ᠱᠢᠨᠬᠤᠸᠠ ᠬᠣᠷᠢᠶᠠᠨ᠎ᠤ
ᠴᠦᠩᠴᠢᠩ᠎ᠦᠨ 1 ᠰᠠᠷ᠎ᠠ᠎ᠶ᠋ᠢᠨ 25 ᠤ᠋ ᠴᠠᠬᠢᠯᠭᠠᠨ ᠮᠡᠳᠡᠭᠡ ᠰᠤᠷᠪᠤᠯᠵᠢᠯᠠᠭ᠍ᠴᠢ
25 ᠤ᠋ ᠡᠳᠦᠷ ᠬᠤᠷᠠᠯᠳᠤᠭᠤᠯᠤᠭ᠍ᠰᠠᠨ 2022 ᠣᠨ᠎ᠤ ᠴᠦᠩᠴᠢᠩᠬᠣᠲᠠᠶ᠋ᠢᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ
ᠠᠵᠢᠯ᠎ᠤᠨ ᠬᠤᠷᠠᠯ᠎ᠡᠴᠡ ᠣᠢᠯᠠᠭᠠᠭ᠍ᠰᠠᠨ᠎ᠢᠶᠠᠷ᠂ 2021 ᠣᠨ᠎ᠳᠤ ᠴᠦᠩᠴᠢᠩ ᠴᠠᠯᠢᠩ ᠥᠷᠢᠲᠦᠬᠦ᠌ ᠠᠰᠠᠭᠤᠳᠠᠯ᠎ᠢ ᠦᠨᠳᠦᠰᠦᠨ᠎ᠡᠴᠡ ᠨᠢ ᠵᠠᠰᠠᠬᠤ ᠠᠵᠢᠯ᠎ᠢ
ᠪᠠᠢᠩᠭᠤᠵᠢᠭᠤᠯᠤᠨ ᠠᠬᠢᠭᠤᠯᠵᠤ᠂ ᠪᠥᠬᠥ᠌ ᠵᠢᠯ᠎ᠳᠦ ᠨᠡᠢᠲᠡ 1.9 ᠲᠦᠮᠡᠨ ᠬᠥᠯᠥᠰᠥᠨ ᠠᠵᠢᠯᠴᠢᠨ᠎ᠤ 2.47 ᠳ᠋ᠦᠩᠱᠢᠭᠤᠷ ᠲᠥᠭᠥᠷᠢᠭ᠎ᠤᠨ ᠴᠠᠯᠢᠩ᠎ᠢ ᠨᠡᠬᠡᠮᠵᠢᠯᠡᠨ ᠠᠪᠴᠢᠷᠠᠵᠤ ᠥᠭ᠌ᠪᠡ᠃
ᠴᠦᠩᠴᠢᠩ ᠬᠣᠲᠠ᠎ᠶ᠋ᠢᠨ
ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠬᠣᠯᠪᠣᠭ᠍ᠳᠠᠯ
ᠪᠥᠬᠥᠶ ᠬᠠᠷᠢᠭᠤᠴᠠᠯᠭᠠᠲᠠᠨ ᠲᠠᠨᠢᠯᠴᠠᠭᠤᠯᠬᠤ᠎ᠳᠠᠭᠠᠨ᠂ 2021 ᠣᠨ᠎ᠳᠤ ᠴᠦᠩᠴᠢᠩ ᠬᠤᠲᠠ ᠨᠢ ᠡᠳᠦᠷ ᠲᠤᠲᠤᠮ᠎ᠤᠨ ᠲᠣᠭᠣᠷᠢᠨ ᠪᠠᠢᠴᠠᠭᠠᠬᠤ᠂ ᠬᠠᠤᠯᠢ ᠬᠡᠷᠡᠭ᠌ᠵᠢᠭᠦᠯᠦᠯᠲᠡ᠎ᠶ᠋ᠢᠨ
ᠲᠤᠰᠭᠠᠶ ᠪᠠᠢᠴᠠᠭᠠᠯᠲᠠ ᠬᠢᠬᠦ᠌᠂ ᠢᠯᠡᠴᠢᠯᠡᠨ ᠮᠡᠳᠡᠭᠦᠯᠵᠦ᠍ ᠵᠠᠭᠠᠯᠳᠤᠬᠤ᠎ᠶ᠋ᠢ ᠬᠦᠯᠢᠶᠡᠨ ᠠᠪᠬᠤ ᠵᠡᠷᠭᠡ ᠠᠷᠭ᠎ᠠ
ᠮᠠᠶᠢᠭ᠎ᠢᠶᠠᠷ ᠳᠠᠮᠵᠢᠭᠤᠯᠤᠨ᠂ ᠬᠥᠯᠥᠰᠥᠨ ᠠᠵᠢᠯᠴᠢᠨ᠎ᠤ ᠬᠥᠳᠡᠯᠮᠦᠷᠢ᠎ᠶ᠋ᠢᠨ ᠬᠥᠯᠥᠰᠥ᠍ ᠣᠯᠭᠣᠮᠵᠢ᠎ᠶ᠋ᠢᠨ ᠬᠠᠤᠯᠢ
ᠶᠣᠰᠣᠨ᠎ᠤ ᠡᠷᠬᠡ ᠠᠱᠢᠭ᠎ᠲᠤ ᠬᠠᠯᠳᠠᠭ᠍ᠰᠠᠨ ᠦᠶ᠋ᠯᠡ ᠠᠵᠢᠯᠯᠠᠭ᠎ᠠ᠎ᠶ᠋ᠢ ᠪᠥᠬᠥ᠌ ᠬᠦᠴᠦᠨ᠎ᠢᠶᠡᠷ᠎ᠢᠶᠡᠨ ᠪᠠᠢᠴᠠᠭᠠᠨ
ᠱᠢᠶ᠋ᠳᠪᠦᠷᠢᠯᠡᠵᠦ᠍᠂ ᠪᠥᠬᠥ᠌ ᠵᠢᠯ᠎ᠳᠦ ᠬᠥᠯᠥᠰᠥᠨ ᠠᠵᠢᠯᠴᠢᠨ᠎ᠤ ᠴᠠᠯᠢᠩ᠎ᠢ ᠥᠷᠢᠲᠦᠵᠦ᠍ ᠤᠳᠠᠭᠠᠱᠢᠷᠠᠭᠤᠯᠤᠭ᠍ᠰᠠᠨ
ᠬᠡᠷᠡᠭ᠎ᠢ ᠨᠡᠢᠲᠡ 1600 ᠭᠠᠷᠤᠶ ᠪᠠᠢᠴᠠᠭᠠᠨ ᠱᠢᠶ᠋ᠳᠪᠦᠷᠢᠯᠡᠪᠡ ᠭᠡᠵᠡᠢ᠃
2021 ᠣᠨ᠎ᠳᠤ ᠴᠦᠩᠴᠢᠩ ᠬᠤᠲᠠ ᠮᠡᠳᠡᠭᠡ ᠵᠠᠩᠭᠢᠵᠢᠯᠲᠠ᠂ ᠣᠶᠤᠨᠴᠢ ᠠᠷᠭ᠎ᠠ ᠪᠠᠷᠢᠯ᠎ᠢᠶᠠᠷ ᠴᠠᠯᠢᠩ ᠥᠷᠢᠲᠦᠬᠦ᠌ᠠᠰᠠᠭᠤᠳᠠᠯᠢ
ᠦᠨᠳᠦᠰᠦᠨ᠎ᠡᠴᠡ ᠨᠢ ᠵᠠᠰᠠᠬᠤ᠎ᠳᠤ ᠬᠦᠴᠦᠨ ᠨᠡᠮᠡᠷᠢᠯᠡᠵᠦ᠍᠂ 《ᠬᠥᠯᠥᠰᠥᠨ ᠲᠠᠷᠢᠶᠠᠴᠢᠨ᠎ᠤ
ᠴᠠᠯᠢᠩ᠎ᠢ ᠥᠭ᠌ᠬᠦ᠎ᠶ᠋ᠢ ᠬᠢᠨᠠᠨ ᠡᠵᠡᠮᠳᠡᠵᠦ᠍ ᠤᠷᠢᠳᠴᠢᠯᠠᠨ ᠰᠡᠷᠡᠮᠵᠢᠯᠡᠭᠦᠯᠬᠦ᠌ ᠲᠠᠪᠴᠠᠩ》 ᠢ᠋ ᠪᠠᠢᠭᠤᠯᠤᠨ ᠠᠰᠢᠭᠯᠠᠯᠲᠠ᠎ᠳᠤ ᠤᠷᠤᠭᠤᠯᠵᠤ᠂ ᠲᠤᠰᠭᠠᠶ ᠲᠠᠩᠰᠠᠨ ᠡᠷᠦᠬᠡ᠎ᠳᠦ ᠲᠣᠮᠣ ᠳ᠋ᠠᠢᠲ᠋ᠠ᠎ᠪᠠᠷ
ᠬᠢᠨᠠᠨ ᠬᠡᠮᠵᠢᠯᠲᠡ ᠵᠠᠳᠠᠯᠤᠯᠲᠠ ᠬᠢᠬᠦ᠌᠎ᠶ᠋ᠢᠨ ᠬᠠᠮᠲᠤ ᠴᠠᠯᠢᠩ ᠥᠷᠢᠲᠦᠬᠦ᠌ ᠲᠠᠯᠳᠠ ᠬᠡᠮ᠎ᠢ ᠤᠷᠢᠳᠴᠢᠯᠠᠨ ᠰᠡᠷᠡᠮᠵᠢᠯᠡᠭᠦᠯᠬᠦ᠌᠎ᠪᠡᠷ ᠳᠠᠮᠵᠢᠭᠤᠯᠤᠨ᠂
ᠪᠠᠰᠠ ᠪᠥᠬᠥ᠌ ᠶᠠᠪᠤᠴᠠ ᠵᠢᠨ ᠰᠦᠯᠵᠢᠶᠡᠨ ᠳᠡᠭᠡᠷᠡᠬᠢ ᠬᠥᠨᠳᠡᠯᠡᠨ᠎ᠡᠴᠡ ᠲᠠᠰᠤᠯᠬᠤ ᠣᠶᠤᠨᠴᠢ ᠦᠶ᠋ᠯᠡᠴᠢᠯᠡᠭᠡᠨ᠎ᠦ
ᠲᠠᠪᠴᠠᠩ᠎ᠢ ᠤᠷᠢᠳ᠎ᠢᠶᠠᠷ ᠪᠠᠢᠭᠤᠯᠵᠤ᠂ 《ᠣᠶᠤᠨᠴᠢ᠎ᠪᠠᠷ
ᠴᠠᠯᠢᠩ ᠥᠷᠢᠲᠦᠬᠦ᠌ᠠᠰᠠᠭᠤᠳᠠᠯᠢ ᠵᠠᠰᠠᠬᠤ》 ᠶ᠋ᠢ ᠠᠬᠢᠭᠤᠯᠪᠠ᠃
《ᠰᠦᠯᠵᠢᠶᠡᠨ ᠳᠡᠭᠡᠷ᠎ᠡ
ᠪᠠ ᠰᠦᠯᠵᠢᠶᠡᠨ ᠭᠠᠳᠠᠨ᠎ᠠ ᠵᠡᠷᠭᠡ ᠪᠡᠷ ᠬᠦᠴᠦᠯᠡᠵᠦ᠍᠂ ᠴᠠᠯᠢᠩ ᠥᠷᠢᠲᠦᠭ᠌ᠰᠡᠨ ᠬᠡᠷᠡᠭ᠎ᠢ ᠡᠷᠲᠡ ᠢᠯᠡᠷᠡᠭᠦᠯᠬᠦ᠌᠂
ᠡᠷᠲᠡ ᠱᠢᠶ᠋ᠳᠪᠦᠷᠢᠯᠡᠬᠦ᠌᠎ᠶ᠋ᠢ ᠪᠡᠶᠡᠯᠡᠭᠦᠯᠪᠠ》᠃ ᠴᠦᠩᠴᠢᠩ ᠬᠣᠲᠠ᠎ᠶ᠋ᠢᠨ
ᠬᠥᠳᠡᠯᠮᠦᠷᠢ᠎ᠶ᠋ᠢᠨ ᠪᠠᠲᠤᠯᠠᠭ᠎ᠠ᠎ᠶ᠋ᠢᠨ ᠬᠢᠨᠠᠨ ᠪᠠᠢᠴᠠᠭᠠᠬᠤ ᠶᠡᠷᠦᠩᠬᠡᠶ ᠠᠩᠭᠢ᠎ᠶ᠋ᠢᠨ ᠳᠡᠳ᠋ ᠳᠠᠷᠤᠭ᠎ᠠ ᠵᠧᠸ᠋
ᠬᠣᠩ ᠢᠦᠶ ᠲᠠᠨᠢᠯᠴᠠᠭᠤᠯᠬᠤ᠎ᠳᠠᠭᠠᠨ᠂ ᠣᠲᠣᠬᠠᠨ᠎ᠳᠤ ᠴᠦᠩᠴᠢᠩᠬᠤᠲᠠ ᠵᠢᠨ ᠬᠥᠳᠡᠯᠮᠦᠷᠢ᠎ᠶ᠋ᠢᠨ ᠪᠠᠲᠤᠯᠠᠭ᠎ᠠ᠎ᠶ᠋ᠢᠨ
ᠬᠢᠨᠠᠨ ᠪᠠᠢᠴᠠᠭᠠᠬᠤ ᠰᠠᠯᠠᠭ᠎ᠠ ᠮᠥᠴᠢᠷ ᠰᠦᠯᠵᠢᠶᠡᠨ ᠳᠡᠭᠡᠷ᠎ᠡ ᠴᠠᠯᠢᠩ ᠥᠭ᠌ᠴᠦ ᠪᠠᠢᠭ᠎ᠠ ᠪᠠᠢᠳᠠᠯ᠎ᠢ ᠴᠠᠭ ᠲᠤᠬᠠᠶ᠎ᠳᠤᠨᠢ
ᠬᠢᠨᠠᠨ ᠬᠠᠮᠢᠶᠠᠷᠴᠤ᠌᠂ ᠴᠠᠯᠢᠩ ᠦᠷᠢᠲᠦᠵᠦ ᠪᠠᠢᠭ᠎ᠠ ᠪᠠᠢᠳᠠᠯ᠎ᠢ ᠤᠷᠢᠳᠴᠢᠯᠠᠨ ᠰᠡᠷᠡᠮᠵᠢᠯᠡᠭᠦᠯᠬᠦ ᠵᠢ ᠴᠠᠭ
ᠲᠤᠬᠠᠶ᠎ᠳᠤᠨᠢ ᠢᠯᠡᠷᠡᠭᠦᠯᠦᠨ ᠱᠢᠶ᠋ᠳᠪᠦᠷᠢᠯᠡᠵᠦ ᠪᠠᠢᠨ᠎ᠠ; ᠰᠦᠯᠵᠢᠶᠡᠨ ᠭᠠᠳᠠᠨ᠎ᠠ
ᠪᠠᠷᠢᠯᠭ᠎ᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠬᠦᠷᠢᠶ᠎ᠡ᠂ ᠰᠤᠷᠭᠠᠨ ᠬᠥᠮᠦᠵᠢᠯ᠎ᠦᠨ ᠪᠣᠯᠪᠠᠰᠤᠷᠠᠯ᠎ᠤᠨ ᠠᠵᠢᠯ
ᠲᠥᠷᠥᠯ᠎ᠦᠨ ᠴᠠᠯᠢᠩ ᠥᠷᠢᠲᠦᠬᠦ᠌ᠠᠰᠠᠭᠤᠳᠠᠯᠢ ᠵᠠᠰᠠᠬᠤ᠎ᠪᠠᠷ ᠭᠤᠤᠯᠳᠠᠯᠭ᠎ᠠ ᠪᠣᠯᠭᠠᠵᠤ᠂ ᠴᠠᠯᠢᠩ ᠥᠷᠢᠲᠦᠬᠦ᠌
ᠳᠠᠯᠳᠠ ᠬᠡᠮ᠎ᠢ ᠪᠥᠬᠥ᠌ ᠲᠠᠯ᠎ᠠ᠎ᠪᠠᠷ ᠠᠷᠢᠯᠭᠠᠵᠤ ᠪᠠᠢᠨ᠎ᠠ ᠭᠡᠵᠡᠢ᠃
ᠶᠠᠭ ᠥᠷᠨᠢᠭᠦᠯᠵᠦ᠍
ᠪᠠᠢᠭ᠎ᠠ ᠴᠠᠯᠢᠩ ᠥᠷᠢᠲᠦᠬᠦ᠌ᠠᠰᠠᠭᠤᠳᠠᠯᠢ ᠦᠨᠳᠦᠰᠦᠨ᠎ᠡᠴᠡ ᠨᠢ ᠵᠠᠰᠠᠬᠤ ᠡᠪᠦᠯ᠎ᠦᠨ ᠤᠯᠠᠷᠢᠯ᠎ᠤᠨ ᠲᠤᠰᠭᠠᠶ
ᠠᠵᠢᠯᠯᠠᠭ᠎ᠠ᠎ᠶ᠋ᠢᠨ ᠳᠤᠮᠳᠠ᠂ ᠴᠦᠩᠴᠢᠩ ᠬᠤᠲᠠ ᠪᠠᠰᠠ ᠬᠦᠴᠦᠨ᠎ᠢᠶᠡᠨ ᠵᠣᠬᠢᠶᠠᠨ ᠪᠠᠢᠭᠤᠯᠤᠨ ᠠᠵᠤ ᠠᠬᠤᠢᠯᠠᠯ ᠵᠢᠴᠢ
ᠪᠠᠷᠢᠯᠭ᠎ᠠ᠎ᠶ᠋ᠢᠨ ᠭᠠᠵᠠᠷ᠎ᠤᠨ ᠨᠢᠭᠡᠳᠦᠭᠡᠷ ᠹᠷᠣᠨᠲ᠎ᠲᠤ ᠪᠥᠬᠥ᠌ ᠲᠠᠯ᠎ᠠ᠎ᠪᠠᠷ ᠭᠦᠨᠵᠡᠭᠡᠢᠷᠡᠨ ᠪᠠᠢᠴᠠᠭᠠᠨ ᠣᠢᠯᠠᠭᠠᠵᠤ᠂
ᠬᠥᠯᠥᠰᠥᠨ ᠠᠵᠢᠯᠴᠢᠨ᠎ᠤ ᠴᠠᠯᠢᠩ᠎ᠢ ᠥᠭ᠌ᠭᠦᠭ᠌ᠰᠡᠨ ᠪᠠᠢᠳᠠᠯ ᠵᠢᠴᠢ ᠴᠠᠯᠢᠩ ᠥᠭ᠌ᠬᠦ ᠪᠠᠲᠤᠯᠠᠭ᠎ᠠ᠎ᠶ᠋ᠢᠨ ᠲᠦᠷᠢᠮ᠎ᠢ
ᠨᠠᠢᠳᠠᠪᠤᠷᠢᠵᠢᠭᠤᠯᠤᠭ᠍ᠰᠠᠨ ᠪᠠᠢᠳᠠᠯ᠎ᠢ ᠲᠥᠪᠯᠡᠷᠡᠭᠦᠯᠦᠨ ᠪᠠᠢᠴᠠᠭᠠᠵᠤ᠂ ᠴᠠᠯᠢᠩ ᠥᠷᠢᠲᠦᠵᠦ ᠪᠠᠢᠭ᠎ᠠ ᠰᠦᠪᠡᠭ᠌ᠴᠢ᠎ᠶ᠋ᠢ《ᠲᠦᠷᠭᠡᠨ ᠪᠠᠢᠴᠠᠭᠠᠨ ᠲᠦᠷᠭᠡᠨ ᠱᠢᠶ᠋ᠳᠪᠦᠷᠢᠯᠡᠬᠦ᠌》 ᠶ᠋ᠢᠨ ᠬᠠᠮᠲᠤ 2021 ᠣᠨ᠎ᠳᠤ ᠱᠢᠶ᠋ᠳᠪᠦᠷᠢᠯᠡᠬᠦ᠌᠎ᠪᠡᠷ
ᠭᠥᠯᠢᠶᠡᠨ ᠠᠪᠤᠭ᠍ᠰᠠᠨ ᠴᠠᠯᠢᠩ ᠥᠷᠢᠲᠦᠭᠰᠡᠨ 1600 ᠭᠠᠷᠤᠶ ᠬᠡᠷᠡᠭ᠎ᠢ
ᠳᠠᠬᠢᠨ ᠪᠠᠢᠴᠠᠭᠠᠵᠤ᠂ ᠥᠷᠢᠲᠦᠵᠦ᠍ ᠪᠠᠢᠭ᠎ᠠ ᠴᠠᠯᠢᠩ᠎ᠢ ᠬᠥᠯᠥᠰᠥᠨ ᠠᠵᠢᠯᠴᠢᠨ ᠨᠢᠭᠡᠪᠦᠷᠢ᠎ᠳᠦ ᠥᠭ᠌ᠬᠦ᠎ᠶ᠋ᠢ ᠦᠨᠡᠨ
ᠬᠦ᠌ ᠪᠠᠲᠤᠯᠠᠪᠠ᠃