ᠬᠦᠭᠵᠢᠯᠲᠡ ᠵᠢᠨ ᠢᠲᠡᠭᠡᠯ᠎ᠢᠶᠡᠨ ᠪᠠᠲᠤᠳᠬᠠᠵᠤ ᠡᠷᠡᠮᠡᠬᠡᠢᠯᠡᠨ ᠤᠷᠤᠭᠰᠢᠯᠠᠬᠤ ᠬᠦᠴᠦᠨ᠎ᠢᠶᠡᠨ ᠨᠢᠭᠲᠠᠷᠠᠭᠤᠯᠤᠨᠠᠮ
2022-01-29 09:32:56
ᠵᠣᠬᠢᠶᠠᠭ᠍ᠴᠢ᠄
ᠳᠠᠳᠤᠯᠭ᠎ᠠ᠎ᠶ᠋ᠢᠨ ᠰᠤᠷᠪᠤᠯᠵᠢᠯᠠᠭ᠍ᠴᠢ ᠯᠢ ᠴᠤᠤ ᠷᠠᠨ
ᠣᠩᠱᠢᠭ᠍ᠰᠠᠨ ᠣᠳᠠᠭ᠎ᠠ᠄
★★★☆☆

— 2022 ᠤᠨ᠎ᠤ ᠦᠪᠡᠷᠲᠡᠭᠡᠨ ᠵᠠᠰᠠᠬᠤ ᠤᠷᠤᠨ᠎ᠤ ᠬᠤᠶᠠᠷ ᠬᠤᠷᠠᠯ ᠤᠷᠤᠨ᠎ᠤ ᠰᠢᠭᠤᠳ ᠬᠠᠷᠢᠶ᠎ᠠ ᠪᠠᠢᠭᠤᠯᠭ᠎ᠠ ᠵᠢᠨ ᠺᠠᠳ᠋ᠷ ᠤᠯᠠᠨ ᠲᠦᠮᠡᠨ᠎ᠤ ᠲᠤᠮᠳᠠ ᠬᠠᠯᠠᠭᠤᠨ ᠲᠤᠰᠬᠠᠯ ᠭᠠᠷᠪᠠ

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠠᠵᠢᠯᠯᠠᠬᠤ ᠬᠤᠷᠢᠶ᠎ᠠ᠄《ᠲᠠᠪᠤᠨ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ》᠎ᠶ᠋ᠢ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠦᠶ᠋ᠯᠡᠳᠦᠯᠭᠡ᠎ᠳᠦ ᠤᠬᠠᠮᠰᠠᠷ᠎ᠠᠴᠠ᠎ᠪᠠᠨ ᠠᠭᠤᠰᠤᠯᠴᠠᠭᠤᠯᠤᠨ᠎ᠠ

ᠤᠢ᠍ᠢᠷ᠎ᠠ᠎ᠶ᠋ᠢᠨ ᠡᠳᠦᠷ᠎ᠲᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠠᠵᠢᠯᠯᠠᠬᠤ ᠬᠤᠷᠢᠶ᠎ᠠ ᠵᠢᠨ ᠨᠠᠮ᠎ᠤᠨ ᠭᠡᠱᠢᠭᠦᠨ ᠺᠠᠳ᠋ᠷ ᠬᠤᠪᠢ ᠬᠥᠮᠦᠨ᠎ᠦ ᠥᠪᠡᠷ᠎ᠤᠨ ᠰᠤᠷᠤᠯᠴᠠᠯᠭ᠎ᠠ ᠪᠠ ᠬᠠᠮᠲᠤ᠎ᠶ᠋ᠢᠨ ᠰᠤᠷᠤᠯᠴᠠᠯᠭ᠎ᠠ᠎ᠶ᠋ᠢ ᠵᠣᠬᠢᠶᠠᠨ ᠪᠠᠢᠭᠤᠯᠬᠤ ᠵᠡᠷᠭᠡ ᠬᠡᠯᠪᠡᠷᠢ᠎ᠪᠡᠷ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠴᠠᠭ ᠲᠤᠬᠠᠢ᠎ᠳᠤᠨᠢ ᠳᠠᠭᠠᠨ ᠰᠤᠷᠤᠯᠴᠠᠪᠠ᠃

ᠣᠯᠠᠨ᠎ᠢᠶᠠᠷ᠎ᠢᠶᠠᠨ᠂ ᠡᠨᠡ ᠤᠳᠠᠭ᠎ᠠ᠎ᠶ᠋ᠢᠨ ᠶᠡᠬᠡ ᠬᠤᠷᠠᠯ ᠪᠣᠯ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ᠎ᠤ ᠤᠳᠠᠭ᠎ᠠ ᠪᠦᠷᠢ᠎ᠶ᠋ᠢᠨ ᠪᠥᠬᠥᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠬᠤ ᠵᠠᠩᠭᠢᠯᠠᠭ᠎ᠠ᠎ᠶ᠋ᠢᠨ ᠦᠶ᠎ᠡ᠎ᠳᠦ ᠬᠤᠷᠠᠯᠳᠤᠭᠤᠯᠤᠭ᠍ᠰᠠᠨ ᠨᠢᠭᠡ ᠤᠳᠠᠭ᠎ᠠ᠎ᠶ᠋ᠢᠨ ᠮᠠᠰᠢ ᠴᠢᠬᠤᠯᠠ ᠬᠤᠷᠠᠯ ᠪᠣᠯᠤᠨ᠎ᠠ᠂ ᠪᠥᠬᠥ᠌ ᠣᠷᠣᠨ᠎ᠤ 2400 ᠭᠠᠷᠤᠶ ᠲᠦᠮᠡᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠤᠷᠮᠠᠰᠢᠭᠤᠯᠤᠨ ᠵᠣᠷᠢᠭ᠍ᠵᠢᠭᠤᠯᠵᠤ ᠪᠠᠢᠭᠠᠳ ᠱᠢᠨ᠎ᠡ ᠠᠶᠠᠨ᠎ᠳᠤ ᠡᠷᠡᠯᠬᠡᠭ᠌ᠯᠡᠨ ᠤᠷᠤᠭ᠍ᠰᠢᠯᠠᠭᠤᠯᠵᠤ᠂ ᠱᠢᠨ᠎ᠡ ᠴᠠᠭ ᠦᠶ᠎ᠡ᠎ᠳᠦ ᠭᠠᠪᠢᠶ᠎ᠠ ᠪᠠᠢᠭᠤᠯᠬᠤ᠎ᠳᠤ ᠲᠤᠢᠯ᠎ᠤᠨ ᠴᠢᠬᠤᠯᠠ ᠠᠴᠢ ᠬᠣᠯᠪᠣᠭ᠍ᠳᠠᠯ᠎ᠲᠠᠶ ᠶᠤᠮ ᠭᠡᠵᠦ᠍ ᠨᠢᠭᠡᠲᠦᠯᠲᠡᠢ ᠦᠵᠡᠵᠡᠭᠡᠪᠡ᠃

ᠤᠯᠠᠨ᠎ᠢᠶᠠᠷ᠎ᠢᠶᠠᠨ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠬᠤᠷᠠᠯ᠎ᠤᠨ ᠵᠣᠷᠢᠭ ᠰᠠᠨᠠᠭ᠎ᠠ᠎ᠲᠠᠶ ᠦᠨᠡᠨ ᠬᠦ᠌ ᠨᠢᠭᠡᠳᠭᠡᠵᠦ᠍᠂ ᠥᠪᠥᠷ ᠮᠣᠩᠭᠣᠯ᠎ᠤᠨ ᠡᠭᠦᠷᠭᠡᠯᠡᠵᠦ᠍ ᠪᠠᠢᠭ᠎ᠠ 《ᠲᠠᠪᠤᠨ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ》ᠵᠢ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠦᠢᠯᠡᠳᠦᠯᠭᠡ᠎ᠳᠦ ᠤᠬᠠᠮᠰᠠᠷ᠎ᠠᠴᠠ᠎ᠪᠠᠨ ᠠᠭᠤᠰᠤᠯᠴᠠᠭᠤᠯᠵᠦ᠍᠂ ᠰᠤᠷᠤᠯᠴᠠᠯᠭ᠎ᠠ ᠬᠥᠮᠦᠵᠢᠯ᠂ ᠤᠬᠠᠭᠤᠯᠭ᠎ᠠ ᠲᠠᠢᠯᠪᠤᠷᠢᠯᠠᠯᠲᠠ᠂ ᠨᠠᠢᠳᠠᠪᠤᠷᠢᠵᠢᠭᠤᠯᠤᠯᠲᠠ᠎ᠶ᠋ᠢ ᠠᠬᠢᠭᠤᠯᠬᠤ ᠲᠠᠯ᠎ᠠ᠎ᠪᠠᠷ ᠠᠩᠬᠠᠷᠤᠯ᠎ᠢᠶᠠᠨ ᠲᠥᠪᠯᠡᠷᠡᠭᠦᠯᠦᠨ ᠬᠦᠴᠦᠯᠡᠵᠦ᠍᠂ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠳᠤ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠬᠠᠯᠠᠭᠤᠨ ᠥᠷᠨᠢᠯᠲᠡ᠎ᠶ᠋ᠢ ᠳᠠᠷᠤᠢ ᠲᠦᠷᠭᠡᠨ ᠪᠤᠢ ᠪᠤᠯᠭᠠᠬᠤ ᠬᠡᠷᠡᠭᠲᠡᠢ᠃ ᠦᠨᠳᠦᠰᠦᠨ ᠱᠠᠳᠤ᠎ᠶ᠋ᠢ ᠠᠳᠭᠤᠵᠤ ᠰᠠᠭᠤᠷᠢ ᠲᠠᠯᠪᠢᠬᠤ ᠠᠵᠢᠯ᠎ᠢ ᠬᠦᠴᠦᠯᠡᠨ ᠰᠠᠢᠳᠤᠷ ᠬᠢᠵᠦ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠤᠯᠤᠰ ᠲᠦᠷᠦ᠍᠎ᠶ᠋ᠢᠨ ᠴᠢᠳᠠᠪᠬᠢ ᠪᠣᠯᠤᠨ ᠵᠣᠬᠢᠶᠠᠨ ᠪᠠᠢᠭᠤᠯᠬᠤ ᠬᠦᠴᠦᠨ᠎ᠢ ᠲᠠᠰᠤᠷᠠᠯᠳᠠ ᠦᠭᠡᠢ ᠳᠡᠭᠡᠭ᠌ᠰᠢᠯᠡᠭᠦᠯᠵᠦ᠍᠂ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠯᠢᠭ ᠪᠣᠳᠠᠲᠠᠢ ᠨᠠᠢᠳᠠᠪᠤᠷᠢᠵᠢᠭᠤᠯᠬᠤ ᠵᠢ ᠠᠬᠢᠭᠤᠯᠬᠤ᠎ᠳᠤ ᠵᠣᠬᠢᠶᠠᠨ ᠪᠠᠢᠭᠤᠯᠤᠯᠲᠠ᠎ᠶ᠋ᠢᠨ ᠪᠠᠲᠤᠯᠠᠭ᠎ᠠ ᠪᠣᠯᠤᠨ ᠬᠦᠴᠦᠨ ᠴᠢᠳᠠᠯ᠎ᠤᠨ ᠲᠤᠯᠭᠠᠭᠤᠷᠢᠯᠠᠯ ᠬᠠᠩᠭᠠᠵᠤ᠂ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠵᠦ᠍᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ《ᠬᠣᠶᠠᠷ᠎ᠢ ᠲᠣᠭ᠍ᠲᠠᠭᠠᠬᠤ》 ᠵᠢ ᠡᠷᠡᠰ ᠬᠦᠷᠢᠶᠡᠯᠡᠵᠦ᠍᠂《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠵᠦ᠍᠂ ᠱᠢᠯᠢᠳᠡᠭ ᠠᠮᠵᠢᠯᠲᠠ᠎ᠪᠠᠷ᠎ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠶ᠋ᠢ ᠤᠭ᠍ᠲᠤᠬᠤ ᠬᠡᠷᠡᠭ᠌ᠲᠡᠢ ᠭᠡᠵᠦ᠍ ᠢᠯᠡᠳᠭᠡᠵᠡᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号