2022 ᠣᠨ ᠳ᠋ᠤ ᠬᠠᠮ ᠬᠡᠯᠪᠡᠷᠢ ᠪᠡᠷ ᠭᠠᠢᠯᠢ ᠵᠢ ᠪᠠᠭᠠᠰᠬᠠᠵᠤ ᠰᠦᠶ᠋ᠳᠭᠡᠯ ᠢ᠋ ᠪᠠᠭᠤᠷᠠᠭᠤᠯᠬᠤ ᠡᠷᠴᠢᠮ ᠨᠠᠩ ᠴᠢᠩᠭᠠᠷᠠᠳᠠᠭ ᠪᠤᠯ ᠤ᠋ᠤ ?
2022-01-28 09:54:27
ᠵᠣᠬᠢᠶᠠᠭ᠍ᠴᠢ᠄
ᠽᠸᠤ ᠳ᠋ᠦᠸᠸ ᠸᠧᠶ ᠱᠸᠨ ᠴᠧᠩ
ᠣᠩᠱᠢᠭ᠍ᠰᠠᠨ ᠣᠳᠠᠭ᠎ᠠ᠄
★★★☆☆

ᠱᠢᠨᠬᠤᠸᠠ ᠬᠣᠷᠢᠶᠠᠨ᠎ᠤ ᠪᠡᠭᠡᠵᠢᠩ᠎ᠦᠨ 1 ᠰᠠᠷ᠎ᠠ᠎ᠶ᠋ᠢᠨ 25 ᠤ᠋ ᠴᠠᠬᠢᠯᠭᠠᠨ ᠮᠡᠳᠡᠭᠡ ᠡᠳ᠋᠎ᠦᠨ ᠵᠠᠰᠠᠭ᠎ᠤᠨ ᠶᠠᠮᠤᠨ᠎ᠤ ᠳᠡᠳ᠋ ᠰᠠᠢᠳ ᠱᠢᠤᠢ ᠬᠣᠩ ᠼᠠᠢ 25 ᠤ᠋ ᠡᠳᠦᠷ᠂ 2022 ᠣᠨ᠎ᠳᠤ ᠵᠠᠬ᠎ᠠ ᠳᠡᠯᠭᠡᠭᠦᠷ᠎ᠦᠨ ᠭᠤᠤᠯ ᠴᠣᠭ᠍ᠴᠠ ᠵᠢᠨ ᠬᠡᠷᠡᠭ᠌ᠴᠡᠭᠡ᠎ᠳᠦ ᠴᠢᠭ᠌ᠯᠡᠭᠦᠯᠦᠨ᠂ ᠨᠠᠩ ᠶᠡᠬᠡ ᠡᠷᠴᠢᠮ ᠪᠦᠬᠦᠢ ᠬᠠᠮ ᠬᠡᠯᠪᠡᠷᠢ ᠵᠢᠨ ᠭᠠᠢᠯᠢ ᠵᠢ ᠪᠠᠭᠠᠰᠬᠠᠵᠤ ᠰᠦᠶ᠋ᠳᠭᠡᠯ ᠢ᠋ ᠪᠠᠭᠤᠷᠠᠭᠤᠯᠬᠤ ᠠᠷᠭ᠎ᠠ ᠵᠢ ᠬᠡᠷᠡᠭ᠌ᠵᠢᠭᠦᠯᠦᠨ᠎ᠡ ᠭᠡᠵᠤ ᠢᠯᠡᠳᠭᠡᠵᠠᠢ᠃

《〈ᠠᠷᠪᠠᠨ ᠭᠤᠷᠪᠠᠳᠤᠭᠠᠷ ᠲᠠᠪᠤᠨ ᠵᠢᠯ〉 ᠤ᠋ᠨ ᠲᠦᠯᠦᠪᠵᠢᠭᠦᠯᠭᠡ ᠵᠢᠨ ᠬᠤᠭᠤᠴᠠᠭᠠᠨ᠎ᠳᠤ ᠭᠠᠢᠯᠢ᠎ᠶ᠋ᠢ ᠪᠠᠭᠠᠰᠭᠠᠵᠤ ᠰᠦᠢᠳᠭᠡᠯ᠎ᠢ ᠪᠠᠭᠤᠷᠠᠭᠤᠯᠤᠭ᠍ᠰᠠᠨ ᠬᠡᠮᠵᠢᠶ᠎ᠠ 7.6 ᠲᠦᠮᠡᠨ ᠳ᠋ᠦᠩᠱᠢᠭᠤᠷ ᠲᠥᠭᠥᠷᠢᠭ᠎ᠢ ᠳᠠᠪᠠᠭ᠍ᠰᠠᠨ ᠰᠠᠭᠤᠷᠢᠨ ᠳᠡᠭᠡᠷ᠎ᠡ᠂ 2021 ᠣᠨ᠎ᠳᠤ ᠭᠠᠢᠯᠢ᠎ᠶ᠋ᠢ ᠪᠠᠭᠠᠰᠭᠠᠵᠤ ᠰᠦᠢᠳᠭᠡᠯ᠎ᠢ ᠪᠠᠭᠤᠷᠠᠭᠤᠯᠤᠭ᠍ᠰᠠᠨ ᠬᠡᠮᠵᠢᠶ᠎ᠠ ᠪᠠᠰᠠ 1 ᠲᠦᠮᠡᠨ ᠳ᠋ᠦᠩᠱᠢᠭᠤᠷ ᠲᠥᠭᠥᠷᠢᠭ᠎ᠢ ᠳᠠᠪᠠᠵᠠᠢ》 ᠭᠡᠵᠦ᠍ ᠱᠢᠤᠢ ᠬᠣᠩ ᠼᠠᠢ ᠲᠤᠬᠠᠶ᠎ᠶ᠋ᠢᠨ ᠡᠳᠦᠷ ᠤ᠋ᠨ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠰᠣᠨᠢᠨ ᠮᠡᠳᠡᠭᠡᠨ᠎ᠦ ᠠᠯᠪᠠᠨ ᠬᠡᠷ᠎ᠦᠨ ᠰᠣᠨᠢᠨ ᠮᠡᠳᠡᠭᠡ ᠨᠡᠢᠲᠡᠯᠡᠬᠦ᠌ ᠬᠤᠷᠠᠯ ᠳᠡᠭᠡᠷ᠎ᠡ ᠬᠡᠯᠡᠪᠡ᠃

ᠲᠡᠷᠡ᠂ ᠥᠩᠭᠡᠷᠡᠭ᠌ᠰᠡᠨ ᠨᠢᠭᠡ ᠵᠢᠯ᠎ᠳᠦ ᠡᠳ᠋᠎ᠦᠨ ᠵᠠᠰᠠᠭ᠎ᠤᠨ ᠶᠠᠮᠤᠨ ᠭᠠᠢᠯᠢ ᠵᠢ ᠪᠠᠭᠠᠰᠬᠠᠵᠤ ᠰᠦᠶ᠋ᠳᠭᠡᠯ ᠢ᠋ ᠪᠠᠭᠤᠷᠠᠭᠤᠯᠬᠤ ᠲᠥᠷᠥ᠎ᠶ᠋ᠢᠨ ᠪᠣᠳᠣᠯᠭ᠎ᠠ᠎ᠶ᠋ᠢ ᠤᠯᠠᠮ ᠴᠢᠨᠠᠭᠰᠢᠳᠠ ᠱᠢᠯᠢᠳᠡᠭ᠌ᠵᠢᠭᠦᠯᠦᠨ ᠨᠠᠢᠳᠠᠪᠤᠷᠢᠵᠢᠭᠤᠯᠵᠤ᠂ ᠦᠶ᠋ᠯᠡᠳᠬᠦ᠌ ᠦᠶ᠋ᠯᠡᠰ᠎ᠦᠨ ᠲᠠᠰ ᠳᠡᠪᠱᠢᠬᠦ᠌ ᠪᠠ ᠳᠤᠮᠳᠠ ᠪᠠᠭ᠎ᠠ ᠵᠢᠵᠢᠭ ᠠᠵᠤ ᠠᠬᠤᠢᠯᠠᠯ ᠵᠢᠴᠢ ᠬᠤᠪᠢ᠎ᠶ᠋ᠢᠨ ᠦᠶ᠋ᠯᠡᠳᠪᠦᠷᠢ ᠬᠤᠳᠠᠯᠳᠤᠭᠠᠨ᠎ᠤ ᠡᠷᠦᠬᠡ᠎ᠶ᠋ᠢ ᠢᠯᠡᠭᠦᠦ ᠳᠡᠮᠵᠢᠵᠦ᠍᠂ 《 ᠤᠰᠤ ᠲᠠᠯᠪᠢᠵᠤ ᠵᠢᠭᠠᠰᠤ ᠲᠡᠵᠢᠭᠡᠬᠦ᠌ 》᠂ 《ᠤᠰᠤ ᠠᠷᠪᠢᠨ ᠪᠤᠯᠪᠠᠯ ᠵᠢᠭᠠᠰᠤ ᠠᠷᠪᠢᠨ ᠪᠤᠯᠬᠤ》 ᠰᠠᠢᠨ ᠣᠷᠴᠢᠯ᠎ᠢ ᠪᠡᠶᠡᠯᠡᠭᠦᠯᠵᠠᠢ ᠭᠡᠵᠤ ᠲᠠᠨᠢᠯᠴᠠᠭᠤᠯᠵᠠᠢ᠃

ᠰᠢᠤᠢ ᠬᠤᠩ ᠼᠠᠢ᠂ 2022 ᠣᠨ᠎ᠢ ᠪᠠᠷᠠᠯᠠᠬᠤᠶ᠎ᠠ᠂ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢᠨ ᠠᠮᠢᠵᠢᠷᠠᠯ᠎ᠤᠨ ᠬᠦᠴᠦᠨ᠎ᠢ ᠦᠷᠭᠦᠯᠵᠢᠯᠡᠨ ᠬᠥᠭ᠌ᠵᠢᠭᠡᠬᠦ᠌᠎ᠶ᠋ᠢᠨ ᠲᠥᠯᠥᠭᠡ᠂ ᠡᠳ᠋᠎ᠦᠨ ᠵᠠᠰᠠᠭ᠎ᠤᠨ᠎ᠶᠠᠮᠤᠨ᠎ᠳᠥᠷᠪᠡᠨ᠎ᠲᠠᠯ᠎ᠠ᠎ᠡᠴᠡ᠎ᠭᠠᠢᠯᠢ᠎ᠵᠢ᠎ᠪᠠᠭᠠᠰᠬᠠᠵᠤ᠎ᠰᠦᠶ᠋ᠳᠭᠡᠯ᠎ᠢ ᠪᠠᠭᠤᠷᠠᠭᠤᠯᠬᠤ᠎ᠶ᠋ᠢ ᠤᠯᠠᠮ ᠴᠢᠨᠠᠭᠰᠢᠳᠠ ᠨᠠᠢᠳᠠᠪᠤᠷᠢᠵᠢᠭᠤᠯᠤᠨ᠎ᠠ ᠭᠡᠵᠤ ᠢᠯᠡᠳᠭᠡᠪᠡ᠃

ᠨᠢᠭᠡ᠎ᠳᠦ ᠦᠶ᠋ᠯᠡᠳᠬᠦ᠌ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠵᠠᠷᠤᠳᠠᠯ᠎ᠢ ᠨᠠᠮᠠᠨ ᠪᠤᠳᠤᠵᠤ ᠬᠠᠰᠤᠬᠤ ᠲᠥᠷᠥ᠎ᠶ᠋ᠢᠨ ᠪᠣᠳᠣᠯᠭ᠎ᠠ᠎ᠶ᠋ᠢ ᠰᠤᠳᠤᠯᠤᠨ ᠲᠡᠭᠦᠯᠳᠡᠷᠵᠢᠭᠦᠯᠦᠨ᠎ᠡ᠃

ᠬᠣᠶᠠᠷ᠎ᠲᠤ ᠪᠠᠭ᠎ᠠ ᠵᠢᠵᠢᠭ ᠠᠵᠤ ᠠᠬᠤᠢᠯᠠᠯ ᠪᠠ ᠬᠤᠪᠢ᠎ᠶ᠋ᠢᠨ ᠦᠶ᠋ᠯᠡᠳᠪᠦᠷᠢ ᠬᠤᠳᠠᠯᠳᠤᠭᠠᠨ᠎ᠤ ᠡᠷᠦᠬᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠪᠠᠭ᠎ᠠ ᠵᠢᠵᠢᠭ ᠠᠵᠤ ᠠᠬᠤᠢᠯᠠᠯ ᠪᠠ ᠬᠤᠪᠢ᠎ᠶ᠋ᠢᠨ ᠦᠶ᠋ᠯᠡᠳᠪᠦᠷᠢ ᠬᠤᠳᠠᠯᠳᠤᠭᠠᠨ᠎ᠤ ᠡᠷᠦᠬᠡ᠎ᠶ᠋ᠢ ᠳᠡᠮᠵᠢᠬᠦ᠌ 2021 ᠤᠨ ᠤ᠋ ᠡᠴᠦᠰ ᠲᠤ᠌ ᠬᠤᠭᠤᠴᠠᠭ᠎ᠠ ᠨᠢ ᠲᠤᠯᠤᠭᠰᠠᠨ ᠭᠠᠢᠯᠢ ᠵᠢ ᠪᠠᠭᠠᠰᠬᠠᠵᠤ ᠰᠦᠶ᠋ᠳᠭᠡᠯ ᠎ᠢ  ᠪᠠᠭᠤᠷᠠᠭᠤᠯᠬᠤ ᠠᠷᠭ᠎ᠠ ᠬᠡᠮᠵᠢᠶ᠎ᠡ᠎ᠶ᠋ᠢ ᠦᠷᠭᠦᠯᠵᠢᠯᠡᠨ ᠬᠡᠷᠡᠭ᠌ᠵᠢᠭᠦᠯᠦᠨ᠎ᠡ᠃

ᠭᠤᠷᠪᠠ᠎ᠳᠤ᠎ᠣᠷᠣᠨ᠎ᠨᠤᠲᠤᠭ᠎ᠤᠨ ᠡᠳ᠋᠎ᠦᠨ ᠬᠦᠴᠦᠨ᠎ᠢ ᠨᠡᠮᠡᠭ᠌ᠳᠡᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠭᠠᠢᠯᠢ ᠵᠢ ᠪᠠᠭᠠᠰᠬᠠᠵᠤ ᠰᠦᠢᠳᠭᠡᠯ ᠢ᠋ ᠪᠠᠭᠤᠷᠠᠭᠤᠯᠬᠤ᠎ᠳᠤ ᠪᠠᠲᠤᠯᠠᠭ᠎ᠠ ᠬᠠᠩᠭᠠᠨ᠎ᠠ᠃ 《ᠲᠥᠪ᠎ᠦᠨ ᠡᠳ᠋᠎ᠦᠨ ᠵᠠᠰᠠᠭ ᠡᠴᠡ ᠣᠷᠣᠨ ᠨᠤᠲᠤᠭ᠎ᠲᠤ ᠱᠢᠯᠵᠢᠭᠦᠯᠦᠨ ᠥᠭ᠌ᠬᠦ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ ᠡᠳ᠋᠎ᠦᠨ ᠬᠦᠴᠦᠨ᠎ᠢ ᠬᠣᠲᠠ ᠱᠢᠶᠠᠨ᠎ᠤ ᠦᠨᠳᠦᠰᠦᠨ ᠱᠠᠲᠤᠨ᠎ᠳᠤ ᠪᠠᠭᠤᠯᠭᠠᠬᠤ᠎ᠶ᠋ᠢ ᠠᠬᠢᠭᠤᠯᠵᠤ᠂ ᠣᠷᠣᠨ ᠨᠤᠲᠤᠭ᠎ᠤᠨ ᠡᠳ᠋᠎ᠦᠨ ᠬᠦᠴᠦᠨ ᠬᠦᠷᠦᠯᠴᠡᠬᠦ᠌ ᠥᠬᠡᠶ᠎ᠡᠴᠡ ᠪᠣᠯᠵᠣ ᠭᠠᠢᠯᠢ ᠵᠢ ᠪᠠᠭᠠᠰᠬᠠᠵᠤ ᠰᠦᠶ᠋ᠳᠭᠡᠯ᠎ᠢ ᠪᠠᠭᠤᠷᠠᠭᠤᠯᠬᠤ ᠲᠠᠯ᠎ᠠ᠎ᠪᠠᠷ ᠳᠤᠲᠠᠭᠤ ᠲᠣᠷᠭᠣᠨ ᠬᠢᠬᠦ ᠵᠢ ᠰᠡᠷᠭᠡᠢᠯᠡᠨ᠎ᠠ》 ᠭᠡᠵᠦ᠍ ᠱᠢᠤᠢ ᠬᠣᠩ ᠼᠠᠢ ᠬᠡᠯᠡᠪᠡ᠃

ᠡᠭᠦᠨ᠎ᠡᠴᠡ ᠭᠠᠳᠠᠨ᠎ᠠ ᠪᠠᠰᠠ ᠭᠠᠢᠯᠢ ᠡᠴᠡ ᠳᠤᠳᠠᠭᠠᠬᠤ ᠭᠠᠢᠯᠢ ᠡᠴᠡ ᠵᠠᠢᠯᠠᠬᠤ ᠭᠠᠢᠯᠢ᠎ᠶ᠋ᠢ ᠮᠡᠬᠡᠯᠡᠵᠦ᠍ ᠠᠪᠬᠤ ᠶᠠᠪᠤᠳᠠᠯ᠎ᠳᠤ ᠡᠷᠡᠰ ᠴᠣᠬᠢᠯᠲᠠ ᠥᠭ᠌ᠴᠦ᠂ ᠳᠤᠷ᠎ᠠ᠎ᠪᠠᠷ᠎ᠢᠶᠠᠨ ᠰᠦᠢᠳᠭᠡᠯ ᠬᠤᠷᠢᠶᠠᠬᠤ᠎ᠶ᠋ᠢ ᠡᠷᠡᠰ ᠬᠣᠷᠢᠭ᠍ᠯᠠᠨ᠎ᠠ᠃ 《ᠶᠡᠷᠦᠩᠬᠡᠶ᠎ᠳᠦᠨᠢ ᠠᠪᠴᠤ᠌ ᠦᠵᠡᠪᠡᠯ᠂ 2022 ᠣᠨ᠎ᠳᠤ᠂ ᠭᠠᠢᠯᠢ ᠵᠢ ᠪᠠᠭᠠᠰᠬᠠᠵᠤ ᠰᠦᠶ᠋ᠳᠭᠡᠯ᠎ᠢ ᠪᠠᠭᠤᠷᠠᠭᠤᠯᠬᠤ ᠨᠢ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢᠨ ᠢᠲᠡᠭᠡᠯ᠎ᠢ ᠬᠥᠪᠴᠢᠯᠡᠨ᠂ ᠵᠠᠬ᠎ᠠ ᠳᠡᠯᠭᠡᠭᠦᠷ᠎ᠦᠨ ᠵᠢᠱ᠌ᠢᠯᠲᠡ᠎ᠶ᠋ᠢ ᠲᠣᠭ᠍ᠲᠠᠪᠤᠷᠢᠵᠢᠭᠤᠯᠵᠤ᠂ ᠪᠦᠲᠦᠮᠵᠢᠲᠡᠶ ᠪᠠᠯᠠ ᠣᠷᠣᠭᠤᠯᠤᠯᠲᠠ᠎ᠶ᠋ᠢ ᠥᠷᠭᠡᠳᠭᠡᠨ᠂ ᠡᠴᠦᠰ ᠤ᠋ᠨ ᠬᠡᠷᠡᠭ᠌ᠯᠡᠭᠡ᠎ᠶ᠋ᠢ ᠳᠠᠢᠴᠢᠯᠠᠵᠤ᠂ ᠠᠵᠤ ᠠᠬᠤᠶ᠎ᠶ᠋ᠢᠨ ᠲᠣᠭ᠍ᠲᠠᠭᠤᠨ ᠪᠥᠭᠡᠳ ᠡᠷᠡᠭᠦᠯ᠎ᠢᠶᠡᠷ ᠬᠥᠭ᠌ᠵᠢᠬᠦ᠌᠎ᠶ᠋ᠢ ᠠᠬᠢᠭᠤᠯᠬᠤ᠎ᠳᠤ ᠴᠢᠬᠤᠯᠠ ᠦᠢᠯᠡᠳᠦᠯ ᠦᠵᠡᠭᠦᠯᠬᠦ᠌ ᠪᠣᠯᠤᠨ᠎ᠠ 》 ᠭᠡᠵᠦ᠍ ᠲᠡᠷᠡ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号