ᠦᠪᠡᠷᠳᠡᠭᠡᠨ ᠵᠠᠰᠠᠬᠤ ᠤᠷᠤᠨ ᠤ᠋ ᠠᠷᠠᠳ ᠤ᠋ᠨ ᠦᠨᠳᠦᠷ ᠵᠡᠷᠭᠡ ᠵᠢᠨ ᠰᠢᠬᠦᠬᠦ ᠬᠤᠷᠢᠶ᠎ᠠ᠄ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭ᠌ᠵᠢᠯᠲᠡ᠎ᠳᠦ ᠬᠦᠴᠦᠲᠡᠢ ᠬᠠᠤᠯᠢ ᠴᠠᠭᠠᠵᠠ᠎ᠶ᠋ᠢᠨ ᠦᠢᠯᠡᠴᠢᠯᠡᠭᠡ ᠬᠠᠩᠭᠠᠨ᠎ᠠ
2022-01-29 10:10:32
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠬᠤᠭᠤᠴᠠᠭᠠᠨ᠎ᠳᠤ᠂ ᠪᠦᠬᠦ᠌ ᠣᠷᠣᠨ᠎ᠤ ᠡᠯ᠎ᠡ ᠱᠠᠲᠤᠨ᠎ᠤ ᠱᠢᠭᠦᠬᠦ᠌ ᠬᠣᠷᠢᠶᠠᠨ᠎ᠤ ᠺᠠᠳ᠋ᠷ ᠴᠠᠭ᠍ᠳᠠᠭ᠎ᠠ ᠷᠠᠳᠢᠣ᠋᠂ ᠲᠧᠯᠸᠢᠰ᠂ ᠰᠣᠨᠢᠨ᠂ ᠱᠢᠨ᠎ᠡ ᠵᠠᠭᠤᠴᠢᠯᠠᠭᠤᠷ ᠵᠡᠷᠭᠡ ᠠᠷᠭ᠎ᠠ ᠵᠠᠮ᠎ᠢᠶᠠᠷ ᠬᠤᠷᠠᠯ᠎ᠤᠨ ᠪᠠᠢᠳᠠᠯ᠎ᠢ ᠠᠩᠬᠠᠷᠴᠤ᠌᠂ ᠬᠤᠷᠠᠯ᠎ᠤᠨ ᠵᠣᠷᠢᠭ ᠰᠠᠨᠠᠭ᠎ᠠ᠎ᠶ᠋ᠢ ᠲᠡᠷᠡ ᠳᠠᠷᠤᠢ᠎ᠳᠤᠨᠢ ᠰᠤᠷᠤᠯᠴᠠᠪᠠ᠃ ᠤᠯᠠᠨ᠎ᠢᠶᠠᠷ᠎ᠢᠶᠠᠨ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠬᠤᠷᠠᠯ᠎ᠤᠨ ᠵᠣᠷᠢᠭ ᠰᠠᠨᠠᠭ᠎ᠠ᠎ᠲᠠᠶ ᠨᠢᠭᠡᠳᠭᠡᠵᠦ᠍᠂ ᠱᠢᠭᠦᠬᠦ᠌ ᠬᠣᠷᠢᠶᠠᠨ᠎ᠤ ᠠᠵᠢᠯ᠎ᠤᠨ ᠭᠠᠷᠳᠠᠬᠤ ᠴᠡᠭ ᠪᠠ ᠬᠦᠴᠦᠯᠡᠬᠦ᠌ ᠴᠡᠭ ᠢ᠋ ᠣᠨᠣᠪᠴᠢᠲᠠᠢ ᠣᠯᠵᠤ᠂ ᠲᠤᠰ ᠪᠡᠶ᠎ᠡ᠎ᠶ᠋ᠢᠨ ᠴᠢᠳᠠᠪᠤᠷᠢ᠎ᠶ᠋ᠢᠨ ᠪᠠᠢᠭᠤᠯᠤᠯᠲᠠ᠎ᠪᠠᠨ ᠦᠷᠭᠦᠯᠵᠢᠯᠡᠨ ᠴᠢᠩᠭᠠᠳᠭᠠᠵᠤ᠂ ᠬᠠᠤᠯᠢ ᠴᠠᠭᠠᠵᠠ᠎ᠶ᠋ᠢᠨ ᠦᠢᠯᠡᠴᠢᠯᠡᠭᠡ᠎ᠪᠡᠨ ᠴᠢᠩᠭᠠᠳᠭᠠᠵᠤ᠂ ᠠᠷᠠᠳ ᠤᠯᠠᠨ᠎ᠤ ᠬᠦᠷᠲᠡᠮᠵᠢ ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ᠎ᠦ ᠲᠦᠷᠦᠭ᠌ᠳᠡᠯ᠎ᠢ ᠲᠠᠰᠤᠷᠠᠯᠲᠠ ᠦᠭᠡᠢ ᠨᠡᠮᠡᠭ᠌ᠳᠡᠭᠦᠯᠦᠨ᠎ᠡ ᠭᠡᠵᠦ᠍ ᠢᠯᠡᠳᠭᠡᠵᠡᠭᠡᠪᠡ᠃

ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠨᠠᠷᠢᠨ ᠬᠢᠨᠠᠮᠠᠭᠠᠶ ᠰᠤᠷᠤᠯᠴᠠᠭ᠍ᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠣᠷᠢᠶᠠᠨ᠎ᠤ ᠠᠯᠪᠠᠨ ᠬᠡᠷ᠎ᠦᠨ ᠡᠷᠬᠢᠯᠡᠭ᠌ᠴᠢ ᠳ᠋ᠦᠩ ᠯᠢ ᠭᠦᠨ ᠲᠥᠷᠥᠭ᠌ᠳᠡᠯ᠎ᠲᠡᠶ ᠪᠠᠢᠯ᠎ᠠ᠄ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠠᠷᠠᠳ᠎ᠤᠨ ᠠᠮᠢᠳᠤᠷᠠᠯ᠎ᠢ ᠲᠣᠪᠣᠢᠮ᠎ᠠ ᠪᠠᠢᠷᠢᠨ᠎ᠳᠤ ᠲᠠᠯᠪᠢᠵᠤ᠂ ᠠᠯᠢ ᠣᠯᠠᠨ ᠪᠣᠳᠠᠲᠠᠶ ᠨᠠᠢᠳᠠᠪᠤᠷᠢᠵᠢᠭᠤᠯᠬᠤ ᠠᠷᠭ᠎ᠠ ᠬᠡᠮᠵᠢᠶ᠎ᠡ ᠨᠢ ᠠᠷᠠᠳ ᠲᠦᠮᠡᠨ᠎ᠳᠦ ᠦᠨᠡᠨ ᠬᠦ᠌ ᠪᠣᠳᠠᠲᠤ ᠠᠱᠢᠭ ᠬᠦᠷᠲᠡᠭᠡᠵᠦ᠍᠂ ᠬᠠᠢᠷ᠎ᠠ ᠬᠠᠯᠠᠮᠵᠢ ᠬᠦᠷᠲᠡᠭᠡᠬᠦ ᠪᠤᠯᠤᠨ᠎ᠠ᠃ ᠬᠣᠢᠱᠢᠳᠠ᠎ᠶ᠋ᠢᠨ ᠠᠵᠢᠯ᠎ᠤᠨ ᠳᠤᠮᠳᠠ ᠪᠢᠳᠡ ᠠᠷᠠᠳ᠎ᠤᠨ ᠲᠥᠯᠥᠭᠡ ᠬᠠᠤᠯᠢ ᠪᠠᠷᠢᠬᠤ᠎ᠶ᠋ᠢ ᠨᠡᠩ ᠴᠤ᠌ ᠲᠡᠷᠢᠭᠦᠨ ᠪᠠᠢᠷᠢᠨ᠎ᠳᠤ ᠲᠠᠯᠪᠢᠵᠤ᠂ ᠲᠤᠬᠠᠢᠯᠠᠭ᠍ᠰᠠᠨ ᠠᠵᠢᠯ᠎ᠢᠶᠠᠨ ᠯᠠᠪᠳᠠᠭᠤᠨ ᠪᠠᠲᠤᠲᠠᠢ ᠰᠠᠢᠲᠤᠷ ᠬᠢᠵᠦ᠍᠂ ᠪᠦᠬᠦ᠌ ᠰᠡᠳᠭᠢᠯ ᠪᠦᠬᠦ᠌ ᠵᠣᠷᠢᠭ᠎ᠢᠶᠠᠷ᠎ᠢᠶᠠᠨ ᠠᠷᠠᠳ ᠲᠦᠮᠡᠨ᠎ᠳᠦ ᠦᠢᠯᠡᠴᠢᠯᠡᠨ᠎ᠠ》 ᠭᠡᠵᠤ ᠬᠡᠯᠡᠨ᠎ᠠ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠣᠷᠢᠶᠠᠨ᠎ᠤ ᠺᠠᠳ᠋ᠷ ᠴᠠᠭ᠍ᠳᠠᠭ᠎ᠠ ᠪᠦᠦ ᠯᠢᠨ᠄ 《ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠭᠠᠳ ᠨᠠᠳᠠ᠎ᠳᠤ ᠮᠠᠰᠢ ᠶᠡᠬᠡ ᠵᠣᠷᠢᠭ᠍ᠵᠢᠭᠤᠯᠤᠯ ᠪᠣᠯᠬᠤ᠎ᠶ᠋ᠢᠨ ᠬᠠᠮᠲᠤ᠂ ᠮᠥᠷᠥᠨ ᠳᠡᠭᠡᠷᠡᠬᠢ ᠬᠠᠷᠢᠭᠤᠴᠠᠯᠭ᠎ᠠ᠎ᠶ᠋ᠢᠨ ᠬᠦᠨᠳᠦ᠍ ᠭᠡᠳᠡᠭ ᠢ᠋ ᠰᠠᠢᠨ ᠮᠡᠳᠡᠵᠡᠢ᠃ ᠠᠷᠠᠳ᠎ᠤᠨ ᠱᠢᠭᠦᠬᠦ᠌ ᠬᠣᠷᠢᠶ᠎ᠠ ᠪᠤᠯ ᠭᠠᠵᠢᠭᠤ ᠪᠤᠷᠤᠭᠤ᠎ᠶ᠋ᠢ ᠠᠷᠢᠯᠭᠠᠨ ᠲᠥᠪ ᠶᠣᠰᠣ᠎ᠶ᠋ᠢ ᠲᠡᠳᠬᠦᠬᠦ᠂ ᠨᠡᠢᠭᠡᠮ᠎ᠦᠨ ᠪᠡᠶ᠎ᠡ ᠴᠣᠭ᠍ᠴᠠ᠎ᠶ᠋ᠢᠨ ᠡᠷᠡᠭᠦᠯ ᠮᠡᠨᠳᠦ᠍᠎ᠶ᠋ᠢ ᠪᠠᠲᠤᠯᠠᠬᠤ ᠴᠢᠬᠤᠯᠠ ᠬᠦᠴᠦᠨ ᠮᠥᠨ᠂ ᠪᠢ ᠠᠷᠠᠳ᠎ᠤᠨ ᠱᠢᠭᠦᠬᠦ᠌ ᠬᠣᠷᠢᠶᠠᠨ᠎ᠤ ᠤᠯᠤᠰ ᠲᠦᠷᠦ᠍᠎ᠶ᠋ᠢᠨ ᠱᠢᠨᠵᠢ ᠴᠢᠨᠠᠷ ᠪᠠ ᠨᠡᠢᠭᠡᠮ᠎ᠦᠨ ᠬᠠᠷᠢᠭᠤᠴᠠᠯᠭ᠎ᠠ᠎ᠶ᠋ᠢ ᠴᠠᠭ ᠢᠮᠠᠭ᠍ᠲᠠ ᠪᠠᠲᠤ ᠴᠡᠭᠡᠵᠢᠯᠡᠵᠦ᠍᠂ ᠵᠠᠯᠠᠭᠤ ᠨᠠᠰᠤ᠎ᠪᠠᠷ᠎ᠢᠶᠠᠨ ᠬᠠᠤᠯᠢ ᠴᠠᠭᠠᠵᠠ᠎ᠶ᠋ᠢᠨ ᠢᠲᠡᠭᠡᠯ ᠪᠢᠱᠢᠷᠡᠯ᠎ᠢ ᠰᠠᠬᠢᠨ ᠬᠠᠮᠠᠭᠠᠯᠠᠵᠤ᠂ ᠡᠭᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ᠎ᠳᠤ ᠬᠦᠴᠦᠨ ᠴᠢᠳᠠᠯ᠎ᠢᠶᠠᠨ ᠡᠷᠭᠦᠨ᠎ᠡ》 ᠭᠡᠵᠤ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号