ᠦᠪᠡᠷᠳᠡᠭᠡᠨ ᠵᠠᠰᠠᠬᠤ ᠤᠷᠤᠨ ᠤ᠋ ᠦᠨᠳᠦᠰᠦᠳᠡᠨ ᠤ᠋ ᠬᠡᠷᠡᠭ ᠡᠷᠬᠢᠯᠡᠬᠦ ᠵᠦᠪᠯᠡᠯ᠄ ᠦᠨᠳᠦᠰᠦᠲᠡᠨ᠎ᠦ ᠪᠦᠯᠬᠦᠮᠳᠡᠯ᠎ᠦᠨ ᠶᠡᠬᠡ ᠲᠠᠯ᠎ᠠ᠎ᠶ᠋ᠢ ᠦᠷᠭᠦᠯᠵᠢᠯᠡᠨ ᠪᠡᠬᠢᠵᠢᠭᠦᠯᠦᠨ ᠬᠥᠭ᠌ᠵᠢᠭᠦᠯᠦᠨ᠎ᠡ
2022-01-29 09:43:15
ᠵᠣᠬᠢᠶᠠᠭ᠍ᠴᠢ᠄
ᠳᠠᠳᠤᠯᠭ᠎ᠠ᠎ᠶ᠋ᠢᠨ ᠰᠤᠷᠪᠤᠯᠵᠢᠯᠠᠭ᠍ᠴᠢ ᠯᠢ ᠼᠦᠨ ᠱᠢᠶᠠ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠢᠷᠭᠤᠳᠤᠭᠠᠷ ᠬᠤᠷᠠᠯ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠬᠣᠶᠠᠳᠤᠭᠠᠷ ᠬᠤᠭᠤᠴᠠᠭᠠᠨ᠎ᠤ ᠬᠣᠷᠢᠶᠠᠨ᠎ᠤ ᠲᠠᠪᠤᠳᠤᠭᠠᠷ ᠬᠤᠷᠠᠯ ᠡᠬᠢᠯᠡᠭ᠌ᠰᠡᠨ᠎ᠦ ᠲᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠬᠢᠯᠡᠬᠦ᠌ ᠵᠥᠪᠯᠡᠯ᠎ᠦᠨ ᠨᠠᠮ᠎ᠤᠨ ᠭᠡᠱᠢᠭᠦᠨ ᠺᠠᠳ᠋ᠷ ᠠᠵᠢᠯᠳᠠᠳ ᠲᠧᠯᠸᠢᠰ᠂ ᠰᠦᠯᠵᠢᠶ᠎ᠡ ᠵᠡᠷᠭᠡ ᠤᠯᠠᠨ ᠵᠦᠢᠯ᠎ᠦᠨ ᠠᠷᠭ᠎ᠠ ᠬᠡᠯᠪᠡᠷᠢ᠎ᠪᠡᠷ ᠬᠤᠷᠠᠯ᠎ᠤᠨ ᠦᠪᠡᠳᠡᠭ᠌ᠰᠢ ᠪᠠᠢᠳᠠᠯ᠎ᠢ ᠬᠦᠯᠢᠶᠠᠨ ᠠᠪᠴᠤ᠌ ᠦᠵᠡᠵᠦ᠍᠂ ᠬᠤᠷᠠᠯ᠎ᠤᠨ ᠵᠣᠷᠢᠭ ᠰᠠᠨᠠᠭ᠎ᠠ᠎ᠶ᠋ᠢ ᠲᠡᠷᠡ ᠳᠠᠷᠤᠢ᠎ᠳᠤᠨᠢ ᠰᠤᠷᠤᠯᠴᠠᠨ ᠣᠢᠯᠠᠭᠠᠪᠠ᠃

ᠤᠯᠠᠨ᠎ᠢᠶᠠᠷ᠎ᠢᠶᠠᠨ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠨᠢ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠪᠠᠷ ᠭᠣᠣᠯᠳᠠᠭᠤᠯᠤᠨ ᠲᠦᠯᠦᠪᠵᠢᠭᠦᠯᠭᠡ ᠬᠢᠵᠤ᠂ 2021 ᠣᠨ᠎ᠤ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠢᠯ᠎ᠦᠨ ᠠᠵᠢᠯ ᠦᠢᠯᠡᠰ᠎ᠦᠨ ᠣᠯᠤᠭ᠍ᠰᠠᠨ ᠠᠮᠵᠢᠯᠲᠠ ᠪᠣᠯᠤᠨ ᠲᠤᠷᠱᠢᠯᠭ᠎ᠠ᠎ᠶ᠋ᠢ ᠪᠦᠬᠦ᠌ ᠲᠠᠯ᠎ᠠ᠎ᠪᠠᠷ ᠳ᠋ᠦᠩᠨᠡᠵᠦ᠍᠂ 2022 ᠣᠨ᠎ᠤ ᠬᠥᠭ᠌ᠵᠢᠯᠲᠡ᠎ᠶ᠋ᠢᠨ ᠬᠠᠷᠠᠯᠲᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠳᠤᠷᠠᠳᠴᠠᠢ᠃ ᠪᠦᠬᠦ᠌ ᠣᠷᠣᠨ᠎ᠤ ᠦᠨᠳᠦᠰᠦᠲᠡᠨ ᠨᠤᠭᠦᠳ᠎ᠦᠨ ᠠᠷᠠᠳ ᠲᠦᠮᠡᠨ᠎ᠦ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠍᠂ ᠱᠢᠨ᠎ᠡ ᠴᠠᠭ ᠦᠶ᠎ᠡ᠎ᠳᠦ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢᠶᠠᠨ ᠪᠦᠲᠦᠭᠡᠨ ᠪᠠᠢᠭᠤᠯᠵᠤ᠂ ᠠᠭᠤᠤ ᠶᠡᠬᠡ ᠳᠤᠮᠳᠠᠳᠤ᠎ᠶ᠋ᠢᠨ ᠵᠡᠭᠦᠳᠦ᠍᠎ᠪᠡᠨ ᠬᠠᠮᠲᠤ᠎ᠪᠠᠷ ᠲᠡᠷᠭᠡᠯᠱᠢᠭᠦᠯᠬᠦ᠌ ᠰᠦᠷᠯᠢᠭ ᠰᠠᠢᠬᠠᠨ ᠬᠠᠭᠤᠳᠠᠰᠤ᠎ᠶ᠋ᠢ ᠪᠢᠴᠢᠭ᠌ᠯᠡᠬᠦ᠌᠎ᠶ᠋ᠢ ᠵᠣᠷᠢᠭ᠍ᠵᠢᠭᠤᠯᠬᠤ ᠨᠢ ᠯᠠᠪᠲᠠᠢ ᠭᠡᠵᠤ ᠦᠵᠡᠵᠡᠭᠡᠪᠡ᠃

ᠣᠯᠠᠨ᠎ᠢᠶᠠᠷ᠎ᠢᠶᠠᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠣᠣᠯ ᠱᠢᠵᠢᠮ᠎ᠲᠡᠶ ᠨᠢᠭ᠍ᠲᠠ ᠤᠶᠠᠯᠳᠤᠭᠤᠯᠤᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠪᠦᠬᠦ᠌ ᠲᠠᠯ᠎ᠠ᠎ᠪᠠᠷ ᠳᠡᠯᠭᠡᠷᠡᠭᠦᠯᠦᠨ ᠲᠦᠭᠡᠮᠡᠯᠵᠢᠭᠦᠯᠵᠤ᠂ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠯᠠᠪᠳᠠᠭᠤᠨ ᠪᠠᠲᠤᠲᠠᠢ ᠳᠡᠯᠭᠡᠷᠡᠭᠦᠯᠦᠨ ᠬᠡᠷᠡᠭ᠌ᠯᠡᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ ᠵᠢ ᠡᠭᠦᠳᠦᠨ ᠪᠠᠢᠭᠤᠯᠬᠤ ᠠᠵᠢᠯᠯᠠᠭ᠎ᠠ ᠵᠢ ᠭᠦᠨᠵᠡᠭᠡᠶ ᠤᠳᠠᠭᠠᠨ ᠳᠠᠭᠠᠭᠠᠮᠠᠭᠠᠶ ᠥᠷᠨᠢᠭᠦᠯᠵᠤ᠂ ᠳᠤᠮᠳᠠᠳᠤ᠎ᠶ᠋ᠢᠨ ᠦᠨᠳᠦᠰᠦᠲᠡᠨ᠎ᠦ᠎ᠬᠠᠮᠲᠤ᠎ᠶ᠋ᠢᠨ᠎ᠣᠶᠤᠨ᠎ᠰᠠᠨᠠᠭᠠᠨ᠎ᠤ᠎ᠭᠡᠷ ᠣᠷᠣᠨ᠎ᠤ ᠪᠠᠢᠭᠤᠯᠤᠯᠲᠠ᠎ᠶ᠋ᠢ ᠠᠬᠢᠭᠤᠯᠬᠤ᠂ ᠦᠨᠳᠦᠰᠦᠲᠡᠨ᠎ᠨᠦᠭᠦᠳ ᠨᠡᠢᠭᠡᠮ ᠵᠢᠷᠤᠮ᠎ᠤᠨ ᠣᠳᠣᠬᠢᠴᠢᠯᠠᠯᠲᠠ ᠲᠡᠢᠰᠢ ᠬᠠᠮᠲᠤ ᠪᠠᠷ ᠤᠷᠤᠭ᠍ᠰᠢᠯᠠᠬᠤ ᠵᠢ ᠠᠬᠢᠭᠤᠯᠬᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ᠂ ᠦᠨᠳᠦᠰᠦᠲᠡᠨ᠎ᠦ ᠬᠡᠷᠡᠭ ᠶᠠᠪᠤᠳᠠᠯ ᠤ᠋ᠨ ᠵᠠᠰᠠᠯᠲᠠ᠎ᠶ᠋ᠢᠨ ᠱᠢᠰᠲ᠋ᠧᠮ ᠪᠣᠯᠤᠨ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌ ᠲᠠᠯ᠎ᠠ᠎ᠪᠠᠷ ᠡᠮᠦᠨ᠎ᠡ ᠨᠢ ᠬᠣᠱᠢᠭᠤᠷᠠᠨ ᠳᠠᠭᠤᠷᠢᠶᠠᠯ ᠦᠵᠡᠭᠦᠯᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ᠋ ᠡᠷᠬᠢᠮ ᠳᠡᠭᠡᠳᠦ ᠢᠷᠠᠭᠤ ᠠᠯᠳᠠᠷ᠎ᠢ ᠰᠠᠢᠲᠤᠷ ᠬᠠᠮᠠᠭᠠᠯᠠᠬᠤ᠎ᠶ᠋ᠢᠨ ᠲᠥᠯᠥᠭᠡ ᠬᠤᠪᠢ ᠨᠡᠮᠡᠷᠢ ᠦᠵᠡᠭᠦᠯᠵᠤ᠂ ᠱᠢᠯᠢᠳᠡᠭ ᠬᠢᠷᠢ ᠪᠦᠲᠦᠮᠵᠢ᠎ᠪᠡᠷ ᠵᠢᠡᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠶ᠋ᠢ ᠤᠭ᠍ᠲᠤᠨ᠎ᠠ ᠭᠡᠵᠤ ᠰᠠᠨᠠᠯ ᠨᠢᠭᠡᠳᠠᠢ ᠢᠯᠡᠳᠭᠡᠵᠡᠭᠡᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号