ᠪᠤᠯᠤᠩ ᠨᠡᠬᠡᠬᠡᠬᠦ ᠦᠬᠡ ᠄ ᠱᠢᠨ᠎ᠡ ᠵᠢᠯ ᠳ᠋ᠤ ᠱᠢᠨ᠎ᠡ ᠳᠦᠷᠰᠦ ᠪᠠᠢᠳᠠᠯ ᠢ᠋ ᠪᠤᠢ ᠪᠤᠯᠭᠠᠵᠤ᠂ ᠱᠢᠨ᠎ᠡ ᠵᠢᠯ ᠳ᠋ᠤ ᠱᠢᠨ᠎ᠡ ᠬᠠᠭᠤᠳᠠᠰᠤ
ᠵᠢ ᠪᠢᠴᠢᠭᠯᠡᠨ᠎ᠠ᠃ 2022 ᠤᠨ ᠪᠣᠯ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠣᠶᠠᠳᠤᠭᠠᠷ
ᠵᠢᠯ᠂ ᠨᠠᠮ ᠤ᠋ᠨ ᠬᠣᠷᠢᠳᠤᠭᠠᠷ ᠶᠡᠬᠡ ᠬᠤᠷᠠᠯ ᠢ᠋ ᠬᠤᠷᠠᠯᠳᠤᠭᠤᠯᠬᠤ ᠵᠢᠯ ᠪᠣᠯᠤᠨ᠎ᠠ᠃ ᠮᠠᠨ ᠤ᠋ ᠤᠷᠤᠨ ᠤ᠋ ᠠᠵᠤ
ᠠᠬᠤᠢ ᠵᠢᠨ ᠲᠣᠭ᠍ᠲᠠᠭᠤᠨ ᠬᠥᠭ᠌ᠵᠢᠯᠲᠡ᠂ ᠨᠡᠢᠭᠡᠮ ᠤ᠋ᠨ ᠠᠮᠤᠷ ᠲᠦᠪᠱᠢᠨ ᠡᠶ᠎ᠡ ᠵᠣᠬᠢᠴᠠᠩᠭᠤᠢ᠂ ᠠᠷᠠᠳ ᠲᠦᠮᠡᠨᠦ
ᠠᠮᠤᠷ ᠵᠢᠮᠤᠷ ᠠᠵᠤ ᠲᠦᠷᠦᠵᠤ ᠪᠠᠢᠭ᠎ᠠ ᠱᠢᠨ᠎ᠡ ᠳᠦᠷᠰᠦ ᠪᠠᠢᠳᠠᠯ᠂ ᠱᠢᠨ᠎ᠡ ᠬᠤᠪᠢᠷᠠᠯᠲᠠ᠂ ᠱᠢᠨ᠎ᠡ ᠠᠮᠵᠢᠯᠲᠠ
ᠪᠦᠲᠦᠮᠵᠢ ᠶ᠋ᠢ ᠪᠦᠬᠦ᠌ ᠲᠠᠯ᠎ᠠ ᠪᠠᠷ ᠲᠡᠯᠭᠡᠵᠤ᠂ ᠥᠷᠭᠡᠨ ᠤᠯᠠᠨ ᠠᠷᠠᠳ ᠲᠦᠮᠡᠨᠦ ᠪᠠᠶᠠᠷ ᠬᠦᠷ ᠲᠠᠢ ᠰᠢᠨᠡᠯᠡᠵᠤ
ᠪᠠᠢᠭ᠎ᠠ ᠪᠠᠢᠳᠠᠯ ᠢ᠋ ᠭᠦᠢᠴᠡᠳ ᠬᠠᠷᠠᠭᠤᠯᠬᠤ ᠵᠢᠨ ᠲᠥᠯᠥᠭᠡ᠂ ᠲᠤᠰ ᠰᠦᠯᠵᠢᠶ᠎ᠡ 《ᠡᠷᠡᠮᠡᠬᠡᠢᠯᠡᠨ ᠤᠷᠤᠭᠰᠢᠯᠠᠬᠤᠢ·ᠬᠦᠳᠡᠭᠡ ᠨᠤᠳᠤᠭ
ᠤ᠋ᠨ ᠴᠠᠭᠠᠨ ᠰᠠᠷ᠎ᠠ》 ᠪᠦᠷᠢᠨ ᠵᠠᠭᠤᠴᠢᠯᠠᠭᠤᠷ ᠤ᠋ᠨ ᠤᠬᠠᠭᠤᠯᠤᠨ ᠮᠡᠳᠡᠭᠡᠯᠡᠬᠦ᠌
ᠠᠵᠢᠯᠯᠠᠭ᠎ᠠ ᠵᠢ ᠤᠬᠠᠭᠠᠯᠠᠨ ᠲᠦᠰᠦᠪᠯᠡᠵᠤ᠂ ᠥᠪᠥᠷ ᠮᠣᠩᠭᠣᠯ ᠤ᠋ᠨ ᠳᠠᠭᠤᠨ ᠢ᠋ ᠳᠠᠮᠵᠢᠭᠤᠯᠵᠤ᠂ ᠥᠪᠥᠷ ᠮᠣᠩᠭᠣᠯ
ᠤ᠋ᠨ ᠦᠵᠡᠭᠳᠡᠯ ᠢ᠋ ᠲᠡᠮᠳᠡᠭ᠌ᠯᠡᠵᠦ᠍᠂ ᠥᠪᠥᠷ ᠮᠣᠩᠭᠣᠯ ᠤ᠋ᠨ ᠦᠯᠢᠭᠡᠷ ᠢ᠋ ᠶᠠᠷᠢᠵᠤ᠂ ᠲᠠ ᠤᠯᠠᠨ ᠳ᠋ᠠᠭᠠᠨ ᠰᠠᠷ᠎ᠠ ᠰᠢᠨ᠎ᠠ ᠵᠢᠨ ᠮᠡᠨᠳᠤᠴᠢᠯᠡᠯ ᠲᠡᠪᠰᠢᠬᠦᠯᠵᠤ ᠪᠠᠢᠨ᠎ᠠ᠃
— ᠨᠠᠢᠷᠠᠭᠤᠯᠤᠭᠴᠢ
ᠡᠴᠡ
1
ᠰᠠᠷ᠎ᠠ
ᠶ᠋ᠢᠨ 23
ᠤ᠋ 6 ᠴᠠᠭ ᠲᠦ᠍᠂ ᠣᠲᠣᠭ ᠤ᠋ᠨ ᠡᠮᠦᠨᠡᠲᠦ
ᠬᠣᠱᠢᠭᠤᠨ ᠤ᠋ ᠲᠤᠯᠤᠨ ᠵᠠᠮ ᠤ᠋ᠨ ᠭᠠᠯ ᠰᠡᠷᠭᠡᠢᠯᠡᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠥᠷᠲᠡᠭᠡᠨ᠎ᠦ
ᠳᠠᠷᠤᠭ᠎ᠠ ᠶᠤᠸᠠᠨ ᠭᠦᠸᠧ ᠶᠦᠩ ᠲᠡᠷᠭᠡᠨ ᠬᠥᠮᠥᠷᠭᠡ ᠳ᠋ᠤ ᠬᠦᠷᠴᠦ᠍᠂ ᠭᠠᠯ ᠤᠨᠳᠠᠷᠠᠭᠠᠬᠤ ᠪᠠᠢᠯᠳᠤᠭᠠᠨ ᠤ᠋ ᠲᠠᠪᠴᠠᠩ
ᠤ᠋ᠨ ᠲᠡᠷᠭᠡ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠭᠠᠵᠢ ᠬᠡᠷᠡᠭ᠌ᠰᠡᠯ ᠵᠡᠷᠭᠡ ᠲᠣᠨᠣᠭ᠍ᠯᠠᠯ ᠵᠢᠡᠨ
ᠨᠠᠷᠢᠨ ᠨᠢᠮᠪᠠᠢ ᠪᠠᠢᠴᠠᠭᠠᠵᠤ ᠡᠬᠢᠯᠡᠯ᠎ᠠ᠃ ᠴᠠᠭᠠᠨ
ᠰᠠᠷ᠎ᠠ ᠤᠢᠷᠠᠳᠤᠯᠠ᠂ ᠭᠠᠯ ᠤ᠋ᠨ ᠠᠶᠤᠯ ᠲᠦᠭ᠌ᠰᠢᠭᠦᠷᠢ ᠨᠡᠮᠡᠭ᠌ᠳᠡᠨ᠂ ᠭᠠᠯ ᠰᠡᠷᠭᠡᠢᠯᠡᠨ ᠭᠠᠯ ᠤᠨᠲᠠᠷᠠᠭᠠᠵᠤ
ᠠᠪᠤᠷᠠᠨ ᠲᠤᠰᠠᠯᠠᠬᠤ ᠠᠵᠢᠯᠲᠠᠳ ᠡᠩ ᠤ᠋ᠨ ᠦᠶ᠎ᠡ ᠵᠢᠨ ᠬᠢ ᠡᠴᠡ ᠪᠦᠷ ᠶᠠᠭᠠᠷᠠᠤ ᠪᠤᠯᠳᠠᠭ ᠶᠤᠮ᠃ ᠶᠤᠸᠠᠨ ᠭᠦᠸᠧ
ᠶᠦᠩ ᠰᠤᠨᠤᠷ ᠰᠠᠷᠡᠮᠵᠢ ᠪᠡᠨ ᠲᠡᠭᠡᠭᠰᠢᠯᠡᠬᠦᠯᠵᠤ᠂ ᠲᠡᠷᠭᠡᠨ ᠬᠥᠮᠥᠷᠭᠡ ᠳ᠋ᠤ ᠪᠠᠢᠨᠭᠭᠤ ᠬᠦᠷᠴᠤ ᠪᠠᠢᠴᠠᠭᠠᠨ
ᠦᠵᠡᠨ᠎ᠠ᠃ 《ᠪᠢᠳᠡᠨ ᠤ᠋ ᠬᠦᠰᠡᠯ ᠪᠣᠯ ᠪᠠᠶᠠᠷ ᠤ᠋ᠨ ᠡᠳᠦᠷ ᠭᠠᠯ ᠤ᠋ᠨ ᠠᠶᠤᠯ ᠦᠭᠡᠢ᠂ ᠠᠷᠠᠳ ᠲᠦᠮᠡᠨᠢ
ᠠᠮᠤᠷ ᠠᠮᠤᠭᠤᠯᠠᠩ ᠴᠠᠭᠠᠨ ᠰᠠᠷ᠎ᠠ ᠪᠡᠨ ᠥᠩᠭᠡᠷᠡᠭᠡᠬᠦ᠌ ᠶᠠᠪᠤᠳᠠᠯ ᠪᠣᠯᠤᠨ᠎ᠠ》 ᠬᠡᠵᠤ ᠶᠤᠸᠠᠨ ᠭᠦᠸᠧ ᠶᠦᠩ ᠬᠡᠯᠡᠨ᠎ᠠ᠂ ᠡᠨᠡ ᠨᠢ ᠮᠦᠨ ᠴᠦ᠍ ᠪᠦᠬᠦᠢᠯᠡ ᠭᠠᠯ ᠰᠡᠷᠭᠡᠢᠯᠡᠨ
ᠭᠠᠯ ᠤᠨᠲᠠᠷᠠᠭᠠᠵᠤ ᠠᠪᠤᠷᠠᠨ ᠲᠤᠰᠠᠯᠠᠬᠤ ᠠᠵᠢᠯᠲᠠᠳ ᠤ᠋ᠨ ᠴᠠᠭᠠᠨ ᠰᠠᠷᠠᠶ᠋ᠢᠨ ᠬᠦᠰᠡᠯ ᠪᠤᠯᠬᠤ ᠶᠤᠮ᠃
《ᠲᠦᠮᠡᠨ ᠤᠯᠠᠨ ᠤ᠋ ᠠᠮᠤᠷ ᠠᠮᠤᠭᠤᠯᠠᠩ ᠢ᠋ ᠰᠠᠬᠢᠨ ᠬᠠᠮᠠᠭᠠᠯᠠᠬᠤ ᠪᠣᠯ ᠪᠢᠳᠡᠨ ᠤ᠋ ᠡᠭᠦᠷᠭᠡ
ᠬᠠᠷᠢᠭᠤᠴᠠᠯᠭ᠎ᠠ ᠮᠥᠨ! ᠪᠢᠳᠡ ᠵᠠᠪᠠᠯ ᠪᠡᠯᠡᠳᠭᠡᠯ ᠠᠵᠢᠯ ᠢ᠋ ᠭᠦᠢᠴᠡᠳ
ᠬᠢᠬᠦ᠌ᠶ᠋ᠢᠨ ᠬᠠᠮᠲᠤ ᠲᠤᠬᠠᠢᠶ᠋ᠢᠨ ᠭᠠᠵᠠᠷ ᠤ᠋ᠨ ᠶᠡᠬᠡ ᠠᠩᠬᠢᠶ᠋ᠢᠨ ᠪᠠᠢᠴᠠᠭᠠᠬᠤ ᠠᠵᠢᠯᠳᠠᠨ ᠲᠠᠶ ᠬᠠᠮᠵᠢᠯᠴᠠᠨ
ᠭᠠᠯ ᠰᠡᠷᠭᠡᠢᠯᠡᠬᠦ᠌ ᠪᠠᠢᠴᠠᠭᠠᠯᠲᠠ ᠪᠠ ᠤᠬᠠᠭᠤᠯᠭ᠎ᠠ ᠵᠡᠷᠭᠡ ᠠᠵᠢᠯ ᠢ᠋ ᠰᠠᠢᠲᠤᠷ ᠬᠢᠬᠦ᠌ ᠴᠢᠬᠤᠯᠠᠳᠡᠢ》 ᠭᠡᠵᠦ᠍ ᠶᠤᠸᠠᠨ ᠭᠦᠸᠧ ᠶᠦᠩ ᠬᠡᠯᠡᠨ᠎ᠠ᠃
ᠡᠨᠡ ᠵᠢᠯ 30 ᠨᠠᠰᠤᠲᠠᠢ ᠶᠤᠸᠠᠨ ᠭᠦᠸᠧ ᠶᠦᠩ ᠪᠣᠯ ᠭᠦᠢᠵᠧᠦ ᠮᠤᠵᠢᠶ᠋ᠢᠨ ᠽᠦᠨ
ᠢ ᠬᠤᠳᠠ ᠶ᠋ᠢᠨ ᠰᠢ ᠱᠦᠢ ᠱᠢᠶᠠᠨ ᠤ᠋ ᠬᠥᠮᠦᠨ᠂ ᠲᠡᠷᠡ ᠪᠡᠷ ᠦᠪᠤᠷ ᠮᠤᠨᠭᠭᠤᠯ ᠳ᠋ᠤ ᠢᠷᠡᠵᠤ ᠠᠵᠢᠯᠯᠠᠭᠠᠳ 12
ᠵᠢᠯ ᠪᠤᠯᠴᠢᠬᠠᠵᠠᠢ᠃ ᠬᠡᠪᠡᠴᠦ ᠠᠵᠢᠯ ᠤ᠋ᠨ ᠣᠨᠴᠠᠭᠠᠢ ᠴᠢᠨᠠᠷ ᠡᠴᠡ ᠪᠣᠯᠵᠤ ᠲᠡᠷᠡ ᠶᠡᠷᠤ ᠡᠴᠡ ᠭᠡᠷ ᠲᠡᠬᠡᠨ
ᠬᠠᠷᠢᠵᠤ ᠭᠡᠷ ᠤ᠋ᠨ ᠬᠥᠮᠦᠰ ᠲᠠᠢ ᠪᠠᠨ ᠬᠠᠮᠳᠤ ᠰᠢᠨᠡᠯᠡᠵᠤ ᠦᠩᠬᠡᠷᠡᠭᠰᠡᠨ ᠦᠬᠡᠢ᠂ ᠡᠨᠡ ᠵᠢᠯ ᠮᠦᠨ ᠯᠡ ᠭᠠᠯ
ᠤᠨᠲᠠᠷᠠᠭᠠᠬᠤ ᠥᠷᠲᠡᠭᠡᠨ ᠳ᠋ᠡᠬᠡᠨ ᠰᠢᠨᠡᠯᠡᠬᠦ ᠶᠤᠮ ᠪᠠᠢᠨ᠎ᠠ᠃
6 ᠴᠠᠭ 20 ᠮᠢᠨᠦ᠋ᠲ ᠲᠦ᠍᠂ ᠪᠠᠭᠠᠵᠢ ᠬᠡᠷᠡᠭ᠌ᠰᠡᠯ ᠢ᠋ ᠪᠠᠢᠴᠠᠭᠠᠵᠤ ᠪᠠᠷᠠᠭ᠍ᠰᠠᠨ
ᠶᠤᠸᠠᠨ ᠭᠦᠸᠧ ᠶᠦᠩ ᠪᠣᠯᠪᠠᠰᠤᠷᠠᠯ ᠤ᠋ᠨ ᠲᠠᠯᠠᠪᠠᠢ ᠳ᠋ᠤ ᠢᠷᠡᠵᠦ᠍ ᠠᠨᠭᠬᠢ ᠪᠡᠨ ᠳᠠᠭᠠᠭᠤᠯᠤᠨ ᠪᠣᠯᠪᠠᠰᠤᠷᠠᠯ
ᠬᠢᠪᠡ᠃ 《ᠴᠠᠭᠠᠨ ᠰᠠᠷ᠎ᠠ ᠶ᠋ᠢᠨ ᠬᠤᠭᠤᠴᠠᠭᠠᠨ ᠳ᠋ᠠᠬᠢ ᠭᠠᠯ ᠰᠡᠷᠭᠡᠢᠯᠡᠵᠦ᠍ ᠭᠠᠯ ᠤᠨᠲᠠᠷᠠᠭᠠᠬᠤ
ᠠᠮᠤᠷ ᠲᠦᠪᠱᠢᠨ ᠢ᠋ ᠪᠠᠲᠤᠯᠠᠬᠤᠶ᠋ᠢᠨ ᠲᠥᠯᠥᠭᠡ ᠪᠢᠳᠡ ᠪᠣᠯᠪᠠᠰᠤᠷᠠᠯ ᠵᠢᠡᠨ ᠰᠤᠯᠠᠷᠠᠭᠤᠯᠤᠯ ᠦᠭᠡᠢ ᠬᠢᠵᠦ᠍᠂
ᠡᠳᠦᠷ ᠪᠦᠷᠢ ᠬᠤᠶᠠᠷ ᠴᠠᠭ ᠨᠡᠮᠡᠵᠤ ᠪᠤᠯᠪᠠᠰᠤᠷᠠᠵᠤ ᠪᠠᠢᠨ᠎ᠠ᠃ ᠡᠩ ᠤ᠋ᠨ ᠦᠶ᠎ᠡ ᠳ᠋ᠤ ᠪᠢᠳᠡ ᠰᠢᠷᠭᠠᠭᠤ ᠴᠢᠷᠮᠠᠢᠵᠤ
ᠤᠷ᠎ᠠ ᠴᠢᠳᠠᠪᠤᠷᠢ ᠪᠠᠨ ᠨᠡᠮᠡᠭ᠌ᠳᠡᠭᠦᠯᠤᠨ ᠪᠣᠳᠠᠲᠤ ᠬᠦᠴᠦᠨ ᠵᠢᠡᠨ ᠴᠢᠩᠭᠠᠷᠠᠭᠤᠯᠴᠢᠬᠠᠪᠠᠯ ᠪᠣᠳᠠᠲᠤ ᠪᠠᠢᠯᠳᠤᠭᠠᠨ
ᠤ᠋ ᠳᠤᠮᠳᠠ ᠦᠢᠯᠡᠳᠦᠯ ᠵᠢᠡᠨ ᠨᠠᠩ ᠰᠠᠢᠨ ᠪᠠᠳᠠᠷᠠᠭᠤᠯᠵᠤ ᠴᠢᠳᠠᠬᠤ ᠨᠢ ᠯᠠᠪᠳᠠᠢ ᠶᠤᠮ》 ᠭᠡᠵᠦ᠍ ᠶᠤᠸᠠᠨ ᠭᠦᠸᠧ ᠶᠦᠩ ᠬᠡᠯᠡᠨ᠎ᠠ᠃ ᠡᠳᠡᠭᠡᠷ ᠵᠢᠯ ᠤ᠋ᠳ ᠲᠦ᠍ ᠶᠤᠸᠠᠨ ᠭᠦᠸᠧ ᠶᠦᠩ
ᠪᠤᠳᠠᠳᠤ ᠠᠵᠢᠯᠯᠠᠭ᠎ᠠ ᠪᠣᠯᠤᠨ ᠦᠷ᠎ᠡ ᠪᠦᠳᠤᠮᠵᠢ ᠪᠡᠷ ᠵᠢᠡᠨ ᠠᠷᠠᠳ ᠲᠦᠮᠡᠨ ᠳ᠋ᠤ ᠦᠢᠯᠡᠴᠢᠯᠡᠬᠦ᠌ ᠠᠮᠠᠨ ᠲᠠᠩᠭᠠᠷᠢᠭ
ᠵᠢᠡᠨ ᠦᠢᠯᠡᠳᠦᠯᠭᠡᠵᠢᠭᠦᠯᠦᠭᠰᠡᠬᠡᠷ ᠢᠷᠡᠵᠠᠢ᠃
ᠤᠷᠳᠤᠰ ᠤ᠋ᠨ ᠭᠠᠯ ᠰᠡᠷᠭᠡᠢᠯᠡᠵᠦ᠍ ᠭᠠᠯ ᠤᠨᠲᠠᠷᠠᠭᠠᠬᠤ ᠠᠪᠤᠷᠠᠨ ᠲᠤᠰᠠᠯᠠᠬᠤ
ᠠᠩᠬᠢ ᠢ᠋ᠢᠨ ᠬᠢᠨ ᠴᠦᠮ ᠶᠤᠸᠠᠨ ᠭᠦᠸᠧ ᠶᠦᠩ ᠢ᠋ 《ᠶᠤᠸᠠᠨ ᠭᠠᠪᠰᠢᠭᠠᠢᠯᠠᠭᠴᠢ》 ᠬᠡᠵᠤ ᠲᠠᠭᠤᠳᠠᠳᠠᠭ᠃ 《ᠲᠡᠷᠡ ᠪᠣᠯ ᠮᠠᠨ ᠤ᠋ ᠥᠪᠥᠷ
ᠮᠣᠩᠭᠣᠯ ᠤ᠋ᠨ ᠭᠠᠯ ᠤᠨᠲᠠᠷᠠᠭᠠᠬᠤ ᠠᠩᠭᠢ ᠳ᠋ᠡᠬᠢ ᠪᠦᠬᠦ ᠲᠠᠯ᠎ᠠ ᠪᠡᠷ ᠮᠡᠷᠭᠡᠰᠢᠭᠰᠡᠨ 〈ᠲᠡᠮᠦᠷ ᠬᠥᠮᠦᠨ〉 ᠶᠤᠮ᠃ ᠭᠠᠯ ᠤᠨᠲᠠᠷᠠᠭᠠᠬᠤ᠂ ᠠᠪᠤᠷᠠᠨ
ᠲᠤᠰᠠᠯᠠᠬᠤ᠂ ᠨᠡᠢᠭᠡᠮ ᠤ᠋ᠨ ᠠᠪᠤᠷᠠᠨ ᠲᠤᠰᠠᠯᠠᠬᠤ ᠵᠡᠷᠬᠡ ᠲᠠᠯ᠎ᠠ ᠪᠡᠷ ᠲᠡᠭᠦᠨᠦ ᠴᠢᠳᠠᠬᠤ ᠦᠬᠡᠢ ᠠᠵᠢᠯ ᠬᠡᠮᠡᠨ
ᠦᠬᠡᠢ》 ᠭᠡᠵᠦ᠍ ᠣᠲᠣᠭ ᠤ᠋ᠨ ᠡᠮᠦᠨᠡᠲᠦ ᠬᠣᠱᠢᠭᠤᠨ ᠤ᠋ ᠭᠠᠯ ᠰᠡᠷᠭᠡᠢᠯᠡᠨ
ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠬᠡ ᠠᠩᠭᠢᠶ᠋ᠢᠨ ᠵᠢᠭᠠᠨ ᠵᠢᠯᠣᠭᠣᠳᠣᠭ᠍ᠴᠢ ᠵᠢᠶ ᠴᠧᠨ ᠭᠤᠸᠠᠩ ᠬᠡᠯᠡᠵᠤ
ᠪᠠᠢᠯ᠎ᠠ᠃ 《ᠶᠤᠸᠠᠨ ᠭᠦᠸᠧ ᠶᠦᠩ ᠪᠣᠯ ᠮᠠᠨ ᠤ᠋ ᠭᠠᠯ ᠤᠨᠲᠠᠷᠠᠭᠠᠬᠤ ᠠᠨᠭᠬᠢᠶ᠋ᠢᠨ
ᠲᠤᠯᠭᠠᠭᠤᠷᠢ ᠬᠦᠴᠦᠨ᠂ ᠮᠦᠨ ᠴᠦ᠍ ᠵᠠᠯᠠᠭᠤᠴᠤᠳ ᠤ᠋ᠨ ᠰᠠᠢ᠌ᠨ ᠳᠠᠭᠤᠷᠢᠶᠠᠯ ᠮᠦᠨ ᠃ 2014 ᠣᠨ ᠳ᠋ᠤ ᠲᠡᠷᠡ ᠬᠤᠪᠢ
ᠬᠥᠮᠦᠨ ᠤ᠋ ᠠᠮᠤᠷ ᠲᠦᠪᠱᠢᠨ ᠢ᠋ ᠬᠠᠢᠬᠤᠷᠤᠯ ᠦᠭᠡᠢ ᠪᠡᠷ ᠲᠤᠰᠤᠨ ᠰᠠᠪᠠ ᠳ᠋ᠤ ᠭᠠᠯ ᠤᠷᠤᠭᠰᠠᠨ ᠠᠶᠤᠯ ᠢ᠋ ᠠᠮᠵᠢᠯᠲᠠ
ᠲᠠᠶ ᠪᠡᠷ ᠱᠢᠢᠳᠪᠦᠷᠢᠯᠡᠪᠡ᠃ ᠢᠨᠭᠬᠢᠬᠡᠳ ᠥᠪᠥᠷ ᠮᠣᠩᠭᠣᠯ ᠤ᠋ᠨ ᠭᠠᠯ ᠰᠡᠷᠭᠡᠢᠯᠡᠨ ᠭᠠᠯ ᠤᠨᠲᠠᠷᠠᠭᠠᠵᠤ ᠠᠪᠤᠷᠠᠨ
ᠲᠤᠰᠠᠯᠠᠬᠤ ᠶᠡᠷᠦᠩᠬᠡᠶ ᠠᠩᠭᠢ ᠡᠴᠡ ᠲᠡᠭᠦᠨ ᠳ᠋ᠤ ᠬᠣᠶᠠᠳᠤᠭᠠᠷ ᠳᠡᠰ ᠤ᠋ᠨ ᠭᠠᠪᠢᠶ᠎ᠠ ᠲᠠᠮᠳᠡᠭᠯᠡᠵᠤ ᠦᠭᠬᠦᠭᠰᠡᠨ
ᠶᠤᠮ 》 ᠭᠡᠵᠦ᠍ ᠣᠲᠣᠭ ᠤ᠋ᠨ ᠡᠮᠦᠨᠡᠲᠦ ᠬᠣᠱᠢᠭᠤᠨ ᠤ᠋ ᠭᠠᠯ ᠰᠡᠷᠭᠡᠢᠯᠡᠨ
ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠬᠡ ᠠᠩᠭᠢᠶ᠋ᠢᠨ ᠳᠠᠷᠤᠭ᠎ᠠ ᠮᠥᠷᠡᠨ ᠬᠡᠯᠡᠨ᠎ᠠ᠃
ᠪᠠᠶᠠᠷᠲᠤᠷᠠᠰᠬᠠᠯ ᠤ᠋ᠨ ᠡᠳᠦᠷ ᠪᠣᠯᠬᠤ ᠪᠡᠷ ᠰᠠᠳᠤᠨ ᠲᠥᠷᠥᠯ ᠵᠢᠡᠨ ᠡᠷᠬᠡ
ᠦᠬᠡᠢ ᠲᠤᠷᠠᠰᠤᠨ ᠰᠠᠨᠠᠭᠠᠯᠵᠠᠨ᠎ᠠ᠂ ᠭᠡᠪᠡᠴᠦ᠍ ᠤᠯᠠᠨ ᠲᠦᠮᠡᠨ ᠤ᠋ ᠠᠮᠤᠷ ᠠᠮᠤᠭᠤᠯᠠᠩ ᠤ᠋ᠨ ᠲᠥᠯᠥᠭᠡ ᠶᠤᠸᠠᠨ
ᠭᠦᠸᠧ ᠶᠦᠩ ᠪᠤᠯᠤᠨ ᠲᠠᠢᠴᠢᠨ ᠨᠥᠬᠥᠳ ᠨᠢ ᠰᠡᠳᠬᠢᠯ ᠳ᠋ᠡᠭᠡᠨ ᠲᠠᠷᠤᠵᠤ᠂ ᠪᠣᠳᠠᠲᠤ ᠠᠵᠢᠯᠯᠠᠭ᠎ᠠ ᠪᠠᠷ ᠵᠢᠡᠨ ᠤᠯᠠᠨ
ᠲᠦᠮᠡᠨ ᠤ᠋ ᠠᠮᠤᠷ ᠠᠮᠤᠭᠤᠯᠠᠩ ᠢ᠋ ᠰᠠᠬᠢᠨ ᠬᠠᠮᠠᠭᠠᠯᠠᠵᠤ ᠪᠠᠢᠳᠠᠭ᠃ ᠣᠢᠯᠠᠭᠠᠭ᠍ᠰᠠᠨ ᠵᠢᠡᠷ᠂ ᠡᠨᠡ ᠵᠢᠯ ᠮᠠᠨ
ᠤ᠋ ᠣᠷᠣᠨ ᠤ᠋ ᠭᠠᠯ ᠰᠡᠷᠭᠡᠢᠯᠡᠨ ᠭᠠᠯ ᠤᠨᠲᠠᠷᠠᠭᠠᠵᠤ ᠠᠪᠤᠷᠠᠨ ᠲᠤᠰᠠᠯᠠᠬᠤ 4000 ᠭᠠᠷᠤᠶ ᠠᠵᠢᠯᠲᠠᠨ ᠴᠠᠭᠠᠨ
ᠰᠠᠷ᠎ᠠ ᠶ᠋ᠢᠨ ᠬᠤᠭᠤᠴᠠᠭᠠᠨ ᠳ᠋ᠤ ᠠᠵᠢᠯ ᠤ᠋ᠨ ᠪᠠᠢᠷᠢ ᠪᠠᠨ ᠪᠠᠲᠤ ᠰᠠᠬᠢᠵᠤ᠂ ᠠᠷᠠᠳ ᠤᠯᠠᠨ ᠢ᠋ᠢᠡᠨ ᠬᠠᠮᠠᠭᠠᠯᠠᠬᠤ
ᠪᠤᠯᠤᠨ᠎ᠠ᠃