ᠳ᠋ᠢᠩ ᠱᠢᠤ ᠹᠧᠩ᠄ 《ᠨᠢᠭᠡᠳᠦᠭᠡᠷ ᠰᠡᠷᠭᠡᠢᠯᠡᠯᠲᠡ᠎ᠶ᠋ᠢᠨ ᠱᠤᠭᠤᠮ》 ᠪᠣᠯᠤᠨ 《ᠬᠠᠮᠠᠭᠠᠯᠠᠯᠳᠠ ᠵᠢᠨ ᠭᠤᠤᠯ》᠎ᠤ᠋ᠨ ᠦᠢᠯᠡᠴᠢᠯᠡᠭᠡ ᠪᠠᠲᠤᠯᠠᠭ᠎ᠠ ᠵᠢᠨ ᠦᠢᠯᠡᠳᠦᠯ᠎ᠢ ᠭᠦᠢᠴᠡᠳ ᠪᠠᠳᠠᠷᠠᠭᠤᠯᠵᠤ ᠪᠣᠳᠠᠲᠤ ᠠᠵᠢᠯᠯᠠᠭ᠎ᠠ ᠎ᠪᠠᠷ ᠵᠢᠡᠨ ᠡᠪᠦᠯ ᠎ᠦᠨ ᠤᠯᠠᠷᠢᠯ᠎ᠤᠨ ᠣᠯᠢᠮᠫᠢᠺ ᠎ᠤᠨ ᠲᠠᠮᠢᠷ ᠎ᠤᠨ ᠴᠤᠭ᠍ᠯᠠᠭᠠᠨ ᠎ᠢ ᠠᠮᠵᠢᠯᠲᠠ᠎ᠲᠠᠶ ᠡᠷᠬᠢᠯᠡᠬᠦ᠌ ᠎ᠶ᠋ᠢ ᠪᠠᠲᠤᠯᠠᠬᠤ ᠬᠡᠷᠡᠭ᠌ᠲᠡᠢ
2022-01-28 09:25:08
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

ᠾᠧᠩ ᠱᠢᠶᠤᠤ ᠹᠠᠨ ᠬᠤᠷᠠᠯ ᠎ᠢ ᠡᠷᠬᠢᠯᠡᠵᠡᠢ

1 ᠰᠠᠷ᠎ᠠ ᠎ᠶ᠋ᠢᠨ 26 ᠎ᠤ᠋ ᠡᠳᠦᠷ᠂ ᠪᠦᠬᠦ᠌ ᠣᠷᠣᠨ ᠎ᠤ ᠪᠡᠭᠡᠵᠢᠩ᠎ᠦᠨ ᠡᠪᠦᠯ᠎ᠦᠨ ᠤᠯᠠᠷᠢᠯ ᠎ᠤᠨ ᠣᠯᠢᠮᠫᠢᠺ ᠎ᠤᠨ ᠲᠠᠮᠢᠷ ᠎ᠤᠨ ᠴᠤᠭ᠍ᠯᠠᠭᠠᠨ ᠎ᠤ ᠠᠮᠤᠷ ᠎ᠢ ᠬᠠᠮᠠᠭᠠᠯᠠᠬᠤ ᠠᠵᠢᠯ ᠎ᠤᠨ ᠸᠢᠳᠢᠣ᠋ ᠲᠤᠬᠢᠷᠠᠭᠤᠯᠤᠯᠳᠠ ᠎ᠶ᠋ᠢᠨ ᠬᠤᠷᠠᠯ ᠬᠥᠬᠡᠬᠣᠲᠠ ᠎ᠳᠤ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠎ᠤ ᠨᠠᠮ᠎ᠤᠨ ᠬᠣᠷᠢᠶ᠎ᠡ ᠵᠢᠨ ᠪᠠᠢᠩᠭᠤ ᠎ᠶ᠋ᠢᠨ ᠬᠣᠷᠢᠶ᠎ᠠ ᠵᠢᠨ ᠪᠡᠭᠡᠵᠢᠩ ᠎ᠦᠨ ᠡᠪᠦᠯ ᠎ᠦᠨ ᠤᠯᠠᠷᠢᠯ ᠎ᠤᠨ ᠣᠯᠢᠮᠫᠢᠺ ᠎ᠤᠨ ᠲᠠᠮᠢᠷ ᠎ᠤᠨ ᠴᠤᠭ᠍ᠯᠠᠭᠠᠨ ᠎ᠤ ᠦᠢᠯᠡᠴᠢᠯᠡᠭᠡ ᠪᠠᠲᠤᠯᠠᠭ᠎ᠠ ᠎ᠶ᠋ᠢᠨ ᠠᠵᠢᠯ ᠎ᠢ ᠰᠠᠢᠲᠤᠷ ᠬᠢᠬᠦ᠌ ᠲᠤᠬᠠᠢ ᠬᠤᠷᠠᠯ᠎ᠤᠨ ᠵᠣᠷᠢᠭ ᠰᠠᠨᠠᠭ᠎ᠠ ᠎ᠶ᠋ᠢ ᠤᠯᠠᠮᠵᠢᠯᠠᠵᠤ᠂ ᠪᠦᠬᠦ᠌ ᠣᠷᠣᠨ᠎ᠤ ᠪᠡᠭᠡᠵᠢᠩ᠎ᠦᠨ ᠡᠪᠦᠯ᠎ᠦᠨ ᠤᠯᠠᠷᠢᠯ ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠪᠣᠯᠤᠨ ᠴᠠᠭᠠᠨ ᠰᠠᠷ᠎ᠠ᠎ᠶ᠋ᠢᠨ ᠬᠤᠭᠤᠴᠠᠭᠠᠨ᠎ᠤ ᠠᠮᠤᠷ ᠲᠦᠪᠱᠢᠨ ᠲᠣᠭ᠍ᠲᠠᠭᠤᠨ᠎ᠤ ᠠᠵᠢᠯ᠎ᠢ ᠲᠤᠬᠢᠷᠠᠭᠤᠯᠤᠨ ᠪᠠᠢᠷᠢᠯᠠᠭᠤᠯᠪᠠ᠃ ᠬᠤᠷᠠᠯ ᠎ᠢ ᠸᠢᠳᠢᠣ᠋ ᠬᠡᠯᠪᠡᠷᠢ᠎ᠪᠡᠷ ᠬᠤᠷᠠᠯᠳᠤᠭᠤᠯᠵᠠᠢ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠩᠭᠤ ᠎ᠶ᠋ᠢᠨ ᠭᠡᠱᠢᠭᠦᠨ᠂ ᠤᠯᠤᠰ ᠲᠦᠷᠦ᠍ ᠬᠠᠤᠯᠢ ᠴᠠᠭᠠᠵᠠ ᠎ᠶ᠋ᠢᠨ ᠬᠣᠷᠢᠶ᠎ᠠ  ᠵᠢᠨ ᠱᠦᠵᠢ ᠳ᠋ᠢᠩ ᠱᠢᠤ ᠹᠸᠩ ᠬᠤᠷᠠᠯ ᠎ᠳᠤ ᠣᠷᠣᠯᠴᠠᠵᠤ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭ᠌ᠴᠢ᠂ ᠳᠣᠲᠣᠭᠠᠳᠤ ᠎ᠶ᠋ᠢ ᠬᠠᠮᠠᠭᠠᠯᠠᠬᠤ ᠲᠢᠩᠬᠢᠮ᠎ᠦᠨ ᠳᠠᠷᠤᠭ᠎ᠠ ᠾᠧᠩ ᠱᠢᠶᠤᠤ ᠹᠠᠨ ᠬᠤᠷᠠᠯ ᠎ᠢ ᠡᠷᠭᠢᠯᠡᠪᠡ᠃

ᠳ᠋ᠢᠩ ᠱᠢᠤ ᠹᠸᠩ᠂ ᠪᠡᠭᠡᠵᠢᠩ᠎ᠦᠨ ᠡᠪᠦᠯ ᠎ᠦᠨ ᠤᠯᠠᠷᠢᠯ ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠎ᠢ ᠡᠷᠭᠢᠯᠡᠬᠦ᠌ ᠪᠣᠯ ᠨᠠᠮ  ᠪᠠ ᠤᠯᠤᠰ ᠎ᠤᠨ ᠨᠢᠭᠡ ᠶᠡᠬᠡ ᠶᠠᠪᠤᠳᠠᠯ ᠮᠥᠨ᠂ ᠪᠥᠬᠥ᠌ ᠤᠯᠤᠰ ᠎ᠢᠶᠠᠷ ᠎ᠢᠶᠠᠨ ᠬᠠᠮᠲᠤ ᠎ᠪᠠᠷ ᠡᠷᠭᠢᠯᠡᠵᠦ᠍᠂ ᠳᠡᠯᠡᠬᠡᠶ ᠳ᠋ᠠᠬᠢᠨ ᠎ᠤ ᠠᠩᠬᠠᠷᠤᠯ ᠎ᠢ ᠲᠠᠲᠠᠭ᠍ᠰᠠᠨ ᠨᠢᠭᠡᠨ ᠴᠢᠬᠤᠯᠠ ᠶᠡᠬᠡ ᠠᠵᠢᠯᠯᠠᠭ᠎ᠠ ᠮᠥᠨ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠎ᠦᠨ᠎ᠬᠢᠨ ᠶᠡᠷᠦᠩᠬᠡᠶ ᠱᠦᠵᠢ ᠰᠢ ᠵᠢᠨ ᠫᠢᠩ ᠎ᠦᠨ ᠴᠢᠬᠤᠯᠠ ᠵᠢᠭᠠᠪᠤᠷᠢ ᠎ᠶ᠋ᠢᠨ ᠵᠣᠷᠢᠭ ᠰᠠᠨᠠᠭ᠎ᠠ ᠎ᠶ᠋ᠢ ᠪᠥᠬᠥ᠌ ᠲᠠᠯ᠎ᠠ ᠎ᠪᠠᠷ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ ᠎ᠤ ᠨᠠᠮ᠎ᠤᠨ ᠬᠣᠷᠢᠶ᠎ᠠ ᠵᠢᠨ ᠠᠵᠢᠯ ᠎ᠤᠨ ᠱᠠᠭᠠᠷᠳᠠᠯᠭ᠎ᠠ ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠪᠡᠭᠡᠵᠢᠩ ᠎ᠦᠨ ᠡᠪᠦᠯ ᠎ᠦᠨ ᠤᠯᠠᠷᠢᠯ ᠎ᠤᠨ ᠣᠯᠢᠮᠫᠢᠺ ᠎ᠤᠨ ᠲᠠᠮᠢᠷ ᠎ᠤᠨ ᠴᠤᠭ᠍ᠯᠠᠭᠠᠨ ᠎ᠤ ᠠᠮᠤᠷ ᠲᠦᠪᠱᠢᠨ᠎ᠤᠷᠤᠭ᠍ᠰᠢᠲᠠᠶ ᠶᠠᠪᠤᠭ᠍ᠳᠠᠬᠤ᠎ᠶ᠋ᠢ ᠪᠠᠲᠤᠯᠠᠵᠦ ᠦᠶ᠋ᠯᠡᠴᠢᠯᠡᠬᠦ᠌᠎ᠶ᠋ᠢ ᠣᠳᠣᠬᠠᠨ᠎ᠤ ᠭᠤᠤᠯᠳᠠᠯᠭ᠎ᠠ ᠲᠠᠶ ᠡᠭᠦᠷᠭᠡ ᠪᠣᠯᠭᠠᠵᠤ᠂ ᠠᠶᠤᠯ ᠲᠦᠭ᠌ᠰᠢᠭᠦᠷᠢ ᠎ᠶ᠋ᠢ ᠰᠡᠷᠭᠡᠢᠯᠡᠬᠦ᠌᠂ ᠠᠮᠤᠷ ᠲᠦᠪᠱᠢᠨ᠎ᠢ ᠪᠠᠲᠤᠯᠠᠬᠤ᠂ ᠲᠣᠭ᠍ᠲᠠᠭᠤᠨ᠎ᠢ ᠬᠠᠮᠠᠭᠠᠯᠠᠬᠤ ᠠᠵᠢᠯ ᠎ᠢ ᠪᠥᠬᠥ᠌ ᠬᠦᠴᠦᠨ ᠎ᠢᠶᠡᠷ ᠎ᠢᠶᠡᠨ ᠰᠠᠢᠲᠤᠷ ᠬᠢᠬᠦ᠌ ᠬᠡᠷᠡᠭ᠌ᠲᠡᠶ ᠭᠡᠵᠦ᠍ ᠵᠢᠭᠠᠵᠤ ᠭᠠᠷᠭᠠᠪᠠ᠃

ᠳ᠋ᠢᠩ ᠱᠢᠤ ᠹᠸᠩ᠂ ᠪᠦᠬᠦ᠌ ᠣᠷᠣᠨ ᠳᠠᠶᠠᠭᠠᠷ ᠎ᠢᠶᠠᠨ ᠤᠯᠤᠰ ᠲᠦᠷᠦ᠍ ᠎ᠶ᠋ᠢᠨ ᠵᠣᠭ᠍ᠰᠣᠴᠠ ᠪᠠᠨ ᠴᠢᠨᠠᠭ᠍ᠰᠢᠳᠠ ᠳᠡᠭᠡᠭ᠌ᠰᠢᠯᠡᠭᠦᠯᠵᠦ᠍᠂ ᠬᠠᠷᠢᠭᠤᠴᠠᠯᠭ᠎ᠠ ᠡᠭᠦᠷᠭᠡᠯᠡᠯ᠎ᠢᠶᠡᠨ ᠴᠢᠩᠭᠠᠳᠭᠠᠵᠤ᠂ ᠨᠢᠭ᠍ᠲᠠ᠎ᠬᠠᠮᠵᠢᠯᠴᠠᠨ᠂᠎ᠰᠡᠳᠭᠢᠯ᠎ᠨᠢᠭᠡᠳᠦᠨ᠎ᠬᠦᠴᠦ᠍᠎ᠪᠡᠨ᠎ᠬᠠᠮᠲᠤᠳᠭᠠᠵᠤ ᠪᠠᠢᠭᠠᠳ ᠬᠠᠮᠵᠢᠯᠴᠠᠭᠠᠨ ᠎ᠤ ᠳᠠᠢᠯᠠᠯᠳᠤᠭᠠᠨ ᠎ᠢ ᠰᠠᠢᠲᠤᠷ ᠬᠢᠵᠦ᠍᠂《ᠶᠡᠬᠡ ᠤᠴᠢᠷ ᠭᠠᠷᠬᠤ ᠦᠭᠡᠢ ᠮᠦᠷᠳᠡᠭᠡᠨ ᠪᠠᠭ᠎ᠠ ᠬᠡᠷᠡᠭ ᠴᠸ᠋ ᠭᠠᠷᠬᠤ ᠦᠭᠡᠢ》 ᠪᠠᠢᠬᠤ ᠎ᠶ᠋ᠢ ᠪᠠᠲᠤᠯᠠᠬᠤ ᠬᠡᠷᠡᠭ᠌ᠲᠡᠢ᠃ 《ᠤᠴᠢᠷ᠎ᠢ ᠱᠢᠢᠳᠪᠦᠷᠢᠯᠡᠬᠦ᠌》ᠡᠷᠴᠢᠮ ᠎ᠢᠶᠡᠨ ᠴᠢᠩᠭᠠᠷᠠᠭᠤᠯᠵᠤ᠂ 《ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ》 ᠪᠠᠢᠭ᠎ᠠ ᠠᠰᠠᠭᠤᠳᠠᠯ ᠎ᠢ ᠬᠦᠴᠦᠯᠡᠨ ᠱᠢᠢᠳᠪᠦᠷᠢᠯᠡᠵᠦ᠍᠂ ᠤᠯᠠᠨ ᠲᠦᠮᠡᠨ ᠎ᠦ ᠬᠠᠤᠯᠢ ᠶᠣᠰᠣᠨ ᠎ᠤ ᠡᠷᠬᠡ ᠠᠱᠢᠭ ᠎ᠢ ᠦᠨᠡᠨ ᠬᠦ᠌ ᠰᠠᠢᠲᠤᠷ ᠬᠠᠮᠠᠭᠠᠯᠠᠬᠤ ᠬᠡᠷᠡᠭ᠌ᠲᠡᠢ᠃ ᠪᠡᠭᠡᠵᠢᠩ ᠎ᠦᠨ ᠡᠪᠦᠯ ᠎ᠦᠨ ᠤᠯᠠᠷᠢᠯ ᠎ᠤᠨ ᠣᠯᠢᠮᠫᠢᠺ ᠎ᠤᠨ ᠲᠠᠮᠢᠷ ᠎ᠤᠨ ᠴᠤᠭ᠍ᠯᠠᠭᠠᠨ ᠪᠣᠯᠤᠨ ᠴᠠᠭᠠᠨ ᠰᠠᠷ᠎ᠠ ᠎ᠶ᠋ᠢᠨ ᠬᠤᠭᠤᠴᠠᠭᠠᠨ᠎ᠳᠠᠬᠢ ᠠᠮᠤᠷ ᠲᠦᠪᠱᠢᠨ ᠲᠣᠭ᠍ᠲᠠᠭᠤᠨ ᠎ᠤ ᠭᠣᠣᠯᠳᠠᠯᠭ᠎ᠠ ᠎ᠲᠠᠶ ᠠᠵᠢᠯ ᠎ᠢ ᠨᠢᠬᠳᠠ ᠠᠩᠬᠠᠷᠴᠤ᠌᠂ ᠠᠶᠤᠯ ᠲᠦᠭ᠌ᠰᠢᠭᠦᠷᠢ ᠭᠡᠮ ᠰᠣᠭᠣᠭ ᠎ᠢ ᠵᠢᠬᠰᠠᠭᠠᠨ ᠪᠠᠢᠴᠠᠭᠠᠵᠤ ᠠᠷᠢᠯᠭᠠᠬᠤ ᠠᠵᠢᠯ ᠎ᠢ ᠭᠦᠨᠵᠡᠭᠡᠢ ᠠᠬᠢᠭᠤᠯᠵᠤ᠂ ᠨᠡᠢᠭᠡᠮ  ᠪᠣᠯᠤᠨ ᠤᠯᠠᠨ ᠨᠡᠢᠲᠡ ᠎ᠶ᠋ᠢᠨ ᠠᠮᠤᠷ ᠲᠦᠪᠱᠢᠨ ᠎ᠢ ᠪᠦᠬᠦᠯᠢ ᠴᠣᠭ᠍ᠴᠠ ᠎ᠪᠠᠷ ᠨᠢ ᠰᠡᠷᠭᠡᠢᠯᠡᠨ ᠡᠵᠡᠮᠳᠡᠬᠦ᠌ ᠎ᠶ᠋ᠢ ᠴᠢᠩᠭᠠᠳᠭᠠᠵᠤ᠂ ᠪᠠᠴᠢᠮ ᠪᠠᠢᠳᠠᠯ ᠎ᠢ ᠠᠷᠭᠠᠴᠠᠭᠠᠨ ᠱᠢᠢᠳᠪᠦᠷᠢᠯᠡᠬᠦ᠌ ᠠᠵᠢᠯ ᠎ᠢ ᠯᠠᠪᠳᠠᠭᠤᠨ ᠪᠠᠲᠤᠲᠠᠢ ᠰᠠᠢᠲᠤᠷ ᠬᠢᠵᠦ᠍᠂ ᠠᠷᠠᠳ ᠤᠯᠠᠨ ᠎ᠤ ᠠᠮᠤᠷ ᠲᠦᠪᠱᠢᠨ ᠎ᠢ ᠪᠦᠬᠦ᠌ ᠬᠦᠴᠦᠨ ᠎ᠢᠶᠡᠷ ᠎ᠢᠶᠡᠨ ᠬᠠᠮᠠᠭᠠᠯᠠᠵᠤ᠂ ᠠᠮᠤᠷ ᠲᠦᠪᠱᠢᠨ ᠲᠣᠭ᠍ᠲᠠᠭᠤᠨ ᠨᠡᠢᠭᠡᠮ ᠎ᠦᠨ ᠣᠷᠴᠢᠨ ᠎ᠢ ᠴᠢᠷᠮᠠᠢᠨ ᠪᠤᠢ ᠪᠣᠯᠭᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号