ᠵᠧᠩ ᠬᠣᠩ ᠹᠠᠨ ᠶᠠᠷᠢᠶ᠎ᠠ ᠲᠠᠯᠪᠢᠵᠠᠢ
1 ᠰᠠᠷ᠎ᠠ ᠶ᠋ᠢᠨ 26 ᠤ᠋ ᠡᠳᠦᠷ᠂ 2022 ᠣᠨ ᠤ ᠥᠪᠡᠷᠲᠡᠭᠡᠨ ᠵᠠᠰᠠᠬᠤ ᠣᠷᠣᠨ ᠤ 《ᠱᠠᠯᠢᠭ ᠵᠠᠪᠬᠠᠢ
ᠵᠦᠢᠯᠡᠰᠢ ᠠᠷᠢᠯᠭᠠᠵᠤ ᠬᠠᠤᠯᠢ ᠪᠤᠰᠤ ᠪᠠᠷ ᠬᠡᠪᠯᠡᠵᠦ ᠲᠠᠷᠬᠠᠭᠠᠬᠤ ᠠᠵᠢᠯᠯᠠᠭ᠎ᠠ ᠳ᠋ᠦ ᠴᠣᠬᠢᠯᠲᠠ ᠥᠭ᠌ᠬᠦ》 ᠠᠵᠢᠯ ᠤᠨ ᠲᠧᠯᠸᠢᠰ
ᠤᠲᠠᠰᠤ ᠪᠠᠢᠷᠢᠯᠠᠭᠤᠯᠤᠯᠲᠠ ᠶ᠋ᠢᠨ ᠬᠤᠷᠠᠯ ᠬᠥᠬᠡᠬᠣᠲᠠ ᠳᠤ ᠬᠤᠷᠠᠯᠳᠤᠵᠠᠢ᠃ ᠬᠤᠷᠠᠯ ᠠᠴᠠ ᠭᠤᠴᠢᠨ ᠲᠠᠪᠤᠳᠤᠭᠠᠷ
ᠤᠳᠠᠭ᠎ᠠ ᠶ᠋ᠢᠨ ᠪᠦᠬᠦ᠌ ᠤᠯᠤᠰᠤᠨ 《ᠱᠠᠯᠢᠭ ᠵᠠᠪᠬᠠᠢ
ᠵᠦᠢᠯᠡᠰᠢ ᠠᠷᠢᠯᠭᠠᠵᠤ ᠬᠠᠤᠯᠢ ᠪᠤᠰᠤ ᠪᠠᠷ ᠬᠡᠪᠯᠡᠵᠦ ᠲᠠᠷᠬᠠᠭᠠᠬᠤ ᠠᠵᠢᠯᠯᠠᠭ᠎ᠠ ᠳ᠋ᠦ ᠴᠣᠬᠢᠯᠲᠠ ᠥᠭ᠌ᠬᠦ》 ᠠᠵᠢᠯ ᠤᠨ ᠲᠧᠯᠸᠢᠰ
ᠤᠲᠠᠰᠤ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠵᠢᠨ ᠪᠠᠢᠩᠭᠤ ᠶ᠋ᠢᠨ ᠬᠣᠷᠢᠶ᠎ᠠ
ᠵᠢᠨ ᠬᠤᠷᠠᠯ ᠤᠨ ᠵᠣᠷᠢᠭ ᠰᠠᠨᠠᠭ᠎ᠠ ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠠᠵᠢᠯ
ᠢᠶᠠᠨ ᠳ᠋ᠦᠩᠨᠡᠨ ᠪᠠᠢᠳᠠᠯ ᠢ ᠵᠠᠳᠠᠯᠵᠦ᠂ ᠡᠨᠡ ᠵᠢᠯ ᠦᠨ ᠭᠣᠣᠯᠳᠠᠯᠭ᠎ᠠ ᠲᠠᠶ ᠠᠵᠢᠯ ᠤᠨ ᠡᠭᠦᠷᠭᠡ ᠶ᠋ᠢ
ᠲᠤᠬᠢᠷᠠᠭᠤᠯᠤᠨ ᠪᠠᠢᠷᠢᠯᠠᠭᠤᠯᠵᠠᠢ᠃
ᠥᠪᠡᠷᠲᠡᠭᠡᠨ
ᠵᠠᠰᠠᠬᠤ ᠣᠷᠣᠨᠤ ᠨᠠᠮᠤᠨ ᠬᠣᠷᠢᠶ᠎ᠠ ᠵᠢᠨ ᠪᠠᠢᠩᠭᠤ ᠶ᠋ᠢᠨ ᠭᠡᠱᠢᠭᠦᠨ᠂ ᠤᠬᠠᠭᠤᠯᠬᠤ ᠬᠡᠯᠲᠡᠰᠦᠨ ᠳᠠᠷᠤᠭ᠎ᠠ᠂ 《ᠱᠠᠯᠢᠭ ᠵᠠᠪᠬᠠᠢ ᠵᠦᠢᠯᠡᠰᠢ ᠠᠷᠢᠯᠭᠠᠵᠤ ᠬᠠᠤᠯᠢ ᠪᠤᠰᠤ ᠪᠠᠷ ᠬᠡᠪᠯᠡᠵᠦ ᠲᠠᠷᠬᠠᠭᠠᠬᠤ ᠠᠵᠢᠯᠯᠠᠭ᠎ᠠ
ᠳ᠋ᠦ ᠴᠣᠬᠢᠯᠲᠠ ᠥᠭ᠌ᠬᠦ》 ᠠᠵᠢᠯ ᠤᠨ ᠤᠳᠤᠷᠢᠳᠭᠤ
ᠳᠤᠭᠤᠢᠯᠠᠩ ᠤᠨ ᠳᠠᠷᠤᠭ᠎ᠠ ᠵᠧᠩ ᠬᠣᠩ ᠹᠠᠨ ᠬᠤᠷᠠᠯ ᠳᠤ ᠣᠷᠣᠯᠴᠠᠭ᠍ᠰᠠᠨ ᠪᠥᠭᠡᠳ ᠶᠠᠷᠢᠶ᠎ᠠ ᠲᠠᠯᠪᠢᠵᠠᠢ᠃
ᠵᠧᠩ ᠬᠣᠩ ᠹᠠᠨ᠂ 2022 ᠣᠨ ᠤ 《ᠱᠠᠯᠢᠭ ᠵᠠᠪᠬᠠᠢ
ᠵᠦᠢᠯᠡᠰᠢ ᠠᠷᠢᠯᠭᠠᠵᠤ ᠬᠠᠤᠯᠢ ᠪᠤᠰᠤ ᠪᠠᠷ ᠬᠡᠪᠯᠡᠵᠦ ᠲᠠᠷᠬᠠᠭᠠᠬᠤ ᠠᠵᠢᠯᠯᠠᠭ᠎ᠠ ᠳ᠋ᠦ ᠴᠣᠬᠢᠯᠲᠠ ᠥᠭ᠌ᠬᠦ》 ᠠᠵᠢᠯ ᠢ ᠰᠠᠢᠲᠤᠷ
ᠬᠢᠬᠦ᠌ ᠳᠦ᠂ 《 ᠱᠠᠯᠢᠭ ᠵᠠᠪᠬᠠᠢ
ᠵᠦᠢᠯᠡᠰᠢ ᠠᠷᠢᠯᠭᠠᠵᠤ ᠬᠠᠤᠯᠢ ᠪᠤᠰᠤ ᠪᠠᠷ ᠬᠡᠪᠯᠡᠵᠦ ᠲᠠᠷᠬᠠᠭᠠᠬᠤ ᠠᠵᠢᠯᠯᠠᠭ᠎ᠠ ᠳ᠋ᠦ ᠴᠣᠬᠢᠯᠲᠠ ᠥᠭ᠌ᠬᠦ》 ᠠᠵᠢᠯ ᠳᠤ ᠲᠤᠯᠭᠠᠷᠠᠵᠤ
ᠪᠠᠢᠭ᠎ᠠ ᠨᠠᠷᠢᠨ ᠪᠤᠳᠤᠯᠢᠶᠠᠨᠲᠠᠢ ᠬᠦᠨᠳᠦ ᠨᠦᠰᠡᠷ ᠡᠭᠦᠷᠭᠡ ᠶ᠋ᠢ ᠭᠦᠨᠵᠡᠭᠡᠢ ᠡᠵᠡᠮᠳᠡᠵᠦ᠍᠂ ᠳᠡᠭᠡᠳᠦ ᠬᠡᠮᠵᠢᠶᠡᠨ
ᠦ ᠤᠯᠤᠰ ᠲᠦᠷᠦ᠍ ᠶ᠋ᠢᠨ ᠰᠡᠷᠭᠡᠭ ᠴᠢᠨᠠᠷ ᠪᠣᠯᠤᠨ ᠤᠯᠤᠰ ᠲᠦᠷᠦ᠍ᠶ᠋ᠢᠨ ᠢᠯᠭᠠᠨ ᠲᠠᠨᠢᠬᠤ ᠴᠢᠳᠠᠪᠤᠷᠢ ᠪᠠᠷ
ᠬᠥᠳᠡᠯᠤᠯ ᠬᠠᠨᠳᠤᠰᠢ ᠵᠢ ᠡᠵᠡᠮᠳᠡᠠ᠂ ᠤᠨᠤᠴᠠᠲᠠᠢ ᠰᠤᠳᠤᠯᠤᠨ
ᠮᠠᠭᠠᠳᠯᠠᠵᠤ᠂ ᠴᠣᠬᠢᠯᠲᠠ ᠥᠭ᠌ᠬᠦ᠂ ᠰᠡᠷᠭᠡᠢᠯᠡᠬᠦ᠌᠂ ᠵᠠᠰᠠᠬᠤ ᠶ᠋ᠢ ᠨᠢᠭᠡᠳᠦᠯᠲᠡᠢ ᠲᠥᠯᠥᠪᠵᠢᠭᠦᠯᠵᠦ᠍᠂
ᠦᠵᠡᠯ ᠤᠬᠠᠮᠰᠠᠷ ᠤᠨ ᠬᠡᠯᠪᠡᠷᠢ ᠶ᠋ᠢᠨ ᠠᠮᠤᠷ ᠲᠦᠪᠱᠢᠨᠦ ᠰᠡᠷᠭᠡᠢᠯᠡᠯᠲᠡ ᠶ᠋ᠢᠨ ᠱᠤᠭᠤᠮᠢ ᠪᠠᠲᠤ ᠰᠠᠬᠢᠬᠤ
ᠬᠡᠷᠡᠭ᠌ᠲᠡᠢ; ᠭᠣᠣᠯᠳᠠᠯᠭᠠᠲᠠᠶ ᠬᠦᠷᠢᠶ᠎ᠠ ᠴᠠᠷᠠᠭ᠎ᠠ᠂ ᠭᠣᠣᠯᠳᠠᠯᠭᠠᠲᠠᠶ ᠴᠢᠭ᠌ᠯᠡᠯᠳᠦ ᠠᠩᠬᠠᠷᠤᠯᠢᠶᠠᠨ ᠲᠥᠪᠯᠡᠷᠡᠭᠦᠯᠵᠦ᠍᠂
ᠵᠠᠮ ᠨᠡᠭᠡᠭᠡᠬᠦ᠌ ᠶ᠋ᠢ ᠪᠠᠷᠢᠮᠲᠠᠯᠠᠵᠤ᠂ ᠬᠤᠤᠷ ᠬᠦᠨᠦᠬᠡᠯ ᠲᠠᠢ ᠬᠡᠪᠯᠡᠵᠦ ᠲᠠᠷᠬᠠᠭᠠᠬᠤ ᠠᠵᠢᠯᠯᠠᠭ᠎ᠠ ᠳᠤ
ᠴᠢᠩᠭ᠎ᠠ ᠴᠣᠬᠢᠯᠲᠠ ᠥᠭ᠌ᠴᠦ᠂ ᠠᠵᠢᠯ ᠤᠨ ᠰᠠᠨᠠᠭᠠᠴᠢᠯᠠᠭᠠᠲᠤ ᠡᠷᠬᠡ ᠶ᠋ᠢ ᠪᠠᠲᠤ ᠡᠵᠡᠮᠳᠡᠬᠦ᠌ᠬᠡᠷᠡᠭ᠌ᠲᠡᠢ;ᠰᠦᠯᠵᠢᠶᠡᠨᠳᠡᠭᠡᠷᠡᠬᠢ
ᠲᠡᠮᠡᠴᠡᠯ ᠳᠦ ᠠᠩᠬᠠᠷᠤᠯ ᠢᠶᠠᠨ ᠲᠥᠪᠯᠡᠷᠡᠭᠦᠯᠵᠦ᠍᠂ ᠭᠣᠣᠯ ᠬᠦᠴᠦᠨ ᠴᠡᠷᠢᠭ ᠢ ᠭᠣᠣᠯ ᠳᠠᠢᠯᠠᠯᠳᠤᠭᠠᠨ ᠤ
ᠲᠠᠯᠠᠪᠤᠷ ᠲᠤ ᠣᠷᠣᠭᠤᠯᠵᠤ᠂ ᠱᠢᠷᠢᠰ ᠲᠤᠰᠭᠠᠢ ᠵᠠᠰᠠᠯᠲᠠ ᠶ᠋ᠢᠨ ᠠᠵᠢᠯᠯᠠᠭ᠎ᠠ ᠶ᠋ᠢ ᠭᠦᠨᠵᠡᠭᠡᠢ ᠥᠷᠨᠢᠭᠦᠯᠵᠦ᠍᠂ 《 ᠶᠣᠰᠣ ᠰᠤᠷᠲᠠᠬᠤᠨ
ᠤ ᠬᠣᠷᠢᠭᠠᠲᠤ ᠣᠷᠣᠨᠳᠤ ᠣᠷᠣᠵᠤ᠂ ᠬᠠᠤᠯᠢ ᠴᠠᠭᠠᠵᠠ ᠶ᠋ᠢᠨ ᠬᠣᠷᠢᠭ᠎ᠠ ᠱᠤᠭᠤᠮ ᠢ ᠳᠠᠪᠠᠬᠤ》 ᠬᠠᠤᠯᠢ ᠪᠤᠰᠤ
ᠬᠣᠣᠷ ᠬᠥᠨᠥᠭᠡᠯᠲᠡᠶ ᠠᠭᠤᠯᠭ᠎ᠠ ᠶ᠋ᠢ ᠲᠠᠪᠴᠠᠩ ᠲᠠᠷᠠᠭᠠᠯᠠᠨ ᠴᠡᠪᠡᠷᠯᠡᠵᠦ᠍᠂ ᠬᠦᠷᠢᠶ᠎ᠡ ᠴᠠᠷᠠᠭᠠᠲᠠᠷᠠᠭᠠᠯᠠᠨ
ᠴᠡᠪᠡᠷᠱᠢᠭᠦᠯᠬᠦ᠌ ᠬᠡᠷᠡᠭ᠌ᠲᠡᠢ; ᠬᠠᠤᠯᠢ ᠴᠠᠭᠠᠵᠠ
ᠶ᠋ᠢᠨ ᠤᠬᠠᠮᠰᠠᠷ᠂ ᠬᠠᠤᠯᠢ ᠴᠠᠭᠠᠵᠠ᠎ᠶ᠋ᠢᠨ ᠰᠡᠳᠭᠢᠬᠦᠢ ᠪᠡᠨ ᠴᠢᠨᠠᠭᠰᠢᠲᠠ ᠴᠢᠩᠭᠠᠳᠭᠠᠵᠤ᠂ ᠬᠠᠤᠯᠢ ᠴᠠᠭᠠᠵᠠ
ᠶ᠋ᠢᠨ ᠲᠦᠷᠢᠮ᠂ ᠠᠵᠢᠯ ᠲᠦᠷᠦᠯ ᠦᠨ ᠵᠢᠷᠤᠮᠵᠢᠯ ᠢ ᠲᠡᠭᠦᠯᠳᠡᠷᠵᠢᠭᠦᠯᠬᠦ᠌ ᠶ᠋ᠢ ᠠᠬᠢᠭᠤᠯᠵᠤ ᠂ 《ᠱᠠᠯᠢᠭ ᠵᠠᠪᠬᠠᠢ ᠵᠦᠢᠯᠡᠰᠢ ᠠᠷᠢᠯᠭᠠᠵᠤ ᠬᠠᠤᠯᠢ ᠪᠤᠰᠤ ᠪᠠᠷ ᠬᠡᠪᠯᠡᠵᠦ ᠲᠠᠷᠬᠠᠭᠠᠬᠤ ᠠᠵᠢᠯᠯᠠᠭ᠎ᠠ
ᠳ᠋ᠦ ᠴᠣᠬᠢᠯᠲᠠ ᠥᠭ᠌ᠬᠦ》 ᠠᠵᠢᠯ ᠤᠨ ᠬᠠᠤᠯᠢ
ᠪᠠᠷ ᠵᠠᠰᠠᠬᠤ ᠲᠦᠪᠱᠢᠨ ᠢ ᠲᠠᠰᠤᠷᠠᠯᠳᠠ ᠦᠭᠡᠢ ᠳᠡᠭᠡᠭ᠌ᠰᠢᠯᠡᠭᠦᠯᠤᠨ᠂ ᠨᠠᠮ ᠤᠨ ᠬᠣᠷᠢᠳᠤᠭᠠᠷ ᠶᠡᠬᠡ ᠬᠤᠷᠠᠯ
ᠤᠨ ᠠᠮᠵᠢᠯᠳᠠ ᠲᠠᠶ ᠬᠤᠷᠠᠯᠳᠤᠬᠤ ᠳᠤ ᠴᠡᠪᠡᠷ ᠴᠡᠯᠮᠡᠭ᠂ ᠴᠤᠭ ᠪᠠᠳᠠᠷᠠᠩᠭᠤᠢ ᠥᠭᠡᠳᠡᠷᠭᠡᠭ ᠰᠠᠢᠨ ᠦᠵᠡᠯ
ᠰᠠᠨᠠᠭ᠎ᠠ ᠰᠣᠶᠣᠯ ᠤᠨ ᠣᠷᠴᠢᠨ ᠨᠥᠬᠥᠴᠡᠯ ᠢ ᠪᠤᠢ ᠪᠣᠯᠭᠠᠬᠤ
ᠬᠡᠷᠡᠭ᠌ᠲᠡᠢ ᠬᠡᠵᠤ ᠵᠢᠭᠠᠵᠤ ᠭᠠᠷᠭᠠᠵᠠᠢ᠃
ᠬᠤᠷᠠᠯ ᠠᠴᠠ
2021 ᠣᠨ ᠤ ᠥᠪᠡᠷᠲᠡᠭᠡᠨ ᠵᠠᠰᠠᠬᠤ ᠣᠷᠣᠨ ᠤ 《ᠱᠠᠯᠢᠭ ᠵᠠᠪᠬᠠᠢ ᠵᠦᠢᠯᠡᠰᠢ ᠠᠷᠢᠯᠭᠠᠵᠤ ᠬᠠᠤᠯᠢ ᠪᠤᠰᠤ ᠪᠠᠷ ᠬᠡᠪᠯᠡᠵᠦ ᠲᠠᠷᠬᠠᠭᠠᠬᠤ ᠠᠵᠢᠯᠯᠠᠭ᠎ᠠ
ᠳ᠋ᠦ ᠴᠣᠬᠢᠯᠲᠠ ᠥᠭ᠌ᠬᠦ》 ᠠᠵᠢᠯᠤᠨ ᠲᠡᠷᠢᠭᠦᠨ
ᠦ ᠬᠠᠮᠲᠤ ᠪᠣᠯᠤᠨ ᠲᠡᠷᠢᠭᠦᠨ ᠦ ᠬᠤᠪᠢ ᠬᠥᠮᠦᠨ ᠢ ᠬᠥᠬᠢᠭᠦᠯᠦᠨ ᠰᠠᠢᠱᠢᠶᠠᠪᠠ᠃