ᠦᠪᠡᠷᠳᠡᠭᠡᠨ ᠵᠠᠰᠠᠬᠤ ᠤᠷᠤᠨ ᠤ᠋ ᠰᠤᠷᠭᠠᠨ ᠬᠦᠮᠦᠵᠢᠯ ᠤ᠋ᠨ ᠲᠢᠩᠭᠢᠮ᠄ ᠰᠤᠷᠭᠠᠨ ᠬᠥᠮᠦᠵᠢᠯ ᠢ᠋ ᠴᠢᠨᠠᠷ ᠰᠠᠢᠲᠠᠶ ᠬᠥᠭ᠌ᠵᠢᠯᠲᠡ᠎ᠶ᠋ᠢᠨ ᠬᠡᠷᠡᠭ᠌ᠴᠡᠭᠡ᠎ᠳᠦ ᠨᠠᠩ ᠰᠠᠢᠲᠤᠷ ᠵᠣᠬᠢᠴᠠᠭᠤᠯᠬᠤ᠎ᠶ᠋ᠢ ᠠᠬᠢᠭᠤᠯᠤᠨ᠎ᠠ
2022-01-29 10:32:45
ᠵᠣᠬᠢᠶᠠᠭ᠍ᠴᠢ᠄
ᠯᠢᠦ ᡁᠢ ᠱᠢᠶᠠᠨ
ᠣᠩᠱᠢᠭ᠍ᠰᠠᠨ ᠣᠳᠠᠭ᠎ᠠ᠄
★★★☆☆

ᠰᠠᠶᠢᠬᠠᠨ ᠲᠡᠭᠦᠰᠦᠭ᠌ᠰᠡᠨ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠱᠢᠰᠲ᠋ᠧᠮ᠎ᠳᠦ ᠴᠢᠩᠭ᠎ᠠ ᠲᠤᠰᠭᠠᠯ ᠭᠠᠷᠴᠤ᠌᠂ ᠤᠯᠠᠨ᠎ᠢᠶᠠᠷ᠎ᠢᠶᠠᠨ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠬᠥᠭ᠌ᠵᠢᠯᠲᠡ᠎ᠶ᠋ᠢ ᠠᠬᠢᠭᠤᠯᠬᠤ ᠢᠲᠡᠭᠡᠯ ᠵᠣᠷᠢᠭ ᠪᠠ ᠠᠷᠠᠳ᠎ᠤᠨ ᠠᠮᠢᠳᠤᠷᠠᠯ᠎ᠢ ᠬᠠᠯᠠᠮᠵᠢᠯᠠᠬᠤ ᠰᠡᠳᠭᠢᠯᠭᠡ᠎ᠪᠡᠷ ᠪᠢᠯᠬᠠᠮ᠎ᠠ ᠪᠠᠢᠨ᠎ᠠ᠂ ᠬᠣᠢᠱᠢᠳᠠ ᠰᠤᠷᠭᠠᠨ ᠬᠥᠮᠦᠵᠢᠯ᠎ᠦᠨ ᠱᠢᠰᠲ᠋ᠧᠮ ᠤ᠋ᠨ ᠬᠢᠨ ᠰᠤᠷᠭᠠᠨ ᠬᠥᠮᠦᠵᠢᠯ᠎ᠢ ᠴᠢᠨᠠᠷ ᠰᠠᠢᠲᠠᠢ ᠬᠥᠭ᠌ᠵᠢᠯᠲᠡ᠎ᠶ᠋ᠢᠨ ᠬᠡᠷᠡᠭ᠌ᠴᠡᠭᠡ᠎ᠳᠦ ᠨᠡᠩ ᠰᠠᠢᠲᠤᠷ ᠵᠣᠬᠢᠴᠠᠭᠤᠯᠬᠤ ᠶ᠋ᠢ ᠦᠷᠭᠦᠯᠵᠢᠯᠡᠨ ᠠᠬᠢᠭᠤᠯᠤᠨ᠎ᠠ ᠭᠡᠵᠦ᠍ ᠢᠯᠡᠳᠭᠡᠵᠡᠭᠡᠪᠡ᠃

ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠦᠨ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠦᠨ ᠭᠠᠵᠠᠷ᠎ᠤᠨ ᠳᠠᠷᠤᠭ᠎ᠠ ᠢ ᠳ᠋ᠸ ᠷᠧᠨ᠄ 《ᠢᠯᠡᠳᠭᠡᠯ᠎ᠳᠦ ᠶᠡᠬᠡ ᠳᠡᠭᠡᠳᠦ ᠰᠤᠷᠭᠠᠭᠤᠯᠢ᠎ᠶ᠋ᠢᠨ ᠲᠤᠬᠢᠷᠠᠭᠤᠯᠤᠯᠳᠠ ᠪᠠ ᠲᠤᠰᠭᠠᠶ ᠮᠡᠷᠭᠡᠵᠢᠯ᠎ᠦᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠶᠠᠮᠤᠨ ᠣᠷᠣᠨ᠎ᠤ 〈ᠬᠤᠤᠰ ᠲᠡᠷᠢᠭᠦᠨ ᠵᠡᠷᠭᠡ〉ᠵᠢᠨ ᠶᠡᠬᠡ ᠳᠡᠭᠡᠳᠦ ᠰᠤᠷᠭᠠᠭᠤᠯᠢ᠎ᠶ᠋ᠢ ᠬᠠᠮᠲᠤ᠎ᠪᠠᠷ ᠪᠥᠲᠥᠭᠡᠨ ᠪᠠᠢᠭᠤᠯᠬᠤ ᠡᠷᠴᠢᠮ᠎ᠢ ᠴᠢᠩᠭᠠᠷᠠᠭᠤᠯᠵᠤ ᠂ ᠰᠤᠷᠭᠠᠨ ᠬᠥᠮᠦᠵᠢᠯ ᠢ᠋ ᠴᠢᠨᠠᠷ ᠰᠠᠢᠲᠠᠶ ᠬᠥᠭ᠌ᠵᠢᠯᠲᠡ᠎ᠶ᠋ᠢᠨ ᠬᠡᠷᠡᠭ᠌ᠴᠡᠭᠡ᠎ᠳᠦ ᠨᠠᠩ ᠰᠠᠢᠲᠤᠷ ᠵᠣᠬᠢᠴᠠᠭᠤᠯᠬᠤ᠎ᠶ᠋ᠢ ᠠᠬᠢᠭᠤᠯᠤᠨ᠎ᠠ ᠭᠡᠵᠦ᠍ ᠳᠤᠷᠠᠳᠪᠠ᠃ ᠱᠢᠨ᠎ᠡ ᠴᠠᠭ ᠦᠶ᠎ᠡ ᠵᠢᠨ ᠳᠤᠮᠳᠠ ᠪᠠᠷᠠᠭᠤᠨ ᠣᠷᠣᠨ᠎ᠤ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠢ ᠬᠥᠭ᠌ᠵᠢᠭᠦᠯᠦᠨ ᠮᠠᠨᠳᠤᠭᠤᠯᠬᠤ ᠱᠢᠨ᠎ᠡ ᠠᠵᠠ ᠲᠣᠬᠢᠶᠠᠯ᠎ᠢ ᠪᠠᠲᠤ ᠡᠵᠡᠮᠳᠡᠵᠦ᠍᠂ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠦᠨ ᠱᠢᠨᠵᠢᠯᠡᠭᠡᠨ᠎ᠦ ᠰᠠᠯᠠᠭ᠎ᠠ ᠲᠤᠰᠭᠠᠶ ᠮᠡᠷᠭᠡᠵᠢᠯ᠎ᠦᠨ ᠱᠢᠰᠲ᠋ᠧᠮ ᠤ᠋ᠨ ᠥᠭᠡᠷᠡᠴᠢᠯᠡᠯᠲᠡ᠎ᠶ᠋ᠢ ᠲᠠᠰᠤᠷᠠᠯᠲᠠ ᠥᠬᠡᠶ ᠭᠦᠨᠵᠡᠭᠡᠢᠷᠡᠭᠦᠯᠵᠦ᠍᠂ ᠱᠢᠨᠵᠢᠯᠡᠭᠡᠨ᠎ᠦ ᠰᠠᠯᠠᠭ᠎ᠠ ᠲᠤᠰᠭᠠᠶ ᠮᠡᠷᠭᠡᠵᠢᠯ᠎ᠢ ᠨᠢᠭᠡ ᠴᠣᠭ᠍ᠴᠠᠵᠢᠭᠤᠯᠤᠨ ᠬᠥᠭ᠌ᠵᠢᠭᠦᠯᠬᠦ᠌ ᠠᠷᠭ᠎ᠠ ᠪᠣᠳᠣᠯᠭ᠎ᠠ᠎ᠶ᠋ᠢ ᠬᠡᠷᠡᠭ᠌ᠵᠢᠭᠦᠯᠵᠦ᠍᠂ ᠠᠵᠤ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠬᠦ᠌ ᠬᠠᠨᠳᠤᠰᠢ ᠪᠠᠢᠳᠠᠯ ᠲᠠᠢ ᠨᠢᠭᠳᠠ ᠤᠶᠠᠯᠳᠤᠭᠤᠯᠵᠤ ᠂ ᠱᠢᠨᠵᠢᠯᠡᠭᠡᠨ᠎ᠦ ᠰᠠᠯᠠᠭ᠎ᠠ ᠲᠤᠰᠭᠠᠶ ᠮᠡᠷᠭᠡᠵᠢᠯ᠎ᠦᠨ ᠪᠠᠢᠷᠢᠯᠠᠭᠤᠯᠤᠯᠲᠠ᠎ᠳᠤ ᠲᠣᠬᠢᠷᠠᠭᠤᠯᠤᠯᠲᠠ ᠬᠢᠵᠦ᠍᠂ ᠨᠢᠭᠡ ᠪᠦᠯᠦᠭ ᠣᠷᠣᠨ ᠨᠤᠲᠤᠭ(ᠠᠵᠢᠯ ᠲᠥᠷᠥᠯ)ᠲᠤ᠌ ᠪᠠᠴᠢᠮ ᠬᠡᠷᠡᠭ᠌ᠴᠡᠭᠡ᠎ᠲᠡᠶ᠂ ᠳᠠᠪᠠᠭᠤᠯᠢᠭ ᠨᠢ ᠲᠣᠪᠣᠢᠮ᠎ᠠ᠂ ᠣᠨᠴᠠᠯᠢᠭ ᠨᠢ ᠢᠯᠡ ᠲᠣᠳᠣ ᠱᠢᠨᠵᠢᠯᠡᠭᠡᠨ᠎ᠦ ᠰᠠᠯᠠᠭ᠎ᠠ ᠲᠤᠰᠭᠠᠶ ᠮᠡᠷᠭᠡᠵᠢᠯ᠎ᠢ ᠬᠦᠴᠦᠯᠡᠨ ᠪᠠᠢᠭᠤᠯᠤᠨ᠎ᠠ》 ᠭᠡᠵᠤ ᠬᠡᠯᠡᠵᠠᠢ᠃ 

ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠦᠨ ᠲᠥᠷᠥ᠎ᠶ᠋ᠢᠨ ᠪᠣᠳᠣᠯᠭ᠎ᠠ ᠬᠠᠤᠯᠢ ᠲᠣᠭ᠍ᠲᠠᠭᠠᠯ᠎ᠤᠨ ᠭᠠᠵᠠᠷ᠎ᠤᠨ ᠳᠡᠳ᠋ ᠳᠠᠷᠤᠭ᠎ᠠ ᠵᠢᠶᠠᠩ ᠢᠦᠶ ᠫᠧᠩ᠄ 《ᠱᠢᠨ᠎ᠡ ᠴᠠᠭ ᠦᠶ᠎ᠡ᠎ᠶ᠋ᠢᠨ ᠰᠤᠷᠭᠠᠨ ᠬᠥᠮᠦᠵᠢᠯ᠎ᠦᠨ ᠦᠨᠡᠯᠡᠯᠲᠡ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠪᠡᠷ ᠵᠢᠯᠣᠭᠣᠳᠤᠮᠵᠢ ᠪᠣᠯᠭᠠᠵᠤ᠂ ᠲᠥᠷᠥ᠎ᠶ᠋ᠢᠨ ᠪᠣᠳᠣᠯᠭ᠎ᠠ᠎ᠶ᠋ᠢᠨ ᠬᠠᠩᠭᠠᠯᠭ᠎ᠠ᠎ᠶ᠋ᠢ ᠴᠢᠩᠭᠠᠳᠭᠠᠵᠤ᠂ ᠥᠭᠡᠷᠡᠴᠢᠯᠡᠯᠲᠡ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠤᠨ᠎ᠠ; ᠬᠠᠤᠯᠢᠵᠢᠯ᠎ᠤᠨ ᠰᠡᠳᠭᠢᠬᠦᠶ ᠪᠣᠯᠤᠨ ᠬᠠᠤᠯᠢᠵᠢᠯ᠎ᠤᠨ ᠠᠷᠭ᠎ᠠ ᠬᠡᠯᠪᠡᠷᠢ᠎ᠪᠡᠷ ᠰᠤᠷᠭᠠᠨ ᠬᠥᠮᠦᠵᠢᠯ᠎ᠦᠨ ᠥᠭᠡᠷᠡᠴᠢᠯᠡᠯᠲᠡ᠎ᠶ᠋ᠢ ᠠᠬᠢᠭᠤᠯᠵᠤ᠂ ᠱᠢᠰᠲ᠋ᠧᠮ᠎ᠦᠨ ᠺᠠᠳ᠋ᠷ ᠪᠠᠭ᠍ᠰᠢ ᠰᠤᠷᠤᠭ᠍ᠴᠢᠳ᠎ᠢ ᠬᠥᠲᠥᠯᠥᠨ ᠵᠢᠯᠣᠭᠣᠳᠴᠤ᠌  ᠬᠥᠮᠦᠵᠢᠭᠦᠯᠵᠦ᠍ ᠪᠠᠢᠭᠠᠳ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠬᠠᠤᠯᠢᠵᠢᠯ᠎ᠤᠨ ᠵᠠᠮ᠎ᠢᠶᠠᠷ ᠡᠷᠡᠰ ᠭᠤᠢᠪᠢᠰᠢ ᠥᠬᠡᠶ ᠵᠠᠮᠨᠠᠭᠤᠯᠤᠨ᠎ᠠ; ᠠᠷᠠᠳ ᠲᠦᠮᠡᠨ᠎ᠢᠶᠡᠷ ᠭᠤᠤᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠨᠠᠷᠢᠨ ᠬᠢᠨᠠᠮᠠᠭᠠᠶ ᠦᠶ᠋ᠯᠡᠳᠦᠯᠭᠡᠵᠢᠭᠦᠯᠵᠦ᠍᠂ ᠰᠤᠷᠭᠠᠨ ᠬᠥᠮᠦᠵᠢᠯ᠎ᠦᠨ ᠲᠣᠭ᠎ᠠ ᠪᠠᠷᠢᠮᠲᠠ᠎ᠶ᠋ᠢ ᠬᠠᠮᠲᠤ᠎ᠪᠠᠷ ᠡᠳ᠋ᠯᠡᠬᠦ᠌᠎ᠶ᠋ᠢ ᠤᠯᠠᠮ ᠴᠢᠨᠠᠭ᠍ᠰᠢᠳᠠ ᠠᠬᠢᠭᠤᠯᠵᠤ᠂ ᠥᠭᠡᠷᠡᠴᠢᠯᠡᠯᠲᠡ ᠪᠠ ᠦᠶ᠋ᠯᠡᠴᠢᠯᠡᠭᠡᠨ᠎ᠦ ᠦᠷ᠎ᠡ ᠪᠦᠲᠦᠮᠵᠢ ᠪᠡᠷ ᠣᠯᠠᠨ ᠲᠦᠮᠡᠨ᠎ᠦ ᠬᠦᠷᠲᠡᠮᠵᠢ᠎ᠶ᠋ᠢᠨ ᠲᠥᠷᠥᠭ᠌ᠳᠡᠯ ᠪᠠ ᠬᠠᠨᠤᠮᠵᠢ᠎ᠶ᠋ᠢᠨ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠎ᠠ 》 ᠭᠡᠵᠤ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号