ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠬᠤᠷᠠᠯᠳᠤᠬᠤ ᠬᠤᠭᠤᠴᠠᠭᠠᠨ᠎ᠳᠤ᠂ ᠮᠠᠨ᠎ᠤ ᠣᠷᠣᠨ᠎ᠤ ᠮᠠᠯ ᠠᠵᠤ ᠠᠬᠤᠢ ᠲᠠᠷᠢᠶᠠᠯᠠᠩ᠂ ᠮᠠᠯᠵᠢᠬᠤ ᠲᠠᠷᠢᠶᠠᠯᠠᠬᠤ ᠣᠷᠣᠨ᠂ ᠮᠠᠯᠴᠢᠨ ᠲᠠᠷᠢᠶᠠᠴᠢᠨ᠎ᠤ ᠠᠵᠢᠯ᠎ᠤᠨ ᠬᠦᠷᠢᠶᠡᠨ᠎ᠳᠡᠬᠢ ᠺᠠᠳ᠋ᠷ ᠠᠵᠢᠯᠳᠠᠨ ᠲᠧᠯᠸᠢᠰ᠂ ᠢᠨᠲᠸᠷ ᠰᠦᠯᠵᠢᠶ᠎ᠠ᠂ ᠭᠠᠷ ᠤᠲᠠᠰᠤᠨ᠎ᠤ ᠱᠢᠯᠵᠢᠶᠠ ᠵᠡᠷᠭᠡ ᠤᠯᠠᠨ ᠵᠦᠢᠯ᠎ᠦᠨ ᠬᠡᠯᠪᠡᠷᠢ᠎ᠪᠡᠷ ᠶᠡᠬᠡ ᠬᠤᠷᠠᠯ᠂ ᠢᠯᠠᠩᠭᠤᠶ᠎ᠠ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠬᠦᠯᠢᠶᠠᠨ ᠠᠪᠴᠤ᠌ ᠦᠵᠡᠵᠦ᠍᠂ ᠥᠷᠭᠡᠨ ᠤᠯᠠᠨ ᠺᠠᠳ᠋ᠷ ᠠᠵᠢᠯᠳᠠᠨ ᠠᠵᠢᠯᠴᠢᠨ᠎ᠤ ᠳᠤᠮᠳᠠ ᠴᠢᠩᠭ᠎ᠠ ᠲᠤᠰᠭᠠᠯ ᠭᠠᠷᠪᠠ᠃
ᠣᠯᠠᠨ᠎ᠢᠶᠠᠷ᠎ᠢᠶᠠᠨ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠰᠡᠳᠭᠢᠯ ᠨᠢᠭᠡᠳᠦᠨ ᠬᠦᠴᠦ᠍ ᠪᠡᠨ ᠬᠠᠮᠲᠤᠳᠭᠠᠵᠤ᠂ ᠵᠠᠮ ᠨᠡᠭᠡᠭᠡᠨ ᠤᠷᠤᠭ᠍ᠰᠢᠯᠠᠵᠤ᠂ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ᠎ᠢ ᠪᠠᠲᠤᠯᠠᠬᠤ ᠪᠠ ᠬᠡᠪᠴᠢᠶᠡᠵᠢᠯ᠎ᠦᠨ ᠴᠢᠨᠠᠷᠲᠠᠶ ᠳᠠᠬᠢᠨ ᠶᠠᠳᠠᠭᠤᠷᠠᠬᠤ ᠥᠬᠡᠶ ᠪᠠᠢᠬᠤ ᠬᠣᠶᠠᠷ ᠬᠣᠷᠢᠭ᠎ᠠ ᠱᠤᠭᠤᠮ᠎ᠢ ᠪᠠᠲᠤ ᠰᠠᠬᠢᠵᠤ᠂ ᠠᠮᠤ ᠪᠤᠳᠠᠭᠠᠨ᠎ᠤ ᠦᠶ᠋ᠯᠡᠳᠪᠦᠷᠢᠯᠡᠯ᠎ᠢ ᠲᠣᠭ᠍ᠲᠠᠪᠤᠷᠢᠵᠢᠭᠤᠯᠬᠤ᠂ ᠪᠤᠷᠴᠠᠭ ᠲᠣᠰᠣᠯᠢᠭ ᠲᠠᠷᠢᠮᠠᠯ ᠳᠠᠷᠢᠬᠤ᠎ᠶ᠋ᠢ ᠥᠷᠭᠡᠳᠭᠡᠬᠦ᠌᠂ ᠴᠢᠬᠤᠯᠠ ᠮᠠᠯ᠎ᠤᠨ ᠠᠱᠢᠭ ᠱᠢᠮ᠎ᠡ᠎ᠶ᠋ᠢᠨ ᠬᠠᠩᠭᠠᠯᠭ᠎ᠠ᠎ᠶ᠋ᠢ ᠪᠠᠲᠤᠯᠠᠬᠤ᠂ ᠶᠠᠳᠠᠭᠤ ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭᠰᠠᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠦᠨ ᠥᠷᠭᠡᠳᠭᠡᠬᠦ᠌ ᠵᠡᠷᠭᠡ 4 ᠴᠢᠬᠤᠯᠠ ᠶᠠᠪᠤᠳᠠᠯ᠎ᠢ ᠲᠣᠪᠣᠢᠮ᠎ᠠ ᠰᠠᠢᠲᠤᠷ ᠠᠳᠭᠤᠨ᠎ᠠ᠃ ᠡᠭᠦᠨ᠎ᠦ ᠬᠠᠮᠲᠤ᠂ ᠦᠷ᠎ᠡ᠎ᠶ᠋ᠢᠨ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ ᠪᠠ ᠲᠠᠷᠢᠶᠠᠨ ᠭᠠᠵᠠᠷ᠎ᠢ ᠬᠠᠮᠠᠭᠠᠯᠠᠵᠤ ᠪᠥᠲᠥᠭᠡᠨ ᠪᠠᠢᠭᠤᠯᠬᠤ ᠬᠣᠶᠠᠷ ᠠᠵᠢᠯᠯᠠᠭ᠎ᠠ᠎ᠶ᠋ᠢ ᠭᠤᠤᠯᠳᠠᠯᠭ᠎ᠠ᠎ᠲᠠᠶ ᠰᠠᠢᠲᠤᠷ ᠬᠡᠷᠡᠭ᠌ᠵᠢᠭᠦᠯᠵᠦ᠍᠂ ᠠᠵᠤ ᠦᠢᠯᠡᠰᠵᠢᠯᠲᠡ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌᠂ ᠨᠠᠷᠠᠲᠤ ᠲᠥᠷᠥᠯ ᠲᠡᠮᠳᠡᠭ᠌ᠲᠦ᠍᠎ᠶ᠋ᠢᠨ ᠨᠥᠯᠥᠭᠡᠯᠡᠬᠦ᠌ ᠬᠦᠴᠦᠨ᠎ᠢ ᠳᠡᠭᠡᠭ᠌ᠰᠢᠯᠡᠭᠦᠯᠬᠦ᠌ ᠬᠣᠶᠠᠷ ᠵᠦᠶ᠋ᠯ᠎ᠦᠨ ᠭᠤᠤᠯᠳᠠᠯᠭ᠎ᠠ᠎ᠲᠠᠶ ᠠᠵᠢᠯ᠎ᠢ ᠰᠠᠢᠲᠤᠷ ᠠᠳᠭᠤᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠣᠨᠣᠭ ᠲᠥᠬᠥᠭᠡᠷᠦᠮᠵᠢ ᠶ᠋ᠢᠨ ᠮᠡᠷᠭᠡᠵᠢᠯ᠎ᠦᠨ ᠲᠦᠪᠱᠢᠨ ᠢ᠋ ᠳᠡᠭᠡᠭᠰᠢᠯᠡᠭᠦᠯᠬᠦ᠂ ᠮᠠᠯ ᠠᠵᠤ ᠠᠬᠤᠶ ᠲᠠᠷᠢᠶᠠᠯᠠᠩ᠎ᠤᠨ ᠪᠣᠬᠢᠷᠲᠤᠯ ᠥᠬᠡᠶ ᠬᠥᠭ᠌ᠵᠢᠯᠲᠡ᠂ ᠬᠥᠳᠡᠭᠡ ᠲᠣᠰᠭᠣᠨ᠎ᠤ ᠪᠥᠲᠥᠭᠡᠨ ᠪᠠᠢᠭᠤᠯᠤᠯᠲᠠ ᠪᠠ ᠵᠠᠰᠠᠯᠲᠠ᠂ ᠱᠢᠨ᠎ᠡ ᠱᠠᠲᠤ ᠦᠶ᠎ᠡ᠎ᠶ᠋ᠢᠨ ᠮᠠᠯᠵᠢᠬᠤ ᠲᠠᠷᠢᠶᠠᠯᠠᠬᠤ ᠣᠷᠣᠨ᠎ᠤ ᠥᠭᠡᠷᠡᠴᠢᠯᠡᠯᠲᠡ ᠵᠡᠷᠭᠡ 4 ᠵᠦᠶ᠋ᠯ᠎ᠦᠨ ᠡᠭᠦᠷᠭᠡ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠪᠥᠬᠥ᠌ ᠣᠷᠣᠨ᠎ᠤ 《 ᠮᠠᠯ ᠠᠵᠤ ᠠᠬᠤᠶ ᠲᠠᠷᠢᠶᠠᠯᠠᠩ᠂ ᠮᠠᠯᠵᠢᠬᠤ ᠲᠠᠷᠢᠶᠠᠯᠠᠬᠤ ᠣᠷᠣᠨ᠂ ᠮᠠᠯᠴᠢᠨ ᠲᠠᠷᠢᠶᠠᠴᠢᠨ 》 ᠤ᠋ ᠠᠵᠢᠯ᠎ᠢ ᠱᠢᠨ᠎ᠡ ᠳᠡᠭ᠌ᠲᠡᠷ᠎ᠲᠦ ᠭᠠᠷᠭᠠᠬᠤ᠎ᠳᠤ ᠨᠠᠩ ᠶᠡᠬᠡ ᠱᠢᠨ᠎ᠡ ᠬᠤᠪᠢ ᠨᠡᠮᠡᠷᠢ ᠦᠵᠡᠭᠦᠯᠦᠨ᠎ᠡ ᠭᠡᠵᠤ ᠢᠯᠡᠳᠭᠡᠵᠡᠭᠡᠵᠠᠢ᠃
《ᠪᠣᠳᠠᠲᠠᠢ ᠠᠵᠢᠯ ᠳᠤᠮᠳᠠ ᠪᠠᠨ᠂ ᠪᠢ ᠦᠷᠭᠦᠯᠵᠢᠯᠡᠨ ᠤᠷᠤᠭᠰᠢᠯᠠᠨ ᠳᠠᠪᠱᠢᠬᠤ ᠡᠷᠴᠢ ᠵᠣᠷᠢᠭ ᠪᠣᠯᠤᠨ ᠢᠳᠡᠪᠬᠢᠲᠡᠢ ᠪᠡᠷ ᠵᠢᠳᠬᠦᠯ ᠴᠢᠷᠮᠠᠢᠯᠭ᠎ᠠ ᠭᠠᠷᠭᠠᠬᠤ ᠤᠶᠤᠨ ᠰᠠᠨᠠᠭᠠᠨ᠎ᠤ ᠳᠦᠷᠰᠦ ᠪᠠᠢᠳᠠᠯ᠎ᠢᠶᠠᠨ ᠪᠠᠲᠤᠯᠠᠵᠤ᠂ ᠱᠢᠨ᠎ᠡ ᠴᠠᠭ ᠦᠶ᠎ᠡ᠎ᠶ᠋ᠢᠨ 〈ᠮᠠᠯ ᠠᠵᠤ ᠠᠬᠤᠢ ᠲᠠᠷᠢᠶᠠᠯᠠᠩ᠂ ᠮᠠᠯᠵᠢᠬᠤ ᠲᠠᠷᠢᠶᠠᠯᠠᠬᠤ ᠣᠷᠣᠨ᠂ ᠮᠠᠯᠴᠢᠨ ᠲᠠᠷᠢᠶᠠᠴᠢᠨ〉 ᠤ᠋ ᠠᠵᠢᠯ᠎ᠢ ᠰᠠᠢᠲᠤᠷ ᠬᠢᠬᠦ᠌ ᠴᠢᠳᠠᠪᠤᠷᠢ᠎ᠶ᠋ᠢᠨ ᠲᠦᠪᠱᠢᠨ᠎ᠢᠶᠡᠨ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠦᠨ᠎ᠠ》 ᠭᠡᠵᠦ᠍ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠭᠣᠨ ᠮᠠᠯᠵᠢᠬᠤ ᠣᠷᠣᠨ᠎ᠤ ᠲᠢᠩᠬᠢᠮ᠎ᠦᠨ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶ᠋ᠢᠨ ᠭᠠᠵᠠᠷ᠎ᠤᠨ ᠳᠠᠷᠤᠭ᠎ᠠ ᠯᠢᠨ ᠯᠢ ᠯᠦᠩ ᠬᠡᠯᠡᠪᠡ᠃