ᠤᠢ᠍ᠢᠷ᠎ᠠ᠎ᠶ᠋ᠢᠨ ᠡᠳᠦᠷ᠎ᠲᠦ᠂ ᠪᠦᠬᠦ᠌ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠱᠢᠰᠲ᠋ᠧᠮ᠎ᠦᠨ ᠥᠷᠭᠡᠨ ᠤᠯᠠᠨ ᠺᠠᠳ᠋ᠷ ᠠᠵᠢᠯᠳᠠᠨ ᠤᠯᠠᠨ ᠵᠦᠢᠯ᠎ᠦᠨ ᠠᠷᠭ᠎ᠠ ᠬᠡᠯᠪᠡᠷᠢ᠎ᠪᠡᠷ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠦᠪᠡᠳᠡᠭ᠌ᠰᠢ ᠪᠠᠢᠳᠠᠯ᠎ᠢ ᠬᠦᠯᠢᠶᠠᠨ ᠠᠪᠴᠤ᠌ ᠦᠵᠡᠵᠦ᠍᠂ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠪᠠ᠃ ᠤᠯᠠᠨ᠎ᠢᠶᠠᠷ᠎ᠢᠶᠠᠨ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ᠎ᠪᠠᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠲᠠᠶ ᠨᠢᠭᠡᠳᠭᠡᠵᠦ᠍᠂ ᠡᠷᠡᠮᠡᠬᠡᠢᠯᠡᠨ ᠤᠷᠤᠭ᠍ᠰᠢᠯᠠᠵᠤ᠂ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠵᠤ᠂ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠵᠤ᠂ ᠵᠣᠷᠢᠭ᠍ᠲᠠᠢ ᠤᠷᠤᠭ᠍ᠰᠢᠯᠠᠵᠤ᠂ ᠥᠪᠥᠷ ᠮᠣᠩᠭᠣᠯ᠎ᠤᠨ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠵᠢ ᠲᠦᠷᠭᠡᠳᠭᠡᠨ ᠪᠦᠲᠦᠭᠡᠨ ᠪᠠᠢᠭᠤᠯᠬᠤ᠎ᠳᠤ ᠵᠠᠮ ᠨᠡᠭᠡᠭᠡᠬᠦ᠌ ᠬᠣᠱᠢᠭᠤᠴᠢ ᠪᠣᠯᠤᠨ᠎ᠠ ᠭᠡᠵᠦ᠍ ᠢᠯᠡᠳᠭᠡᠵᠡᠭᠡᠪᠡ᠃
ᠤᠯᠠᠨ᠎ᠢᠶᠠᠷ᠎ᠢᠶᠠᠨ᠂ ᠥᠪᠥᠷ ᠮᠣᠩᠭᠣᠯ᠎ᠤᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠦᠢᠯᠡᠰ᠎ᠦᠨ ᠬᠥᠭ᠌ᠵᠢᠯᠲᠡ᠎ᠶ᠋ᠢ ᠠᠬᠢᠭᠤᠯᠬᠤ᠎ᠳᠤ᠂ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ ᠶ᠋ᠢ ᠪᠠᠷᠢᠮᠲᠠᠯᠠᠵᠤ᠂ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ᠎ᠶ᠋ᠢ ᠴᠢᠩᠭ᠎ᠠ ᠡᠴᠡ ᠴᠢᠩᠭ᠎ᠠ ᠠᠳᠭᠤᠨ᠎ᠠ᠃ S43 ᠨᠢᠰᠭᠡᠯ᠎ᠦᠨ ᠪᠠᠭᠤᠳᠠᠯ᠎ᠤᠨ ᠲᠦᠷᠭᠡᠨ ᠤ᠋ ᠵᠠᠰᠠᠮᠠᠯ ᠵᠠᠮ ᠵᠡᠷᠭᠡ ᠲᠦᠷᠦᠯ ᠵᠦᠢᠯ ᠤ᠋ᠨ ᠠᠵᠢᠯ ᠡᠬᠢᠯᠡᠭᠦᠯᠦᠨ ᠪᠦᠲᠦᠭᠡᠨ ᠪᠠᠢᠭᠤᠯᠬᠤ᠎ᠶ᠋ᠢ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ᠎ᠤ ᠵᠠᠰᠠᠮᠠᠯ ᠵᠠᠮ᠎ᠢ 5000 ᠺᠢᠯᠣᠮᠧᠲ᠋ᠷ᠎ᠡᠴᠡ ᠳᠡᠭᠡᠭ᠌ᠰᠢ ᠱᠢᠨ᠎ᠡ᠎ᠪᠡᠷ ᠥᠭᠡᠷᠡᠴᠢᠯᠡᠨ ᠪᠠᠢᠭᠤᠯᠤᠨ᠎ᠠ᠃ ᠪᠠᠷᠠᠭᠠᠨ᠎ᠤ ᠭᠦᠢᠯᠭᠡᠭᠡᠨ᠎ᠦ ᠦᠢᠯᠡᠰ᠎ᠦᠨ ᠣᠳᠣᠬᠢᠴᠢᠯᠠᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ ᠬᠥᠬᠡᠬᠣᠲᠠ᠂ ᠤᠯᠠᠭᠠᠨᠴᠠᠪ — ᠡᠷᠢᠶᠡᠨ ᠬᠣᠲᠠ᠂ ᠮᠠᠨᠵᠤᠤᠷ ᠤᠨ ᠤᠯᠤᠰ ᠤ᠋ᠨ ᠪᠠᠷᠠᠭᠠᠨ᠎ᠤ ᠭᠦᠢᠯᠭᠡᠭᠡᠨ᠎ᠦ ᠬᠦᠢᠰᠦ ᠪᠠ ᠪᠠᠶᠠᠨᠨᠠᠭᠤᠷ᠎ᠤᠨ ᠤᠯᠤᠰ ᠤ᠋ᠨ ᠬᠦᠢᠲᠡᠨ ᠵᠢᠡᠷ ᠵᠦᠭᠡᠭᠡᠪᠦᠷᠢᠯᠡᠬᠦ ᠪᠠᠷᠠᠭ᠎ᠠ ᠵᠢᠨ ᠭᠦᠢᠯᠭᠡᠭᠡᠨ᠎ᠦ ᠭᠣᠣᠯᠯᠠᠭ᠍ᠴᠢ ᠰᠠᠭᠤᠷᠢᠨ ᠤ᠋ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠨ᠎ᠡ᠃ ᠭᠣᠣᠯᠳᠠᠯᠭ᠎ᠠ᠎ᠲᠠᠶ ᠬᠦᠷᠢᠶᠡᠨ᠎ᠳᠡᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭ᠌ᠴᠢ ᠵᠢᠨ ᠭᠠᠳᠠᠭᠰᠢᠯᠠᠭᠤᠯᠤᠯᠳᠠ ᠵᠢ ᠪᠠᠭᠠᠰᠭᠠᠬᠤ ᠡᠷᠴᠢᠮ ᠢ᠋ ᠴᠢᠩᠭᠠᠷᠠᠭᠤᠯᠵᠤ᠂ ᠪᠡᠯᠡᠨ ᠡᠳ᠋ ᠪᠠᠷᠠᠭᠠᠨ᠎ᠤ ᠲᠡᠭᠡᠭᠡᠪᠦᠷᠢ᠎ᠶ᠋ᠢ 《ᠵᠠᠰᠠᠮᠠᠯ ᠵᠠᠮ᠎ᠠᠴᠠ ᠲᠡᠮᠦᠷ ᠵᠠᠮ᠎ᠳᠤ ᠱᠢᠯᠵᠢᠭᠦᠯᠬᠦ᠌》᠂ 《ᠲᠠᠷᠬᠠᠮᠠᠯ ᠡᠴᠡ ᠲᠥᠪᠯᠡᠷᠡᠭᠦᠯᠬᠦ᠌》᠎ᠶ᠋ᠢ ᠲᠦᠷᠭᠡᠳᠭᠡᠨ᠎ᠡ ᠭᠡᠵᠤ ᠰᠠᠨᠠᠯ ᠨᠢᠭᠡᠳᠠᠢ ᠦᠵᠡᠵᠡᠭᠡᠵᠠᠢ᠃ ᠤᠯᠠᠨ᠎ᠢᠶᠠᠷ᠎ᠢᠶᠠᠨ᠂ ᠣᠷᠣᠨ᠎ᠤ ᠪᠣᠳᠠᠲᠤ ᠪᠠᠢᠳᠠᠯ᠎ᠲᠠᠶ ᠤᠶᠠᠯᠳᠤᠭᠤᠯᠵᠤ᠂ ᠪᠠᠷᠢᠮᠵᠢᠶᠠᠯᠠᠨ ᠬᠠᠷᠭᠤᠭᠤᠯᠵᠤ᠂ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ᠎ᠶ᠋ᠢᠨ ᠬᠤᠷᠳᠤᠴᠠ᠎ᠶ᠋ᠢ ᠲᠦᠷᠭᠡᠳᠭᠡᠨ᠎ᠡ᠃ ᠡᠭᠦᠨ᠎ᠦ ᠬᠠᠮᠲᠤ᠂ ᠵᠠᠮ ᠬᠠᠷᠢᠯᠴᠠᠭᠠᠨ᠎ᠤ ᠰᠠᠭᠤᠷᠢ ᠲᠦᠬᠦᠭᠡᠷᠤᠮᠵᠢ᠎ᠶ᠋ᠢᠨ ᠪᠥᠲᠥᠭᠡᠨ ᠪᠠᠢᠭᠤᠯᠤᠯᠲᠠ᠎ᠪᠠᠷ ᠭᠠᠷᠳᠠᠴᠠ ᠪᠣᠯᠭᠠᠵᠤ᠂ ᠲᠡᠭᠡᠭᠡᠪᠦᠷᠢ᠎ᠶ᠋ᠢᠨ ᠪᠦᠲᠦᠴᠡ᠎ᠶ᠋ᠢᠨ ᠲᠣᠬᠢᠷᠠᠭᠤᠯᠤᠯᠲᠠ᠎ᠶ᠋ᠢ ᠠᠬᠢᠭᠤᠯᠤᠨ᠂ ᠠᠵᠢᠯ ᠲᠥᠷᠥᠯ᠎ᠦᠨ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠲᠡᠢᠰᠢ ᠪᠠᠨ ᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠵᠤ᠂ ᠡᠳ᠋ ᠪᠠᠷᠠᠭᠠᠨ᠎ᠤ ᠭᠦᠶ᠋ᠯᠭᠡᠭᠡᠨ᠎ᠦ ᠦᠶ᠋ᠯᠡᠰ᠎ᠦᠨ ᠥᠪᠡᠷ᠎ᠦᠨ ᠥᠷᠲᠡᠭ᠎ᠢ ᠪᠠᠭᠤᠷᠠᠭᠤᠯᠤᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠤᠨ᠂ ᠮᠠᠯᠵᠢᠬᠤ ᠲᠠᠷᠢᠶᠠᠯᠠᠬᠤ ᠣᠷᠣᠨ᠎ᠤ ᠵᠠᠮ ᠬᠠᠷᠢᠯᠴᠠᠭᠠᠨ ᠤ ᠰᠠᠭᠤᠷᠢ ᠲᠦᠬᠦᠭᠡᠷᠤᠮᠵᠢ᠎ᠶ᠋ᠢᠨ ᠳᠤᠲᠠᠭᠤᠳᠠᠯ᠎ᠢ ᠲᠦᠷᠭᠡᠳᠭᠡᠨ ᠨᠥᠬᠥᠪᠥᠷᠢᠯᠡᠵᠦ᠍᠂ ᠵᠠᠮ ᠬᠠᠷᠢᠯᠴᠠᠭᠠᠨ᠎ᠤ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠶ᠋ᠯ᠎ᠢ 《ᠠᠢᠯ ᠡᠷᠦᠬᠡ᠎ᠳᠦ ᠣᠷᠣᠭᠤᠯᠬᠤ 》 ᠶ᠋ᠢ ᠠᠬᠢᠭᠤᠯᠤᠨ᠎ᠠ ᠭᠡᠵᠤ ᠭᠡᠵᠦ᠍ ᠰᠠᠨᠠᠯ ᠨᠢᠭᠡᠲᠡᠢ ᠢᠯᠡᠳᠭᠡᠵᠡᠭᠡᠪᠡ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号