭ᠎ᠠ᠎ᠶ᠋ᠢ ᠪᠠᠲᠤ ᠡᠭᠦᠷᠭᠡᠯᠡᠵᠦ᠍᠂ ᠡᠯ᠎ᠡ ᠵᠦᠶ᠋ᠯ᠎ᠦᠨ ᠠᠵᠢᠯ᠎ᠢ ᠪᠥᠬᠥ᠌ ᠲᠠᠯ᠎ᠠ᠎ᠪᠠᠷ
ᠴᠢᠩᠭ᠎ᠠ ᠰᠠᠢᠲᠤᠷ ᠠᠳᠭᠤᠵᠤ᠂ 《ᠬᠣᠶᠠᠷ ᠢ ᠣᠭ᠍ᠲᠣ ᠠᠭᠤᠴᠢᠯᠠᠬᠤ
ᠥᠬᠡᠶ》 ᠴᠢᠬᠤᠯᠠ ᠱᠠᠭᠠᠷᠳᠠᠯᠭ᠎ᠠ᠎ᠶ᠋ᠢ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠵᠤ᠂
ᠭᠤᠤᠯᠳᠠᠯᠭ᠎ᠠ᠎ᠲᠠᠶ ᠬᠦᠷᠢᠶ᠎ᠡ ᠴᠠᠷᠠᠭ᠎ᠠ᠎ᠶ᠋ᠢ ᠴᠢᠩᠭ᠎ᠠ ᠠᠩᠬᠠᠷᠴᠤ᠌ ᠪᠠᠢᠭᠠᠳ ᠰᠤᠷᠲᠠᠯ᠎ᠢ ᠴᠡᠭ᠌ᠴᠡᠯᠡᠨ ᠰᠠᠬᠢᠯᠭ᠎ᠠ
ᠪᠠᠲᠤ᠎ᠶ᠋ᠢ ᠴᠢᠩᠳᠠᠯᠠᠬᠤ ᠢᠯᠵᠠᠷᠠᠯ᠎ᠢ ᠡᠰᠡᠷᠭᠦᠴᠡᠬᠦ᠌ ᠠᠵᠢᠯ᠎ᠢ ᠭᠦᠨᠵᠡᠭᠡᠢᠷᠡᠭᠦᠯᠵᠦ᠍᠂ ᠭᠠᠵᠠᠷ ᠣᠷᠣᠨ᠎ᠤ ᠤᠯᠤᠰ
ᠲᠥᠷᠥ᠎ᠶ᠋ᠢᠨ ᠠᠮᠢ ᠠᠬᠤᠶ᠎ᠶ᠋ᠢ ᠬᠦᠴᠦᠯᠡᠨ ᠴᠡᠪᠡᠷᠱᠢᠭᠦᠯᠵᠦ᠍ ᠰᠡᠷᠭᠦᠭᠡᠬᠦ᠌ ᠬᠡᠷᠡᠭ᠌ᠲᠡᠶ᠃ ᠤᠳᠤᠷᠢᠳᠬᠤ ᠪᠠᠭ᠎ᠤᠨ
ᠪᠦᠷᠢᠯᠳᠦᠬᠦᠨ ᠪᠡᠶ᠎ᠡ᠎ᠪᠡᠷ᠎ᠢᠶᠡᠨ ᠬᠡᠪ ᠲᠦᠷᠢᠮ ᠪᠤᠯᠵᠤ᠂ ᠳᠡᠭᠡᠷ᠎ᠠ ᠱᠠᠳᠤ ᠨᠢ ᠲᠤᠤᠷ᠎ᠠ ᠱᠠᠳᠤ᠎ᠪᠠᠨ ᠳᠠᠭᠠᠭᠤᠯᠬᠤ᠂ ᠪᠡᠶ᠎ᠡ᠎ᠪᠡᠨ ᠵᠠᠰᠠᠵᠤ ᠪᠣᠯᠭᠣᠮᠵᠢᠲᠠᠢ
ᠠᠵᠢᠯᠯᠠᠬᠤ᠂ ᠶᠣᠰᠣ ᠰᠤᠷᠲᠠᠬᠤᠨ᠎ᠲᠠᠶ ᠪᠡᠶ᠎ᠡ᠎ᠪᠡᠨ ᠬᠦᠨᠳᠦᠳᠭᠡᠬᠦ᠂ ᠠᠷᠢᠭᠤᠨ ᠴᠢᠬᠡᠴᠢ ᠪᠡᠷ ᠪᠡᠶ᠎ᠡ᠎ᠪᠡᠨ ᠰᠠᠬᠢᠬᠤ᠎ᠶ᠋ᠢ ᠪᠡᠶᠡᠯᠡᠭᠦᠯᠵᠦ᠍᠂ ᠥᠷᠭᠡᠨ ᠤᠯᠠᠨ
ᠨᠠᠮ᠎ᠤᠨ ᠭᠡᠱᠢᠭᠦᠨ ᠺᠠᠳ᠋ᠷ᠎ᠢ ᠬᠦᠳᠦᠯᠦᠨ ᠲᠠᠭᠠᠭᠤᠯᠵᠤ ᠡᠪ ᠬᠠᠮᠲᠤᠴᠤᠳ᠎ᠤᠨ ᠦᠨᠡᠨᠴᠢ ᠱᠢᠳᠤᠷᠭᠤ ᠠᠷᠢᠭᠤᠨ ᠴᠢᠬᠡᠴᠢ
ᠬᠠᠷᠢᠭᠤᠴᠠᠯᠭ᠎ᠠ ᠡᠭᠦᠷᠭᠡᠯᠡᠬᠦ᠌ ᠤᠯᠤᠰ ᠲᠦᠷᠦ᠍᠎ᠶ᠋ᠢᠨ ᠤᠤᠷ ᠴᠢᠨᠠᠷ᠎ᠢ ᠢᠮᠠᠭ᠍ᠲᠠ ᠪᠠᠲᠤᠯᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ
ᠨᠠᠢ᠍ᠮᠠᠳᠤᠭᠠᠷ ᠲᠣᠭᠣᠷᠢᠨ ᠵᠢᠯᠣᠭᠣᠳᠭᠤ ᠳᠤᠭᠤᠢᠯᠠᠩ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠳᠤ ᠦᠨᠡᠯᠡᠯᠲᠡ
ᠬᠢᠪᠡ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠭᠡᠱᠢᠭᠦᠨ᠂
ᠨᠠᠷᠢᠨ ᠪᠢᠴᠢᠭ᠎ᠦᠨ ᠳᠠᠷᠤᠭ᠎ᠠ ᠢᠦᠢ ᠯᠢ ᠱᠢᠨ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ
ᠬᠣᠷᠢᠶ᠎ᠠ ᠬᠢᠨᠠᠨ ᠪᠠᠢᠴᠠᠭᠠᠬᠤ ᠵᠥᠪᠯᠡᠯ᠂ ᠨᠠᠮ᠎ᠤᠨ ᠬᠣᠷᠢᠶᠠᠨ᠎ᠤ ᠵᠣᠬᠢᠶᠠᠨ ᠪᠠᠢᠭᠤᠯᠬᠤ ᠬᠡᠯᠲᠡᠰ᠂ ᠥᠪᠡᠷᠲᠡᠭᠡᠨ
ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠤᠳᠤᠷᠢᠳᠭᠤ
ᠳᠤᠭᠤᠢᠯᠠᠩ᠎ᠤᠨ ᠠᠯᠪᠠᠨ ᠭᠡᠷ᠎ᠦᠨ ᠬᠣᠯᠪᠣᠭ᠍ᠳᠠᠯ ᠪᠦᠬᠦᠢ ᠬᠠᠷᠢᠭᠤᠴᠠᠯᠭᠠᠲᠠᠨ ᠨᠥᠬᠥᠳ ᠠᠵᠢᠯᠯᠠᠭ᠎ᠠ᠎ᠳᠤ ᠣᠷᠣᠯᠴᠠᠵᠠᠢ᠃