ᠦᠪᠡᠷᠳᠡᠭᠡᠨ ᠵᠠᠰᠠᠬᠤ ᠤᠷᠤᠨ ᠤ᠋ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ ᠵᠢᠨ ᠲᠢᠩᠭᠢᠮ᠄ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠬᠦᠷᠢᠶᠡᠨ᠎ᠳᠡᠬᠢ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠠᠵᠢᠯ᠎ᠢ ᠰᠠᠢᠲᠤᠷ ᠬᠢᠨ᠎ᠠ
2022-01-29 10:41:03
ᠵᠣᠬᠢᠶᠠᠭ᠍ᠴᠢ᠄
ᠳᠠᠳᠤᠯᠭ᠎ᠠ᠎ᠶ᠋ᠢᠨ ᠰᠤᠷᠪᠤᠯᠵᠢᠯᠠᠭ᠍ᠴᠢ ᠮᠧᠢ ᠭᠠᠩ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ ᠎ᠦᠨ ᠪᠠᠲᠤᠯᠠᠭ᠎ᠠ᠎ᠶ᠋ᠢᠨ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠵᠠᠢ ᠶᠢᠩ ᠵᠢᠶᠤᠢ᠍ᠨ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠨᠢ ᠡᠨᠡ ᠵᠢᠯ᠎ᠦᠨ ᠠᠵᠢᠯ᠎ᠤᠨ ᠴᠢᠭ᠌ᠯᠡᠯ᠎ᠢ ᠲᠣᠳᠣᠷᠬᠠᠢ ᠵᠢᠭᠠᠵᠤ᠂ ᠪᠣᠳᠠᠲᠠᠢ ᠡᠭᠦᠷᠭᠡ᠎ᠶ᠋ᠢ ᠲᠣᠳᠣᠷᠬᠠᠢᠯᠠᠵᠤ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠱᠢᠰᠲᠸᠮ ᠤ᠋ᠨ ᠬᠢᠨ ᠬᠤᠷᠠᠯ᠎ᠤᠨ ᠵᠣᠷᠢᠭ ᠰᠠᠨᠠᠭ᠎ᠠ᠎ᠶ᠋ᠢ ᠦᠳᠲᠡᠷ ᠲᠦᠷᠭᠡᠨ ᠤᠯᠠᠮᠵᠢᠯᠠᠨ ᠰᠤᠷᠤᠯᠴᠠᠵᠤ᠂ ᠬᠠᠷᠠᠯᠲᠠ᠎ᠪᠠᠨ ᠴᠢᠭᠯᠡᠨ ᠤᠷᠤᠭᠰᠢᠯᠠᠵᠤ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠬᠦᠷᠢᠶᠡᠨ᠎ᠦ ᠡᠯ᠎ᠡ ᠵᠦᠢᠯ᠎ᠦᠨ ᠠᠵᠢᠯ᠎ᠢ ᠪᠦᠬᠦ᠌ ᠬᠦᠴᠦᠨ ᠎ᠢᠶᠡᠷ᠎ᠢᠶᠡᠨ ᠰᠠᠢᠲᠤᠷ ᠬᠢᠨ᠎ᠠ᠃ ᠨᠢᠭᠡ᠎ᠳᠦ᠂ ᠠᠷᠭ᠎ᠠ ᠪᠦᠬᠦᠨ᠎ᠢ ᠰᠦᠪᠡᠭ᠌ᠴᠢᠯᠡᠨ ᠠᠵᠢᠯ ᠣᠯᠭᠣᠯᠲᠠ᠎ᠶ᠋ᠢ ᠲᠣᠭ᠍ᠲᠠᠪᠤᠷᠢᠵᠢᠭᠤᠯᠤᠨ ᠥᠷᠭᠡᠳᠭᠡᠨ᠎ᠡ᠃ ᠠᠵᠢᠯ ᠣᠯᠭᠣᠯᠲᠠ᠎ᠶ᠋ᠢ ᠲᠡᠷᠢᠭᠦᠨ᠎ᠳᠦ ᠲᠠᠯᠪᠢᠬᠤ ᠲᠥᠷᠥ᠎ᠶ᠋ᠢᠨ ᠪᠣᠳᠣᠯᠭ᠎ᠠ᠎ᠶ᠋ᠢ ᠪᠥᠬᠥ᠌ ᠲᠠᠯ᠎ᠠ᠎ᠪᠠᠷ ᠲᠤᠭᠤᠰᠢᠯᠠᠭᠤᠯᠵᠤ᠂ 《ᠦᠢᠯᠡᠰ ᠪᠤᠰᠬᠠᠬᠤ ᠥᠪᠥᠷ ᠮᠣᠩᠭᠣᠯ》᠂ 《ᠤᠷ᠎ᠠ ᠮᠡᠷᠭᠡᠵᠢᠯ ᠵᠢᠡᠷ ᠥᠪᠥᠷ ᠮᠣᠩᠭᠣᠯ᠎ᠢᠶᠠᠨ ᠮᠠᠨᠳᠤᠭᠤᠯᠬᠤ》᠂ 《ᠭᠤᠤᠯᠳᠠᠯᠭ᠎ᠠ ᠲᠠᠢ ᠬᠦᠮᠦᠰ ᠤ᠋ᠨ ᠠᠵᠢᠯ ᠣᠯᠭᠣᠯᠲᠠ᠎ᠶ᠋ᠢ ᠠᠬᠢᠭᠤᠯᠬᠤ》᠂ 《ᠠᠵᠢᠯ ᠣᠯᠭᠣᠬᠤ ᠦᠶ᠋ᠯᠡᠴᠢᠯᠡᠭᠡᠨ᠎ᠦ ᠶᠠᠰᠤ ᠴᠢᠨᠠᠷ᠎ᠢ ᠳᠡᠭᠡᠭ᠌ᠰᠢᠯᠡᠭᠦᠯᠬᠦ᠌》᠂ 《ᠭᠤᠤᠯᠳᠠᠯᠭ᠎ᠠ ᠲᠠᠢ ᠲᠦᠷᠦᠯ ᠵᠦᠢᠯ ᠵᠢᠡᠷ ᠠᠵᠢᠯ ᠤᠯᠭᠤᠯᠳᠠ ᠵᠢ ᠠᠬᠢᠭᠤᠯᠬᠤ》ᠲᠠᠪᠤᠨ ᠵᠦᠶ᠋ᠯ᠎ᠦᠨ ᠠᠵᠢᠯᠯᠠᠭᠠᠨ᠎ᠤ ᠲᠥᠯᠥᠪᠯᠡᠭᠡ᠎ᠶ᠋ᠢ ᠬᠡᠷᠡᠭ᠌ᠵᠢᠭᠦᠯᠵᠦ᠍᠂ ᠨᠠᠩ ᠴᠢᠨᠠᠷ ᠰᠠᠢᠲᠠᠶ ᠨᠠᠩ ᠭᠦᠶ᠋ᠴᠡᠳ ᠠᠵᠢᠯ ᠣᠯᠭᠣᠯᠲᠠ᠎ᠶ᠋ᠢ ᠪᠡᠶᠡᠯᠡᠭᠦᠯᠦᠨ᠎ᠠ᠃ ᠬᠣᠶᠠᠷ᠎ᠲᠤ᠂ ᠨᠡᠢᠭᠡᠮ᠎ᠦᠨ ᠪᠠᠲᠤᠯᠠᠭ᠎ᠠ᠎ᠶ᠋ᠢᠨ ᠳᠦᠷᠢᠮ᠎ᠢ ᠪᠦᠷᠢᠨᠱᠢᠭᠦᠯᠦᠨ ᠲᠡᠭᠦᠯᠳᠡᠷᠵᠢᠭᠦᠯᠦᠨ᠎ᠡ᠃ ᠨᠠᠰᠤᠵᠢᠯ᠎ᠤᠨ ᠳᠠᠭᠠᠳᠭᠠᠯ᠎ᠢ ᠪᠥᠬᠥ᠌ ᠤᠯᠤᠰ᠎ᠲᠤ ᠨᠢᠭᠡᠳᠦᠯᠲᠡᠶ ᠲᠥᠯᠥᠪᠵᠢᠭᠦᠯᠬᠦ ᠠᠵᠢᠯ᠎ᠢ ᠰᠠᠢᠲᠤᠷ ᠬᠢᠬᠦ᠌ ᠪᠠ ᠨᠠᠢᠳᠠᠪᠤᠷᠢᠵᠢᠭᠤᠯᠵᠤ᠂ ᠠᠵᠢᠯ ᠡᠴᠡ ᠪᠣᠯᠤᠭ᠍ᠰᠠᠨ ᠭᠡᠮᠲᠦᠯ᠎ᠦᠨ ᠳᠠᠭᠠᠳᠭᠠᠯ᠎ᠢ ᠥᠪᠡᠷᠲᠡᠭᠡᠨ ᠵᠠᠰᠠᠬᠤ ᠣᠷᠣᠨ᠎ᠤ ᠱᠠᠲᠤᠨ ᠡᠴᠡ ᠨᠢᠭᠡᠳᠦᠯᠲᠡᠶ ᠲᠥᠯᠥᠪᠵᠢᠭᠦᠯᠬᠦ᠎ᠶ᠋ᠢ ᠪᠡᠬᠢᠵᠢᠭᠦᠯᠦᠨ᠂ ᠨᠡᠢᠭᠡᠮ᠎ᠦᠨ ᠳᠠᠭᠠᠳᠭᠠᠯ᠎ᠤᠨ ᠬᠠᠮᠤᠷᠬᠤ ᠬᠡᠪᠴᠢᠶ᠎ᠡ᠎ᠶ᠋ᠢ ᠦᠷᠭᠦᠯᠵᠢᠯᠡᠨ ᠥᠷᠭᠡᠳᠭᠡᠵᠦ᠍᠂ ᠨᠡᠢᠭᠡᠮ᠎ᠦᠨ ᠳᠠᠭᠠᠳᠭᠠᠯ᠎ᠤᠨ ᠣᠯᠭᠣᠮᠵᠢ᠎ᠶ᠋ᠢᠨ ᠲᠦᠪᠰᠢᠨ ᠢ᠋ ᠲᠣᠭ᠍ᠲᠠᠭᠤᠨ᠎ᠢᠶᠠᠷ ᠳᠡᠭᠡᠭ᠌ᠰᠢᠯᠡᠭᠦᠯᠦᠨ᠂ ᠨᠡᠢᠭᠡᠮ᠎ᠦᠨ ᠪᠠᠲᠤᠯᠠᠭ᠎ᠠ᠎ᠶ᠋ᠢᠨ 《ᠠᠮᠤᠷ ᠲᠦᠪᠱᠢᠨ᠎ᠦ ᠲᠤᠤᠷ》 ᠢ᠋ ᠡᠷᠡᠰ ᠪᠠᠲᠤ ᠴᠤᠭᠴᠠᠯᠠᠨ᠎ᠠ᠃ ᠭᠤᠷᠪᠠ᠎ᠳᠤ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠬᠢᠷᠢ ᠲᠦᠪᠱᠢᠨ᠎ᠢ ᠳᠡᠭᠡᠭ᠌ᠰᠢᠯᠡᠭᠦᠯᠦᠨ᠎ᠡ᠃ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠪᠠᠷᠢᠮᠵᠢᠶ᠎ᠠ᠎ᠶ᠋ᠢᠨ ᠪᠠᠢᠭᠤᠯᠤᠯᠲᠠ᠎ᠶ᠋ᠢ ᠭᠦᠨᠵᠡᠭᠡᠢᠷᠡᠭᠦᠯᠵᠦ᠍᠂ 《ᠥᠪᠥᠷ ᠮᠣᠩᠭᠣᠯ᠎ᠤᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ》 APP ᠎ᠶ᠋ᠢᠨ ᠦᠶ᠋ᠯᠡᠴᠢᠯᠡᠭᠡᠨ᠎ᠦ ᠴᠢᠳᠠᠮᠵᠢ᠎ᠶ᠋ᠢ ᠴᠢᠩᠭᠠᠷᠠᠭᠤᠯᠤᠨ᠂ 《ᠲᠥᠷᠥ᠎ᠶ᠋ᠢᠨ ᠪᠣᠳᠣᠯᠭ᠎ᠠ᠎ᠪᠠᠷ ᠠᠵᠤ ᠠᠬᠤᠢᠯᠠᠯ᠎ᠢ ᠡᠷᠢᠬᠦ᠌᠂ ᠲᠥᠷᠥ᠎ᠶ᠋ᠢᠨ ᠪᠣᠳᠣᠯᠭ᠎ᠠ᠎ᠪᠠᠷ ᠬᠥᠮᠦᠨ ᠡᠷᠢᠬᠦ᠌》 ᠣᠶᠤᠨᠴᠢ᠎ᠪᠠᠷ ᠭᠦᠶ᠋ᠴᠡᠳᠭᠡᠬᠦ᠌᠎ᠶ᠋ᠢ ᠢᠳᠡᠪᠬᠢᠲᠡᠶ ᠠᠬᠢᠭᠤᠯᠵᠤ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠦᠶ᠋ᠯᠡᠴᠢᠯᠡᠭᠡᠨ᠎ᠦ 《ᠤᠨᠳᠤᠤ ᠭᠠᠵᠠᠷ᠎ᠲᠤ ᠭᠥᠯᠢᠶᠡᠨ ᠠᠪᠴᠤ᠌ ᠭᠦᠶ᠋ᠴᠡᠳᠭᠡᠬᠦ᠌》᠂ 《ᠪᠥᠬᠥ᠌ ᠣᠷᠣᠨ᠎ᠳᠤ ᠨᠡᠢᠳᠡᠮ ᠭᠦᠶ᠋ᠴᠡᠳᠭᠡᠬᠦ᠌》ᠶ᠋ᠢ ᠠᠬᠢᠭᠤᠯᠤᠨ᠂ ᠨᠡᠢᠭᠡᠮ᠎ᠦᠨ ᠪᠠᠲᠤᠯᠠᠭ᠎ᠠ᠎ᠶ᠋ᠢᠨ ᠺᠠᠷᠲ᠎ᠢᠶᠠᠷ ᠠᠴᠢᠶᠠᠯᠠᠪᠤᠷᠢ ᠪᠣᠯᠭᠠᠭ᠍ᠰᠠᠨ ᠰᠠᠭᠤᠭᠠᠯᠢ ᠠᠷᠠᠳ᠎ᠤᠨ ᠦᠶ᠋ᠯᠡᠴᠢᠯᠡᠭᠡᠨ᠎ᠦ 《ᠪᠦᠷᠢᠨ ᠴᠢᠳᠠᠮᠵᠢᠳᠤ ᠺᠠᠷᠲ》 ᠢ᠋ ᠥᠷᠭᠡᠳᠭᠡᠵᠦ᠍᠂ ᠣᠯᠠᠨ ᠲᠦᠮᠡᠨ᠎ᠳᠦ ᠨᠠᠩ ᠳᠥᠭᠥᠮ ᠳᠥᠲᠡ ᠥᠨᠳᠥᠷ ᠪᠦᠲᠦᠮᠵᠢᠲᠡᠶ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠦᠶ᠋ᠯᠡᠴᠢᠯᠡᠭᠡ ᠬᠠᠩᠭᠠᠨ᠎ᠠ ᠭᠡᠵᠤ ᠢᠯᠡᠳᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号