ᠦᠪᠡᠷᠳᠡᠭᠡᠨ ᠵᠠᠰᠠᠬᠤ ᠤᠷᠤᠨ ᠤ᠋ ᠪᠠᠢᠭᠠᠯᠢ ᠵᠢᠨ ᠡᠬᠢ ᠪᠠᠶᠠᠯᠢᠭ ᠤ᠋ᠨ ᠲᠢᠩᠭᠢᠮ᠄ ᠪᠠᠢᠭᠠᠯᠢ᠎ᠶ᠋ᠢᠨ ᠡᠬᠢ ᠪᠠᠶᠠᠯᠢᠭ ᠤ᠋ᠨ ᠬᠠᠮᠠᠭᠠᠯᠠᠯᠳᠠ ᠠᠰᠢᠭᠯᠠᠯᠳᠠ ᠪᠠ ᠬᠠᠮᠢᠶᠠᠷᠤᠯᠳᠠ ᠦᠢᠯᠡᠴᠢᠯᠡᠭᠡᠨ᠎ᠦ ᠲᠦᠪᠱᠢᠨ᠎ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠦᠨ᠎ᠡ
2022-01-29 10:23:09
ᠵᠣᠬᠢᠶᠠᠭ᠍ᠴᠢ᠄
ᠠᠨᠢᠷ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠪᠦᠬᠦ᠌ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠱᠢᠰᠲ᠋ᠧᠮ᠎ᠦᠨ ᠺᠠᠳ᠋ᠷ ᠠᠵᠢᠯᠳᠠᠨ᠎ᠤ ᠳᠤᠮᠳᠠ ᠴᠢᠩᠭ᠎ᠠ ᠲᠤᠰᠭᠠᠯ ᠭᠠᠷᠪᠠ᠃ ᠤᠯᠠᠨ᠎ᠢᠶᠠᠷ᠎ᠢᠶᠠᠨ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠪᠣᠯ ᠨᠢᠭᠡ ᠤᠳᠠᠭ᠎ᠠ᠎ᠶ᠋ᠢᠨ ᠱᠢᠨ᠎ᠡ ᠠᠶᠠᠨ᠎ᠢᠶᠠᠨ ᠡᠬᠢᠯᠡᠭᠦᠯᠵᠦ᠍᠂ ᠳᠠᠷᠪᠠᠭᠤᠯ ᠬᠡᠢᠰᠭᠡᠨ ᠠᠶᠠᠨ᠎ᠳᠠᠭᠠᠨ ᠲᠠᠬᠢᠨ ᠮᠣᠷᠳᠠᠬᠤ ᠲᠠᠢ᠌ᠴᠢᠯᠠᠯᠳᠠ᠎ᠶ᠋ᠢᠨ ᠬᠤᠷᠠᠯ ᠮᠥᠨ᠂ ᠬᠥᠮᠦᠰ᠎ᠢ ᠵᠣᠷᠢᠭ᠍ᠵᠢᠭᠤᠯᠵᠤ᠂ ᠡᠷᠴᠢ ᠵᠣᠷᠢᠭ᠎ᠢ ᠬᠥᠪᠴᠢᠯᠡᠵᠦ᠍ ᠪᠠᠢᠨ᠎ᠠ᠂ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠰᠤᠷᠤᠯᠴᠠᠨ ᠲᠤᠭᠤᠱᠢᠯᠠᠭᠤᠯᠤᠨ᠎ᠠ ᠭᠡᠵᠤ ᠰᠠᠨᠠᠯ ᠨᠢᠭᠡᠳᠠᠢ ᠢᠯᠡᠳᠭᠡᠵᠡᠭᠡᠵᠠᠢ᠃

ᠤᠯᠠᠨ᠎ᠢᠶᠠᠷ᠎ᠢᠶᠠᠨ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠬᠣᠶᠠᠷ ᠬᠤᠷᠠᠯ ᠎ᠤᠨ ᠵᠣᠷᠢᠭ ᠰᠠᠨᠠᠭ᠎ᠠ᠎ᠲᠠᠶ ᠨᠢᠭᠡᠳᠭᠡᠵᠦ᠍᠂ 《ᠬᠣᠶᠠᠷ᠎ᠢ ᠨᠢᠭᠡᠳᠭᠡᠬᠦ᠌》ᠭᠣᠣᠯ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠭᠡᠵᠦ᠍᠂ ᠪᠠᠢᠭᠠᠯᠢ᠎ᠶ᠋ᠢᠨ ᠡᠬᠢ ᠪᠠᠶᠠᠯᠢᠭ ᠤ᠋ᠨ ᠬᠠᠮᠠᠭᠠᠯᠠᠯᠳᠠ ᠠᠰᠢᠭᠯᠠᠯᠳᠠ ᠪᠠ ᠬᠠᠮᠢᠶᠠᠷᠤᠯᠳᠠ ᠦᠢᠯᠡᠴᠢᠯᠡᠭᠡᠨ ᠤ᠋ ᠲᠦᠪᠱᠢᠨ ᠢ᠋ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠢ ᠬᠥᠭ᠌ᠵᠢᠯᠲᠡ ᠎ᠳᠦ ᠪᠠᠢᠭᠠᠯᠢ᠎ᠶ᠋ᠢᠨ ᠡᠬᠢ ᠪᠠᠶᠠᠯᠢᠭ᠎ᠤᠨ ᠲᠤᠯᠭᠠᠭᠤᠷᠢᠯᠠᠯ ᠬᠠᠩᠭᠠᠨ᠎ᠠ᠃ 2022 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠡᠴᠡ ᠨᠡᠮᠡᠭ᠌ᠳᠡᠯ᠎ᠢ ᠲᠣᠭ᠍ᠲᠠᠪᠤᠷᠢᠵᠢᠭᠤᠯᠬᠤ᠂ ᠢᠯᠠᠩᠭᠤᠶ᠎ᠠ ᠠᠵᠤ ᠦᠶ᠋ᠯᠡᠳᠪᠦᠷᠢ᠎ᠶ᠋ᠢᠨ ᠨᠡᠮᠡᠭ᠌ᠳᠡᠯ᠎ᠢ ᠲᠣᠭ᠍ᠲᠠᠪᠤᠷᠢᠵᠢᠭᠤᠯᠬᠤ᠎ᠶ᠋ᠢ ᠨᠠᠩ ᠲᠣᠪᠣᠢᠮ᠎ᠠ ᠪᠠᠢᠷᠢᠨ᠎ᠳᠤ ᠲᠠᠯᠪᠢᠵᠤ᠂ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠤᠨ᠂ ᠠᠵᠤ ᠠᠬᠤᠶ᠎ᠶ᠋ᠢᠨ ᠲᠣᠭ᠍ᠲᠠᠭᠤᠨ᠎ᠳᠤ ᠠᠱᠢᠭ᠍ᠲᠠᠶ ᠪᠠᠢᠭᠠᠯᠢ᠎ᠶ᠋ᠢᠨ ᠡᠬᠢ ᠪᠠᠶᠠᠯᠢᠭ᠎ᠤᠨ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠴᠠᠭ ᠲᠤᠬᠠᠶ᠎ᠳᠤᠨᠢ ᠨᠡᠢᠲᠡᠯᠡᠵᠦ᠍᠂ ᠴᠢᠬᠤᠯᠠ ᠶᠡᠬᠡ ᠲᠥᠷᠥᠯ ᠵᠦᠶ᠋ᠯ᠎ᠢ ᠴᠠᠭ ᠲᠤᠬᠠᠶ᠎ᠳᠤᠨᠢ ᠨᠠᠢᠳᠠᠪᠤᠷᠢᠵᠢᠭᠤᠯᠬᠤ᠎ᠶ᠋ᠢ ᠪᠥᠬᠥ᠌ ᠬᠦᠴᠦᠨ ᠎ᠢᠶᠡᠷ᠎ᠢᠶᠡᠨ ᠪᠠᠲᠤᠯᠠᠨ᠎ᠠ᠃ ᠡᠯ᠎ᠡ ᠱᠠᠲᠤᠨ᠎ᠤ ᠤᠯᠤᠰ᠎ᠤᠨ ᠭᠠᠵᠠᠷ ᠱᠢᠷᠣᠶ᠎ᠶ᠋ᠢᠨ ᠲᠥᠯᠥᠪᠵᠢᠭᠦᠯᠭᠡ ᠶ᠋ᠢ ᠨᠠᠢᠷᠠᠭᠤᠯᠤᠨ ᠵᠣᠬᠢᠶᠠᠵᠤ ᠬᠡᠷᠡᠭ᠌ᠵᠢᠭᠦᠯᠦᠨ᠂ 《ᠭᠤᠷᠪᠠᠨ ᠣᠷᠣᠨ ᠭᠤᠷᠪᠠᠨ ᠱᠤᠭᠤᠮ》 ᠢ᠋ ᠠᠵᠤ ᠠᠬᠤᠶ᠎ᠶ᠋ᠢᠨ᠎ᠪᠦᠲᠦᠴᠡ᠎ᠶ᠋ᠢ᠎ᠲᠣᠬᠢᠷᠠᠭᠤᠯᠬᠤ᠂ ᠠᠵᠤ ᠦᠶ᠋ᠯᠡᠰ᠎ᠦᠨ ᠬᠥᠭ᠌ᠵᠢᠯᠲᠡ᠎ᠶ᠋ᠢ ᠲᠥᠯᠥᠪᠵᠢᠭᠦᠯᠬᠦ᠌᠂ ᠬᠣᠲᠠ ᠪᠠᠯᠭᠠᠰᠤᠵᠢᠯᠲᠠ᠎ᠶ᠋ᠢ ᠠᠬᠢᠭᠤᠯᠬᠤ᠎ᠶ᠋ᠢᠨ ᠳᠠᠪᠠᠵᠤ ᠪᠣᠯᠤᠰᠢ ᠥᠬᠡᠶ ᠤᠯᠠᠭᠠᠨ ᠱᠤᠭᠤᠮ ᠪᠣᠯᠭᠠᠨ᠎ᠠ᠃ ᠠᠮᠢ ᠠᠬᠤᠶ᠎ᠶ᠋ᠢᠨ ᠱᠢᠰᠲ᠋ᠧᠮ᠎ᠢ ᠬᠠᠮᠠᠭᠠᠯᠠᠨ ᠰᠡᠷᠭᠦᠭᠡᠬᠦ᠌᠎ᠶ᠋ᠢ ᠴᠢᠩᠭᠠᠳᠭᠠᠵᠤ᠂ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠱᠢᠰᠲ᠋ᠧᠮ᠎ᠲᠡᠶ ᠵᠠᠰᠠᠬᠤ᠎ᠶ᠋ᠢ ᠨᠢᠭᠡᠳᠦᠯᠲᠡᠶ ᠲᠥᠯᠥᠪᠵᠢᠭᠦᠯᠦᠨ᠎ᠡ᠃ ᠥᠮᠴᠢᠯᠡᠭ᠌ᠴᠢ᠎ᠶ᠋ᠢᠨ ᠡᠭᠦᠷᠭᠡ ᠬᠠᠷᠢᠭᠤᠴᠠᠯᠭ᠎ᠠ ᠵᠢ ᠭᠦᠶ᠋ᠴᠡᠳᠭᠡᠬᠦ᠌᠂ ᠥᠮᠴᠢᠯᠡᠭ᠌ᠴᠢ᠎ᠶ᠋ᠢᠨ ᠡᠷᠬᠡ ᠠᠱᠢᠭ᠎ᠢ ᠬᠠᠮᠠᠭᠠᠯᠠᠬᠤ ᠠᠵᠢᠯ᠎ᠤᠨ ᠭᠤᠤᠯ ᠱᠢᠵᠢᠮ᠎ᠦᠨ ᠲᠣᠭᠣᠷᠢᠨ᠎ᠳᠤ ᠪᠠᠢᠭᠠᠯᠢ᠎ᠶ᠋ᠢᠨ ᠡᠬᠢ ᠪᠠᠶᠠᠯᠢᠭ ᠡᠳ᠋ ᠬᠥᠷᠥᠩᠭᠡ᠎ᠶ᠋ᠢᠨ ᠥᠮᠴᠢᠯᠡᠬᠦ᠌ ᠡᠷᠬᠡ᠎ᠶ᠋ᠢᠨ ᠲᠦᠷᠢᠮ᠎ᠢ ᠲᠡᠭᠦᠯᠳᠡᠷᠵᠢᠭᠦᠯᠬᠦ᠌᠎ᠪᠡᠷ ᠭᠤᠤᠯᠳᠠᠯᠭ᠎ᠠ ᠪᠣᠯᠭᠠᠵᠤ᠂᠎ᠪᠠᠢᠭᠠᠯᠢ᠎ᠶ᠋ᠢᠨ᠎ᠡᠬᠢ ᠪᠠᠶᠠᠯᠢᠭ ᠡᠳ᠋ ᠬᠥᠷᠥᠩᠭᠡ ᠶ᠋ᠢᠨ ᠬᠠᠮᠢᠶᠠᠷᠤᠯᠲᠠ᠎ᠶ᠋ᠢᠨ ᠲᠦᠷᠢᠮ᠎ᠦᠨ ᠱᠢᠰᠲ᠋ᠧᠮ ᠢ᠋ ᠲᠦᠷᠭᠡᠳᠭᠡᠨ ᠪᠠᠢᠭᠤᠯᠤᠨ᠎ᠠ ᠭᠡᠵᠤ ᠢᠯᠡᠳᠭᠡᠵᠡᠭᠡᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号