ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠥᠨᠳᠥᠷᠯᠡᠵᠦ᠍᠂ ᠪᠦᠬᠦ᠌ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠱᠢᠰᠲᠸᠮ᠎ᠤᠨ ᠬᠢᠨ᠎ᠳᠤ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠬᠤ ᠬᠠᠯᠠᠭᠤᠨ ᠥᠷᠨᠢᠯᠲᠡ ᠭᠠᠷᠪᠠ᠃ ᠥᠷᠭᠡᠨ ᠣᠯᠠᠨ ᠳᠣᠲᠣᠭᠠᠳᠤ᠎ᠶ᠋ᠢ ᠬᠠᠮᠠᠭᠠᠯᠠᠬᠤ ᠠᠷᠠᠳ᠎ᠤᠨ ᠴᠠᠭ᠍ᠳᠠᠭ᠎ᠠ ᠲᠤᠰᠠᠯᠠᠭ᠍ᠴᠢ ᠴᠠᠭ᠍ᠳᠠᠭ᠎ᠠ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠲᠥᠯᠥᠪᠯᠡᠭ᠌ᠰᠡᠨ ᠡᠯ᠎ᠡ ᠵᠦᠶ᠋ᠯ᠎ᠦᠨ ᠠᠵᠢᠯ ᠦᠶ᠋ᠯᠡᠰ᠎ᠦᠨ ᠬᠥᠭ᠌ᠵᠢᠯᠲᠡ᠎ᠶ᠋ᠢᠨ ᠬᠠᠷᠠᠯᠲᠠ ᠡᠭᠦᠷᠭᠡ ᠶᠣᠰᠣᠭᠠᠷ᠂ ᠠᠮᠤᠭᠤᠯᠠᠩᠲᠤ ᠥᠪᠥᠷ ᠮᠣᠩᠭᠣᠯ᠎ᠤᠨ ᠪᠥᠲᠥᠭᠡᠨ ᠪᠠᠢᠭᠤᠯᠤᠯᠲᠠ᠎ᠶ᠋ᠢ ᠭᠦᠨᠵᠡᠭᠡᠶ ᠠᠬᠢᠭᠤᠯᠵᠤ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠬᠡᠷᠡᠭ᠌ᠲᠡᠶ ᠭᠡᠵᠦ ᠢᠯᠡᠳᠭᠡᠵᠡᠭᠡᠪᠡ᠃
ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ᠎ᠦᠨ ᠱᠠᠯᠠᠪᠳᠠᠭᠤᠯᠤᠨ ᠪᠠᠢᠴᠠᠭᠠᠵᠤ ᠬᠢᠨᠠᠨ ᠪᠤᠳᠤᠬᠤ ᠵᠠᠬᠢᠳᠠᠯ ᠰᠤᠷᠪᠤᠯᠵᠢᠯᠠᠯ᠎ᠤᠨ ᠶᠡᠷᠦᠩᠬᠡᠢ ᠠᠩᠭᠢ᠎ᠶ᠋ᠢᠨ ᠵᠠᠬᠢᠳᠠᠯ ᠰᠤᠷᠪᠤᠯᠵᠢᠯᠠᠯ᠎ᠤᠨ ᠰᠠᠯᠪᠤᠷᠢ ᠠᠩᠭᠢ᠎ᠶ᠋ᠢᠨ ᠬᠠᠷᠢᠭᠤᠴᠠᠯᠭᠠᠲᠠᠨ ᠯᠢᠦ ᠴᠠᠩ ᠬᠠᠢ᠂ ᠳᠣᠲᠣᠭᠠᠳᠤ᠎ᠶ᠋ᠢ ᠬᠠᠮᠠᠭᠠᠯᠠᠬᠤ ᠵᠠᠬᠢᠳᠠᠯ ᠰᠤᠷᠪᠤᠯᠵᠢᠯᠠᠯ᠎ᠤᠨ ᠠᠷᠠᠳ᠎ᠤᠨ ᠴᠠᠭ᠍ᠳᠠᠭ᠎ᠠ ᠪᠣᠯᠤᠭ᠍ᠰᠠᠨ᠎ᠤ ᠬᠤᠪᠢ᠎ᠳᠤ᠂ ᠤᠯᠤᠰ ᠲᠦᠷᠦ᠍᠎ᠶ᠋ᠢ ᠡᠷᠬᠢᠮᠯᠡᠬᠦ᠌ ᠦᠨᠳᠦᠷᠴᠡ ᠡᠴᠡ ᠳᠣᠲᠣᠭᠠᠳᠤ᠎ᠶ᠋ᠢ ᠬᠠᠮᠠᠭᠠᠯᠠᠬᠤ ᠵᠠᠬᠢᠳᠠᠯ ᠰᠤᠷᠪᠤᠯᠵᠢᠯᠠᠯ᠎ᠤᠨ ᠠᠵᠢᠯ᠎ᠢ ᠲᠠᠨᠢᠵᠤ᠂《ᠠᠷᠠᠳ ᠲᠦᠮᠡᠨ᠎ᠦ ᠬᠦᠴᠢᠷᠳᠡᠯ᠎ᠢ ᠱᠢᠢᠳᠪᠦᠷᠢᠯᠡᠵᠦ᠍᠂ ᠨᠠᠮ᠎ᠤᠨ ᠰᠠᠨᠠᠭᠠᠰᠢᠷᠠᠯ᠎ᠢ ᠱᠢᠢᠳᠪᠦᠷᠢᠯᠡᠬᠦ᠌》ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠴᠠᠭ ᠢᠮᠠᠭ᠍ᠲᠠ ᠪᠠᠲᠤ ᠴᠡᠭᠡᠵᠢᠯᠡᠵᠦ᠍᠂ 《ᠰᠡᠳᠭᠢᠯ ᠵᠢᠷᠦᠬᠡ᠎ᠪᠡᠨ ᠬᠣᠯᠪᠣᠵᠤ》 ᠵᠠᠬᠢᠳᠠᠯ ᠰᠤᠷᠪᠤᠯᠵᠢᠯᠠᠯ᠎ᠤᠨ ᠵᠦᠢᠯᠡᠰ᠎ᠢ ᠱᠢᠢᠳᠪᠦᠷᠢᠯᠡᠬᠦ᠌ ᠠᠵᠢᠯ᠎ᠢ ᠰᠠᠢᠲᠤᠷ ᠬᠢᠵᠦ᠍᠂ ᠠᠷᠠᠳ ᠤᠯᠠᠨ᠎ᠤ ᠪᠣᠳᠠᠲᠠᠢ ᠠᠰᠠᠭᠤᠳᠠᠯ᠎ᠢ ᠰᠡᠳᠭᠢᠯᠲᠠᠯᠪᠢᠵᠦ ᠬᠦᠴᠦ ᠤᠷᠤᠭᠤᠯᠤᠨ ᠱᠢᠢᠳᠪᠦᠷᠢᠯᠡᠵᠦ᠍ ᠥᠭ᠌ᠬᠦ ᠬᠡᠷᠡᠭ᠌ᠲᠡᠢ ᠭᠡᠵᠦ᠍ ᠢᠯᠡᠳᠭᠡᠪᠡ᠃ ᠲᠡᠷᠡ᠄《〈ᠹᠧᠩ ᠴᠢᠶᠣᠤ᠎ᠶ᠋ᠢᠨ ᠲᠤᠷᠱᠢᠯᠭ᠎ᠠ〉 ᠶ᠋ᠢᠨ ᠥᠪᠥᠷ ᠮᠣᠩᠭᠣᠯ᠎ᠤᠨ ᠦᠶ᠋ᠯᠡᠳᠦᠯᠭᠡ᠎ᠶ᠋ᠢ ᠭᠦᠨᠵᠡᠭᠡᠢᠷᠡᠭᠦᠯᠵᠦ᠍᠂ ᠣᠯᠠᠨ ᠲᠦᠮᠡᠨ᠎ᠦ ᠦᠨᠡᠨ ᠪᠤᠲᠠᠲᠠᠢ ᠬᠦᠰᠡᠯ ᠱᠠᠭᠠᠷᠳᠠᠯᠭ᠎ᠠ ᠪᠠ ᠠᠰᠠᠭᠤᠳᠠᠯ ᠳᠠᠯᠳᠠ ᠬᠡᠮ᠎ᠢ ᠴᠢᠷᠮᠠᠢᠨ ᠢᠯᠡᠷᠡᠭᠦᠯᠵᠦ᠍᠂ ᠬᠠᠤᠯᠢ ᠴᠠᠭᠠᠵᠠ᠎ᠶ᠋ᠢᠨ ᠤᠬᠠᠭᠤᠯᠭ᠎ᠠ᠂ ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ ᠵᠢᠴᠢ ᠬᠠᠤᠯᠢ ᠶᠣᠰᠣᠭᠠᠷ ᠢᠳᠭᠠᠨ ᠪᠤᠴᠠᠭᠠᠬᠤ ᠵᠡᠷᠭᠡ ᠠᠵᠢᠯ᠎ᠢ ᠬᠠᠨᠳᠤᠯᠭᠠᠲᠤ ᠴᠢᠨᠠᠷᠲᠠᠶ᠎ᠪᠠᠷ ᠥᠷᠨᠢᠭᠦᠯᠵᠦ᠍᠂ ᠳᠣᠲᠣᠭᠠᠳᠤ᠎ᠶ᠋ᠢ ᠬᠠᠮᠠᠭᠠᠯᠠᠬᠤ ᠠᠵᠢᠯ᠎ᠤᠨ ᠶᠠᠰᠤ ᠴᠢᠨᠠᠷ ᠦᠷ᠎ᠡ ᠪᠦᠲᠦᠮᠵᠢ ᠪᠠ ᠠᠷᠠᠳ ᠲᠦᠮᠡᠨ ᠳᠦ ᠦᠶ᠋ᠯᠡᠴᠢᠯᠡᠬᠦ᠌ ᠬᠢᠷᠢ ᠲᠦᠪᠱᠢᠨ᠎ᠢ ᠦᠨᠡᠨ ᠬᠦ᠌ ᠳᠡᠭᠡᠭ᠌ᠰᠢᠯᠡᠭᠦᠯᠦᠨ᠎ᠡ》 ᠭᠡᠵᠡᠢ᠃
ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ᠎ᠦᠨ ᠬᠠᠤᠯᠢᠵᠢᠯ᠎ᠦᠨ ᠶᠡᠷᠦᠩᠬᠡᠶ ᠠᠩᠭᠢ᠎ᠶ᠋ᠢᠨ ᠠᠷᠠᠳ᠎ᠤᠨ ᠴᠠᠭ᠍ᠳᠠᠭ᠎ᠠ ᠯᠦ᠍ ᠷᠦᠢ ᠵᠢᠶᠧ᠂ ᠳᠣᠲᠣᠭᠠᠳᠤ ᠶ᠋ᠢ ᠬᠠᠮᠠᠭᠠᠯᠠᠬᠤ ᠬᠠᠤᠯᠢᠵᠢᠯ᠎ᠦᠨ ᠠᠷᠠᠳ᠎ᠤᠨ ᠴᠠᠭ᠍ᠳᠠᠭ᠎ᠠ ᠪᠣᠯᠤᠭ᠍ᠰᠠᠨ᠎ᠤ ᠬᠤᠪᠢ᠎ᠳᠤ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠪᠣᠳᠠᠲᠠᠶ ᠠᠵᠢᠯ᠎ᠤᠨ ᠡᠭᠦᠷᠭᠡ᠎ᠲᠡᠶ ᠤᠶᠠᠯᠳᠤᠭᠤᠯᠵᠤ᠂ ᠪᠥᠬᠥ᠌ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠶ᠋ᠢᠨ ᠬᠠᠤᠯᠢ ᠬᠡᠷᠡᠭ᠌ᠵᠢᠭᠦᠯᠦᠯᠲᠡ᠎ᠶ᠋ᠢᠨ ᠵᠢᠷᠤᠮᠵᠢᠯᠲᠡ ᠵᠢᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠵᠤ᠂ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠶ᠋ᠢᠨ ᠬᠠᠤᠯᠢ ᠬᠡᠷᠡᠭ᠌ᠵᠢᠭᠦᠯᠦᠯᠲᠡ᠎ᠶ᠋ᠢᠨ ᠣᠯᠠᠨᠢ᠋ ᠢᠲᠡᠭᠡᠭᠦᠯᠬᠦ᠌ ᠬᠦᠴᠦᠨ ᠪᠠ ᠠᠷᠠᠳ ᠣᠯᠠᠨ᠎ᠤ ᠬᠠᠨᠤᠮᠵᠢ᠎ᠶ᠋ᠢᠨ ᠬᠡᠮᠵᠢᠶ᠎ᠡ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠨᠠᠩ ᠥᠨᠳᠥᠷ ᠬᠢᠷᠢ ᠲᠦᠪᠱᠢᠨ ᠪᠥᠬᠥᠶ ᠠᠮᠤᠭᠤᠯᠠᠩᠲᠤ ᠥᠪᠥᠷ ᠮᠣᠩᠭᠣᠯ᠎ᠢ ᠪᠥᠲᠥᠭᠡᠨ ᠪᠠᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ ᠭᠡᠵᠡᠶ᠃