1 ᠰᠠᠷ᠎ᠠ᠎ᠶ᠋ᠢᠨ 26 ᠤ ᠡᠳᠦᠷ ᠬᠥᠬᠡᠬᠣᠲᠠ᠎ᠶ᠋ᠢᠨ ᠵᠡᠭᠦᠨ ᠥᠷᠲᠡᠭᠡ ᠬᠢᠭᠡᠳ ᠦᠬᠠᠶ ᠥᠷᠲᠡᠭᠡ᠎ᠶ᠋ᠢᠨ
ᠬᠣᠭᠣᠷᠣᠨᠳᠣᠬᠢ ᠬᠣᠲᠠ᠎ᠶ᠋ᠢᠨ ᠬᠣᠭᠣᠷᠣᠨᠳᠣᠬᠢ ᠬᠥᠳᠡᠯᠭᠡᠭᠦ ᠬᠦᠴᠦᠨ᠎ᠤ ᠴᠤᠪᠤᠭ᠎ᠠ ᠭᠠᠯᠳᠤ ᠲᠡᠷᠭᠡ ᠠᠶᠠᠯᠠᠯ
ᠵᠢᠡᠨ ᠡᠬᠢᠯᠡᠬᠦᠯᠪᠡ!
ᠮᠠᠨ᠎ᠤ ᠤᠷᠤᠨ ᠠᠷᠠᠳ ᠲᠦᠮᠡᠨᠳ᠋ᠡᠭᠡᠨ
ᠨᠠᠩ ᠲᠠᠭᠠᠯᠠᠮᠵᠢᠲᠠᠶ ᠲᠦᠷᠭᠡᠨ ᠠᠶᠠᠯᠠᠯ ᠬᠠᠩᠭᠠᠵᠤ᠂ ᠪᠦᠬᠦ ᠤᠷᠤᠨ᠎ᠤ ᠣᠷᠣᠨ ᠪᠦᠰᠡ᠎ᠶ᠋ᠢᠨ ᠵᠣᠬᠢᠴᠠᠩᠭᠤᠶ ᠬᠥᠭ᠌ᠵᠢᠯᠲᠡ᠎ᠳᠦ
ᠬᠦᠴᠦᠨ ᠨᠡᠮᠡᠷᠢᠯᠡᠬᠦ᠌ ᠶ᠋ᠢᠨ ᠲᠥᠯᠥᠭᠡ᠂ ᠳᠤᠮᠳᠠᠳᠤ ᠤᠯᠤᠰ᠎ᠤᠨ ᠲᠡᠮᠦᠷ ᠵᠠᠮ᠎ᠤᠨ ᠬᠥᠬᠡᠬᠣᠲᠠ᠎ᠶ᠋ᠢᠨ ᠲᠣᠪᠴᠢᠶ᠎ᠠ᠎ᠶ᠋ᠢᠨ
ᠪᠦᠯᠦᠭ᠌ᠯᠡᠯ᠎ᠤᠨ ᠬᠢᠵᠠᠭᠠᠷᠲᠤ ᠺᠣᠮᠫᠠᠨᠢ 1 ᠰᠠᠷ᠎ᠠ ᠶ᠋ᠢᠨ 26 ᠤ ᠡᠳᠦᠷ ᠬᠥᠬᠡᠬᠣᠲᠠ᠎ᠶ᠋ᠢᠨ ᠵᠡᠭᠦᠨ ᠥᠷᠲᠡᠭᠡ
ᠪᠣᠯᠤᠨ ᠦᠬᠠᠶ ᠥᠷᠲᠡᠭᠡ᠎ᠶ᠋ᠢᠨ ᠬᠣᠭᠣᠷᠣᠨᠳᠣᠬᠢ C485/6 ᠤᠳᠠᠭ᠎ᠠ᠎ᠶ᠋ᠢᠨ ᠬᠣᠲᠠ᠎ᠶ᠋ᠢᠨ
ᠬᠣᠭᠣᠷᠣᠨᠳᠣᠬᠢ ᠬᠥᠳᠡᠯᠭᠡᠭᠦ ᠬᠦᠴᠦᠨ᠎ᠤ ᠴᠤᠪᠤᠭ᠎ᠠ ᠭᠠᠯᠳᠤ ᠲᠡᠷᠭᠡ ᠵᠢ ᠠᠩᠬ᠎ᠠ ᠤᠳᠠᠭ᠎ᠠ ᠨᠡᠪᠳᠡᠷᠡᠬᠦᠯᠪᠡ᠃
C485/6
ᠤᠳᠠᠭ᠎ᠠ ᠶ᠋ᠢᠨ ᠬᠣᠲᠠ ᠶ᠋ᠢᠨ ᠬᠣᠭᠣᠷᠣᠨᠳᠣᠬᠢ ᠬᠥᠳᠡᠯᠭᠡᠭᠦ ᠬᠦᠴᠦᠨ᠎ᠤ ᠴᠤᠪᠤᠭ᠎ᠠ ᠭᠠᠯᠳᠤ ᠲᠡᠷᠭᠡ ᠨᠢ ᠬᠥᠬᠡᠬᠣᠲᠠ᠎ᠶ᠋ᠢᠨ
ᠵᠡᠭᠦᠨ᠂ ᠬᠥᠬᠡᠬᠣᠲᠠ᠂ ᠪᠤᠭᠤᠲᠤ᠎ᠶ᠋ᠢᠨ ᠵᠡᠭᠦᠨ᠂ ᠯᠢᠨᠾᠧ ᠪᠣᠯᠤᠨ ᠦᠬᠠᠶ ᠵᠡᠷᠭᠡ ᠲᠠᠪᠤᠨ ᠲᠡᠷᠭᠡᠨ ᠥᠷᠲᠡᠭᠡ᠎ᠳᠦ
ᠵᠣᠭ᠍ᠰᠣᠵᠤ᠂ ᠣᠳᠣᠬᠠᠨ᠎ᠤ ᠬᠥᠬᠡᠬᠣᠲᠠ ᠬᠢᠭᠡᠳ ᠦᠬᠠᠶ ᠬᠣᠶᠠᠷ ᠭᠠᠵᠠᠷ᠎ᠤᠨ ᠬᠣᠭᠣᠷᠣᠨᠳᠣ ᠠᠶᠠᠯᠠᠬᠤ ᠴᠠᠭ᠎ᠢᠶᠠᠷ
ᠬᠠᠮᠤᠭ᠎ᠤᠨ ᠣᠬᠣᠷ ᠭᠠᠯᠲᠤ ᠲᠡᠷᠭᠡ ᠪᠣᠯᠤᠭᠰᠠᠨ ᠪᠠᠢᠨ᠎ᠠ᠃
C485
ᠤᠳᠠᠭ᠎ᠠ ᠵᠢᠨ ᠠᠶᠠᠨᠴᠢᠳ᠎ᠤᠨ ᠭᠠᠯᠲᠤ ᠲᠡᠷᠭᠡ᠄
8᠄19 ᠴᠠᠭ᠎ᠲᠤ ᠬᠥᠬᠡᠬᠣᠲᠠ᠎ᠶ᠋ᠢᠨ ᠵᠡᠭᠦᠨ ᠥᠷᠲᠡᠭᠡ᠎ᠡᠴᠡ ᠮᠣᠷᠳᠠᠵᠤ 13᠄ 12
ᠴᠠᠭ᠎ᠲᠤ ᠦᠬᠠᠶ ᠥᠷᠲᠡᠭᠡᠨ᠎ᠳᠦ ᠬᠦᠷᠦᠨ᠎ᠡ᠂ ᠪᠦᠬᠦ᠌ ᠶᠠᠪᠤᠴᠠ ᠳ᠋ᠤ 4 ᠴᠠᠭ 53 ᠮᠢᠨᠦ᠋ᠲ ᠠᠶᠠᠯᠠᠨ᠎ᠠ᠃
C 486
ᠤᠳᠠᠭ᠎ᠠ᠎ᠶ᠋ᠢᠨ ᠠᠶᠠᠨᠴᠢᠳ᠎ᠤᠨ ᠭᠠᠯᠲᠤ ᠲᠡᠷᠭᠡ᠄
13 ᠄ 43 ᠴᠠᠭ᠎ᠲᠤ ᠦᠬᠠᠶ ᠥᠷᠲᠡᠭᠡ᠎ᠡᠴᠡ ᠮᠣᠷᠳᠠᠵᠤ
18 ᠄ 39 ᠴᠠᠭ᠎ᠲᠤ ᠬᠥᠬᠡᠬᠣᠲᠠ᠎ᠶ᠋ᠢᠨ ᠵᠡᠭᠦᠨ ᠥᠷᠲᠡᠭᠡᠨ᠎ᠳᠦ ᠬᠦᠷᠤᠨ᠎ᠡ
ᠪᠦᠬᠦ ᠶᠠᠪᠤᠴᠠ ᠳ᠋ᠤ 4 ᠴᠠᠭ
56 ᠮᠢᠨᠦ᠋ᠲ ᠠᠶᠠᠯᠠᠨ᠎ᠠ᠃
C485/6 ᠬᠡᠯᠪᠡᠷᠢ᠎ᠶ᠋ᠢᠨ ᠬᠥᠳᠡᠯᠭᠡᠭᠦ ᠬᠦᠴᠦᠨ᠎ᠤ ᠴᠤᠪᠤᠭ᠎ᠠ ᠭᠠᠯᠳᠤ
ᠲᠡᠷᠭᠡ ᠨᠢ ᠣᠯᠠᠨ ᠵᠦᠶ᠋ᠯ᠎ᠦᠨ ᠲᠡᠷᠢᠭᠦᠨ᠎ᠦ ᠮᠡᠷᠭᠡᠵᠢᠯ᠎ᠢ ᠬᠡᠷᠡᠭ᠌ᠯᠡᠵᠦ᠍ ᠂ ᠡᠩ᠎ᠦᠨ ᠭᠠᠯᠲᠤ ᠲᠡᠷᠭᠡ᠎ᠲᠡᠶ
ᠬᠠᠷᠢᠴᠠᠭᠤᠯᠪᠠᠯ᠂ ᠰᠠᠭᠤᠳᠠᠯ ᠨᠢ ᠨᠠᠩ ᠥᠷᠭᠡᠨ᠂ ᠲᠡᠷᠭᠡᠨ ᠸᠠᠭᠣᠨ᠎ᠳᠤ WiFi ᠱᠢᠰᠲ᠋ᠧᠮ᠂ USB ᠵᠠᠯᠭᠠᠭᠠᠰᠤ᠎ᠶ᠋ᠢᠨ ᠣᠯᠠᠨ ᠴᠢᠳᠠᠮᠵᠢᠲᠤ ᠤᠭ᠍ᠯᠠᠭᠤᠷᠭᠠ ᠵᠡᠷᠭᠡ᠎ᠶ᠋ᠢ
ᠲᠣᠬᠢᠷᠠᠭᠤᠯᠵᠤ᠂ ᠲᠡᠷᠭᠡᠨ᠎ᠳᠦ ᠰᠠᠭᠤᠬᠤ ᠣᠷᠴᠢᠨ ᠲᠣᠭᠣᠷᠢᠨ᠎ᠢ ᠨᠠᠩ ᠳᠤᠬᠢᠯᠢᠭ ᠪᠣᠯᠭᠠᠪᠠ᠃
ᠢᠷᠡᠯᠳᠡ᠄ ᠬᠦᠬᠡᠬᠤᠳᠠ ᠵᠢᠨ ᠰᠤᠨᠢᠨ ᠮᠡᠳᠡᠭᠡᠨ᠎ᠤ ᠰᠦᠯᠵᠢᠶ᠎ᠡ