1
ᠰᠠᠷ᠎ᠠ
ᠵᠢᠨ 27
ᠤ᠋
ᠡᠳᠤᠷ᠂ ᠦᠪᠡᠷᠳᠡᠬᠡᠨ ᠵᠠᠰᠠᠬᠤ ᠤᠷᠤᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠳᠦᠯᠦᠬᠡᠯᠡᠭᠴᠢᠳ᠎ᠤᠨ
ᠶᠡᠬᠡ ᠬᠤᠷᠠᠯ᠎ᠤᠨ ᠪᠠᠢᠩᠭᠤ ᠵᠢᠨ ᠬᠤᠷᠢᠶ᠎ᠠ 90 ᠳ᠋ᠤᠭᠠᠷ ᠤᠳᠠᠭ᠎ᠠ ᠵᠢᠨ ᠨᠠᠮ᠎ᠤᠨ
ᠤᠳᠤᠷᠢᠳᠬᠤ ᠳᠤᠭᠤᠢᠯᠠᠩ᠎ᠤᠨ ᠬᠤᠷᠠᠯ ᠬᠤᠷᠠᠯᠳᠤᠭᠤᠯᠵᠥ᠂ ᠶᠡᠷᠦᠩᠬᠡᠢ ᠱᠦᠵᠢ ᠰᠢ ᠵᠢᠨ ᠫᠢᠩ᠎ᠤᠨ ᠠᠷᠪᠠ ᠶᠢᠰᠦᠳᠦᠬᠡᠷ
ᠬᠤᠭᠤᠴᠠᠭᠠᠨ᠎ᠤ ᠳᠦᠪ᠎ᠤᠨ ᠰᠠᠬᠢᠯᠭ᠎ᠠ ᠪᠠᠳᠤ ᠪᠠᠢᠴᠠᠭᠠᠬᠤ ᠬᠤᠷᠢᠶᠠᠨ᠎ᠤ ᠵᠢᠷᠭᠤᠳᠤᠭᠠᠷ ᠪᠦᠬᠦᠳᠡ ᠬᠤᠷᠠᠯ ᠳᠡᠬᠡᠷᠡᠬᠢ
ᠴᠢᠬᠤᠯᠠ ᠶᠠᠷᠢᠶᠠᠨ᠎ᠤ ᠵᠤᠷᠢᠬ ᠰᠠᠨᠠᠭ᠎ᠠ ᠵᠢ ᠤᠯᠠᠮᠵᠢᠯᠠᠨ ᠰᠤᠷᠤᠯᠴᠠᠵᠥ᠂ ᠦᠪᠡᠷᠳᠡᠬᠡᠨ ᠵᠠᠰᠠᠬᠤ ᠤᠷᠤᠨ᠎ᠤ ᠠᠷᠪᠠᠨ
ᠨᠢᠬᠡᠳᠤᠬᠡᠷ ᠬᠤᠭᠤᠴᠠᠭᠠᠨ᠎ᠤ ᠰᠠᠬᠢᠯᠭ᠎ᠠ ᠪᠠᠳᠤ ᠪᠠᠢᠴᠠᠭᠠᠬᠤ ᠬᠤᠷᠢᠶᠠᠨ᠎ᠤ ᠬᠤᠶᠠᠳᠤᠭᠠᠷ ᠪᠦᠬᠦᠳᠡ ᠬᠤᠷᠠᠯ ᠪᠤᠯᠤᠨ
ᠦᠪᠡᠷᠳᠡᠬᠡᠨ ᠵᠠᠰᠠᠬᠤ ᠤᠷᠤᠨ᠎ᠤ ᠬᠤᠶᠠᠷ ᠬᠤᠷᠠᠯ᠎ᠤᠨ ᠵᠤᠷᠢᠬ ᠰᠠᠨᠠᠭ᠎ᠠ ᠵᠢ ᠤᠯᠠᠮᠵᠢᠯᠠᠨ ᠰᠤᠷᠤᠯᠴᠠᠵᠥ᠂ ᠦᠢᠷ᠎ᠠ
ᠵᠢᠨ ᠬᠤᠭᠤᠴᠠᠭᠠᠨ᠎ᠤ ᠠᠵᠢᠯ᠎ᠢ ᠳᠤᠬᠢᠷᠠᠭᠤᠯᠤᠨ ᠪᠠᠢᠷᠢᠯᠠᠭᠤᠯᠪᠠ᠃
ᠦᠪᠡᠷᠳᠡᠬᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠱᠦᠵᠢ᠂ ᠠᠷᠠᠳ᠎ᠤᠨ ᠳᠦᠯᠦᠬᠡᠯᠡᠭᠴᠢᠳ᠎ᠤᠨ
ᠶᠡᠬᠡ ᠬᠤᠷᠠᠯ᠎ᠤᠨ ᠪᠠᠢᠩᠭᠤ ᠵᠢᠨ ᠬᠤᠷᠢᠶᠠᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ ᠱᠢ ᠲᠠᠢ ᠹᠸᠩ᠎ᠤᠨ
ᠨᠠᠢᠳᠠᠯᠭ᠎ᠠ ᠪᠡᠷ᠂ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠳᠦᠯᠦᠬᠡᠯᠡᠭᠴᠢᠳ᠎ᠤᠨ ᠶᠡᠬᠡ ᠬᠤᠷᠠᠯ᠎ᠤᠨ ᠪᠠᠢᠩᠭᠤ
ᠵᠢᠨ ᠬᠤᠷᠢᠶᠠᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠳᠡᠳ᠋ ᠱᠦᠵᠢ ᠯᠢᠨ ᠱᠤᠤ ᠴᠦᠨ ᠬᠤᠷᠠᠯ᠎ᠢ ᠡᠷᠬᠢᠯᠡᠭᠰᠡᠨ
ᠪᠦᠬᠡᠳ ᠶᠠᠷᠢᠶ᠎ᠠ ᠳᠠᠯᠪᠢᠵᠥ᠂ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠬᠦᠨ ᠵᠠᠩ ᠶᠤᠸᠠᠨ ᠵᠦᠩ᠂ ᠳ᠋ᠤᠸᠠᠨ
ᡁᠢ ᠴᠢᠶᠠᠩ᠂ ᠾᠸ ᠶᠠᠨ ᠯᠢᠩ᠂ ᠱᠢ ᠸᠸᠨ ᠰᠢᠤᠸᠠᠢ ᠬᠤᠷᠠᠯ ᠳ᠋ᠤ ᠤᠷᠤᠯᠴᠠᠬᠰᠠᠨ ᠪᠦᠬᠡᠳ ᠳᠤᠰ ᠳᠤᠰ ᠦᠬᠡ ᠬᠡᠯᠡᠵᠥ᠂
ᠳᠡᠳ᠋ ᠡᠷᠬᠢᠯᠡᠭᠴᠢ ᠯᠢ ᠷᠦᠩ ᠰᠢ ᠬᠤᠷᠠᠯ ᠳ᠋ᠤ ᠰᠤᠯᠠ ᠤᠷᠤᠯᠴᠠᠵᠠᠢ᠃ ᠬᠤᠷᠠᠯ᠎ᠡᠴᠡ᠂
ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ
ᠲᠠᠯ᠎ᠠ᠎ᠪᠠᠷ ᠣᠯᠤᠭ᠍ᠰᠠᠨ ᠲᠡᠦᠬᠡᠲᠦ ᠴᠢᠨᠠᠷᠲᠠᠢ᠂ ᠪᠦᠲᠦᠭᠡᠯᠴᠢ ᠴᠢᠨᠠᠷᠲᠠᠢ ᠠᠮᠵᠢᠯᠲᠠ᠂ ᠪᠤᠢ ᠪᠣᠯᠤᠭ᠍ᠰᠠᠨ ᠪᠦᠬᠦ᠌
ᠲᠠᠯ᠎ᠠ᠎ᠶ᠋ᠢᠨ᠂ ᠭᠦᠨ ᠳᠠᠪᠬᠤᠷᠭ᠎ᠠ᠎ᠶ᠋ᠢᠨ ᠨᠥᠯᠥᠭᠡ᠎ᠶ᠋ᠢ ᠭᠦᠨᠵᠡᠭᠡᠢ ᠣᠢᠯᠠᠭᠠᠵᠤ᠂ ᠪᠦᠬᠦ᠌ ᠲᠠᠯ᠎ᠠ᠎ᠪᠠᠷ ᠨᠠᠮ᠎ᠢ
ᠴᠢᠩᠭ᠎ᠠ ᠵᠠᠰᠠᠬᠤ᠎ᠶ᠋ᠢ ᠭᠦᠨᠵᠡᠭᠡᠢ ᠠᠬᠢᠭᠤᠯᠬᠤ ᠤᠯᠤᠰ ᠲᠦᠷᠦ᠍᠎ᠶ᠋ᠢᠨ ᠤᠬᠠᠮᠰᠠᠷ᠂ ᠦᠵᠡᠯ ᠰᠠᠨᠠᠭᠠᠨ᠎ᠤ ᠤᠬᠠᠮᠰᠠᠷ
ᠪᠣᠯᠤᠨ ᠦᠢᠯᠡ ᠠᠵᠢᠯᠯᠠᠭ᠎ᠠ ᠶ᠋ᠢᠨ ᠤᠬᠠᠮᠰᠠᠷ ᠢᠶᠠᠨ ᠦᠨᠡᠨ ᠬᠦ᠌ ᠴᠢᠩᠭᠠᠳᠭᠠᠬᠤ ᠬᠡᠷᠡᠭ᠌ᠲᠡᠢ᠃ 《 ᠵᠢᠷᠭᠤᠭᠠᠨ ᠡᠷᠬᠡᠪᠰᠢ 》᠂ 《 ᠶᠢᠰᠦᠨ ᠪᠠᠷᠢᠮᠲᠠᠯᠠᠯ 》 ᠢ᠋ ᠦᠢᠯᠡᠳᠦᠯᠭᠡᠵᠢᠬᠦᠯᠬᠦ
ᠱᠠᠭᠠᠷᠳᠠᠯᠭ᠎ᠠ᠎ᠶ᠋ᠢ ᠭᠦᠨᠵᠡᠭᠡᠢ ᠣᠢᠯᠠᠭᠠᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠥᠪ ᠴᠢᠭ᠌ᠯᠡᠯ
ᠪᠣᠯᠤᠨ ᠵᠥᠪ ᠵᠠᠮ᠎ᠢ ᠢᠮᠠᠭ᠍ᠲᠠ ᠪᠠᠲᠤᠯᠠᠬᠤ ᠬᠡᠷᠡᠭ᠌ᠲᠡᠢ᠃ 《ᠲᠦᠷᠪᠡᠨ
ᠡᠭᠦᠷᠭᠡ ᠬᠦᠨᠳᠦ ᠵᠠᠮ ᠬᠤᠯᠠ》 ᠭᠡᠬᠦ᠌ ᠴᠢᠬᠤᠯᠠ ᠶᠡᠬᠡ ᠮᠠᠭᠠᠳᠯᠠᠯᠲᠠ᠎ᠶ᠋ᠢ
ᠭᠦᠨᠵᠡᠭᠡᠢ ᠣᠢᠯᠠᠭᠠᠵᠤ᠂ ᠡᠭᠦᠷᠢᠳᠡ ᠵᠤᠭᠰᠤᠰᠢ ᠦᠭᠡᠢ ᠡᠷᠡᠰ ᠪᠠᠲᠤ ᠪᠠᠷᠢᠮᠲᠠᠯᠠᠯ᠎ᠢᠶᠠᠷ ᠢᠯᠵᠠᠷᠡᠯ᠎ᠢ ᠡᠰᠡᠷᠭᠦᠴᠡᠬᠦ᠌
ᠲᠡᠮᠡᠴᠡᠯ᠎ᠦᠨ ᠪᠣᠭᠣᠮᠲᠠ ᠱᠢᠪᠲᠤᠯᠬᠤ ᠤᠳᠠᠭᠠᠨ ᠳᠠᠭᠠᠭᠠᠮᠠᠭᠠᠢ ᠳᠠᠢᠯᠠᠯᠳᠤᠭᠠᠨ᠎ᠢ ᠰᠠᠢᠲᠤᠷ ᠬᠢᠬᠦ᠌ ᠬᠡᠷᠡᠭ᠌ᠲᠡᠢ
ᠬᠡᠵᠤ ᠴᠢᠬᠤᠯᠠᠴᠢᠯᠠᠪᠠ᠃
ᠬᠤᠷᠠᠯ᠎ᠠᠴᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ
ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ ᠤ᠋ ᠬᠢᠨ ᠪᠠᠢᠩᠭᠤ᠎ᠶ᠋ᠢᠨ ᠬᠣᠷᠢᠶᠠᠨ᠎ᠤ ᠠᠵᠢᠯ᠎ᠤᠨ ᠮᠡᠳᠡᠭᠦᠯᠦᠯᠲᠡ᠎ᠶ᠋ᠢᠨ
ᠱᠠᠭᠠᠷᠳᠠᠯᠭ᠎ᠠ ᠪᠣᠯᠤᠨ ᠡᠨᠡ ᠵᠢᠯ᠎ᠦᠨ ᠠᠵᠢᠯ᠎ᠤᠨ ᠭᠣᠣᠯᠳᠠᠯᠭ᠎ᠠ ᠶᠣᠰᠣᠭᠠᠷ᠂ ᠨᠢᠭᠡᠳᠦᠯᠲᠡᠢ ᠲᠥᠯᠥᠪᠵᠢᠭᠦᠯᠦᠨ᠂
ᠵᠦᠢᠯ ᠳᠠᠷᠠᠭᠠᠯᠠᠨ ᠠᠬᠢᠭᠤᠯᠵᠤ᠂ ᠡᠯ᠎ᠡ ᠵᠦᠢᠯ᠎ᠦᠨ ᠠᠵᠢᠯ᠎ᠢ ᠥᠨᠳᠥᠷ ᠪᠦᠲᠦᠮᠵᠢᠲᠡᠢ ᠨᠠᠢᠳᠠᠪᠤᠷᠢᠵᠢᠭᠤᠯᠬᠤ᠎ᠶ᠋ᠢ
ᠪᠠᠲᠤᠯᠠᠬᠤ ᠬᠡᠷᠡᠭ᠌ᠲᠡᠢ᠃ ᠪᠦᠬᠦ᠌ ᠵᠢᠯ᠎ᠦᠨ ᠬᠠᠤᠯᠢ ᠲᠣᠭ᠍ᠲᠠᠭᠠᠬᠤ᠂ ᠬᠢᠨᠠᠯᠲᠠ ᠲᠠᠯᠪᠢᠬᠤ᠂ ᠲᠣᠭ᠍ᠲᠠᠭᠠᠯ᠂ ᠪᠠᠢᠴᠠᠭᠠᠨ
ᠰᠤᠳᠤᠯᠤᠯᠳᠠ ᠵᠡᠷᠭᠡ ᠠᠵᠢᠯ᠎ᠤᠨ ᠲᠦᠷᠦᠯ ᠵᠦᠢᠯ᠎ᠢ ᠤᠳᠠᠭ᠎ᠠ ᠪᠦᠷᠢ᠎ᠶ᠋ᠢᠨ ᠪᠠᠢᠩᠭᠤ᠎ᠶ᠋ᠢᠨ ᠬᠣᠷᠢᠶᠠᠨ᠎ᠤ ᠬᠤᠷᠠᠯ᠎ᠳᠤ
ᠨᠠᠷᠢᠯᠢᠬ᠍ᠵᠢᠭᠤᠯᠤᠨ ᠨᠠᠢᠳᠠᠪᠤᠷᠢᠵᠢᠭᠤᠯᠵᠤ᠂ ᠴᠠᠭ᠎ᠤᠨ ᠬᠦᠰᠦᠨᠦᠭ᠌ᠲᠦ ᠪᠠ ᠱᠤᠭᠤᠮ᠎ᠤᠨ ᠵᠢᠷᠤᠭ᠎ᠢ ᠪᠦᠷᠢᠯᠳᠦᠭᠦᠯᠵᠦ᠍᠂
ᠤᠨᠢᠨ ᠳᠡᠭᠡᠷ᠎ᠡ ᠨᠢ ᠬᠦᠴᠦᠯᠡᠬᠦ᠌ ᠬᠡᠷᠡᠭ᠌ᠲᠡᠢ᠃ ᠪᠠᠢᠩᠭᠤ᠎ᠶ᠋ᠢᠨ ᠬᠣᠷᠢᠶᠠᠨ᠎ᠤ ᠭᠡᠱᠢᠭᠦᠳ᠎ᠦᠨ ᠦᠢᠯᠡᠳᠦᠯ᠎ᠢ
ᠦᠷᠭᠦᠯᠵᠢᠯᠡᠨ ᠰᠠᠢᠲᠤᠷ ᠪᠠᠳᠠᠷᠠᠭᠤᠯᠵᠤ᠂ ᠭᠡᠱᠢᠭᠦᠳ᠎ᠦᠨ ᠪᠠᠢᠩᠭᠤ᠎ᠶ᠋ᠢᠨ ᠬᠣᠷᠢᠶᠠᠨ᠎ᠤ ᠭᠣᠣᠯᠳᠠᠯᠭ᠎ᠠ᠎ᠲᠠᠶ ᠠᠵᠢᠯ᠎ᠳᠤ
ᠣᠷᠣᠯᠴᠠᠬᠤ᠎ᠶ᠋ᠢ ᠲᠤᠰᠭᠠᠢ ᠲᠤᠬᠢᠷᠠᠭᠤᠯᠵᠤ᠂ ᠠᠵᠢᠯ ᠨᠢᠭᠡ ᠪᠦᠷᠢᠳᠦ ᠴᠥᠮ ᠲᠦᠷᠦᠭᠦᠯᠡᠨ ᠬᠢᠬᠦ ᠤᠳᠤᠷᠢᠳᠤᠯᠭ᠎ᠠ
ᠳᠠᠢ᠂ ᠪᠣᠳᠠᠲᠠᠢ ᠬᠠᠷᠢᠭᠤᠴᠠᠯᠭᠠᠲᠠᠨ᠎ᠲᠠᠶ᠂ ᠣᠷᠣᠯᠴᠠᠭ᠍ᠰᠠᠨ ᠭᠡᠱᠢᠭᠦᠳ᠎ᠲᠡᠶ ᠪᠠᠢᠬᠤ᠎ᠶ᠋ᠢ ᠦᠨᠡᠨ ᠬᠦ᠌ ᠪᠠᠲᠤᠯᠠᠬᠤ
ᠬᠡᠷᠡᠭ᠌ᠲᠡᠢ᠃ ᠪᠠᠢᠩᠭᠤ᠎ᠶ᠋ᠢᠨ ᠬᠣᠷᠢᠶᠠᠨ᠎ᠤ ᠭᠡᠱᠢᠭᠦᠳ᠎ᠦᠨ ᠲᠥᠯᠥᠭᠡᠯᠡᠭ᠌ᠴᠢᠳ᠎ᠲᠡᠶ ᠬᠠᠷᠢᠯᠴᠠᠬᠤ ᠪᠠ ᠭᠣᠣᠯᠳᠠᠯᠭ᠎ᠠ᠎ᠲᠠᠶ
ᠰᠠᠨᠠᠭᠤᠯᠭ᠎ᠠ᠎ᠶ᠋ᠢ ᠱᠠᠯᠠᠪᠳᠠᠨ ᠱᠢᠢᠳᠪᠦᠷᠢᠯᠡᠭᠦᠯᠬᠦ᠌ ᠠᠵᠢᠯ᠎ᠢ ᠰᠠᠢᠲᠤᠷ ᠠᠳᠭᠤᠵᠤ᠂ ᠲᠥᠯᠥᠭᠡᠯᠡᠭ᠌ᠴᠢᠳ᠎ᠦᠨ
ᠬᠥᠭᠥᠷᠭᠡ ᠬᠣᠯᠪᠣᠭᠠᠰᠤ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠤᠨ᠂ ᠠᠷᠠᠳ᠎ᠤᠨ ᠪᠠᠢᠳᠠᠯ᠎ᠢ ᠨᠡᠩ ᠰᠠᠢᠲᠤᠷ
ᠪᠠᠢᠴᠠᠭᠠᠵᠤ᠂ ᠠᠷᠠᠳ᠎ᠤᠨ ᠰᠠᠨᠠᠭ᠎ᠠ᠎ᠳᠤ ᠨᠡᠢᠴᠡᠭᠦᠯᠵᠦ᠍᠂ ᠠᠷᠠᠳ᠎ᠤᠨ ᠰᠡᠳᠭᠢᠯ᠎ᠢ ᠨᠢᠭ᠍ᠲᠠᠷᠠᠭᠤᠯᠬᠤ ᠬᠡᠷᠡᠭ᠌ᠲᠡᠢ
ᠬᠡᠵᠤ ᠱᠠᠭᠠᠷᠳᠠᠪᠠ᠃
ᠬᠤᠷᠠᠯ ᠡᠴᠡ ᠪᠠᠰᠠ ᠴᠠᠭᠠᠨ ᠰᠠᠷ᠎ᠠ᠎ᠶ᠋ᠢᠨ ᠬᠤᠭᠤᠴᠠᠭᠠᠨ᠎ᠳᠠᠬᠢ ᠬᠢᠵᠢᠭ᠎ᠦᠨ
ᠪᠠᠢᠳᠠᠯ᠎ᠢ ᠰᠡᠷᠭᠡᠢᠯᠡᠨ ᠡᠵᠡᠮᠳᠡᠬᠦ᠌᠂ ᠵᠢᠵᠢᠭᠦᠷᠯᠡᠨ ᠰᠠᠬᠢᠬᠤ ᠵᠡᠷᠭᠡ ᠠᠵᠢᠯ᠎ᠢ ᠲᠤᠬᠢᠷᠠᠭᠤᠯᠤᠨ ᠪᠠᠢᠷᠢᠯᠠᠭᠤᠯᠪᠠ᠃