ᠤᠢ᠍ᠢᠷ᠎ᠠ᠎ᠶ᠋ᠢᠨ ᠡᠳᠦᠷ᠎ᠲᠦ᠂ ᠪᠦᠬᠦ᠌ ᠣᠷᠣᠨ᠎ᠤ ᠪᠠᠢᠴᠠᠭᠠᠬᠤ ᠱᠢᠰᠲ᠋ᠧᠮ᠎ᠦᠨ ᠺᠠᠳ᠋ᠷ ᠴᠠᠭ᠍ᠳᠠᠭ᠎ᠠ ᠷᠠᠳᠢᠣ᠋᠂ ᠲᠧᠯᠸᠢᠰ᠂ ᠰᠣᠨᠢᠨ ᠵᠡᠷᠭᠡ ᠤᠯᠠᠨ ᠵᠦᠢᠯ᠎ᠦᠨ ᠬᠡᠯᠪᠡᠷᠢ᠎ᠪᠡᠷ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠦᠪᠡᠳᠡᠭ᠌ᠰᠢ ᠪᠠᠢᠳᠠᠯ᠎ᠢ ᠬᠦᠯᠢᠶᠠᠨ ᠠᠪᠴᠤ᠌ ᠰᠣᠨᠣᠰᠤᠨ ᠦᠵᠡᠵᠦ᠍᠂ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠬᠤ ᠥᠷᠨᠢᠯᠲᠡ᠎ᠶ᠋ᠢ ᠦᠳᠲᠡᠷ ᠲᠦᠷᠭᠡᠨ ᠪᠤᠢ ᠪᠣᠯᠭᠠᠪᠠ᠃ ᠣᠯᠠᠨ᠎ᠢᠶᠠᠷ᠎ᠢᠶᠠᠨ᠂ ᠬᠤᠷᠠᠯ᠎ᠤᠨ ᠠᠭᠤᠯᠭ᠎ᠠ᠎ᠶ᠋ᠢ ᠵᠠᠪᠠᠯ ᠨᠠᠷᠢᠨ ᠬᠢᠨᠠᠮᠠᠭᠠᠶ ᠰᠤᠷᠤᠯᠴᠠᠨ ᠣᠢᠯᠠᠭᠠᠵᠤ᠂ ᠥᠪᠡᠷ᠎ᠦᠨ ᠠᠵᠢᠯ᠎ᠤᠨ ᠪᠠᠢᠷᠢ ᠳᠡᠭᠡᠷ᠎ᠡ᠎ᠪᠡᠨ ᠵᠣᠷᠢᠭ᠍ᠲᠠᠶ ᠪᠠᠷ ᠬᠠᠷᠢᠭᠤᠴᠠᠯᠭ᠎ᠠ ᠡᠭᠦᠷᠭᠡᠯᠡᠵᠦ᠍᠂ ᠡᠷᠡᠮᠡᠬᠡᠢᠯᠡᠨ ᠤᠷᠤᠭ᠍ᠰᠢᠯᠠᠵᠤ᠂ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢᠶᠠᠨ ᠪᠥᠲᠥᠭᠡᠨ ᠪᠠᠢᠭᠤᠯᠵᠤ᠂ ᠠᠭᠤᠤ ᠶᠡᠬᠡ ᠳᠤᠮᠳᠠᠳᠤ᠎ᠶ᠋ᠢᠨ ᠵᠡᠭᠦᠳᠦ᠍᠎ᠪᠡᠨ ᠬᠠᠮᠲᠤ᠎ᠪᠠᠷ ᠲᠡᠷᠭᠡᠯᠱᠢᠭᠦᠯᠬᠦ᠌᠎ᠶ᠋ᠢᠨ ᠲᠥᠯᠥᠭᠡ ᠴᠢᠷᠮᠠᠢᠨ ᠲᠡᠮᠡᠴᠡᠨ᠎ᠡ ᠭᠡᠵᠦ᠍ ᠢᠯᠡᠳᠭᠡᠵᠡᠭᠡᠪᠡ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶᠠᠨ᠎ᠤ ᠳᠥᠷᠪᠡᠳᠦᠭᠡᠷ ᠪᠠᠢᠴᠠᠭᠠᠬᠤ ᠬᠡᠯᠲᠡᠰ᠎ᠦᠨ ᠪᠠᠢᠴᠠᠭᠠᠭ᠍ᠴᠢ ᠳᠠᠷᠤᠭ᠎ᠠ᠎ᠶ᠋ᠢᠨ ᠲᠤᠰᠠᠯᠠᠭ᠍ᠴᠢ ᠲᠢᠶᠠᠨ ᠾᠧ᠄《ᠢᠯᠡᠳᠬᠡᠯ ᠨᠢ ᠰᠡᠳᠭᠢᠯ᠎ᠢ ᠨᠢᠭᠡᠳᠭᠡᠨ ᠬᠦᠴᠦ᠍᠎ᠵᠢ ᠬᠠᠮᠲᠤᠳᠭᠠᠵᠤ᠂ ᠬᠥᠮᠦᠰ᠎ᠦᠨ ᠰᠡᠳᠭᠢᠯ᠎ᠢ ᠵᠣᠷᠢᠭ᠍ᠵᠢᠭᠤᠯᠪᠠ᠂ ᠪᠠᠢᠴᠠᠭᠠᠬᠤ ᠹᠷᠣᠨᠲ᠎ᠤᠨ ᠨᠢᠭᠡ ᠭᠡᠱᠢᠭᠦᠨ ᠪᠣᠯᠤᠭ᠍ᠰᠠᠨ᠎ᠤ ᠬᠤᠪᠢ᠎ᠳᠤ᠂ ᠪᠢ ᠤᠬᠠᠮᠰᠠᠷ᠎ᠠᠴᠠ᠎ᠪᠠᠨ ᠲᠤᠬᠠᠢᠯᠠᠭ᠍ᠰᠠᠨ ᠠᠵᠢᠯ᠎ᠢᠶᠠᠨ ᠪᠦᠬᠦ᠌ ᠣᠷᠣᠨ᠎ᠤ ᠠᠵᠢᠯ ᠤᠨ ᠶᠡᠬᠡ ᠲᠠᠯ᠎ᠠ᠎ᠳᠤ ᠲᠠᠯᠪᠢᠵᠤ ᠪᠣᠳᠣᠯᠬᠢᠯᠠᠨ ᠠᠬᠢᠭᠤᠯᠵᠤ᠂ ᠢᠯᠠᠩᠭᠤᠶ᠎ᠠ ᠮᠠᠨ᠎ᠤ ᠣᠷᠣᠨ᠎ᠤ ᠠᠵᠤ ᠠᠬᠤᠢ ᠮᠥᠩᠭᠥᠨ ᠭᠦᠢᠯᠭᠡᠭᠡᠨ᠎ᠦ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠬᠤ᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠲᠤᠰᠭᠠᠢ ᠴᠡᠭ᠌ᠴᠡᠯᠡᠨ ᠵᠠᠰᠠᠬᠤ ᠵᠡᠷᠭᠡ ᠬᠦᠷᠢᠶᠡᠨ᠎ᠦ ᠠᠵᠢᠯ᠎ᠳᠤ ᠣᠷᠣᠯᠴᠠᠬᠤ᠎ᠶ᠋ᠢ ᠬᠣᠶᠠᠷ ᠬᠤᠷᠠᠯ᠎ᠤᠨ ᠵᠣᠷᠢᠭ ᠰᠠᠨᠠᠭ᠎ᠠ᠎ᠲᠠᠶ ᠭᠦᠢᠴᠡᠳ ᠤᠶᠠᠯᠳᠤᠭᠤᠯᠵᠤ᠂ ᠮᠠᠨ᠎ᠤ ᠣᠷᠣᠨ᠎ᠤ ᠠᠵᠤ ᠠᠬᠤᠢ ᠨᠡᠢᠭᠡᠮ᠎ᠦᠨ ᠲᠣᠭ᠍ᠲᠠᠭᠤᠨ ᠬᠥᠭ᠌ᠵᠢᠯᠲᠡ᠎ᠳᠦ ᠪᠠᠲᠤᠯᠠᠭ᠎ᠠ ᠬᠠᠩᠭᠠᠨ᠎ᠠ》 ᠭᠡᠵᠡᠢ᠃
ᠱᠢᠨ᠎ᠡ ᠭᠠᠷᠤᠭ᠎ᠠ᠎ᠳᠤ ᠵᠤᠭᠰᠤᠨ᠂ ᠪᠠᠢᠴᠠᠭᠠᠬᠤ ᠠᠵᠢᠯ᠎ᠤᠨ ᠱᠢᠨ᠎ᠡ ᠠᠶᠠᠨ᠎ᠢ ᠡᠬᠢᠯᠡᠭᠦᠯᠦᠨ᠎ᠡ᠃ ᠪᠦᠬᠦ᠌ ᠣᠷᠣᠨ᠎ᠤ ᠪᠠᠢᠴᠠᠭᠠᠬᠤ ᠪᠠᠢᠭᠤᠯᠭ᠎ᠠ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠳᠤ ᠠᠮᠤᠷ ᠲᠦᠪᠱᠢᠨ ᠲᠣᠭ᠍ᠲᠠᠭᠤᠨ ᠣᠷᠴᠢᠨ ᠲᠣᠭᠣᠷᠢᠨ᠎ᠢ ᠪᠤᠢ ᠪᠣᠯᠭᠠᠬᠤ ᠡᠨᠡ ᠬᠦ᠌ ᠭᠣᠣᠯ ᠰᠡᠳᠦᠪ᠎ᠦᠨ ᠲᠣᠭᠣᠷᠢᠨ᠎ᠳᠤ᠂ ᠪᠠᠢᠴᠠᠭᠠᠬᠤ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠪᠡᠷ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭ᠌ᠵᠢᠯᠲᠡ᠎ᠳᠦ ᠦᠢᠯᠡᠴᠢᠯᠡᠬᠦ᠌ ᠡᠨᠡ ᠬᠦ᠌ ᠭᠣᠣᠯ ᠱᠢᠵᠢᠮ᠎ᠢ ᠪᠠᠲᠤ ᠡᠵᠡᠮᠳᠡᠵᠦ᠍᠂ ᠰᠤᠷᠲᠠᠯ᠎ᠢ ᠴᠢᠩᠭᠠᠳᠭᠠᠬᠤ᠂ ᠨᠠᠢᠳᠠᠪᠤᠷᠢᠵᠢᠭᠤᠯᠤᠯᠲᠠ᠎ᠶ᠋ᠢ ᠴᠢᠬᠤᠯᠠᠴᠢᠯᠠᠬᠤ᠂ ᠦᠷ᠎ᠡ ᠪᠦᠲᠦᠮᠵᠢ ᠶ᠋ᠢ ᠳᠡᠭᠡᠭ᠌ᠰᠢᠯᠡᠭᠦᠯᠬᠦ᠌᠎ᠪᠡᠷ ᠤᠳᠤᠷᠢᠳᠤᠮᠵᠢ ᠪᠣᠯᠭᠠᠵᠤ᠂ 《ᠲᠦᠷᠪᠡᠨ ᠶᠡᠬᠡ ᠪᠠᠢᠴᠠᠭᠠᠬᠤ ᠠᠵᠢᠯ》 ᠤ᠋ᠨ ᠡᠭᠦᠷᠭᠡ ᠴᠢᠳᠠᠪᠬᠢ᠎ᠪᠠᠨ ᠪᠦᠬᠦ᠌ ᠲᠠᠯ᠎ᠠ᠎ᠪᠠᠷ ᠭᠦᠢᠴᠡᠳᠭᠡᠵᠦ᠍᠂ ᠣᠳᠣᠬᠢᠴᠢᠯᠠᠭ᠍ᠰᠠᠨ ᠥᠪᠥᠷ ᠮᠣᠩᠭᠣᠯ᠎ᠤᠨ ᠪᠦᠳᠦᠭᠡᠨ ᠪᠠᠢᠭᠤᠯᠤᠯᠲᠠ᠎ᠳᠤ ᠪᠦᠬᠦ᠌ ᠬᠦᠴᠦᠨ᠎ᠢᠶᠡᠷ ᠦᠢᠯᠡᠴᠢᠯᠡᠨ ᠪᠠᠲᠤᠯᠠᠭ᠎ᠠ ᠬᠠᠩᠭᠠᠨ᠎ᠠ᠃