ᠮᠠᠨ᠎ᠤ ᠤᠷᠤᠨ᠎ᠤ 5 ᠰᠤᠷᠭᠠᠭᠤᠯᠢ ᠰᠣᠩᠭᠣᠭ᠍ᠳᠠᠪᠠ
2022-01-28 08:13:38
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠣᠢᠷ᠎ᠠ ᠎ᠳᠤ ᠰᠤᠷᠭᠠᠨ ᠬᠥᠮᠦᠵᠢᠯ ᠎ᠦᠨ ᠶᠠᠮᠤᠨ ᠎ᠤ ᠠᠯᠪᠠᠨ ᠲᠢᠩᠬᠢᠮ ᠡᠴᠡ 《ᠲᠦᠷᠦᠭᠦᠦ ᠪᠦᠯᠦᠭ᠎ᠤᠨ ᠪᠥᠬᠥ᠌ ᠤᠯᠤᠰ᠎ᠤᠨ ᠰᠤᠷᠭᠠᠭᠤᠯᠢ᠎ᠶ᠋ᠢᠨ ᠲᠦᠷᠭᠡᠨ ᠠᠪᠤᠷᠠᠯᠳᠠ ᠵᠢᠨ ᠰᠤᠷᠭᠠᠨ ᠬᠥᠮᠦᠵᠢᠯ᠎ᠦᠨ ᠲᠤᠷᠱᠢᠯᠲᠠ᠎ᠶ᠋ᠢᠨ ᠴᠡᠭ᠎ᠤᠨ ᠪᠥᠲᠥᠭᠡᠨ ᠪᠠᠢᠭᠤᠯᠤᠯᠲᠠ ᠪᠠ ᠬᠠᠮᠢᠶᠠᠷᠤᠯᠲᠠ᠎ᠶ᠋ᠢᠨ ᠠᠵᠢᠯ᠎ᠢ ᠰᠠᠢᠲᠤᠷ ᠬᠢᠬᠦ᠌ ᠲᠤᠬᠠᠶ ᠮᠡᠳᠡᠭ᠌ᠳᠡᠯ》᠎ᠢ ᠳᠠᠷᠤᠮᠠᠯᠯᠠᠨ ᠲᠠᠷᠬᠠᠭᠠᠵᠤ᠂ ᠲᠦᠷᠦᠭᠦᠦ ᠪᠦᠯᠦᠭ᠎ᠤᠨ 201 ᠪᠥᠬᠥ᠌ ᠤᠯᠤᠰ᠎ᠤᠨ ᠲᠦᠷᠭᠡᠨ ᠠᠪᠤᠷᠠᠯᠳᠠ ᠵᠢᠨ ᠰᠤᠷᠭᠠᠨ ᠬᠥᠮᠦᠵᠢᠯ᠎ᠦᠨ ᠲᠤᠷᠱᠢᠯᠲᠠ᠎ᠶ᠋ᠢᠨ ᠴᠡᠭ ᠵᠢᠡᠷ ᠰᠤᠨᠭᠭᠤᠭᠳᠠᠭᠰᠠᠨ ᠰᠤᠷᠭᠠᠭᠤᠯᠢ᠎ᠶ᠋ᠢᠨ ᠨᠡᠷᠡᠰ ᠪᠠ 《ᠲᠦᠷᠦᠭᠦᠦ ᠪᠦᠯᠦᠭ ᠪᠥᠬᠥ᠌ ᠤᠯᠤᠰ᠎ᠤᠨ ᠰᠤᠷᠭᠠᠭᠤᠯᠢ᠎ᠶ᠋ᠢᠨ ᠲᠦᠷᠭᠡᠨ ᠠᠪᠤᠷᠠᠯᠳᠠ ᠵᠢᠨ ᠰᠤᠷᠭᠠᠨ ᠬᠥᠮᠦᠵᠢᠯ᠎ᠦᠨ ᠲᠤᠷᠱᠢᠯᠲᠠ᠎ᠶ᠋ᠢᠨ ᠴᠡᠭ᠎ᠤᠨ ᠠᠵᠢᠯ᠎ᠤᠨ ᠬᠡᠷᠡᠭ᠌ᠵᠢᠭᠦᠯᠬᠦ᠌ ᠲᠥᠰᠦᠯ》 ᠎ᠢ ᠨᠡᠢᠳᠡᠯᠡᠪᠡ᠂ ᠡᠬᠦᠨ ᠳ᠋ᠤ ᠮᠠᠨ᠎ᠤ ᠤᠷᠤᠨ᠎ᠤ ᠦᠪᠦᠷ ᠮᠤᠨᠭᠭᠤᠯ᠎ᠤᠨ ᠪᠠᠭᠰᠢ ᠵᠢᠨ ᠶᠡᠬᠡ ᠰᠤᠷᠭᠠᠭᠤᠯᠢ᠂ ᠦᠪᠦᠷ ᠮᠤᠨᠭᠭᠤᠯ ᠶᠡᠬᠡ ᠰᠤᠷᠭᠠᠭᠤᠯᠢ᠂ ᠦᠪᠦᠷ ᠮᠤᠨᠭᠭᠤᠯ᠎ᠤᠨ ᠲᠠᠷᠢᠶᠠᠯᠠᠡᠭ᠎ᠤᠨ ᠶᠡᠬᠡ ᠰᠤᠷᠭᠠᠭᠤᠯᠢ᠂ ᠰᠢᠯᠢ ᠵᠢᠨ ᠭᠤᠤᠯ ᠠᠵᠢᠯ ᠮᠡᠷᠭᠡᠵᠢᠯ᠎ᠤᠨ ᠳᠡᠭᠡᠳᠤ ᠰᠤᠷᠭᠠᠭᠤᠯᠢ᠂ ᠤᠯᠠᠭᠠᠨᠬᠤᠳᠠ ᠵᠢᠨ ᠨᠢᠭᠡᠳᠤᠭᠡᠷ ᠳᠤᠮᠳᠠᠳᠤ ᠰᠤᠷᠭᠠᠭᠤᠯᠢ ᠵᠡᠷᠭᠡ 5 ᠰᠤᠷᠭᠠᠭᠤᠯᠢ ᠰᠤᠨᠭᠭᠤᠭᠳᠠᠪᠠ᠃

 ᠲᠠᠨᠢᠯᠴᠠᠭᠤᠯᠤᠭ᠍ᠰᠠᠨ᠎ᠢᠶᠠᠷ᠂ 201 ᠰᠤᠷᠭᠠᠭᠤᠯᠢ ᠨᠢ ᠪᠡᠶ᠎ᠡ᠎ᠪᠡᠨ ᠳᠠᠭᠠᠭᠠᠵᠤ ᠭᠤᠶᠤᠴᠢᠯᠠᠨ ᠮᠡᠳᠡᠭᠦᠯᠬᠦ᠌ ᠂ ᠮᠤᠵᠢ᠎ᠶ᠋ᠢᠨ ᠱᠠᠲᠤᠨ᠎ᠤ ᠰᠤᠷᠭᠠᠨ ᠬᠥᠮᠦᠵᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠡᠴᠡ ᠬᠢᠨᠠᠨ ᠬᠠᠷᠭᠤᠭᠤᠯᠵᠤ ᠲᠠᠨᠢᠯᠴᠠᠭᠤᠯᠬᠤ᠂ ᠰᠤᠷᠭᠠᠨ ᠬᠥᠮᠦᠵᠢᠯ ᠎ᠦᠨ ᠶᠠᠮᠤᠨ ᠶᠡᠷᠦᠩᠬᠡᠢᠯᠡᠨ ᠮᠠᠭᠠᠳᠯᠠᠨ ᠲᠣᠭ᠍ᠲᠠᠭᠠᠬᠤ᠎ᠶ᠋ᠢᠨ ᠬᠠᠮᠲᠤ ᠵᠠᠷᠯᠠᠨ ᠨᠡᠢᠲᠡᠯᠡᠭ᠌ᠰᠡᠨ᠎ᠦ ᠳᠠᠷᠠᠭ᠎ᠠ ᠲᠣᠭ᠍ᠲᠠᠭᠠᠭ᠍ᠰᠠᠨ ᠶᠤᠮ᠂ ᠡᠭᠦᠨ᠎ᠳᠦ ᠶᠡᠬᠡ ᠳᠡᠭᠡᠳᠦ ᠰᠤᠷᠭᠠᠭᠤᠯᠢ 72᠂ ᠥᠨᠳᠥᠷ ᠳᠤᠮᠳᠠᠳᠤ ᠰᠤᠷᠭᠠᠭᠤᠯᠢ 64᠂ ᠳᠡᠭᠡᠳᠦ ᠵᠡᠷᠭᠡ᠎ᠶ᠋ᠢᠨ ᠠᠵᠢᠯ ᠮᠡᠷᠭᠡᠵᠢᠯ᠎ᠤᠨ ᠰᠤᠷᠭᠠᠭᠤᠯᠢ 53᠂ ᠳᠤᠮᠳᠠ ᠵᠡᠷᠭᠡ᠎ᠶ᠋ᠢᠨ ᠠᠵᠢᠯ ᠮᠡᠷᠭᠡᠵᠢᠯ᠎ᠤᠨ ᠰᠤᠷᠭᠠᠭᠤᠯᠢ 12 ᠪᠣᠶ᠃  

         

 ᠢᠷᠡᠯᠳᠡ᠄ ᠠᠷᠠᠳ᠎ᠤᠨ ᠰᠦᠯᠵᠢᠶ᠎ᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号