ᠦᠪᠡᠷᠳᠡᠭᠡᠨ ᠵᠠᠰᠠᠬᠤ ᠤᠷᠤᠨ ᠤ᠋ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠲᠢᠩᠭᠢᠮ᠄ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠰᠠᠢᠲᠤᠷ ᠬᠢᠨ᠎ᠡ
2022-01-29 10:36:16
ᠵᠣᠬᠢᠶᠠᠭ᠍ᠴᠢ᠄
ᠵᠤᠤ ᠨᠠ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠶ᠋ᠢᠨ ᠡᠳᠦᠷ᠎ᠲᠦ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠡᠴᠡ ᠳᠠᠮᠵᠢᠭᠤᠯᠤᠭ᠍ᠰᠠᠨ ᠱᠢᠨ᠎ᠡ᠎ᠶ᠋ᠢ ᠡᠭᠦᠳᠬᠦ᠌ ᠮᠠᠶᠢᠭ᠎ᠤᠨ ᠥᠪᠥᠷ ᠮᠣᠩᠭᠣᠯ᠎ᠢ ᠲᠦᠷᠭᠡᠳᠭᠡᠨ ᠪᠦᠲᠦᠭᠡᠨ ᠪᠠᠢᠭᠤᠯᠬᠤ ᠲᠤᠬᠠᠢ ᠮᠡᠳᠡᠭᠡ ᠵᠠᠩᠭᠢ ᠮᠠᠨ᠎ᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠰᠲ᠋ᠧᠮ᠎ᠦᠨ ᠥᠷᠭᠡᠨ ᠤᠯᠠᠨ ᠺᠠᠳ᠋ᠷ ᠤᠯᠠᠨ ᠲᠦᠮᠡᠨ᠎ᠦ ᠳᠤᠮᠳᠠ ᠴᠢᠩᠭ᠎ᠠ ᠲᠤᠰᠭᠠᠯ ᠭᠠᠷᠪᠠ᠃

ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠢᠩᠬᠢᠮ᠎ᠦᠨ ᠳᠠᠷᠤᠭ᠎ᠠ ᠰᠦᠨ ᠵᠢᠶᠦ᠋ᠨ ᠴᠢᠩ᠂ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠢᠩᠬᠢᠮ 《ᠲᠣᠭ᠍ᠲᠠᠭᠤᠨ ᠪᠠᠢᠯᠭᠠᠬᠤ》 ᠰᠠᠭᠤᠷᠢ᠂ 《ᠤᠷᠤᠭ᠍ᠰᠢᠯᠠᠬᠤ》 ᠴᠢᠭ᠌ᠯᠡᠯ᠂ 《ᠳᠡᠭᠡᠳᠦ》 ᠬᠠᠷᠠᠯᠲᠠ᠎ᠪᠠᠷ ᠪᠥᠬᠥ᠌ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢ ᠲᠥᠯᠥᠪᠵᠢᠭᠦᠯᠦᠨ ᠪᠠᠢᠷᠢᠱᠢᠭᠤᠯᠤᠨ᠎ᠠ᠃ ᠨᠢᠭᠡ᠎ᠳᠦ᠂ ᠱᠢᠨ᠎ᠡ᠎ᠶ᠋ᠢ ᠡᠭᠦᠳᠬᠦ᠌ ᠬᠡᠯᠬᠢᠶ᠎ᠡ ᠬᠢᠭᠡᠳ ᠠᠵᠤ ᠦᠶ᠋ᠯᠡᠰ᠎ᠦᠨ ᠬᠡᠯᠬᠢᠶ᠎ᠡ᠎ᠶ᠋ᠢᠨ ᠠᠭᠤᠰᠤᠯᠴᠠᠯ᠎ᠢ ᠠᠬᠢᠭᠤᠯᠤᠨ᠎ᠠ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠴᠢᠬᠤᠯᠠ ᠶᠡᠬᠡ ᠵᠢᠱ᠌ᠢᠶ᠎ᠡ ᠦᠵᠡᠭᠦᠯᠬᠦ᠌ ᠢᠨᠵᠧᠨᠧᠷᠢᠩ᠎ᠢ ᠡᠬᠢᠯᠡᠭᠦᠯᠵᠦ᠍᠂ ᠵᠠᠩᠭᠢᠯᠠᠭ᠎ᠠ᠎ᠶ᠋ᠢᠨ ᠮᠡᠷᠭᠡᠵᠢᠯ᠎ᠦᠨ ᠪᠣᠭᠣᠮᠲᠠ ᠱᠢᠪᠲᠤᠯᠬᠤ᠎ᠶ᠋ᠢ ᠪᠦᠲᠦᠮᠵᠢᠲᠡᠶ ᠵᠣᠬᠢᠶᠠᠨ ᠪᠠᠢᠭᠤᠯᠵᠤ᠂ ᠲᠡᠷᠢᠭᠦᠨ᠎ᠦ ᠮᠡᠷᠭᠡᠵᠢᠯ᠎ᠦᠨ ᠦᠷ᠎ᠡ ᠪᠦᠲᠦᠭᠡᠯ᠎ᠢ ᠪᠣᠳᠠᠲᠠᠢᠵᠢᠭᠤᠯᠤᠨ ᠤᠨᠳᠤᠤᠰᠢᠭᠤᠯᠬᠤ᠎ᠶ᠋ᠢ ᠲᠦᠷᠭᠡᠳᠭᠡᠨ᠎ᠡ᠃ ᠬᠣᠶᠠᠷ᠎ᠲᠤ᠂ ᠪᠠᠢᠯᠳᠤᠬᠤ ᠪᠤᠳᠤᠯᠭ᠎ᠠ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠦᠴᠦᠨ᠎ᠦ ᠪᠠᠢᠭᠤᠯᠤᠯᠲᠠ᠎ᠶ᠋ᠢ ᠴᠢᠩᠭᠠᠳᠭᠠᠨ᠎ᠠ᠃ ᠳᠡᠭᠡᠳᠦ ᠱᠢᠨ᠎ᠡ ᠮᠡᠷᠭᠡᠵᠢᠯ ᠪᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠡᠯᠪᠡᠷᠢ᠎ᠶ᠋ᠢᠨ ᠳᠤᠮᠳᠠ ᠪᠠᠭ᠎ᠠ ᠠᠵᠤ ᠠᠬᠤᠢᠯᠠᠯ᠎ᠢ ᠪᠣᠢᠵᠢᠭᠤᠯᠬᠤ 《ᠬᠣᠣᠰ ᠳᠠᠬᠢᠨ᠎ᠢᠶᠠᠷ ᠨᠡᠮᠡᠭ᠌ᠳᠡᠭᠦᠯᠬᠦ᠌》 ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠠᠵᠤ ᠠᠬᠤᠢᠯᠠᠯ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠎ᠦᠨ ᠣᠨᠴᠠ ᠲᠣᠮᠢᠯᠠᠭ᠍ᠴᠢ᠎ᠶ᠋ᠢᠨ ᠳᠦᠷᠢᠮ᠎ᠢ ᠪᠠᠢᠭᠤᠯᠵᠤ᠂ ᠱᠢᠨ᠎ᠡ ᠴᠠᠭ ᠦᠶ᠎ᠡ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠣᠨᠴᠠ ᠲᠣᠮᠢᠯᠠᠭ᠍ᠴᠢ᠎ᠶ᠋ᠢᠨ ᠠᠵᠢᠯ᠎ᠢ ᠰᠠᠢᠲᠤᠷ ᠬᠢᠨ᠎ᠡ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠳᠠᠭᠠᠭᠤᠯᠤᠭ᠍ᠴᠢ ᠴᠢᠳᠠᠪᠤᠷᠢᠲᠠᠨ᠎ᠤ ᠪᠦᠯᠬᠦᠮ᠎ᠢ ᠣᠷᠣᠭᠤᠯᠤᠨ ᠠᠪᠴᠢᠷᠠᠬᠤ ᠲᠥᠯᠥᠪᠯᠡᠭᠡ᠂ ᠵᠠᠯᠠᠭᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠎ᠦᠨ ᠱᠢᠨ᠎ᠡ᠎ᠶ᠋ᠢ ᠡᠭᠦᠳᠬᠦ᠌ ᠴᠢᠳᠠᠪᠤᠷᠢᠲᠠᠨ᠎ᠢ ᠬᠥᠮᠦᠵᠢᠭᠦᠯᠬᠦ᠌ ᠲᠥᠯᠥᠪᠯᠡᠭᠡ᠎ᠶ᠋ᠢ ᠡᠬᠢᠯᠡᠭᠦᠯᠵᠦ᠍᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠴᠢᠳᠠᠪᠤᠷᠢᠲᠠᠨ᠎ᠤ ᠡᠩᠨᠡᠭᠡ᠎ᠶ᠋ᠢ ᠨᠢᠭᠡᠳᠦᠯᠲᠡᠶ ᠲᠥᠯᠥᠪᠵᠢᠭᠦᠯᠦᠨ ᠪᠠᠢᠭᠤᠯᠤᠨ᠎ᠠ᠃ ᠭᠤᠷᠪᠠ᠎ᠳᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠠᠢᠭᠤᠯᠤᠮᠵᠢ ᠲᠣᠭ᠍ᠲᠠᠴᠠ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠎ᠡ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠠᠢᠭᠤᠯᠤᠮᠵᠢ ᠲᠣᠭ᠍ᠲᠠᠴᠠ᠎ᠶ᠋ᠢᠨ ᠥᠭᠡᠷᠡᠴᠢᠯᠡᠯᠲᠡ᠎ᠶ᠋ᠢᠨ ᠪᠤᠭᠤᠮᠳᠠ ᠰᠢᠪᠳᠤᠯᠬᠤ ᠠᠵᠢᠯᠯᠠᠭ᠎ᠠ᠎ᠶ᠋ᠢ ᠡᠬᠢᠯᠡᠭᠦᠯᠵᠦ᠍᠂ ᠰᠤᠳᠤᠯᠤᠨ ᠨᠡᠭᠡᠭᠡᠬᠦ᠌ ᠣᠷᠣᠭᠤᠯᠤᠯᠲᠠ᠎ᠶ᠋ᠢᠨ ᠪᠤᠭᠤᠮᠳᠠ ᠰᠢᠪᠳᠤᠯᠬᠤ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠡᠬᠢ ᠪᠠᠶᠠᠯᠢᠭ᠎ᠤᠨ ᠡᠯᠧᠮᠧᠨ᠋ᠲ᠎ᠢ ᠨᠢᠭᠡ ᠴᠤᠭ᠍ᠴᠠᠵᠢᠭᠤᠯᠤᠨ ᠲᠤᠬᠢᠷᠠᠭᠤᠯᠤᠨ᠎ᠠ᠃ ᠱᠢᠨᠵᠢᠯᠡᠬᠦ᠌ ᠤᠬᠠᠭᠠᠨ ᠮᠡᠷᠭᠡᠵᠢᠯ᠎ᠦᠨ ᠨᠡᠭᠡᠭᠡᠯᠲᠡᠲᠦ ᠬᠠᠮᠲᠤᠷᠠᠯᠴᠠᠭᠠᠨ᠎ᠤ ᠲᠣᠭ᠍ᠲᠠᠴᠠ᠎ᠶ᠋ᠢ ᠱᠢᠯᠢᠳᠡᠭ᠌ᠵᠢᠭᠦᠯᠦᠨ᠎ᠡ᠃ ᠳᠥᠷᠪᠡ᠎ᠳᠦ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠥᠷᠥ ᠶ᠋ᠢᠨ ᠪᠣᠳᠣᠯᠭ᠎ᠠ᠎ᠶ᠋ᠢ ᠯᠠᠪᠳᠠᠭᠤᠨ ᠪᠠᠲᠤᠲᠠᠶ ᠨᠠᠢᠳᠠᠪᠤᠷᠢᠵᠢᠭᠤᠯᠬᠤ᠎ᠶ᠋ᠢ ᠴᠢᠩᠭ᠎ᠠ ᠠᠳᠭᠤᠨ᠎ᠠ᠃ ᠪᠦᠬᠦᠯᠢ ᠴᠣᠭ᠍ᠴᠠ᠎ᠪᠠᠷ ᠲᠥᠯᠥᠪᠵᠢᠭᠦᠯᠬᠦ᠌᠎ᠶ᠋ᠢ ᠴᠢᠩᠭᠠᠳᠭᠠᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠶ᠋ᠯ᠎ᠦᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠥᠷᠥ᠎ᠶ᠋ᠢᠨ ᠪᠣᠳᠣᠯᠭ᠎ᠠ᠎ᠶ᠋ᠢ ᠯᠠᠪᠳᠠᠭᠤᠨ ᠪᠠᠲᠤᠲᠠᠶ ᠨᠠᠢᠳᠠᠪᠤᠷᠢᠵᠢᠭᠤᠯᠬᠤ᠎ᠶ᠋ᠢ ᠠᠬᠢᠭᠤᠯᠤᠨ᠎ᠠ ᠭᠡᠵᠤ ᠢᠯᠡᠳᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号